ᠲᠡᠷᠢᠭᠦᠨ ᠨᠢᠭᠤᠷ  -  ᠪᠠᠶᠢᠴᠠᠭᠠᠬᠤ ᠬᠥᠳᠡᠯᠦᠯ ᠪᠠᠶᠢᠳᠠᠯ

ᠠᠷᠠᠳ ᠤᠨ ᠲᠥᠯᠥᠭᠡᠯᠡᠭᠴᠢᠳ ᠦᠨ ︽ᠴᠡᠴᠡᠭ  ᠦᠨ ᠰᠢᠪᠡᠨᠡᠭᠡ ︾

2019-11-11 11:33:46
ᠵᠣᠬᠢᠶᠠᠭᠴᠢ
ᠭᠡᠭᠡᠷᠡᠯ

1573393580464743.jpg

11 ᠳ᠋ᠦ᠋ᠭᠡᠷ ᠰᠠᠷ᠎ᠠ ᠶᠢᠨ 7  ᠦ ᠡᠳᠦᠷ ᠦᠨ ᠦᠳᠡ ᠶᠢᠨ ᠡᠮᠦᠨ᠎ᠡ ᠂ ᠪᠥᠬᠥ ᠤᠯᠤᠰ ᠂ ᠥᠪᠡᠷᠲᠡᠭᠡᠨ ᠵᠠᠰᠠᠬᠤ ᠣᠷᠣᠨ ᠤ ᠬᠣᠶᠠᠷ ᠱᠠᠲᠤᠨ ᠤ ᠠᠷᠠᠳ ᠤᠨ ᠲᠥᠯᠥᠭᠡᠯᠡᠭᠴᠢᠳ ᠦᠨ ᠶᠡᠬᠡ ᠬᠤᠷᠠᠯ ᠤᠨ ᠲᠥᠯᠥᠭᠡᠯᠡᠭᠴᠢ ᠶᠢᠨ ᠨᠠᠰᠤᠨ ᠳᠤ ᠥᠯᠥ ᠬᠦᠷᠦᠭᠰᠡᠳ  ᠤᠨ ᠪᠠᠶᠢᠴᠠᠭᠠᠬᠤ ᠠᠵᠢᠯ  ᠤᠨ ᠰᠠᠭᠤᠳᠠᠯ  ᠤᠨ ᠬᠤᠷᠠᠯ ᠤᠯᠠᠭᠠᠨᠬᠠᠳᠠ ᠬᠣᠲᠠ ᠶᠢᠨ ᠪᠠᠭᠠᠷᠢᠨ ᠵᠡᠭᠦᠨ ᠬᠣᠰᠢᠭᠤᠨ ᠳᠤ ᠬᠤᠷᠠᠯᠳᠤᠪᠠ᠃ ᠥᠪᠡᠷᠲᠡᠭᠡᠨ ᠵᠠᠰᠠᠬᠤ ᠣᠷᠣᠨ ᠤ ᠪᠠᠢᠴᠠᠭᠠᠬᠤ ᠬᠣᠷᠢᠶ᠎ᠠ ᠶᠢᠨ ᠲᠣᠭᠣᠷᠢᠨ ᠪᠠᠶᠢᠴᠠᠭᠠᠭᠴᠢ ᠵᠠᠩ ᠰᠢᠤ ᠹᠧᠩ ᠬᠤᠷᠠᠯ ᠡᠷᠬᠢᠯᠡᠪᠡ ᠃ 

ᠰᠠᠭᠤᠳᠠᠯ  ᠤᠨ ᠬᠤᠷᠠᠯ ᠠᠴᠠ ᠡᠮᠦᠨ᠎ᠡ᠂ ᠲᠥᠯᠥᠭᠡᠯᠡᠭᠴᠢᠳ ᠤᠯᠠᠭᠠᠨᠬᠠᠳᠠ ᠬᠣᠲᠠ ᠶᠢᠨ ᠨᠠᠰᠤᠨ ᠳᠤ ᠦᠯᠦ ᠬᠦᠷᠦᠭᠰᠡᠳ ᠦᠨ ᠪᠠᠶᠢᠴᠠᠭᠠᠬᠤ ᠠᠵᠢᠯ ᠤᠨ ᠤᠬᠠᠭᠤᠯᠭ᠎ᠠ ᠶᠢᠨ ᠹᠢᠯᠢᠮ ᠢ ᠦᠵᠡᠵᠦ ᠂ ᠪᠠᠭᠠᠷᠢᠨ ᠵᠡᠭᠦᠨ ᠬᠣᠰᠢᠭᠤᠨ ᠤ ᠨᠠᠰᠤᠨ ᠳᠤ ᠦᠯᠦ ᠬᠦᠷᠦᠭᠰᠡᠳ ᠦᠨ ᠪᠠᠶᠢᠴᠠᠭᠠᠬᠤ ᠠᠵᠢᠯ ᠵᠢᠴᠢ ᠤᠯᠠᠭᠠᠨᠬᠠᠳᠠ ᠬᠣᠲᠠ ᠶᠢᠨ ᠨᠠᠰᠤᠨ ᠳᠤ ᠦᠯᠦ ᠬᠦᠷᠦᠭᠰᠡᠳ ᠦᠨ ᠪᠠᠶᠢᠴᠠᠭᠠᠬᠤ ᠠᠵᠢᠯ ᠤᠨ ᠬᠠᠷᠢᠭᠤ ᠮᠡᠳᠡᠭᠦᠯᠦᠯᠳᠡ  ᠶᠢ ᠰᠣᠨᠣᠰᠪᠠ ᠃ 

2_编辑_编辑.jpg

ᠥᠪᠡᠷᠲᠡᠭᠡᠨ ᠵᠠᠰᠠᠬᠤ ᠣᠷᠣᠨ ᠤ ᠪᠠᠶᠢᠴᠠᠭᠠᠬᠤ ᠬᠣᠷᠢᠶᠠᠨ ᠤ ᠶᠢᠰᠦᠳᠦᠭᠡᠷ ᠪᠠᠶᠢᠴᠠᠭᠠᠬᠤ ᠬᠡᠯᠲᠡᠰ ᠦᠨ ᠬᠠᠷᠢᠭᠤᠴᠠᠯᠭᠠᠲᠠᠨ ᠪᠠᠶᠢᠴᠠᠭᠠᠨ ᠦᠵᠡᠭᠰᠡᠨ ᠪᠠ ᠰᠤᠷᠪᠤᠯᠵᠢᠯᠠᠭᠰᠠᠨ ᠪᠠᠢᠳᠠᠯ ᠲᠠᠢ ᠤᠶᠠᠯᠳᠤᠭᠤᠯᠤᠨ᠂ 《1 ᠂ 2 ᠂ 3》ᠲᠣᠭ᠎ᠠ ᠪᠠᠷ ᠪᠦᠬᠦ ᠣᠷᠣᠨ ᠤ ᠨᠠᠰᠤᠨ ᠳᠤ ᠦᠯᠦ ᠬᠦᠷᠦᠭᠰᠡᠳ ᠦᠨ ᠪᠠᠶᠢᠴᠠᠭᠠᠬᠤ ᠠᠵᠢᠯ ᠢ ᠳᠥᠭᠥᠮ ᠢᠶᠠᠷ ᠬᠠᠷᠢᠭᠤ ᠮᠡᠳᠡᠭᠦᠯᠦᠯᠳᠡ ᠬᠢᠪᠡ ᠃ 

3_编辑_编辑.jpg

ᠨᠠᠷᠠᠨᠲᠤᠶᠠᠭ᠎ᠠ ᠲᠥᠯᠥᠭᠡᠯᠡᠭᠴᠢ ᠬᠡᠯᠡᠭᠰᠡᠨ ᠨᠢ ᠂ ᠲᠦᠩᠯᠢᠶᠣᠤ ᠂ ᠤᠯᠠᠭᠠᠨᠬᠠᠳᠠ ᠬᠣᠶᠠᠷ ᠱᠠᠲᠤᠨ ᠤ ᠪᠠᠶᠢᠴᠠᠭᠠᠬᠤ ᠬᠣᠷᠢᠶ᠎ᠠ ᠶᠢᠨ ᠨᠠᠰᠤᠨ ᠳᠤ ᠥᠯᠥ ᠬᠦᠷᠦᠭᠰᠡᠳ ᠤᠨ ᠪᠠᠶᠢᠴᠠᠭᠠᠬᠤ ᠠᠵᠢᠯ   ᠢ ᠮᠠᠰᠢ ᠰᠠᠶᠢᠨ ᠬᠢᠵᠡᠶ ᠂ ᠵᠢᠱᠢᠶᠡᠯᠡᠪᠡᠯ ᠨᠠᠶᠮᠠᠨ ᠬᠣᠰᠢᠭᠤᠨ ᠤ ᠪᠠᠶᠢᠴᠠᠭᠠᠬᠤ ᠬᠣᠷᠢᠶ᠎ᠠ ᠶᠢᠨ ᠨᠢᠭᠡ ᠯᠡ ᠥᠷᠲᠡᠭᠡᠨ ᠦ ᠬᠡᠯᠪᠡᠷᠢ ᠪᠡᠷ ᠭᠡᠷᠡᠴᠢ ᠠᠪᠬᠤ ᠪᠠ ᠦᠯᠢᠭᠡᠷ ᠰᠢᠭᠦᠬᠦ ᠲᠢᠩᠬᠢᠮ ᠪᠠᠢᠭᠤᠯᠤᠭᠰᠠᠨ ᠨᠢ ᠬᠡᠸᠬᠡᠳ ᠲᠦ ᠮᠠᠰᠢ ᠰᠠᠶᠢᠨ ᠰᠤᠷᠭᠠᠨ ᠬᠥᠮᠦᠵᠢᠭᠦᠯᠬᠦ ᠦᠶᠯᠡᠳᠦᠯ ᠦᠵᠡᠭᠦᠯᠵᠦ ᠪᠠᠢᠨ᠎ᠠ ᠭᠡᠵᠡᠶ᠃ ᠮᠣᠩᠭᠣᠯ ᠬᠡᠯᠡᠨ ᠦ ᠪᠠᠭᠰᠢ ᠪᠣᠯᠤᠭᠰᠠᠨ ᠤ ᠬᠤᠪᠢ ᠳᠤ ᠂ ᠪᠠᠶᠢᠴᠠᠭᠠᠨ ᠦᠵᠡᠬᠦ ᠳᠤᠮᠳᠠ ᠪᠠᠶᠢᠴᠠᠭᠠᠬᠤ ᠪᠠᠶᠢᠭᠤᠯᠭ᠎ᠠ ᠮᠣᠩᠭᠣᠯ ᠬᠡᠯᠡᠨ ᠦ ᠬᠠᠸᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠠᠵᠢᠯ ᠢ ᠮᠠᠰᠢ ᠴᠢᠬᠤᠯᠠᠴᠢᠯᠠᠨ ᠦᠵᠡᠵᠦ ᠪᠠᠶᠢᠬᠤ ᠶᠢ ᠣᠯᠵᠤ ᠮᠡᠳᠡᠵᠡᠢ᠂ ᠵᠢᠱᠢᠶᠡᠯᠡᠪᠡᠯ ᠂ ᠵᠠᠷᠤᠳ ᠬᠤᠰᠢᠭᠤᠨ  ᠤ ᠪᠠᠶᠢᠴᠠᠭᠠᠬᠤ ᠬᠣᠷᠢᠶ᠎ᠠ ᠶᠢᠨ ᠮᠣᠩᠭᠣᠯ ᠬᠢᠲᠠᠳ ᠬᠣᠸᠰ ᠬᠡᠯᠡᠨ ᠦ ᠠᠵᠢᠯ ᠤᠨ ᠲᠠᠪᠴᠠᠩ᠂ ᠮᠣᠩᠭᠣᠯ ᠬᠢᠲᠠᠳ ᠬᠣᠸᠰ ᠬᠡᠯᠡᠨ ᠦ ᠬᠠᠸᠯᠢ ᠪᠠᠷ ᠵᠠᠰᠠᠬᠤ ᠶᠢ ᠰᠤᠷᠭᠠᠭᠤᠯᠢ ᠶᠢᠨ ᠬᠦᠷᠢᠶᠡᠨ ᠳᠦ ᠤᠷᠤᠭᠤᠯᠬᠤ ᠠᠵᠢᠯᠯᠠᠭ᠎ᠠ ᠵᠡᠷᠭᠡ ᠪᠣᠯᠤᠨ᠎ᠠ᠃ ᠪᠠᠭᠠᠷᠢᠨ ᠵᠡᠭᠦᠨ ᠬᠣᠰᠢᠭᠤᠨ ᠤ ᠪᠠᠶᠢᠴᠠᠭᠠᠬᠤ ᠬᠣᠷᠢᠶ᠎ᠠ ᠶᠢᠨ ᠠᠯᠤᠰ ᠡᠵᠡᠮᠰᠢᠯᠲᠦ ᠬᠠᠸᠯᠢ ᠪᠠᠷ ᠵᠠᠰᠠᠬᠤ ᠬᠢᠴᠢᠶᠡᠯ ᠦᠨ ᠲᠠᠩᠬᠢᠮ  ᠤᠨ ᠴᠠᠭ ᠪᠠ ᠣᠷᠣᠨ ᠵᠠᠶ ᠶᠢᠨ ᠬᠢᠵᠠᠭᠠᠷᠯᠠᠯ ᠢ ᠡᠪᠳᠡᠵᠦ ᠂ ᠡᠨᠡ ᠬᠦ ᠠᠷᠭ᠎ᠠ ᠬᠢᠳᠡᠯ  ᠢ ᠳᠡᠯᠭᠡᠷᠡᠭᠦᠯᠦᠭᠦᠰᠢᠲᠡᠶ ᠶᠤᠮ᠃ ᠤᠷᠢᠳᠴᠢᠯᠠᠨ ᠰᠡᠷᠭᠡᠶᠢᠯᠡᠬᠦ ᠠᠵᠢᠯ ᠢ ᠴᠢᠬᠤᠯᠠᠴᠢᠯᠠᠵᠤ ᠂ ᠭᠡᠷ ᠦᠨ ᠠᠬᠠᠮᠠᠳ ᠤᠨ ᠬᠠᠸᠯᠢ ᠪᠠᠷ ᠵᠠᠰᠠᠬᠤ ᠬᠥᠮᠦᠵᠢᠯ ᠢ ᠴᠢᠩᠭᠠᠳᠬᠠᠵᠤ ᠂ ᠢᠯᠠᠩᠭᠤᠶ᠎ᠠ ᠮᠠᠯᠵᠢᠬᠤ ᠲᠠᠷᠢᠶᠠᠯᠠᠬᠤ ᠣᠷᠣᠨ ᠤ ᠭᠡᠷ ᠦᠨ ᠠᠬᠠᠮᠠᠳ ᠲᠤ ᠬᠠᠸᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠤᠬᠠᠭᠤᠯᠭ᠎ᠠ ᠥᠷᠨᠢᠭᠦᠯᠬᠦ ᠶᠢ ᠰᠠᠨᠠᠭᠤᠯᠤᠶ᠎ᠠ ᠃ 

4_编辑_编辑.jpg

ᠳ᠋ᠧᠦ ᠨᠠᠢ ᠰᠢᠶᠠᠨ ᠲᠥᠯᠥᠭᠡᠯᠡᠭᠴᠢ ᠢᠯᠡᠷᠬᠡᠶᠢᠯᠡᠬᠦ ᠳᠡᠭᠡᠨ ᠂ ᠲᠣᠰ ᠤᠳᠠᠭᠠᠨ ᠤ ᠲᠣᠭᠣᠷᠢᠨ ᠦᠵᠡᠬᠦ ᠪᠡᠷ ᠲᠠᠮᠵᠢᠨ ᠂ ᠨᠠᠰᠤᠨ ᠳᠤ ᠥᠯᠥ ᠬᠦᠷᠦᠭᠰᠡᠳ ᠤᠨ ᠪᠠᠶᠢᠴᠠᠭᠠᠬᠤ ᠠᠵᠢᠯ ᠳᠤ ᠰᠢᠨ᠎ᠡ ᠣᠶᠢᠯᠠᠭᠠᠯᠲᠠ ᠲᠠᠢ ᠪᠣᠯᠵᠠᠶ᠃ ᠬᠠᠷᠢᠭᠰᠠᠨ ᠤ ᠲᠠᠷᠠᠭ᠎ᠠ ᠂ ᠳᠡᠷᠭᠡᠳᠡᠬᠢ ᠬᠥᠮᠦᠰ ᠲᠡᠬᠡᠨ ᠨᠠᠰᠤᠨ ᠳᠤ ᠥᠯᠥ ᠬᠦᠷᠦᠭᠰᠡᠳ ᠤᠨ ᠪᠠᠶᠢᠴᠠᠭᠠᠬᠤ ᠠᠵᠢᠯ ᠢ ᠢᠳᠡᠪᠬᠢᠲᠡᠢ ᠤᠬᠠᠭᠤᠯᠵᠤ ᠂ ᠪᠠᠶᠢᠴᠠᠭᠠᠬᠤ ᠪᠠᠶᠢᠭᠤᠯᠭ᠎ᠠ ᠳᠤ ᠨᠠᠰᠤᠨ ᠳᠤ ᠦᠯᠦ ᠬᠦᠷᠦᠭᠰᠡᠳ ᠦᠨ ᠪᠠᠶᠢᠴᠠᠭᠠᠬᠤ ᠠᠵᠢᠯ ᠢᠶᠠᠨ ᠦᠷᠭᠦᠯᠵᠢᠯᠡᠨ ᠴᠢᠩᠭᠠᠳᠬᠠᠵᠤ ᠂ ᠡᠬᠡ ᠣᠷᠣᠨ ᠤ ᠴᠡᠴᠡᠬᠡᠰ ᠤᠨ ᠡᠷᠡᠭᠦᠯ ᠢᠶᠡᠷ ᠦᠰᠦᠨ ᠪᠣᠶᠢᠵᠢᠬᠤ ᠳᠤ ᠬᠠᠸᠯᠢ ᠪᠠᠷ ᠵᠠᠰᠠᠬᠤ ᠪᠠᠲᠤᠯᠠᠭ᠎ᠠ ᠬᠠᠩᠭᠠᠬᠤ ᠶᠢ ᠬᠦᠰᠡᠵᠦ ᠪᠠᠶᠢᠨ᠎ᠠ ᠭᠡᠵᠠᠢ ᠃

5_编辑.jpg        ᠬᠤᠸᠠᠩ ᠲᠤᠶᠠᠭ᠎ᠠ ᠲᠥᠯᠥᠭᠡᠯᠡᠭᠴᠢ ᠢᠯᠡᠷᠬᠡᠶᠢᠯᠡᠬᠦ ᠳᠡᠭᠡᠨ᠂ ᠲᠦᠩᠯᠢᠶᠣᠤ  ᠶᠢᠨ ︽ᠲᠤᠯᠠᠭᠠᠨ ᠨᠠᠰᠤᠨ ᠳᠤ ᠥᠯᠥ ᠬᠦᠷᠦᠭᠰᠡᠳ ᠤᠨ ᠪᠠᠶᠢᠴᠠᠭᠠᠬᠤ︾ ᠠᠵᠢᠯᠯᠠᠬᠤ ᠲᠠᠰᠤᠭ ᠨᠢ ᠬᠡᠸᠬᠡᠳ ᠢ ᠬᠠᠯᠠᠮᠵᠢᠯᠠᠨ ᠬᠠᠶᠢᠷᠠᠯᠠᠵᠤ᠂ ᠬᠠᠸᠯᠢ ᠪᠠᠷ ᠵᠠᠰᠠᠬᠤ ᠤᠬᠠᠭᠤᠯᠭ᠎ᠠ ᠪᠠᠷ ᠳᠠᠮᠵᠢᠭᠤᠯᠤᠨ  ᠣᠷᠢᠳᠴᠢᠯᠠᠨ ᠰᠡᠷᠭᠡᠶᠢᠯᠡᠯᠲᠡ ᠪᠡᠨ ᠴᠢᠩᠭᠠᠳᠬᠠᠵᠤ ᠂ ᠪᠤᠰᠤᠳ ᠰᠠᠯᠠᠭ᠎ᠠ ᠮᠥᠴᠢᠷ ᠲᠡᠶ ᠬᠣᠯᠪᠣᠭᠠᠯᠠᠬᠤ ᠪᠠᠷ ᠳᠠᠮᠵᠢᠭᠤᠯᠤᠨ᠂ ᠬᠡᠸᠬᠡᠳ  ᠤᠨ ᠰᠤᠷᠭᠠᠭᠤᠯᠢ ᠶᠢᠨ ᠬᠦᠷᠢᠶᠡᠨ ᠦ ᠡᠷᠭᠢᠨ ᠲᠣᠭᠣᠷᠢᠨ ᠤ ᠣᠷᠴᠢᠨ ᠢ ᠴᠡᠪᠡᠷᠰᠢᠭᠦᠯᠪᠡ᠂ ᠡᠳᠡᠭᠡᠷ ᠠᠷᠭ᠎ᠠ ᠬᠢᠳᠡᠯ ᠨᠢ ᠴᠥᠮ ᠲᠤᠢᠯ ᠤᠨ ᠪᠦᠲᠦᠮᠵᠢᠲᠡᠶ ᠶᠤᠮ᠃ ᠸᠧᠶ ᠯᠢᠨ ᠲᠣᠭᠣᠷᠢᠨ ᠬᠠᠮᠠᠭᠠᠯᠠᠬᠤ ᠰᠠᠭᠤᠷᠢᠨ ᠭᠠᠵᠠᠷ ᠪᠠ ᠬᠤᠸᠠ ᠰᠢᠶᠠ ᠠᠵᠢᠯ ᠮᠡᠷᠭᠡᠵᠢᠯ ᠦᠨ ᠰᠤᠷᠭᠠᠭᠤᠯᠢ ᠶᠢᠨ ᠲᠣᠭᠣᠷᠢᠨ ᠬᠠᠮᠠᠭᠠᠯᠠᠬᠤ ᠰᠠᠭᠤᠷᠢᠨ ᠭᠠᠵᠠᠷ ᠢ ᠮᠠᠰᠢ ᠰᠠᠶᠢᠨ ᠬᠢᠵᠠᠢ ᠭᠡᠰᠡᠨ ᠪᠦᠭᠡᠳ᠂ ᠪᠠᠶᠢᠴᠠᠭᠠᠬᠤ ᠪᠠᠢᠭᠤᠯᠭ᠎ᠠ ᠳᠤ ᠮᠣᠩᠭᠣᠯ ᠬᠢᠲᠠᠳ ᠬᠣᠸᠰ ᠬᠡᠯᠡᠨ ᠦ ᠬᠠᠸᠯᠢ ᠲᠦᠭᠡᠮᠡᠯᠵᠢᠭᠦᠯᠬᠦ ᠤᠬᠠᠭᠤᠯᠭ᠎ᠠ ᠶᠢᠨ ᠡᠷᠴᠢᠮ ᠢ ᠴᠢᠩᠭᠠᠷᠠᠭᠤᠯᠬᠤ ᠶᠢ ᠰᠠᠨᠠᠭᠤᠯᠪᠠ᠃ 

6_编辑.jpg       ᠬᠤᠸᠠᠩ ᠵᠢᠶᠤᠤ ᠬᠣᠩ ᠲᠥᠯᠥᠭᠡᠯᠡᠭᠴᠢ ᠢᠯᠡᠷᠬᠡᠶᠢᠯᠡᠬᠦ ᠳᠡᠭᠡᠨ᠂ ᠨᠠᠰᠤᠨ ᠳᠤ ᠥᠯᠥ ᠬᠦᠷᠦᠭᠰᠡᠳ ᠤᠨ ᠪᠠᠶᠢᠴᠠᠭᠠᠬᠤ ᠠᠵᠢᠯ ᠨᠢ ᠤᠨᠴᠠᠭᠠᠢ ᠴᠢᠨᠠᠷ ᠲᠠᠢ ᠪᠠᠶᠢᠵᠤ᠂ ᠨᠠᠰᠤᠨ ᠳᠤ ᠥᠯᠥ ᠬᠦᠷᠦᠭᠰᠡᠳ ᠦᠨ ᠰᠡᠳᠬᠢᠴᠡ ᠭᠦᠶᠴᠡᠳ ᠪᠣᠯᠪᠠᠰᠤᠷᠠᠩᠭᠤᠶ ᠪᠤᠰᠤ ᠪᠠᠶᠢᠵᠤ᠂ ᠨᠠᠰᠤᠨ ᠳᠤ ᠥᠯᠥ ᠬᠦᠷᠦᠭᠰᠡᠳ ᠤᠨ ᠪᠠᠶᠢᠴᠠᠭᠠᠬᠤ ᠠᠵᠢᠯ ᠨᠢ ᠬᠠᠸᠯᠢ ᠴᠠᠭᠠᠵᠠ ᠶᠢᠨ ᠠᠵᠢᠯ ᠬᠢᠬᠦ ᠪᠡᠷ ᠪᠠᠷᠠᠬᠤ ᠥᠬᠡᠶ ᠂ ᠪᠠᠰᠠ ᠨᠡᠶᠢᠭᠡᠮ ᠦᠨ ᠠᠵᠢᠯ ᠬᠢᠨ᠎ᠡ ᠃ ᠦᠨᠦᠴᠢᠨ ᠦᠷᠦᠭᠡᠰᠤᠨ ᠵᠡᠮᠳᠡᠭ ᠨᠠᠰᠤᠨ ᠳᠤ ᠥᠯᠥ ᠬᠦᠷᠦᠭᠰᠡᠳ ᠢ ᠨᠡᠶᠢᠭᠡᠮ ᠦᠨ ᠬᠢᠨ ᠨᠠᠩ ᠢᠯᠡᠭᠦᠸ ᠠᠩᠬᠠᠷᠴᠤ᠂ ᠨᠡᠶᠢᠭᠡᠮ ᠦᠨ ᠬᠦᠴᠦᠨ ᠲᠡᠶ ᠬᠣᠯᠪᠣᠭᠠᠯᠠᠨ ᠨᠠᠰᠤᠨ ᠳᠤ ᠥᠯᠥ ᠬᠦᠷᠦᠭᠰᠡᠳ ᠢ ᠬᠠᠯᠠᠮᠵᠢᠯᠠᠨ ᠬᠠᠶᠢᠷᠠᠯᠠᠬᠤ ᠡᠷᠴᠢᠮ ᠢᠶᠡᠨ ᠴᠢᠩᠭᠠᠷᠠᠭᠤᠯᠬᠤ ᠶᠢ ᠰᠠᠨᠠᠭᠤᠯᠵᠤ ᠪᠠᠢᠨ᠎ᠠ ᠭᠡᠵᠠᠢ᠃ 

99.jpg

    ᠯᠢᠦ ᠬᠠᠢ ᠪᠢᠩ ᠲᠥᠯᠥᠭᠡᠯᠡᠭᠴᠢ ᠬᠡᠯᠡᠭᠰᠡᠨ ᠨᠢ᠂ ᠨᠠᠰᠤᠨ ᠳᠤ ᠥᠯᠥ ᠬᠦᠷᠦᠭᠰᠡᠳ ᠤᠨ ᠪᠠᠶᠢᠴᠠᠭᠠᠬᠤ ᠠᠵᠢᠯ ᠳᠤ ᠣᠢᠷᠠᠲᠤᠭᠰᠠᠨ ᠪᠥᠭᠡᠳ ᠪᠠᠶᠢᠴᠠᠭᠠᠬᠤ ᠪᠠᠢᠭᠤᠯᠭ᠎ᠠ ᠨᠠᠰᠤᠨ ᠳᠤ ᠥᠯᠥ ᠬᠦᠷᠦᠭᠰᠡᠳ ᠲᠦ ᠬᠠᠯᠳᠠᠭᠰᠠᠨ ᠶᠠᠯᠠᠲᠤ ᠠᠵᠢᠯᠯᠠᠭ᠎ᠠ ᠶᠢ ᠬᠠᠤᠯᠢ ᠶᠣᠰᠣᠭᠠᠷ ᠴᠢᠩᠭ᠎ᠠ ᠰᠢᠢᠳᠬᠡᠬᠦ ᠶᠢᠨ ᠬᠠᠮᠲᠤ ᠨᠠᠰᠤᠨ ᠳᠤ ᠥᠯᠥ ᠬᠦᠷᠦᠭᠰᠡᠳ ᠢ ᠬᠠᠮᠠᠭᠠᠯᠠᠬᠤ ᠪᠠ ᠬᠠᠤᠯᠢ ᠪᠠᠷᠢᠯᠲᠠ ᠪᠠᠷ ᠠᠪᠤᠷᠠᠨ ᠲᠤᠰᠠᠯᠠᠬᠤ ᠵᠡᠷᠭᠡ ᠠᠵᠢᠯ ᠢ ᠴᠢᠬᠤᠯᠠᠴᠢᠯᠠᠨ ᠦᠵᠡᠵᠦ ᠪᠠᠶᠢᠭ᠎ᠠ ᠶᠢ ᠣᠶᠢᠯᠠᠭᠠᠵᠤ ᠮᠡᠳᠡᠵᠡᠢ᠃ ᠨᠠᠰᠤᠨ ᠳᠤ ᠦᠯᠦ ᠬᠦᠷᠦᠭᠰᠡᠳ ᠢ ᠬᠠᠮᠠᠭᠠᠯᠠᠬᠤ ᠳᠤ ᠨᠡᠶᠢᠭᠡᠮ ᠦᠨ ᠬᠠᠮᠲᠤ ᠶᠢᠨ ᠣᠷᠣᠯᠴᠠᠯᠭ᠎ᠠ ᠶᠢ ᠱᠠᠭᠠᠷᠳᠠᠵᠤ᠂ ᠡᠭᠦᠨ ᠦ  ᠤᠯᠠᠮ ᠠᠴᠠ ᠬᠠᠮᠠᠭᠠᠯᠠᠯᠲᠠ ᠶᠢᠨ ᠨᠡᠶᠢᠯᠡᠮᠡᠯ ᠬᠦᠴᠦᠨ ᠢ ᠪᠦᠷᠢᠯᠳᠦᠭᠦᠯᠦᠨ᠎ᠡ᠂ ᠨᠠᠰᠤᠨ ᠳᠤ ᠦᠯᠦ ᠬᠦᠷᠦᠭᠰᠡᠳ ᠪᠣᠯ ᠮᠠᠨ ᠤ ᠤᠯᠤᠰ  ᠤᠨ ᠪᠡᠯᠡᠳᠬᠡᠯ ᠬᠦᠴᠦᠨ ᠮᠥᠨ᠂ ᠪᠠᠶᠢᠴᠠᠭᠠᠬᠤ ᠬᠣᠷᠢᠶ᠎ᠠ ᠦᠷᠭᠦᠯᠵᠢᠯᠡᠨ ᠴᠢᠷᠮᠠᠢᠵᠦ ᠪᠠᠶᠢᠭᠠᠳ ᠨᠠᠰᠤᠨ ᠳᠤ ᠥᠯᠥ ᠬᠦᠷᠦᠭᠰᠡᠳ ᠤᠨ ᠪᠠᠶᠢᠴᠠᠭᠠᠬᠤ ᠠᠵᠢᠯ ᠢ ᠨᠠᠩ ᠰᠠᠶᠢᠲᠤᠷ ᠬᠢᠬᠦ ᠶᠢ ᠬᠦᠰᠡᠵᠦ ᠪᠠᠶᠢᠨ᠎ᠠ ᠭᠡᠵᠠᠢ᠃

8_编辑.jpg

ᠡᠷᠬᠡᠪᠠᠭᠠᠲᠤᠷ ᠲᠥᠯᠥᠭᠡᠯᠡᠭᠴᠢ ᠢᠯᠡᠷᠬᠡᠶᠢᠯᠡᠬᠦ ᠳᠡᠭᠡᠨ ᠂ ᠬᠡᠳᠦᠨ ᠡᠳᠦᠷ ᠦᠨ ᠪᠠᠶᠢᠴᠠᠭᠠᠯᠲᠠ ᠪᠠᠷ ᠳᠠᠮᠵᠢᠭᠠᠳ ᠪᠢ ᠮᠠᠰᠢ ᠭᠦᠨ ᠲᠥᠷᠥᠭᠳᠡᠯ ᠲᠡᠢ ᠪᠤᠯᠤᠯ᠎ᠠ᠂ ᠨᠠᠶᠮᠠᠨ ᠬᠣᠰᠢᠭᠤᠨ ᠤ ᠪᠠᠶᠢᠴᠠᠭᠠᠬᠤ ᠬᠣᠷᠢᠶ᠎ᠠ  ᠶᠢᠨ ᠨᠢᠭᠡ ᠯᠡ ᠥᠷᠲᠡᠭᠡᠨ ᠦ ᠬᠡᠯᠪᠡᠷᠢ ᠪᠡᠷ ᠭᠡᠷᠡᠴᠢ ᠠᠪᠬᠤ ᠂ ᠵᠠᠷᠤᠳ ᠬᠤᠰᠢᠭᠤᠨ  ᠤ ᠪᠠᠶᠢᠴᠠᠭᠠᠬᠤ ᠬᠣᠷᠢᠶᠠᠨ ᠤ ᠮᠣᠩᠭᠣᠯ ᠬᠢᠲᠠᠳ ᠬᠣᠸᠰ ᠬᠡᠯᠡᠨ ᠦ ᠲᠠᠪᠴᠠᠩ ᠨᠢ ᠬᠥᠮᠦᠰ ᠲᠦ ᠭᠦᠨ ᠰᠠᠭᠤᠭᠳᠠᠯ ᠦᠯᠡᠳᠡᠭᠡᠪᠡ᠃ ᠡᠯ᠎ᠡ ᠰᠠᠯᠠᠭ᠎ᠠ ᠮᠥᠴᠢᠷ ᠬᠠᠮᠲᠤᠷᠠᠨ ᠨᠠᠰᠤᠨ ᠳᠤ ᠥᠯᠥ ᠬᠦᠷᠦᠭᠰᠡᠳ ᠦᠨ ᠡᠷᠡᠭᠦᠯ ᠢᠶᠡᠷ ᠦᠰᠦᠨ ᠪᠣᠶᠢᠵᠢᠬᠤ ᠶᠢ ᠬᠠᠮᠲᠤ ᠪᠠᠷ ᠬᠠᠮᠠᠭᠠᠯᠠᠬᠤ ᠶᠢ ᠬᠦᠰᠡᠵᠦ ᠪᠠᠢᠨ᠎ᠠ ᠭᠡᠵᠡᠶ ᠃

9.jpg

ᠠᠯᠲᠠᠨᠳᠠᠯᠠᠢ ᠲᠥᠯᠥᠭᠡᠯᠡᠭᠴᠢ ᠢᠯᠡᠷᠬᠡᠶᠢᠯᠡᠬᠦ ᠳᠡᠭᠡᠨ ᠂ ᠲᠦᠩᠯᠢᠶᠣᠤ ᠬᠣᠲᠠ ᠂ ᠤᠯᠠᠭᠠᠨᠬᠠᠳᠠ ᠬᠣᠲᠠ ᠶᠢᠨ ᠨᠠᠰᠤᠨ ᠳᠤ ᠥᠯᠥ ᠬᠦᠷᠦᠭᠰᠡᠳ ᠤᠨ ᠪᠠᠶᠢᠴᠠᠭᠠᠬᠤ ᠠᠵᠢᠯ ᠢ ᠮᠠᠰᠢ ᠰᠠᠶᠢᠨ ᠬᠢᠵᠡᠶ ᠂ ᠬᠠᠷᠢᠭᠰᠠᠨ ᠤ ᠳᠠᠷᠠᠭ᠎ᠠ ᠲᠤᠬᠠᠶ ᠶᠢᠨ ᠭᠠᠵᠠᠷ ᠤᠨ ᠪᠠᠢᠴᠠᠭᠠᠬᠤ ᠬᠣᠷᠢᠶ᠎ᠠ ᠳᠤ ᠤᠬᠠᠭᠤᠯᠵᠤ ᠂ ᠲᠤᠷᠰᠢᠯᠭ᠎ᠠ ᠠᠷᠭ᠎ᠠ ᠬᠢᠳᠡᠯ ᠢᠶᠡᠷ ᠲᠣᠯᠢ ᠪᠣᠯᠭᠠᠵᠤ ᠂ ᠨᠠᠰᠤᠨ ᠳᠤ ᠥᠯᠥ ᠬᠦᠷᠦᠭᠰᠡᠳ ᠤᠨ ᠪᠠᠶᠢᠴᠠᠭᠠᠬᠤ ᠠᠵᠢᠯ  ᠢ ᠬᠠᠮᠲᠤᠪᠠᠷ ᠰᠠᠶᠢᠲᠤᠷ ᠬᠢᠨ᠎ᠡ ᠭᠡᠵᠠᠢ᠃

100.jpg

ᠵᠤᠤ ᠯᠢ ᠪᠢᠩ ᠲᠥᠯᠥᠭᠡᠯᠡᠭᠴᠢ ᠢᠯᠡᠷᠬᠡᠶᠢᠯᠡᠬᠦ ᠳᠡᠭᠡᠨ᠂ ᠲᠦᠩᠯᠢᠶᠣᠤ ︽ᠲᠤᠯᠠᠭᠠᠨ ᠨᠠᠰᠤᠨ ᠳᠤ ᠥᠯᠥ ᠬᠦᠷᠦᠭᠰᠡᠳ ᠤᠨ ᠪᠠᠶᠢᠴᠠᠭᠠᠬᠤ︾ ᠂ ᠮᠠ ᠳ᠋ᠠᠨ ᠤ ᠠᠵᠢᠯᠯᠠᠬᠤ ᠲᠠᠰᠤᠭ ᠨᠢ ᠨᠠᠰᠤᠨ ᠳᠤ ᠥᠯᠥ ᠬᠦᠷᠦᠭᠰᠡᠳ ᠤᠨ ᠪᠠᠶᠢᠴᠠᠭᠠᠬᠤ ᠠᠵᠢᠯᠲᠠᠨ  ᠦ ᠬᠠᠷᠢᠭᠤᠴᠠᠯᠭ᠎ᠠ ᠪᠠ ᠬᠠᠯᠠᠭᠤᠨ ᠰᠡᠳᠬᠢᠯᠭᠡ ᠶᠢ ᠢᠯᠡᠷᠡᠭᠦᠯᠵᠦ ᠂ ᠨᠠᠰᠤᠨ ᠳᠤ ᠥᠯᠥ ᠬᠦᠷᠦᠭᠰᠡᠳ ᠤᠨ ᠪᠠᠶᠢᠴᠠᠭᠠᠬᠤ ᠠᠵᠢᠯ ᠠᠵᠢᠯ ᠨᠢ ᠵᠦᠪᠬᠡᠨ ᠪᠠᠶᠢᠴᠠᠭᠠᠬᠤ ᠪᠠᠶᠢᠭᠤᠯᠭ᠎ᠠ ᠶᠢᠨ ᠠᠵᠢᠯ  ᠯᠠ ᠪᠢᠰᠢ ᠂ ᠨᠠᠩ ᠴᠤ ᠵᠠᠰᠠᠭ  ᠤᠨ ᠣᠷᠳᠣᠨ ᠪᠠ ᠨᠡᠶᠢᠭᠡᠮ ᠦᠨ ᠬᠦᠴᠦᠨ ᠦ ᠣᠷᠣᠯᠴᠠᠬᠤ ᠶᠢ ᠱᠠᠭᠠᠷᠳᠠᠨ᠎ᠠ᠃ ᠬᠡᠸᠬᠡᠳ ᠦᠨ ᠡᠴᠢᠭᠡ ᠡᠬᠡ ᠂ ᠬᠢᠨᠠᠨ ᠬᠠᠮᠠᠭᠠᠯᠠᠭᠴᠢ ᠨᠢ ᠬᠡᠸᠬᠡᠳ ᠦᠨ ᠦᠰᠦᠨ ᠪᠣᠶᠢᠵᠢᠯᠲᠠ  ᠶᠢ ᠬᠠᠯᠠᠮᠵᠢᠯᠠᠬᠤ ᠨᠢ ᠲᠡᠳᠡᠨ  ᠤ ᠲᠦᠯᠬᠢᠵᠦ ᠪᠣᠯᠤᠰᠢ ᠦᠭᠡᠢ ᠬᠠᠷᠢᠭᠤᠴᠠᠯᠭ᠎ᠠ ᠶᠤᠮ ᠂ ᠭᠡᠷ ᠦᠨ ᠠᠬᠠᠮᠠᠳ ᠲᠤ ᠢᠯᠡᠭᠦᠬᠡᠨ ᠬᠠᠸᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠤᠬᠠᠭᠤᠯᠭ᠎ᠠ ᠬᠢᠬᠦ ᠶᠢ ᠰᠠᠨᠠᠭᠤᠯᠵᠤ ᠂ ᠪᠠᠶᠢᠴᠠᠭᠠᠬᠤ ᠪᠠᠶᠢᠭᠤᠯᠭ᠎ᠠ ᠦᠨᠡᠨ ᠬᠦ ᠪᠠᠷᠢᠮᠲᠠᠯᠠᠨ ᠬᠢᠬᠦ ᠶᠢ ᠬᠦᠰᠡᠵᠦ ᠪᠠᠶᠢᠨ᠎ᠠ ᠭᠡᠵᠠᠢ᠃

11_编辑.jpg

ᠪᠠᠶ ᠷᠦᠢ ᠲᠥᠯᠥᠭᠡᠯᠡᠭᠴᠢ ᠢᠯᠡᠷᠬᠡᠶᠢᠯᠡᠬᠦ ᠳᠡᠭᠡᠨ᠂ ᠲᠦᠩᠯᠢᠶᠣᠤ ᠂ ᠤᠯᠠᠭᠠᠨᠬᠠᠳᠠ ᠬᠣᠶᠠᠷ ᠱᠠᠲᠤᠨ ᠤ ᠪᠠᠶᠢᠴᠠᠭᠠᠬᠤ ᠪᠠᠶᠢᠭᠤᠯᠭ᠎ᠠ ᠶᠢᠨ ᠨᠠᠰᠤᠨ ᠳᠤ ᠥᠯᠥ ᠬᠦᠷᠦᠭᠰᠡᠳ ᠤᠨ ᠪᠠᠶᠢᠴᠠᠭᠠᠬᠤ ᠠᠵᠢᠯ ᠢ ᠪᠣᠳᠠᠲᠠᠶ ᠪᠥᠭᠡᠳ ᠨᠠᠷᠢᠯᠢᠭ ᠬᠢᠵᠡᠶ᠃ ᠤᠬᠠᠭᠤᠯᠭ᠎ᠠ ᠶᠢᠨ ᠡᠷᠴᠢᠮ ᠢᠶᠡᠨ ᠦᠷᠭᠦᠯᠵᠢᠯᠡᠨ ᠴᠢᠩᠭᠠᠷᠠᠭᠤᠯᠵᠤ ᠂ ᠰᠠᠴᠤᠷᠠᠭ ᠤᠨ ᠲᠠᠪᠠᠯᠠᠢ  ᠪᠠᠨ ᠨᠡᠮᠡᠭᠳᠡᠭᠦᠯᠦᠨ ᠂ ᠨᠡᠶᠢᠭᠡᠮ ᠦᠨ ᠡᠯ᠎ᠡ ᠡᠲᠡᠭᠡᠳ ᠦᠨ ᠬᠢᠨ ᠳᠦ ᠴᠥᠮ ᠨᠠᠰᠤᠨ ᠳᠤ ᠥᠯᠥ ᠬᠦᠷᠦᠭᠰᠡᠳ ᠤᠨ ᠪᠠᠶᠢᠴᠠᠭᠠᠬᠤ ᠠᠵᠢᠯ ᠢ ᠣᠶᠢᠯᠠᠭᠠᠭᠤᠯᠵᠤ ᠂ ᠬᠡᠯᠪᠡᠷᠢ ᠶᠢᠨ ᠲᠠᠯ᠎ᠠ ᠪᠠᠷ ᠰᠢᠨ᠎ᠡ ᠶᠢ ᠡᠭᠦᠳᠴᠦ ᠂ ᠪᠢᠴᠢᠯ ᠺᠢᠨᠣ᠋ ᠂ ᠪᠢᠴᠢᠯ ‍ᠪᠯᠤᠭ ᠵᠡᠷᠭᠡ ᠪᠡᠷ ᠳᠠᠮᠵᠢᠭᠤᠯᠤᠨ ᠬᠠᠸᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠤᠬᠠᠭᠤᠯᠭ᠎ᠠ ᠬᠢᠬᠦ ᠶᠢ ᠰᠠᠨᠠᠭᠤᠯᠤᠶ᠎ᠠ ᠭᠡᠵᠠᠢ᠃

12_编辑.jpg

ᠭᠦᠸᠧ ᠭᠧᠨ ᠳ᠋ᠢ ᠲᠥᠯᠥᠭᠡᠯᠡᠭᠴᠢ ᠢᠯᠡᠷᠬᠡᠶᠢᠯᠡᠬᠦ ᠳᠡᠭᠡᠨ᠂ ᠰᠤᠷᠭᠠᠨ ᠬᠥᠮᠦᠵᠢᠯ ᠦᠨ ᠠᠵᠢᠯᠲᠠᠨ ᠪᠣᠯᠤᠭᠰᠠᠨ ᠤ ᠬᠤᠪᠢ ᠳᠤ ᠂ ᠬᠠᠸᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠠᠵᠢᠯ ᠢ ᠬᠢᠴᠢᠶᠡᠯ ᠦᠨ ᠲᠠᠩᠬᠢᠮ  ᠤᠨ ᠵᠢᠭᠠᠨ ᠰᠤᠷᠭᠠᠯᠲᠠ ᠶᠢᠨ ᠠᠵᠢᠯ ᠳᠤ ᠣᠷᠣᠭᠤᠯᠵᠤ᠂ ᠪᠠᠶᠢᠩᠭᠤᠵᠢᠭᠤᠯᠬᠤ ᠶᠢ ᠪᠡᠶᠡᠯᠡᠭᠦᠯᠦᠨ᠂ ᠬᠠᠸᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠤᠬᠠᠭᠤᠯᠭ᠎ᠠ ᠳᠤ ︽ ᠰᠠᠯᠬᠢᠨ ᠤ ᠠᠶ᠎ᠠ ᠪᠠᠷ ᠰᠥᠨᠢ ᠳᠦᠯᠢ ᠪᠣᠯᠵᠤ ᠂ ᠪᠣᠳᠠᠰ ᠢ ᠨᠠᠮᠤᠭᠤᠬᠠᠨ ᠤᠮᠳᠠᠯᠠᠬᠤ ︾  ᠶᠢ ᠪᠡᠶᠡᠯᠡᠭᠦᠯᠵᠦ ᠂ ᠰᠤᠷᠭᠠᠭᠤᠯᠢ ᠶᠢᠨ ᠬᠢᠴᠢᠶᠡᠯ ᠦᠨ ᠴᠠᠭ  ᠢ ᠠᠰᠢᠭᠯᠠ ᠂ ᠬᠢᠴᠢᠶᠠᠯ  ᠤᠨ ᠣᠨᠴᠠᠯᠢᠭ ᠲᠠᠶ ᠤᠶᠠᠯᠳᠤᠭᠤᠯᠵᠤ ᠂ ᠪᠠᠭᠰᠢ ᠨᠢ  ᠨᠠᠰᠤ ᠵᠢᠯ ᠢ ᠨᠢ ᠦᠨᠳᠦᠰᠦᠯᠡᠨ ᠬᠡᠸᠬᠡᠳ ᠲᠦ ᠲᠣᠭᠲᠠᠮᠠᠯ ᠬᠤᠭᠤᠴᠠᠭ᠎ᠠ ᠲᠠᠶ ᠪᠠᠷ ᠨᠡᠶᠢᠲᠡᠯᠢᠭ ᠬᠡᠷᠡᠭ ᠦᠨ ᠵᠢᠱᠢᠶ᠎ᠡ ᠶᠠᠷᠢᠵᠦ ᠲᠠᠢᠯᠪᠣᠷᠢᠯᠠᠨ᠂ ᠬᠠᠸᠯᠢ ᠴᠠᠭᠠᠵᠠ ᠶᠢ ᠦᠨᠡᠨ ᠬᠦ ᠲᠠᠷᠢᠬᠢ ᠪᠤᠯᠤᠨ ᠵᠢᠷᠦᠬᠡᠨ  ᠳᠤᠨᠢ ᠬᠠᠳᠠᠩᠰᠢᠭᠤᠯᠬᠤ ᠶᠢ ᠬᠦᠰᠡᠵᠦ ᠪᠠᠢᠨ᠎ᠠ ᠭᠡᠵᠡᠶ᠃

13.jpg

ᠭᠤᠤ ᠶᠢᠨ ᠬᠠᠢ ᠲᠥᠯᠥᠭᠡᠯᠡᠭᠴᠢ  ᠢᠯᠡᠷᠬᠡᠶᠢᠯᠡᠬᠦ ᠳᠡᠭᠡᠨ ᠂ ᠨᠠᠰᠤᠨ ᠳᠤ ᠥᠯᠥ ᠬᠦᠷᠦᠭᠰᠡᠳ ᠢ ᠬᠠᠮᠠᠭᠠᠯᠠᠬᠤ ᠳᠤ ᠨᠡᠶᠢᠭᠡᠮ ᠦᠨ ᠬᠦᠴᠦᠨ ᠬᠠᠮᠲᠤ ᠪᠠᠷ ᠣᠷᠣᠯᠴᠠᠬᠤ ᠬᠡᠷᠡᠭᠲᠡᠶ ᠂ ᠬᠠᠢᠷᠠᠯᠠᠨ ᠬᠠᠮᠠᠭᠠᠯᠠᠬᠤ ᠰᠠᠭᠤᠷᠢᠨ ᠭᠠᠵᠠᠷ ᠨᠢ ᠠᠵᠤ ᠠᠬᠤᠶᠢᠯᠠᠯ ᠲᠠᠢ ᠬᠠᠮᠲᠤᠷᠠᠨ ᠬᠥᠳᠡᠯᠦᠯᠴᠡᠬᠦ ᠪᠡᠷ ᠳᠠᠮᠵᠢᠭᠤᠯᠤᠨ ᠪᠥᠬᠥ ᠨᠡᠶᠢᠭᠡᠮ ᠢ ᠨᠠᠰᠤᠨ ᠳᠤ ᠥᠯᠥ ᠬᠦᠷᠦᠭᠰᠡᠳ ᠤᠨ ᠪᠠᠢᠴᠠᠭᠠᠬᠤ ᠠᠵᠢᠯ ᠳᠤ ᠣᠷᠣᠯᠴᠠᠭᠤᠯᠬᠤ ᠪᠣᠯ ᠮᠠᠰᠢ ᠰᠠᠶᠢᠨ ᠠᠷᠭ᠎ᠠ ᠮᠥᠨ ᠭᠡᠵᠡᠶ᠃ ᠪᠠᠭᠠᠴᠤᠳ ᠬᠦᠴᠦᠷᠬᠡᠭᠵᠢᠪᠡᠯ ᠤᠯᠤᠰ ᠬᠦᠴᠦᠷᠬᠡᠭᠵᠢᠨ᠎ᠡ ᠂ ᠨᠤᠲᠤᠭ ᠲᠠᠭᠠᠨ ᠬᠠᠷᠢᠪᠠᠯ ᠪᠢ ᠪᠠᠰᠠ ᠨᠤᠲᠤᠭ ᠤᠨ ᠢᠶᠠᠨ ᠨᠠᠰᠤᠨ ᠳᠤ ᠥᠯᠥ ᠬᠦᠷᠦᠭᠰᠡᠳ ᠤᠨ ᠪᠠᠢᠴᠠᠭᠠᠬᠤ ᠠᠵᠢᠯ ᠳᠤ ᠣᠷᠣᠯᠴᠠᠵᠤ᠂ ᠨᠠᠰᠤᠨ ᠳᠤ ᠦᠯᠦ ᠬᠦᠷᠦᠭᠰᠡᠳ ᠦᠨ ᠡᠷᠡᠭᠦᠯ ᠢᠶᠡᠷ ᠦᠰᠦᠨ ᠪᠣᠶᠢᠵᠢᠬᠤ ᠶᠢ ᠬᠠᠮᠠᠭᠠᠯᠠᠨ᠎ᠠ ᠭᠡᠵᠠᠢ᠃

14.jpg

ᠵᠠᠩ ᠰᠢᠤ ᠹᠧᠩ ᠬᠠᠮᠤᠭ ᠰᠡᠭᠦᠯ ᠳᠦ ᠢᠯᠡᠷᠬᠡᠶᠢᠯᠡᠬᠦ ᠳᠡᠭᠡᠨ᠂ ᠲᠥᠯᠥᠭᠡᠯᠡᠭᠴᠢᠳ ᠦᠨ ᠦᠨᠡᠨ ᠮᠡᠳᠡᠯᠭᠡ ᠨᠡᠪᠲᠡᠷᠬᠡᠶ ᠦᠵᠡᠯᠲᠡ ᠪᠣᠯ ᠪᠠᠶᠢᠴᠠᠭᠠᠬᠤ ᠠᠵᠢᠯ ᠢ ᠭᠦᠶᠴᠡᠳ ᠨᠤᠲᠠᠯᠠᠭᠰᠠᠨ ᠶᠠᠪᠤᠳᠠᠯ ᠮᠥᠨ᠂ ᠨᠠᠩ ᠴᠤ ᠵᠣᠷᠢᠭᠵᠢᠭᠤᠯᠤᠨ ᠰᠢᠪᠠᠳᠠᠭᠰᠠᠨ ᠶᠠᠪᠤᠳᠠᠯ ᠮᠥᠨ᠃ ᠪᠢᠳᠡ ᠵᠤᠷᠪᠤᠰ ᠳᠠᠷᠠᠭᠠᠯᠠᠨ ᠡᠮᠬᠢᠯᠡᠭᠰᠡᠨ ᠦ ᠳᠠᠷᠠᠭ᠎ᠠ ᠴᠠᠭ ᠲᠤᠬᠠᠶ ᠳᠤᠨᠢ ᠥᠪᠡᠷᠲᠡᠭᠡᠨ ᠵᠠᠰᠠᠬᠤ ᠣᠷᠣᠨ ᠤ ᠪᠠᠶᠢᠴᠠᠭᠠᠬᠤ ᠬᠣᠷᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠳᠤ ᠲᠤᠰᠢᠶᠠᠵᠤ᠂ ᠳᠠᠷᠠᠭ᠎ᠠ ᠨᠢ ᠱᠠᠲᠤ ᠱᠠᠲᠤ ᠪᠠᠷ ᠵᠠᠳᠠᠯᠵᠤ᠂ ᠱᠠᠲᠤ ᠱᠠᠲᠤ ᠪᠠᠷ ᠨᠠᠢᠳᠠᠪᠤᠷᠢᠵᠢᠭᠤᠯᠤᠨ᠎ᠠ᠃ ᠲᠥᠯᠥᠭᠡᠯᠡᠭᠴᠢᠳ ᠪᠠᠰᠠ ᠥᠪᠥᠷ ᠮᠣᠩᠭᠣᠯ ᠤᠨ ᠪᠠᠶᠢᠴᠠᠭᠠᠬᠤ ᠠᠵᠢᠯ ᠢᠯᠠᠩᠭᠤᠶ᠎ᠠ ᠨᠠᠰᠤᠨ ᠳᠤ ᠥᠯᠥ ᠬᠦᠷᠦᠭᠰᠡᠳ ᠦᠨ ᠪᠠᠶᠢᠴᠠᠭᠠᠬᠤ ᠠᠵᠢᠯ ᠢ ᠦᠷᠭᠦᠯᠵᠢᠯᠡᠨ ᠬᠠᠯᠠᠮᠵᠢᠯᠠᠨ ᠳᠠᠮᠵᠢᠵᠤ᠂ ᠪᠠᠶᠢᠴᠠᠭᠠᠬᠤ ᠪᠠᠶᠢᠭᠤᠯᠭ᠎ᠠ ᠲᠠᠢ ᠬᠠᠮᠲᠤ ᠪᠠᠷ ᠪᠥᠬᠥ ᠣᠷᠣᠨ ᠤ ᠨᠠᠰᠤᠨ ᠳᠤ ᠥᠯᠥ ᠬᠦᠷᠦᠭᠰᠡᠳ ᠦᠨ ᠬᠠᠸᠯᠢ ᠪᠠᠷᠢᠯᠲᠠ ᠶᠢᠨ ᠬᠠᠮᠠᠭᠠᠯᠠᠯᠲᠠ ᠶᠢᠨ ᠭᠦᠨᠵᠡᠭᠡᠶᠢᠷᠡᠨ ᠬᠥᠭᠵᠢᠬᠦ ᠶᠢ ᠲᠦᠯᠬᠢᠨ ᠠᠬᠢᠭᠤᠯᠬᠤ ᠪᠤᠯᠤᠨ᠎ᠠ᠃ 


ᠢᠷᠡᠯᠲᠡ
ᠥᠪᠡᠷᠲᠡᠭᠡᠨ ᠵᠠᠰᠠᠬᠤ ᠣᠷᠤᠨ ᠤ ᠪᠠᠢᠴᠠᠭᠠᠬᠤ ᠬᠣᠷᠢᠶ᠎ᠠ ᠶᠢᠨ ᠣᠷᠴᠢᠭᠤᠯᠭ᠎ᠠ ᠶᠢᠨ ᠭᠠᠵᠠᠷ
2014-2022 © ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠴᠠᠭᠠᠬᠤ ᠬᠣᠷᠢᠶ᠎ᠠ ᠥᠮᠴᠢᠯᠡᠯ ᠦᠨ ᠡᠷᠬᠡ ᠲᠠᠢ ᠵᠣᠬᠢᠶᠠᠯ ᠪᠦᠲᠦᠭᠡᠯ ᠦᠨ ᠡᠷᠬᠡ ᠶ᠋ᠢ ᠬᠠᠤᠯᠢ ᠪᠠᠷ ᠬᠠᠮᠠᠭᠠᠯᠠᠭᠰᠠᠨ ᠂ ᠵᠥᠪᠰᠢᠶᠡᠷᠡᠯ ᠦᠭᠡᠢ ᠪᠡᠷ ᠬᠠᠭᠤᠯᠪᠤᠷᠢᠯᠠᠬᠤ ᠶ᠋ᠢ ᠡᠷᠡᠰ ᠬᠣᠷᠢᠭᠯᠠᠨ᠎ᠠ ᠬᠠᠷᠢᠯᠴᠠᠬᠤ ᠤᠲᠠᠰᠤ ᠄ 0471-4628760 ᠢᠮᠧᠯ ᠄ eerhe@nm.pro