ᠲᠡᠷᠢᠭᠦᠨ ᠨᠢᠭᠤᠷ  -  ᠪᠠᠶᠢᠴᠠᠭᠠᠬᠤ ᠬᠥᠳᠡᠯᠦᠯ ᠪᠠᠶᠢᠳᠠᠯ

ᠲᠠᠯ᠎ᠠ ᠨᠤᠲᠤᠭ ᠤᠨ ᠪᠠᠢᠴᠠᠭᠠᠬᠤ ︽ᠡᠵᠢ︾  ᠶᠢᠨ ᠨᠠᠰᠤᠨ ᠳᠤ ᠥᠯᠥ ᠬᠦᠷᠦᠭᠰᠡᠳ  ᠤᠨ ᠪᠠᠢᠴᠠᠭᠠᠬᠤ ᠶᠠᠷᠢᠶ᠎ᠠ ᠶᠢ ᠰᠤᠨᠤᠰᠤᠶ᠎ᠠ

2019-11-11 11:32:53
ᠵᠣᠬᠢᠶᠠᠭᠴᠢ
ᠭᠡᠭᠡᠷᠡᠯ

︽ ᠪᠢᠳᠡ < ᠠᠯᠤᠰ ᠡᠵᠡᠮᠰᠢᠯᠲᠦ ᠬᠠᠸᠯᠢ ᠪᠠᠷ ᠵᠠᠰᠠᠬᠤ ᠬᠢᠴᠢᠶᠡᠯ ᠦᠨ ᠲᠠᠩᠬᠢᠮ >  ᠢᠶᠠᠷ ᠳᠠᠮᠵᠢᠭᠤᠯᠤᠨ ᠂ ᠬᠠᠷᠢᠶ᠎ᠠ ᠣᠷᠣᠨ ᠤ ᠪᠠᠨ ᠳᠣᠲᠣᠷᠠᠬᠢ ᠰᠤᠷᠭᠠᠭᠤᠯᠢ ᠳᠤ ᠬᠣᠸᠰ ᠴᠢᠭᠯᠡᠯ ᠢᠶᠡᠷ ᠬᠠᠷᠢᠯᠴᠠᠨ ᠬᠥᠳᠡᠯᠦᠯᠴᠡᠬᠦ ᠮᠠᠶ᠋ᠢᠭ ᠤᠨ ᠠᠯᠤᠰ ᠡᠵᠡᠮᠰᠢᠯᠲᠦ ᠬᠠᠸᠯᠢ ᠪᠠᠷ ᠵᠠᠰᠠᠬᠤ ᠤᠬᠠᠭᠤᠯᠤᠨ ᠲᠠᠶᠢᠯᠪᠤᠷᠢᠯᠠᠬᠤ ᠶᠢ ᠪᠡᠶᠡᠯᠡᠭᠦᠯᠵᠦ ᠪᠣᠯᠤᠨ᠎ᠠ ᠂ ᠡᠨᠡ ᠨᠢ ᠥᠩᠭᠡᠷᠡᠭᠡᠭᠰᠡᠨ  ᠤ ᠨᠢᠭᠡ ᠺᠠᠳ᠋ᠷ ᠴᠠᠭᠳᠠᠭ᠎ᠠ ᠵᠥᠪᠬᠡᠨ ᠨᠢᠭᠡ ᠰᠤᠷᠭᠠᠭᠤᠯᠢ ᠳᠤ ᠤᠬᠠᠭᠤᠯᠤᠨ ᠲᠠᠶᠢᠯᠪᠤᠷᠢᠯᠠᠬᠤ ᠶᠢᠨ ᠬᠢᠵᠠᠭᠠᠷᠯᠠᠯ ᠢ ᠬᠤᠪᠢᠷᠠᠭᠤᠯᠤᠭᠰᠠᠨ ᠪᠠᠶᠢᠨ᠎ᠠ︾ ᠭᠡᠵᠡᠶ᠃ ᠬᠡᠸᠬᠡᠳ ᠦᠳ ᠲᠦ ᠲᠠᠯ᠎ᠠ ᠨᠤᠲᠤᠭ ᠤᠨ ᠪᠠᠢᠴᠠᠭᠠᠬᠤ ︽ᠡᠵᠢ︾ ᠬᠡᠮᠡᠭᠳᠡᠭᠰᠡᠨ ᠰᠡᠴᠡᠩᠭᠤᠸ᠎ᠠ  ᠲᠥᠯᠥᠭᠡᠯᠡᠭᠴᠢᠳ ᠲᠦ ᠲᠠᠨᠢᠯᠴᠠᠭᠤᠯᠭ᠎ᠠ ᠬᠢᠵᠦ ᠪᠠᠢᠭ᠎ᠠ ᠨᠢ

1_编辑.jpg

︽< ᠠᠯᠤᠰ ᠡᠵᠡᠮᠰᠢᠯᠲᠦ ᠬᠠᠸᠯᠢ ᠪᠠᠷ ᠵᠠᠰᠠᠬᠤ ᠬᠢᠴᠢᠶᠡᠯ ᠦᠨ ᠲᠠᠩᠬᠢᠮ > ᠢᠶᠠᠷ ᠳᠠᠮᠵᠢᠭᠤᠯᠤᠨ ᠰᠤᠷᠭᠠᠭᠤᠯᠢ ᠯᠤᠭ᠎ᠠ ᠬᠣᠯᠪᠣᠯᠳᠤᠨ ᠨᠡᠪᠲᠡᠷᠡᠯᠴᠡᠬᠦ ᠶᠢ ᠪᠡᠶᠡᠯᠡᠭᠦᠯᠵᠦ ᠂ ᠴᠠᠭ ᠪᠠ ᠣᠷᠣᠨ ᠪᠦᠰᠡ ᠶᠢᠨ ᠬᠢᠵᠠᠭᠠᠷᠯᠠᠯ ᠢ ᠰᠢᠪᠲᠤᠯᠬᠤ ᠪᠣᠯ ᠮᠠᠰᠢ ᠰᠠᠶᠢᠨ ᠠᠷᠭ᠎ᠠ ᠪᠣᠯᠤᠨ᠎ᠠ ᠂ ᠡᠨᠡ ᠪᠣᠯ ᠬᠥᠮᠦᠰ ᠢ ᠳᠤᠯᠠᠭᠠᠬᠠᠨ ᠰᠠᠨᠠᠭᠳᠠᠭᠤᠯᠬᠤ ᠭᠠᠵᠠᠷ ᠪᠣᠯᠤᠨ᠎ᠠ︾ ᠭᠡᠵᠡᠶ ᠃ 
       11 ᠰᠠᠷ᠎ᠠ ᠶᠢᠨ 6  ᠦ ᠡᠳᠦᠷ᠂ ᠲᠥᠯᠥᠭᠡᠯᠡᠭᠴᠢᠳ ᠲᠡᠷᠭᠡᠨ ᠳᠦ ᠰᠠᠭᠤᠵᠤ 3 ᠴᠠᠭ ᠭᠠᠷᠤᠶ  ᠶᠢᠨ ᠵᠠᠮ ᠬᠦᠭᠡᠭᠡᠵᠦ ᠂ ᠤᠯᠠᠭᠠᠨᠬᠠᠳᠠ ᠬᠣᠲᠠ ᠶᠢᠨ ᠪᠠᠭᠠᠷᠢᠨ ᠵᠡᠭᠦᠨ ᠬᠣᠰᠢᠭᠤᠨ ᠤ ᠪᠠᠶᠢᠴᠠᠭᠠᠬᠤ ᠬᠣᠷᠢᠶ᠎ᠠ ᠳᠤ ᠬᠦᠷᠴᠦ ᠨᠠᠰᠤᠨ ᠳᠤ ᠦᠯᠦ ᠬᠦᠷᠦᠭᠰᠡᠳ ᠦᠨ ᠪᠠᠶᠢᠴᠠᠭᠠᠬᠤ ᠠᠵᠢᠯ ᠢ ᠪᠠᠶᠢᠴᠠᠭᠠᠨ ᠦᠵᠡᠪᠡ ᠃ 

2_编辑.jpg3_编辑.jpg

ᠲᠥᠯᠥᠭᠡᠯᠡᠭᠴᠢᠳ ᠡᠩ ᠲᠡᠷᠢᠭᠦᠨ ᠳᠦ ᠨᠠᠰᠤᠨ ᠳᠤ ᠦᠯᠦ ᠬᠦᠷᠦᠭᠰᠡᠳ ᠦᠨ ᠪᠠᠶᠢᠴᠠᠭᠠᠬᠤ ᠠᠵᠢᠯ  ᠤᠨ ᠲᠣᠭᠣᠷᠢᠭ  ᠢ ᠲᠣᠭᠣᠷᠢᠨ ᠦᠵᠡᠪᠡ᠂ ᠲᠤᠰ ᠠᠵᠢᠯ ᠤᠨ ᠲᠣᠭᠣᠷᠢᠭ ᠨᠢ ᠪᠠᠷᠤᠭ 400 ᠲᠡᠭᠰᠢ ᠳᠥᠷᠪᠡᠯᠵᠢᠨ ᠮᠧᠲ᠋ᠷ ᠲᠠᠯᠠᠪᠠᠢ ᠲᠠᠢ ᠪᠠᠢᠵᠦ ᠂ ᠬᠠᠸᠯᠢ ᠪᠠᠷ ᠵᠠᠰᠠᠬᠤ ᠬᠢᠴᠢᠶᠡᠯ ᠦᠨ ᠲᠠᠩᠬᠢᠮ᠂ ᠨᠣᠮ ᠪᠢᠴᠢᠭ ᠤᠩᠰᠢᠬᠤ ᠲᠠᠰᠤᠭ᠂ ᠤᠷᠮ᠎ᠠ ᠰᠡᠳᠭᠢᠯᠭᠡ  ᠪᠡᠨ ᠬᠡᠯᠡᠵᠦ ᠭᠠᠷᠭᠠᠬᠤ ᠲᠠᠰᠤᠭ᠂ ᠦᠯᠦ ᠵᠠᠭᠠᠯᠳᠤᠬᠤ ᠶᠢ ᠵᠠᠷᠯᠠᠬᠤ ᠲᠢᠩᠬᠢᠮ ᠂ ᠭᠡᠷᠡᠴᠢᠯᠡᠭᠡ ᠰᠣᠨᠣᠰᠬᠤ ᠲᠠᠰᠤᠭ᠂ ᠰᠡᠳᠬᠢᠴᠡ ᠶᠢᠨ ᠵᠢᠯᠣᠭᠣᠳᠬᠤ ᠲᠠᠰᠤᠭ᠂ VR ᠲᠤᠷᠰᠢᠯᠲᠠ ᠶᠢᠨ ᠲᠠᠰᠤᠭ᠂ ᠰᠡᠴᠡᠩᠭᠤᠸ᠎ᠠ ᠠᠵᠢᠯᠯᠠᠬᠤ ᠲᠠᠰᠤᠭ ᠵᠡᠷᠭᠡ ᠨᠠᠶᠮᠠᠨ ᠶᠡᠬᠡ ᠴᠢᠳᠠᠮᠵᠢᠲᠤ ᠣᠷᠣᠨ ᠢ ᠪᠠᠭᠲᠠᠭᠠᠨ᠎ᠠ᠃ 
       ︽ < ᠦᠯᠦ ᠠᠭᠠᠯᠳᠤᠬᠤ ᠶᠢ ᠵᠠᠷᠯᠠᠬᠤ ᠲᠢᠩᠬᠢᠮ> ᠨᠢ ᠦᠯᠢᠭᠡᠷ ᠰᠢᠭᠦᠬᠦ ᠲᠢᠩᠬᠢᠮ  ᠤᠨ ᠬᠡᠯᠪᠡᠷᠢ  ᠢ ᠠᠪᠴᠦ ᠂  ᠵᠠᠷᠯᠠᠬᠤ ᠲᠠᠪᠴᠠᠩ᠂ ᠵᠠᠷᠭᠤ ᠶᠢᠨ ᠰᠠᠭᠤᠳᠠᠯ᠂ ᠵᠠᠭᠠᠯᠳᠤᠭᠳᠠᠭᠴᠢ ᠶᠢᠨ ᠰᠠᠭᠤᠳᠠᠯ᠂ ᠰᠤᠯᠠ ᠰᠤᠨᠤᠰᠤᠭᠴᠢ ᠰᠠᠭᠤᠳᠠᠯ ᠢ ᠪᠠᠶᠢᠭᠤᠯᠪᠠ᠂ ᠡᠶᠢᠮᠦᠷᠬᠦ ᠪᠠᠶᠢᠷᠢᠯᠠᠭᠤᠯᠤᠯᠲᠠ ᠨᠢ ᠲᠥᠪ ᠴᠢᠩᠭ᠎ᠠ᠂ ᠲᠥᠪ ᠬᠢᠴᠢᠶᠡᠩᠭᠦᠶ ᠠᠭᠤᠷ ᠠᠮᠢᠰᠬᠤᠯ ᠢ ᠪᠤᠢ ᠪᠣᠯᠭᠠᠵᠤ᠂ ᠡᠭᠦᠨ ᠦ  ᠤᠯᠠᠮ ᠠᠴᠠ ᠨᠠᠰᠤᠨ ᠳᠤ ᠦᠯᠦ ᠬᠦᠷᠦᠭᠰᠡᠳ ᠢ ᠰᠡᠷᠡᠮᠵᠢᠯᠡᠭᠦᠯᠬᠦ ᠪᠠ ᠰᠤᠷᠭᠠᠨ ᠬᠥᠮᠦᠵᠢᠭᠦᠯᠬᠦ ᠵᠣᠷᠢᠯᠭ᠎ᠠ ᠳᠤ ᠬᠦᠷᠦᠭᠰᠡᠨ ᠪᠠᠶᠢᠨ᠎ᠠ︾ ᠭᠡᠵᠡᠶ᠃ ᠲᠥᠯᠥᠭᠡᠯᠡᠭᠴᠢᠳ ᠰᠡᠴᠡᠩᠭᠤᠸ᠎ᠠ ᠶᠢᠨ ᠲᠠᠨᠢᠯᠴᠠᠭᠤᠯᠭ᠎ᠠ  ᠶᠢ ᠰᠤᠨᠤᠰᠤᠭᠰᠠᠨ  ᠤ ᠲᠠᠷᠠᠭ᠎ᠠ ᠴᠦᠮ ᠲᠤᠯᠤᠭᠠᠢ ᠲᠤᠬᠢᠨ᠎ᠠ ᠃

4_编辑.jpg

ᠵᠤᠤ ᠯᠢ ᠪᠢᠩ ᠲᠥᠯᠥᠭᠡᠯᠡᠭᠴᠢ VR ᠸᠢᠳᠢᠣ᠋ ᠪᠠᠷ ᠳᠠᠮᠵᠢᠨ ᠬᠣᠣᠷᠲᠤ ᠡᠳ᠋ ᠦᠨ ᠬᠣᠣᠷ ᠬᠥᠨᠥᠭᠡᠯ ᠢ ᠣᠢᠯᠠᠭᠠᠵᠠᠢ᠂ ︽ ᠡᠢᠮᠦ ᠲᠥᠷᠥᠭᠳᠡᠯ ᠨᠢ ᠲᠤᠩ ᠰᠢᠭᠤᠳ! ᠨᠢᠳᠦᠨ ᠰᠢᠯ ᠵᠡᠭᠦᠪᠡᠯ ᠪᠡᠶ᠎ᠡ ᠪᠡᠷ ᠢᠶᠡᠨ ᠬᠦᠷᠴᠦ᠂ ᠬᠣᠣᠷᠲᠤ ᠡᠳ᠋ ᠲᠡᠶ ᠬᠦᠷᠦᠯᠴᠡᠭᠰᠡᠨ ᠦ ᠳᠠᠷᠠᠭ᠎ᠠ ᠭᠠᠷ ᠡᠢᠮᠦ ᠶᠡᠬᠡ ᠪᠣᠯᠵᠤ᠂ ᠪᠠᠰᠠ ᠲᠣᠯᠣᠭᠠᠢ ᠡᠷᠭᠢᠵᠦ ᠪᠠᠢᠨ᠎ᠠ᠃ ᠡᠢᠮᠦ ᠥᠩᠭᠡᠷᠡᠯᠲᠡ ᠪᠠᠶᠪᠠᠯ ᠂ ᠯᠠᠪᠲᠠᠶ ᠬᠡᠸᠬᠡᠳ ᠦᠨ ᠬᠣᠸᠷᠲᠤ ᠡᠳ᠋ ᠡᠴᠡ ᠬᠣᠯᠠ ᠪᠠᠶᠬᠤ ᠢᠲᠡᠭᠡᠯ ᠢ ᠨᠡᠮᠡᠭᠳᠡᠭᠦᠯᠦᠨ᠎ᠡ︾ ᠭᠡᠪᠡ ᠃
       ᠳᠠᠷᠠᠭ᠎ᠠ ᠨᠢ ᠲᠥᠯᠥᠭᠡᠯᠡᠭᠴᠢᠳ ᠪᠠᠭᠠᠷᠢᠨ ᠵᠡᠭᠦᠨ ᠬᠣᠰᠢᠭᠤᠨ ᠤ ᠪᠠᠶᠢᠴᠠᠭᠠᠬᠤ ᠬᠣᠷᠢᠶ᠎ᠠ ᠶᠢᠨ ᠤᠯᠠᠭᠠᠨᠬᠠᠳᠠ ᠬᠣᠲᠠ ᠶᠢᠨ ᠬᠤᠸᠠ ᠰᠢᠶᠠ ᠠᠵᠢᠯ ᠮᠡᠷᠭᠡᠵᠢᠯ ᠦᠨ ᠰᠤᠷᠭᠠᠭᠤᠯᠢ ᠳᠤ ᠪᠠᠶᠭ᠎ᠠ ᠨᠠᠰᠤᠨ ᠳᠤ ᠥᠯᠥ ᠬᠦᠷᠦᠭᠰᠡᠳ ᠤᠨ  ᠬᠠᠢᠷᠠᠯᠠᠨ ᠬᠠᠮᠠᠭᠠᠯᠠᠬᠤ ᠰᠠᠭᠤᠷᠢᠨ ᠭᠠᠵᠠᠷ ᠲᠤ ᠬᠦᠷᠴᠦ ᠢᠷᠡᠪᠡ᠃ 
     ᠣᠶᠢᠯᠠᠭᠠᠭᠰᠠᠨ ᠢᠶᠠᠷ᠂ ᠬᠠᠢᠷᠠᠯᠠᠨ ᠬᠠᠮᠠᠭᠠᠯᠠᠬᠤ ᠰᠠᠭᠤᠷᠢᠨ ᠭᠠᠵᠠᠷ ᠢ 2019 ᠣᠨ 4 ᠰᠠᠷ᠎ᠠ ᠳᠤ ᠪᠠᠶᠢᠭᠤᠯᠤᠭᠰᠠᠨ ᠠᠴᠠ ᠨᠠᠰᠢ᠂ ︽ᠪᠠᠶᠢᠴᠠᠭᠠᠬᠤ ᠰᠤᠷᠭᠠᠭᠤᠯᠢ ᠬᠠᠮᠲᠤᠷᠠᠯᠴᠠᠬᠤ︾ ᠬᠡᠯᠪᠡᠷᠢ ᠪᠡᠷ ᠳᠠᠮᠵᠢᠭᠤᠯᠤᠨ᠂ ᠨᠥᠬᠥᠴᠡᠯ ᠳᠦ ᠨᠡᠢᠴᠡᠬᠦ ᠶᠠᠯ᠎ᠠ ᠬᠢᠭᠰᠡᠨ ᠨᠠᠰᠤᠨ ᠳᠤ ᠥᠯᠥ ᠬᠦᠷᠦᠭᠰᠡᠳ ᠲᠦ ᠬᠠᠪᠰᠤᠷᠤᠨ ᠰᠤᠷᠭᠠᠬᠤ ᠪᠠ ᠠᠵᠢᠯ ᠬᠦᠳᠡᠯᠮᠦᠷᠢ ᠤᠯᠭᠣᠬᠤ ᠲᠠᠪᠴᠠᠩ ᠬᠠᠩᠭᠠᠵᠤ᠂ ᠲᠡᠳᠡᠨ ᠢ ᠬᠠᠪᠰᠤᠷᠤᠨ ᠳᠠᠬᠢᠨ ᠨᠡᠶᠢᠭᠡᠮ ᠳᠦ ᠪᠤᠴᠠᠭᠠᠵᠤ᠂ ᠮᠠᠰᠢ ᠰᠠᠶᠢᠨ ᠨᠡᠶᠢᠭᠡᠮ ᠦᠨ ᠦᠷ᠎ᠡ ᠪᠦᠲᠦᠮᠵᠢ ᠶᠢ ᠪᠣᠶ ᠪᠣᠯᠭᠠᠭᠰᠠᠨ ᠪᠠᠢᠨ᠎ᠠ ᠃ 

5.jpg       ᠬᠤᠸᠠ ᠰᠢᠶᠠ  ᠠᠵᠢᠯ ᠮᠡᠷᠭᠡᠵᠢᠯ ᠦᠨ ᠰᠤᠷᠭᠠᠭᠤᠯᠢ ᠶᠢᠨ ᠵᠤᠤ ᠶᠦᠩ ᠯᠦᠩ ᠤᠨ ᠲᠠᠨᠢᠯᠴᠠᠭᠤᠯᠤᠭᠰᠠᠨ ᠢᠶᠠᠷ ᠂ ᠬᠠᠢᠷᠠᠯᠠᠨ  ᠬᠠᠮᠠᠭᠠᠯᠠᠬᠤ ᠰᠠᠭᠤᠷᠢᠨ ᠭᠠᠵᠠᠷ ᠠᠴᠠ ᠶᠠᠯᠠᠲᠤ ᠬᠡᠷᠡᠭ ᠲᠦ ᠬᠣᠯᠪᠣᠭᠳᠠᠭᠰᠠᠨ ᠬᠣᠶᠠᠷ ᠨᠠᠰᠤᠨ ᠳᠤ ᠥᠯᠥ ᠬᠦᠷᠦᠭᠰᠡᠳ ᠲᠦ ᠨᠢᠭᠡ ᠨᠢᠭᠡ ᠪᠡᠷ ᠬᠠᠪᠰᠤᠷᠤᠨ ᠰᠤᠷᠭᠠᠬᠤ ᠬᠡᠯᠪᠡᠷᠢ ᠶᠢ ᠠᠪᠴᠠᠶ᠂ ᠥᠭᠡᠷ᠎ᠡ ᠪᠡᠷ ᠬᠡᠯᠡᠪᠡᠯ ᠨᠢᠭᠡ ᠪᠠᠭᠰᠢ ᠨᠢᠭᠡ ᠰᠤᠷᠤᠭᠴᠢ ᠶᠢ ᠳᠠᠭᠠᠭᠤᠯᠬᠤ ᠶᠢᠨ ᠬᠠᠮᠲᠤ ᠪᠠᠶᠢᠴᠠᠭᠠᠬᠤ ᠲᠤᠰᠢᠶᠠᠯᠲᠠᠨ᠂ ᠨᠡᠶᠢᠭᠡᠮ ᠦᠨ ᠠᠵᠢᠯᠲᠠᠨ ᠂ ᠰᠠᠭᠤᠷᠢᠨ ᠭᠠᠵᠠᠷ ᠤᠨ ᠪᠠᠭᠰᠢ ᠪᠠᠷ ᠬᠠᠮᠲᠤᠷᠠᠨ ᠬᠠᠪᠰᠤᠷᠤᠨ ᠰᠤᠷᠭᠠᠬᠤ ᠳᠤᠭᠤᠢᠯᠠᠩ  ᠢ ᠪᠦᠷᠢᠯᠳᠦᠭᠦᠯᠵᠦ ᠂ ᠦᠵᠡᠯ ᠰᠠᠨᠠᠭᠠᠨ ᠤ ᠬᠥᠮᠦᠵᠢᠯ ᠬᠢᠵᠦ ᠂ ᠲᠡᠳᠡᠨ ᠢ ᠬᠠᠪᠰᠤᠷᠤᠨ ᠠᠮᠢᠳᠤᠷᠠᠬᠤ ᠢᠲᠡᠭᠡᠯ ᠢ ᠨᠢ ᠳᠠᠬᠢᠨ ᠣᠯᠭᠣᠪᠠ ᠃ ᠣᠳᠣᠬᠠᠨ ᠳᠤ ᠂ ᠨᠢᠭᠡ ᠨᠠᠰᠤᠨ ᠳᠤ ᠥᠯᠥ ᠬᠦᠷᠦᠭᠰᠡᠳ ᠰᠤᠷᠤᠯᠭ᠎ᠠ ᠪᠠᠨ ᠤᠷᠤᠭᠰᠢᠲᠠᠶ ᠪᠡᠶᠡᠯᠡᠭᠦᠯᠵᠦ᠂ ᠨᠡᠶᠢᠭᠡᠮ ᠳᠦ ᠳᠠᠬᠢᠨ ᠪᠤᠴᠠᠵᠤ᠂ ᠨᠥᠭᠥᠭᠡ ᠨᠢᠭᠡ ᠨᠢ ᠪᠠᠰᠠ ᠰᠤᠷᠤᠯᠴᠠᠵᠤ ᠪᠠᠶᠢᠨ᠎ᠠ ᠃ 
8.jpg10.jpg

︽ᠪᠠᠢᠴᠠᠭᠠᠬᠤ ᠲᠤᠰᠢᠶᠠᠯᠲᠠᠨ  ᠤ  ᠮᠠᠨ ᠤ ᠰᠤᠷᠭᠠᠭᠤᠯᠢ  ᠳᠤ ᠦᠷᠭᠦᠯᠵᠢ ᠢᠷᠡᠬᠦ  ᠶᠢ ᠬᠦᠰᠡᠵᠦ ᠪᠠᠶᠢᠨ᠎ᠠ ᠂ ᠪᠢᠳᠡ ᠲᠡᠳᠡᠨ ᠦ ᠬᠢᠴᠢᠶᠡᠯ ᠢ ᠮᠠᠰᠢ ᠰᠣᠨᠣᠰᠬᠤ ᠳᠤᠷᠠᠲᠠᠶ᠂ ᠡᠳᠡᠭᠡᠷ ᠵᠢᠱᠢᠶ᠎ᠡ ᠪᠠ ᠦᠯᠢᠭᠡᠷ ᠨᠢ ᠴᠥᠮ ᠪᠢᠳᠡᠨ ᠦ ᠠᠩᠬᠠᠷᠤᠯ ᠢ ᠶᠡᠬᠡ ᠲᠠᠲᠠᠵᠤ ᠪᠠᠶᠢᠨ᠎ᠠ᠂ ᠪᠢᠳᠡ ᠪᠠᠰᠠ ᠮᠠᠰᠢ ᠣᠯᠠᠨ ᠬᠠᠸᠯᠢ ᠴᠠᠭᠠᠵᠠ ᠶᠢᠨ ᠮᠡᠳᠡᠯᠭᠡ ᠶᠢ ᠰᠤᠷᠤᠭᠰᠠᠨ ᠪᠠᠶᠢᠨ᠎ᠠ︾ ᠂ ᠬᠢᠴᠢᠶᠡᠯ ᠦᠨ ᠳᠠᠷᠠᠭ᠎ᠠ ᠂ ᠰᠤᠷᠤᠭᠴᠢᠳ ᠲᠥᠯᠥᠭᠡᠯᠡᠭᠴᠢᠳ ᠲᠦ ᠬᠡᠯᠡᠵᠦ ᠥᠭᠭᠦᠨ᠎ᠡ᠃ 
     ︽ᠪᠠᠭᠠᠷᠢᠨ ᠵᠡᠭᠦᠨ ᠬᠣᠰᠢᠭᠤᠨ ᠤ ᠪᠠᠶᠢᠴᠠᠭᠠᠬᠤ ᠬᠣᠷᠢᠶ᠎ᠠ ᠶᠢᠨ ᠬᠠᠸᠯᠢ ᠪᠠᠷ ᠵᠠᠰᠠᠬᠤ ᠬᠢᠴᠢᠶᠡᠯ ᠦᠨ ᠲᠠᠩᠬᠢᠮ ᠮᠠᠰᠢ ᠬᠡᠷᠡᠭᠴᠡᠭᠡ ᠲᠡᠶ᠂ ᠲᠡᠳᠡᠨ ᠦ ᠬᠠᠸᠯᠢ ᠴᠠᠭᠠᠵᠠ ᠶᠢᠨ ᠮᠡᠳᠡᠯᠭᠡ  ᠪᠠᠨ ᠬᠡᠸᠬᠡᠳ ᠲᠦ ᠶᠠᠷᠢᠵᠤ᠂ ᠬᠡᠸᠬᠡᠳ ᠢ ᠬᠠᠷᠠᠬᠠᠨ ᠪᠠᠭ᠎ᠠ ᠠᠴᠠ ᠪᠠᠨ ᠥᠪᠡᠷ ᠢ ᠪᠡᠨ ᠬᠠᠮᠠᠭᠠᠯᠠᠬᠤ ᠬᠠᠸᠯᠢ ᠴᠠᠭᠠᠵᠠ ᠶᠢᠨ ᠤᠬᠠᠮᠰᠠᠷ ᠢ ᠪᠣᠶ ᠪᠣᠯᠭᠠᠵᠤ᠂ ᠬᠠᠸᠯᠢ ᠶᠢ ᠰᠤᠷᠬᠤ ᠂ ᠬᠠᠸᠯᠢ ᠶᠢ ᠮᠡᠳᠡᠬᠦ ᠂ ᠬᠠᠸᠯᠢ ᠶᠢ ᠤᠢᠯᠠᠭᠠᠬᠤ ᠳᠠᠳᠬᠠᠯ ᠲᠠᠶ ᠪᠣᠯᠭᠠᠨ᠎ᠠ᠂ ᠡᠨᠡ ᠬᠦ ᠠᠵᠢᠯ ᠮᠠᠰᠢ ᠤᠳᠬ᠎ᠠ ᠠᠭᠤᠯᠭ᠎ᠠ ᠲᠠᠶ ᠶᠤᠮ ︾ ᠭᠡᠵᠦ ᠲᠦᠯᠦᠭᠡᠯᠡᠭᠴᠢ ᠯᠢᠦ ᠬᠠᠢ ᠪᠢᠩ ᠢᠯᠡᠷᠬᠡᠢᠯᠡᠪᠡ ᠃ 

11.jpg12.jpg

 ︽ᠰᠡᠳᠬᠢᠯ  ᠲᠤᠭᠳᠤᠯᠤᠨᠠᠮ ︕︾ ᠨᠢᠭᠡ ᠵᠠᠮ ᠳᠤ ᠪᠠᠨ᠂ ᠲᠥᠯᠥᠭᠡᠯᠡᠭᠴᠢᠳ ᠦᠨ ᠰᠣᠯᠢᠯᠴᠠᠭ᠎ᠠ ᠳᠤᠮᠳᠠ ᠡᠨᠡ ᠬᠣᠶᠠᠷ ᠦᠭᠡ ᠪᠠᠶᠢᠨ ᠳᠠᠬᠢᠨ ᠢᠯᠡᠷᠡᠵᠦ ᠪᠠᠶᠢᠯ᠎ᠠ ᠃ 4 ᠡᠳᠦᠷ ᠰᠢᠬᠠᠮ ᠲᠤᠭᠤᠷᠢᠨ ᠪᠠᠢᠴᠠᠭᠠᠬᠤ  ᠪᠠᠷ ᠳᠠᠮᠵᠢᠨ ᠂ ᠲᠥᠯᠥᠭᠡᠯᠡᠭᠴᠢᠳ ᠦᠨ ᠨᠠᠰᠤᠨ ᠳᠤ ᠥᠯᠥ ᠬᠦᠷᠦᠭᠰᠡᠳ ᠤ ᠠᠵᠢᠯ ᠤᠨ ᠵᠡᠭᠦᠨ ᠬᠡᠰᠡᠭ ᠦᠨ ᠪᠠᠢᠴᠠᠭᠠᠯᠲᠠ ᠨᠢᠭᠡᠨᠲᠡ ᠰᠢᠪᠲᠤᠷᠭᠠᠨ ᠳᠠᠭᠠᠨ ᠣᠷᠣᠵᠤ ᠂ 11 ᠰᠠᠷ᠎ᠠ ᠶᠢᠨ 7  ᠦ ᠦᠳᠡ ᠶᠢᠨ ᠡᠮᠦᠨ᠎ᠡ ᠥᠪᠥᠷ ᠮᠣᠩᠭᠣᠯ ᠤᠨ ᠪᠠᠢᠴᠠᠭᠠᠬᠤ ᠪᠠᠢᠭᠤᠯᠭ᠎ᠠ ᠪᠠᠭᠠᠷᠢᠨ ᠵᠡᠭᠦᠨ ᠬᠣᠰᠢᠭᠤᠨ ᠳᠤ ᠰᠠᠭᠤᠳᠠᠯ  ᠤᠨ ᠬᠤᠷᠠᠯ ᠬᠢᠵᠦ ᠂ ᠲᠥᠯᠥᠭᠡᠯᠡᠭᠴᠢᠳ ᠦᠨ ᠨᠠᠰᠤᠨ ᠳᠤ ᠥᠯᠥ ᠬᠦᠷᠦᠭᠰᠡᠳ ᠤᠨ ᠠᠵᠢᠯ  ᠤᠨ ᠲᠥᠯᠥᠭᠡ ᠰᠠᠨᠠᠭᠤᠯᠭ᠎ᠠ ᠲᠡᠪᠰᠢᠭᠦᠯᠦᠨ ᠠᠷᠭ᠎ᠠ  ᠤᠬᠠᠭᠠᠨ ᠭᠠᠷᠭᠠᠬᠤ  ᠶᠢ ᠨᠠᠷᠢᠨ ᠬᠢᠨᠠᠮᠠᠭᠠᠶ ᠰᠣᠨᠣᠰᠪᠠ᠃ 


ᠢᠷᠡᠯᠲᠡ
ᠥᠪᠡᠷᠲᠡᠭᠡᠨ ᠵᠠᠰᠠᠬᠤ ᠣᠷᠤᠨ ᠤ ᠪᠠᠢᠴᠠᠭᠠᠬᠤ ᠬᠣᠷᠢᠶ᠎ᠠ ᠶᠢᠨ ᠣᠷᠴᠢᠭᠤᠯᠭ᠎ᠠ ᠶᠢᠨ ᠭᠠᠵᠠᠷ
2014-2022 © ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠴᠠᠭᠠᠬᠤ ᠬᠣᠷᠢᠶ᠎ᠠ ᠥᠮᠴᠢᠯᠡᠯ ᠦᠨ ᠡᠷᠬᠡ ᠲᠠᠢ ᠵᠣᠬᠢᠶᠠᠯ ᠪᠦᠲᠦᠭᠡᠯ ᠦᠨ ᠡᠷᠬᠡ ᠶ᠋ᠢ ᠬᠠᠤᠯᠢ ᠪᠠᠷ ᠬᠠᠮᠠᠭᠠᠯᠠᠭᠰᠠᠨ ᠂ ᠵᠥᠪᠰᠢᠶᠡᠷᠡᠯ ᠦᠭᠡᠢ ᠪᠡᠷ ᠬᠠᠭᠤᠯᠪᠤᠷᠢᠯᠠᠬᠤ ᠶ᠋ᠢ ᠡᠷᠡᠰ ᠬᠣᠷᠢᠭᠯᠠᠨ᠎ᠠ ᠬᠠᠷᠢᠯᠴᠠᠬᠤ ᠤᠲᠠᠰᠤ ᠄ 0471-4628760 ᠢᠮᠧᠯ ᠄ eerhe@nm.pro