ᠬᠣᠷᠴᠢᠨ ᠤ ᠲᠠᠯ᠎ᠠ ᠨᠤᠲᠤᠭ ᠤᠨ ︽ ᠪᠠᠭ᠎ᠠ ᠲᠠᠪᠴᠠᠩ ︾ ᠪᠣᠯᠤᠨ ︽ ᠶᠡᠬᠡ ᠡᠨᠧᠷᠭᠢ ︾
︽ ᠪᠢ ᠠᠵᠠ ᠪᠠᠷ < ᠰᠤᠷᠭᠠᠭᠤᠯᠢ ᠶᠢᠨ ᠬᠦᠷᠢᠶᠡᠨ ᠦ ᠳᠣᠷᠣᠮᠵᠢᠯᠠᠯ ᠢ ᠰᠡᠷᠭᠡᠶᠢᠯᠡᠨ ᠵᠠᠰᠠᠬᠤ ᠮᠣᠩᠭᠣᠯ ᠬᠢᠲᠠᠳ ᠬᠣᠸᠰ ᠬᠡᠯᠡᠨ ᠦ ᠠᠵᠢᠯ ᠦᠨ ᠲᠠᠪᠴᠠᠩ ︾ ᠦᠨ ᠬᠣᠯᠪᠣᠭᠠᠴᠢᠨ ᠪᠣᠯᠤᠭᠰᠠᠨ ᠪᠠᠶᠢᠨ᠎ᠠ ᠂ ᠨᠠᠰᠤᠨ ᠳᠤ ᠦᠯᠦ ᠬᠦᠷᠦᠭᠰᠡᠳ ᠦᠨ ᠶᠠᠯ᠎ᠠ ᠬᠢᠬᠦ ᠶᠢ ᠰᠡᠷᠭᠡᠶᠢᠯᠡᠬᠦ ᠳᠦ ᠨᠡᠶᠢᠭᠡᠮ ᠨᠡᠢᠢᠲᠡ ᠪᠠᠷ ᠢᠶᠠᠨ ᠬᠠᠮᠲᠤ ᠶᠢᠨ ᠠᠵᠢᠯᠯᠠᠭ᠎ᠠ ᠠᠪᠬᠤ ᠴᠢᠬᠤᠯᠠᠲᠠᠶ᠂ ᠨᠠᠩ ᠣᠯᠠᠨ ᠬᠥᠮᠦᠨ ᠣᠷᠣᠯᠴᠠᠵᠤ᠂ ᠨᠠᠰᠤᠨ ᠳᠤ ᠦᠯᠦ ᠬᠦᠷᠦᠭᠰᠡᠳ ᠦᠨ ᠦᠰᠦᠨ ᠪᠣᠶᠢᠵᠢᠯᠲᠠ ᠶᠢ ᠬᠠᠮᠲᠤᠪᠠᠷ ᠬᠠᠮᠠᠭᠠᠯᠠᠬᠤ ᠶᠢ ᠬᠦᠰᠡᠵᠦ ᠪᠠᠶᠢᠨ᠎ᠠ ︾᠃ 11 ᠰᠠᠷ᠎ᠠ ᠶᠢᠨ 5 ᠦ ᠡᠳᠦᠷ ᠦᠨ ᠦᠳᠡ ᠶᠢᠨ ᠬᠣᠶᠢᠨᠠ ᠂ ᠵᠠᠷᠤᠳ ᠬᠤᠰᠢᠭᠤᠨ ᠤ ᠪᠠᠶᠢᠴᠠᠭᠠᠬᠤ ᠬᠣᠷᠢᠶᠠᠨ ᠤ ᠨᠠᠰᠤᠨ ᠳᠤ ᠥᠯᠥ ᠬᠦᠷᠦᠭᠰᠡᠳ ᠤᠨ ᠪᠠᠢᠴᠠᠭᠠᠬᠤ ᠠᠵᠢᠯ ᠤᠨ ᠬᠡᠷᠡᠭ ᠰᠢᠶᠳᠪᠦᠷᠢᠯᠡᠬᠦ ᠲᠣᠭᠣᠷᠢᠭ᠂ ᠵᠠᠷᠤᠳ ᠰᠦᠯᠵᠢᠶᠡᠨ ᠦ ᠨᠡᠢᠢᠲᠡ ᠶᠢᠨ ᠠᠰᠢᠭᠲᠤ ᠪᠦᠯᠬᠦᠮ ᠦᠨ ᠭᠡᠰᠢᠭᠦᠨ ᠵᠧᠸ ᠶᠠ ᠯᠢ ᠲᠥᠯᠥᠭᠡᠯᠡᠭᠴᠢᠳ ᠲᠦ ᠬᠡᠯᠡᠵᠦ ᠥᠭᠪᠡ ᠃
ᠵᠠᠷᠤᠳ ᠬᠤᠰᠢᠭᠤᠨ ᠤ ᠪᠠᠢᠴᠠᠭᠠᠬᠤ ᠬᠣᠷᠢᠶ᠎ᠠ ᠶᠢᠨ ᠨᠠᠰᠤᠨ ᠳᠤ ᠦᠯᠦ ᠬᠦᠷᠦᠭᠰᠡᠳ ᠦᠨ ᠪᠠᠢᠴᠠᠭᠠᠬᠤ ᠲᠤᠰᠢᠶᠠᠯᠲᠠᠨ ᠯᠢᠦᠶ ᠷᠠᠨ ᠦ ᠲᠠᠨᠢᠯᠴᠠᠭᠤᠯᠤᠭᠰᠠᠨ ᠢᠶᠠᠷ ᠂ 2017 ᠣᠨ ᠳᠤ᠂ ᠵᠠᠷᠤᠳ ᠬᠤᠰᠢᠭᠤᠨ ᠤ ᠪᠠᠢᠴᠠᠭᠠᠬᠤ ᠬᠣᠷᠢᠶ᠎ᠠ ᠲᠣᠮᠣ ᠳ᠋ᠠᠶᠢᠲ᠋ᠠ ᠶᠢᠨ ᠤᠨᠤᠯᠵᠢᠬᠤᠨ ᠢᠶᠠᠷ ᠤᠳᠤᠷᠢᠳᠤᠮᠵᠢ ᠪᠣᠯᠭᠠᠵᠤ ᠂ ︽ᠰᠤᠷᠭᠠᠭᠤᠯᠢ ᠶᠢᠨ ᠬᠦᠷᠢᠶᠡᠨ ᠦ ᠳᠣᠷᠣᠮᠵᠢᠯᠠᠯ ᠢ ᠰᠡᠷᠭᠡᠶᠢᠯᠡᠨ ᠵᠠᠰᠠᠬᠤ ᠮᠣᠩᠭᠣᠯ ᠬᠢᠲᠠᠳ ᠬᠣᠸᠰ ᠬᠡᠯᠡᠨ ᠦ ᠠᠵᠢᠯ ᠦᠨ ᠲᠠᠪᠴᠠᠩ ︾ ᠢ ᠪᠠᠶᠢᠭᠤᠯᠪᠠ᠃ ᠲᠠᠪᠴᠠᠩ ᠨᠢ ᠬᠠᠸᠯᠢ ᠴᠠᠭᠠᠵᠠ ᠶᠢᠨ ᠵᠠᠬ᠎ᠠ ᠬᠢᠵᠠᠭᠠᠷ ᠲᠤ ᠪᠠᠶᠭ᠎ᠠ ᠰᠤᠷᠭᠠᠭᠤᠯᠢ ᠳᠤ ᠪᠠᠶᠭ᠎ᠠ ᠰᠤᠷᠤᠭᠴᠢᠳ ᠤᠨ ᠪᠠᠶᠢᠳᠠᠯ ᠢ ᠵᠠᠳᠠᠯᠵᠤ ᠰᠤᠳᠤᠯᠤᠨ ᠨᠡᠭᠡᠭᠡᠬᠦ ᠠᠩᠬᠠᠨ ᠤ ᠪᠣᠷᠣ ᠮᠠᠲ᠋ᠧᠷᠢᠶᠠᠯ ᠪᠣᠯᠭᠠᠵᠤ᠂ ᠰᠦᠯᠵᠢᠶᠡᠨ ᠦ ᠬᠢᠴᠢᠶᠡᠯ ᠦᠨ ᠲᠠᠩᠬᠢᠮ ᠂ ᠭᠡᠷ ᠦᠨ ᠠᠬᠠᠮᠠᠳ ᠤᠨ ᠰᠡᠳᠬᠢᠯ ᠦᠨ ᠳᠠᠭᠤᠨ᠂ ᠬᠠᠸᠯᠢ ᠴᠠᠭᠠᠵᠠ ᠬᠠᠸᠯᠢ ᠲᠣᠭᠲᠠᠭᠠᠯ ᠂ ᠨᠡᠶᠢᠲᠡᠯᠢᠭ ᠬᠡᠷᠡᠭ ᠂ ᠬᠡᠷᠡᠭ ᠢᠶᠡᠷ ᠬᠠᠸᠯᠢ ᠶᠢ ᠲᠠᠶᠢᠯᠪᠤᠷᠢᠯᠠᠬᠤ ᠵᠡᠷᠭᠡ ᠣᠯᠠᠨ ᠵᠦᠶᠯ ᠦᠨ ᠬᠡᠯᠪᠡᠷᠢ ᠪᠡᠷ ᠪᠠᠭᠰᠢ᠂ ᠭᠡᠷ ᠦᠨ ᠠᠬᠠᠮᠠᠳ ᠂ ᠰᠤᠷᠤᠭᠴᠢᠳ ᠲᠤ ᠭᠤᠷᠪᠠ ᠶᠢ ᠨᠢᠭᠡ ᠴᠣᠭᠴᠠᠵᠢᠭᠤᠯᠤᠭᠰᠠᠨ ︽ᠲᠣᠪᠶᠣᠭ ᠤᠨ ᠬᠡᠯᠪᠡᠷᠢ ︾ ᠵᠢᠨ ᠦᠶᠯᠡᠴᠢᠯᠡᠭᠡ ᠬᠠᠩᠭᠠᠵᠤ ᠂ ᠤᠷᠢᠳᠴᠢᠯᠠᠨ ᠰᠡᠷᠭᠡᠶᠢᠯᠡᠬᠦ ᠠᠵᠢᠯ ᠢ ᠳᠡᠭᠡᠭᠰᠢᠯᠡᠭᠦᠯᠵᠡᠶ᠃ ᠲᠠᠪᠴᠠᠩ ᠨᠢ ᠪᠠᠰᠠ ᠰᠦᠯᠵᠢᠶᠡᠨ ᠳᠡᠭᠡᠷᠡᠬᠢ ᠯᠠᠪᠯᠠᠭ᠎ᠠ ᠂ ᠠᠰᠠᠭᠤᠳᠠᠯ ᠤᠨ ᠲᠤᠰᠬᠠᠯ ᠂ ᠨᠠᠳᠠ ᠳᠤ ᠬᠡᠯᠡᠬᠦ ᠦᠭᠡ ᠵᠡᠷᠭᠡ ᠬᠠᠷᠢᠯᠴᠠᠨ ᠰᠣᠯᠢᠯᠴᠠᠬᠤ ᠪᠤᠯᠤᠩ ᠲᠠᠶ ᠪᠠᠶᠢᠵᠤ ᠂ ᠣᠯᠠᠨ ᠵᠢᠯ ᠦᠨ ᠲᠤᠷᠰᠢ ᠡᠷᠡᠭᠦᠸ ᠶᠢᠨ ᠪᠠᠢᠴᠠᠭᠠᠬᠤ ᠪᠠ ᠨᠠᠰᠤᠨ ᠳᠤ ᠦᠯᠦ ᠬᠦᠷᠦᠭᠰᠡᠳ ᠦᠨ ᠪᠠᠢᠴᠠᠭᠠᠬᠤ ᠠᠵᠢᠯ ᠢ ᠬᠢᠵᠦ ᠪᠠᠢᠭᠰᠠᠨ ᠮᠦᠷᠲᠡᠭᠡᠨ ᠮᠣᠩᠭᠣᠯ ᠬᠢᠲᠠᠳ ᠬᠡᠯᠡᠨ ᠳᠦ ᠨᠡᠪᠲᠡᠷᠡᠭᠰᠡᠨ ᠪᠠᠶᠢᠴᠠᠭᠠᠬᠤ ᠲᠤᠰᠢᠶᠠᠯᠲᠠᠨ ᠬᠠᠷᠢᠭᠤᠴᠠᠵᠤ ᠂ ︽ᠰᠦᠯᠵᠢᠶᠡᠵᠢᠭᠦᠯᠦᠨ ᠬᠠᠮᠤᠷᠬᠤ ᠂ ᠨᠠᠷᠢᠯᠢᠭᠵᠢᠭᠤᠯᠤᠨ ᠬᠠᠪᠰᠤᠷᠤᠨ ᠰᠤᠷᠭᠠᠬᠤ ︾ ᠪᠠᠶᠢᠷᠢᠰᠢᠯ ᠢ ᠪᠦᠷᠢᠯᠳᠦᠭᠦᠯᠪᠡ ᠃ 2018 ᠣᠨ ᠳᠤ ᠂ ᠨᠡᠢᠢᠲᠡ ᠶᠢᠨ ᠠᠰᠢᠭᠲᠤ ᠪᠦᠯᠬᠦᠮ ᠪᠣᠯᠤᠨ ᠲᠠᠪᠴᠠᠩ ᠭᠠᠷ ᠬᠣᠯᠪᠣᠯᠴᠠᠨ᠂ ᠲᠠᠪᠴᠠᠩ ᠢ ᠬᠠᠮᠲᠤ ᠪᠠᠷ ᠡᠳ᠋ᠯᠡᠬᠦ᠂ ᠮᠡᠳᠡᠭᠡ ᠵᠠᠩᠭᠢ ᠶᠢ ᠵᠡᠷᠭᠡᠪᠡᠷ ᠮᠡᠳᠡᠭᠡᠯᠡᠬᠦ ᠶᠢ ᠪᠡᠶᠡᠯᠡᠭᠦᠯᠵᠦ ᠂ ᠳᠣᠷᠣᠮᠵᠢᠯᠠᠯ ᠢ ᠰᠡᠷᠭᠡᠶᠢᠯᠡᠬᠦ ᠬᠡᠪᠴᠢᠶ᠎ᠡ ᠪᠡᠨ ᠤᠯᠠᠮ ᠨᠢᠭᠡ ᠠᠯᠬᠤᠮ ᠤᠷᠲᠤᠳᠬᠠᠪᠠ ᠃
︽ᠨᠠᠰᠤᠨ ᠳᠤ ᠦᠯᠦ ᠬᠦᠷᠦᠭᠰᠡᠳ ᠦᠨ ᠪᠠᠢᠴᠠᠭᠠᠬᠤ ᠠᠵᠢᠯ ᠳᠤ ᠨᠡᠢᠭᠡᠮ ᠦᠨ ᠡᠯ᠎ᠡ ᠡᠲᠡᠭᠡᠳ ᠦᠨ ᠬᠦᠴᠦᠨ ᠦᠨᠡᠬᠡᠷ ᠣᠷᠣᠯᠴᠠᠬᠤ ᠴᠢᠬᠤᠯᠠᠲᠠᠶ᠂ ᠮᠠᠨ ᠤ ᠠᠷᠠᠳ ᠤᠨ ᠲᠥᠯᠥᠭᠡᠯᠡᠭᠴᠢᠳ ᠦᠨ ᠶᠡᠬᠡ ᠬᠤᠷᠠᠯ ᠤᠨ ᠲᠥᠯᠥᠭᠡᠯᠡᠭᠴᠢ ᠴᠦ ᠳᠤᠷᠠᠲᠠᠶ᠎ᠠ ᠲᠠᠨᠠᠷ ᠤᠨ ᠬᠣᠯᠪᠣᠭᠠᠴᠢᠨ ᠪᠣᠯᠵᠤ᠂ ᠲᠠᠨᠠᠷ ᠢ ᠬᠠᠪᠰᠤᠷᠤᠨ ᠬᠠᠸᠯᠢ ᠴᠠᠭᠠᠵᠠ ᠶᠢᠨ ᠮᠡᠳᠡᠯᠭᠡ ᠶᠢ ᠤᠬᠠᠭᠤᠯᠵᠤ ᠂ ᠲᠠᠨᠠᠷ ᠲᠠᠢ ᠬᠠᠮᠲᠤ ᠨᠠᠰᠤᠨ ᠳᠤ ᠦᠯᠦ ᠬᠦᠷᠦᠭᠰᠡᠳ ᠦᠨ ᠪᠠᠢᠴᠠᠭᠠᠬᠤ ᠠᠵᠢᠯ ᠢ ᠨᠠᠩ ᠰᠠᠢᠨ ᠬᠢᠨ᠎ᠡ᠃ ᠲᠦᠯᠦᠭᠡᠯᠡᠭᠴᠢ ᠨᠠᠷᠠᠨᠲᠤᠶᠠᠭ᠎ᠠ ᠰᠠᠨᠠᠭᠠᠴᠢᠯᠠᠭ᠎ᠠ ᠠᠴᠠ ᠪᠠᠨ ᠬᠥᠲᠥᠯᠪᠦᠷᠢ ᠪᠡᠨ ᠡᠭᠦᠷᠭᠡᠯᠡᠨ᠎ᠡ ᠃
ᠥᠩᠭᠡᠷᠡᠭᠰᠡᠨ ᠬᠣᠶᠠᠷ ᠵᠢᠯ ᠳᠦ᠂ ᠲᠠᠪᠴᠠᠩ ᠨᠢ ᠨᠠᠰᠤᠨ ᠳᠤ ᠦᠯᠦ ᠬᠦᠷᠦᠭᠰᠡᠳ ᠦᠨ ᠶᠠᠯ᠎ᠠ ᠬᠢᠬᠦ ᠶᠢ ᠪᠦᠲᠦᠮᠵᠢᠲᠡᠶ ᠰᠡᠷᠭᠡᠶᠢᠯᠡᠬᠦ ᠪᠠ ᠪᠠᠭᠠᠰᠬᠠᠬᠤ ᠳᠤ ᠣᠶᠤᠨ ᠰᠠᠨᠠᠭᠠᠨ ᠤ ᠴᠣᠩᠬᠣ ᠶᠢ ᠨᠡᠭᠡᠭᠡᠵᠦ ᠂ ᠤᠷᠢᠬᠠᠨ ᠰᠠᠯᠬᠢ ᠥᠭᠭᠢᠶᠡᠮᠦᠷ ᠬᠤᠷ᠎ᠠ ᠮᠡᠲᠦ ᠬᠦᠴᠦᠨ ᠴᠢᠳᠠᠯ ᠢᠶᠠᠷ ᠠᠮᠤᠷ ᠲᠦᠪᠰᠢᠨ ᠦ ᠰᠦᠯᠵᠢᠶᠡᠨ ᠦ ᠰᠡᠷᠭᠡᠶᠢᠯᠡᠯᠲᠡ ᠶᠢᠨ ᠱᠤᠭᠤᠮ ᠢ ᠪᠠᠶᠢᠭᠤᠯᠪᠠ᠃ ᠣᠶᠢᠯᠠᠭᠠᠭᠰᠠᠨ ᠢᠶᠠᠷ᠂ ᠣᠳᠣᠬᠠᠨ ᠳᠤ ᠵᠠᠷᠤᠳ ᠬᠤᠰᠢᠭᠤᠨ ᠳᠤ ᠨᠢᠭᠡᠨᠲᠡ 2 ᠲᠦᠮᠡ ᠰᠢᠬᠠᠮ ᠬᠡᠷᠡᠭᠯᠡᠭᠴᠢ ᠳᠣᠷᠣᠮᠵᠢᠯᠠᠯ ᠢ ᠰᠡᠷᠭᠡᠶᠢᠯᠡᠬᠦ ᠲᠠᠪᠴᠠᠩ ᠤᠨ ᠭᠠᠷ ᠤᠲᠠᠰᠤᠨ ᠤ APP ᠶᠢ ᠪᠠᠭᠤᠯᠭᠠᠵᠤ᠂ ᠲᠠᠪᠴᠠᠩ ᠢ ᠠᠰᠢᠭᠯᠠ ᠨᠠᠰᠤᠨ ᠳᠤ ᠥᠯᠥ ᠬᠦᠷᠦᠭᠰᠡᠳ ᠦᠨ ᠡᠷᠬᠡ ᠠᠰᠢᠭ ᠲᠤ ᠬᠣᠯᠪᠣᠭᠳᠠᠭᠰᠠᠨ 40 ᠭᠠᠷᠤᠶ ᠠᠰᠠᠭᠤᠳᠠᠯ ᠢ ᠬᠦᠯᠢᠶᠡᠨ ᠠᠪᠴᠤ ᠰᠢᠶᠳᠪᠦᠷᠢᠯᠡᠵᠡᠶ ᠂ ᠡᠭᠦᠨ ᠦ ᠳᠣᠲᠣᠷ᠎ᠠ 30 ᠭᠠᠷᠤᠶ ᠠᠰᠠᠭᠤᠳᠠᠯ ᠢ ᠨᠢᠭᠡᠨᠲᠡ ᠲᠣᠬᠢᠲᠠᠶ ᠰᠢᠶᠳᠪᠦᠷᠢᠯᠡᠵᠦ ᠂ ᠬᠦᠴᠦᠨ ᠪᠦᠬᠦᠢ ᠮᠡᠳᠡᠭᠡ ᠵᠠᠩᠭᠢ ᠶᠢᠨ 80 % ᠭᠠᠷᠤᠶ ᠶᠢ ᠡᠵᠡᠯᠡᠵᠦ ᠪᠠᠢᠨ᠎ᠠ ᠃
︽ᠵᠠᠷᠤᠳ ᠬᠤᠰᠢᠭᠤᠨ ᠤ ᠪᠠᠶᠢᠴᠠᠭᠠᠬᠤ ᠬᠣᠷᠢᠶ᠎ᠠ ᠲᠣᠮᠣ ᠳ᠋ᠠᠶᠢᠲ᠋ᠠ ᠶᠢ ᠠᠰᠢᠭᠯᠠᠵᠤ ᠨᠠᠰᠤᠨ ᠳᠤ ᠦᠯᠦ ᠬᠦᠷᠦᠭᠰᠡᠳ ᠦᠨ ᠪᠠᠢᠴᠠᠭᠠᠬᠤ ᠠᠵᠢᠯ ᠤᠨ ᠰᠢᠨ᠎ᠡ ᠶᠢ ᠡᠭᠦᠳᠴᠦ᠂ ᠨᠠᠰᠤᠨ ᠳᠤ ᠦᠯᠦ ᠬᠦᠷᠦᠭᠰᠡᠳ ᠢ ᠬᠥᠮᠦᠵᠢᠭᠦᠯᠬᠦ᠂ ᠤᠶᠠᠷᠠᠭᠤᠯᠬᠤ᠂ ᠠᠪᠤᠷᠠᠬᠤ ᠳᠤ ᠢᠳᠡᠪᠬᠢᠲᠡᠢ ᠦᠶᠯᠡᠳᠦᠯ ᠦᠵᠡᠭᠦᠯᠵᠡᠶ ᠂ ᠡᠭᠦᠨ ᠢ ᠥᠷᠭᠡᠨ ᠣᠯᠠᠨ ᠵᠠᠯᠠᠭᠤᠴᠤᠳ ᠪᠠᠭᠠᠴᠤᠳ ᠤᠨ ᠠᠵᠠ ᠵᠢᠷᠭᠠᠯ ᠭᠡᠵᠦ ᠬᠡᠯᠡᠵᠦ ᠪᠣᠯᠤᠨ᠎ᠠ᠃ ᠵᠠᠷᠤᠳ ᠬᠥᠮᠦᠨ ᠪᠣᠯᠤᠭᠰᠠᠨ ᠤ ᠬᠤᠪᠢ ᠳᠤ᠂ ᠪᠥᠬᠥ ᠤᠯᠤᠰ ᠦᠨ ᠠᠷᠠᠳ ᠤᠨ ᠲᠥᠯᠥᠭᠡᠯᠡᠭᠴᠢᠳ ᠦᠨ ᠶᠡᠬᠡ ᠬᠤᠷᠠᠯ ᠤᠨ ᠲᠥᠯᠥᠭᠡᠯᠡᠭᠴᠢ ᠦ᠋ ᠶᠦᠨ ᠪᠥᠸᠧ ᠲᠠᠪᠴᠠᠩ ᠢ ᠰᠠᠶᠢᠨ ᠮᠡᠳᠡᠨ᠎ᠡ ᠂ ᠪᠠᠶᠢᠴᠠᠭᠠᠨ ᠦᠵᠡᠬᠦ ᠠᠶᠠᠯᠠᠯ ᠳᠤ ᠣᠷᠣᠯᠴᠠᠭᠰᠠᠨ ᠲᠡᠷᠡ ᠲᠠᠪᠴᠠᠩ ᠤᠨ ᠦᠨ᠎ᠡ ᠥᠷᠲᠡᠭ ᠢ ᠭᠦᠶᠴᠡᠳ ᠨᠤᠲᠠᠯᠠᠪᠠ ᠃
ᠳᠠᠷᠠᠭ᠎ᠠ ᠨᠢ᠂ ᠲᠥᠯᠥᠭᠡᠯᠡᠭᠴᠢᠳ ᠪᠠᠰᠠ ︽ ᠸᠧᠶ ᠯᠢᠨ ᠬᠠᠢᠷᠠᠯᠠᠨ ᠬᠠᠮᠠᠭᠠᠯᠠᠬᠤ ᠰᠠᠭᠤᠷᠢᠨ ᠭᠠᠵᠠᠷ ︾ ᠢ ᠲᠤᠭᠤᠷᠢᠨ ᠪᠠᠶᠢᠴᠠᠭᠠᠵᠤ᠂ ᠵᠠᠷᠤᠳ ᠮᠣᠩᠭᠣᠯ ᠦᠨᠳᠦᠰᠦᠲᠡᠨ ᠦ ᠨᠢᠭᠡᠳᠦᠭᠡᠷ ᠳᠤᠮᠳᠠᠳᠤ ᠰᠤᠷᠭᠠᠭᠤᠯᠢ ᠳᠤ ᠭᠡᠷ ᠦᠨ ᠠᠬᠠᠮᠠᠳ ᠤᠨ︽ᠪᠡᠯᠭᠡ ᠶᠢᠨ ᠬᠠᠯᠳᠠᠯᠭ᠎ᠠ ᠶᠢ ᠬᠡᠷᠬᠢᠨ ᠰᠡᠷᠭᠡᠶᠢᠯᠡᠬᠦ ᠪᠤᠢ ︾ ᠭᠡᠬᠦ ᠭᠣᠸᠯ ᠰᠡᠳᠦᠪᠲᠦ ᠮᠣᠩᠭᠣᠯ ᠬᠡᠯᠡᠨ ᠦ ᠬᠠᠸᠯᠢ ᠪᠠᠷ ᠵᠠᠰᠠᠬᠤ ᠬᠢᠴᠢᠶᠡᠯ ᠢ ᠰᠤᠯᠠ ᠰᠣᠨᠣᠰᠴᠠᠶ ᠃ ︽ ᠵᠠᠷᠤᠳ ᠬᠤᠰᠢᠭᠤᠨ ᠤ ᠮᠣᠩᠭᠣᠯᠴᠤᠳ ᠤᠨ ᠬᠥᠮᠦᠨ ᠠᠮᠠ ᠨᠡᠯᠢᠶᠡᠳ ᠣᠯᠠᠨ ᠪᠠᠶᠭ᠎ᠠ ᠣᠳᠣᠬᠢ ᠪᠠᠢᠳᠠᠯ ᠳᠤ ᠴᠢᠭᠯᠡᠭᠦᠯᠦᠨ ᠂ ᠪᠢᠳᠡ ᠮᠣᠩᠭᠣᠯ ᠬᠢᠲᠠᠳ ᠬᠣᠸᠰ ᠬᠡᠯᠡ ᠪᠡᠷ ᠬᠠᠸᠯᠢ ᠪᠠᠷ ᠵᠠᠰᠠᠬᠤ ᠬᠢᠴᠢᠶᠡᠯ ᠥᠷᠨᠢᠭᠦᠯᠵᠦ ᠂ ᠮᠣᠩᠭᠣᠯ ᠦᠨᠳᠦᠰᠦᠲᠡᠨ ᠦ ᠣᠯᠠᠨ ᠲᠦᠮᠡᠨ ᠦ ᠬᠠᠸᠯᠢ ᠴᠠᠭᠠᠵᠠ ᠶᠢᠨ ᠲᠠᠯ᠎ᠠ ᠪᠠᠷ ᠬᠢ ᠬᠡᠷᠡᠭᠴᠡᠭᠡ ᠶᠢ ᠬᠠᠩᠭᠠᠵᠤ ᠂ ᠡᠭᠦᠨ ᠦ ᠤᠯᠠᠮ ᠠᠴᠠ ᠨᠠᠰᠤᠨ ᠳᠤ ᠥᠯᠥ ᠬᠦᠷᠦᠭᠰᠡᠳ ᠦᠨ ᠦᠰᠦᠨ ᠪᠣᠶᠢᠵᠢᠯᠲᠠ ᠶᠢ ᠨᠠᠩ ᠰᠠᠶᠢᠨ ᠬᠠᠮᠠᠭᠠᠯᠠᠨ᠎ᠠ︾ ᠭᠡᠵᠦ ᠬᠠᠸᠯᠢ ᠪᠠᠷ ᠵᠠᠰᠠᠬᠤ ᠬᠢᠴᠢᠶᠡᠯ ᠦᠨ ᠪᠠᠭᠰᠢ ᠪᠠᠢᠴᠠᠭᠠᠬᠤ ᠲᠤᠰᠢᠶᠠᠯᠲᠠᠨ ᠸᠠᠩ ᠠᠷᠢᠭᠤᠨ ᠲᠥᠯᠥᠭᠡᠯᠡᠭᠴᠢᠳ ᠲᠦ ᠬᠡᠯᠡᠵᠦ ᠥᠭᠪᠡ ᠃
︽ᠨᠠᠰᠤᠨ ᠳᠤ ᠥᠯᠥ ᠬᠦᠷᠦᠭᠰᠡᠳ ᠦᠨ ᠪᠠᠶᠢᠴᠠᠭᠠᠬᠤ ᠵᠠᠮ ᠤᠷᠲᠤ ᠪᠦᠭᠡᠳ ᠮᠤᠷᠤᠢ ᠰᠠᠷᠤᠢ ᠭᠡᠵᠦ ᠪᠦᠦ ᠴᠦᠬᠦ᠂ ᠶᠠᠪᠤᠪᠠᠰᠤ ᠬᠦᠷᠴᠦ ᠴᠢᠳᠠᠮᠤᠶ ᠃ ᠲᠥᠯᠥᠭᠡᠯᠡᠭᠴᠢᠳ ᠦᠨ ᠬᠠᠯᠠᠭᠤᠨ ᠵᠥᠩᠨᠡᠯ ᠨᠢ ᠲᠦᠩᠯᠢᠶᠣᠤ ᠶᠢᠨ ᠨᠠᠰᠤᠨ ᠳᠤ ᠥᠯᠥ ᠬᠦᠷᠦᠭᠰᠡᠳ ᠦᠨ ᠪᠠᠶᠢᠴᠠᠭᠠᠬᠤ ᠬᠥᠮᠦᠨ ᠦ ᠰᠡᠳᠬᠢᠯ ᠢ ᠤᠮᠳᠠᠯᠠᠵᠤ ᠪᠠᠶᠢᠨ᠎ᠠ ᠃ ᠮᠠᠷᠭᠠᠰᠢ ᠂ ᠲᠥᠯᠥᠭᠡᠯᠡᠭᠴᠢᠳ ᠪᠠᠰᠠ ᠤᠯᠠᠭᠠᠨᠬᠠᠳᠠ ᠬᠣᠲᠠ ᠶᠢᠨ ᠪᠠᠭᠠᠷᠢᠨ ᠵᠡᠭᠦᠨ ᠬᠣᠰᠢᠭᠤᠨ ᠳᠤ ᠬᠦᠷᠴᠦ ᠂ ᠪᠠᠢᠴᠠᠭᠠᠬᠤ ᠬᠦᠮᠦᠨ ᠤ ᠨᠠᠰᠤᠨ ᠳᠤ ᠦᠯᠦ ᠬᠦᠷᠦᠭᠰᠡᠳ ᠦᠨ ᠬᠠᠥᠯᠢ ᠪᠠᠷ ᠵᠠᠰᠠᠬᠤ ᠬᠥᠬᠡ ᠣᠭᠲᠠᠷᠭᠤᠶ ᠶᠢ ᠬᠡᠷᠬᠢᠨ ᠰᠠᠬᠢᠨ ᠬᠠᠮᠠᠭᠠᠯᠠᠬᠤ ᠶᠢ ᠦᠵᠡᠨ᠎ᠡ ᠃