ᠲᠡᠷᠢᠭᠦᠨ ᠨᠢᠭᠤᠷ  -  ᠪᠠᠶᠢᠴᠠᠭᠠᠬᠤ ᠬᠥᠳᠡᠯᠦᠯ ᠪᠠᠶᠢᠳᠠᠯ

︽ ᠪᠦᠬᠦ ᠣᠷᠣᠨ ᠤ ᠪᠠᠶᠢᠴᠠᠭᠠᠬᠤ ᠪᠠᠶᠢᠭᠤᠯᠭ᠎ᠠ ᠶᠢᠨ ᠡᠷᠡᠭᠦᠦ ᠶᠢᠨ ᠬᠡᠷᠡᠭ  ᠦᠨ ᠲᠣᠮᠣ ᠬᠢᠴᠢᠶᠡᠯ ᠦᠨ ᠲᠠᠩᠬᠢᠮ︾ ᠡᠬᠢᠯᠡᠵᠦ ᠬᠢᠴᠢᠶᠡᠯᠯᠡᠭᠰᠡᠨ ᠪᠠᠶᠢᠨ᠎ᠠ

2020-04-07 11:52:14
ᠵᠣᠬᠢᠶᠠᠭᠴᠢ
ᠭᠡᠭᠡᠷᠡᠯ

3 ᠰᠠᠷ᠎ᠠ ᠶᠢᠨ 25  ᠤ ᠡᠳᠦᠷ ᠦᠨ ᠦᠳᠡ  ᠶᠢᠨ ᠡᠮᠦᠨ᠎ᠡ ᠂ ︽ᠪᠦᠬᠦ ᠣᠷᠣᠨ ᠤ ᠪᠠᠶᠢᠴᠠᠭᠠᠬᠤ ᠪᠠᠶᠢᠭᠤᠯᠭ᠎ᠠ ᠶᠢᠨ ᠡᠷᠡᠭᠦᠦ ᠶᠢᠨ ᠬᠡᠷᠡᠭ  ᠦᠨ ᠲᠣᠮᠣ ᠬᠢᠴᠢᠶᠡᠯ ᠦᠨ ᠲᠠᠩᠬᠢᠮ︾   ᠡᠬᠢᠯᠡᠵᠦ ᠬᠢᠴᠢᠶᠡᠯᠯᠡᠭᠰᠡᠨ ᠪᠠᠶᠢᠨ᠎ᠠ ᠂ ᠥᠪᠡᠷᠲᠡᠭᠡᠨ ᠵᠠᠰᠠᠬᠤ ᠣᠷᠣᠨ ᠤ ᠪᠠᠶᠢᠴᠠᠭᠠᠬᠤ ᠬᠣᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ ᠂ ᠳᠡᠳ᠋ ᠪᠠᠶᠢᠴᠠᠭᠠᠬᠤ ᠳᠠᠷᠤᠭ᠎ᠠ ᠵᠠᠩ ᠽᠦᠸᠧ ᠾᠧᠦ ︽ᠣᠳᠣᠬᠠᠨ ᠤ ᠡᠷᠡᠭᠦᠦ ᠶᠢᠨ ᠬᠡᠷᠡᠭ ᠪᠠᠶᠢᠴᠠᠭᠠᠬᠤ ᠠᠵᠢᠯ ᠤᠨ ᠲᠣᠭᠲᠠᠴᠠ ᠶᠢᠨ ᠲᠤᠬᠠᠢ ᠬᠡᠲᠦᠨ ᠠᠰᠠᠭᠤᠳᠠᠯ  ᠤᠨ ᠲᠤᠬᠠᠶ ᠪᠣᠳᠣᠯᠬᠢᠯᠠᠯ — —ᠪᠦᠯᠬᠦᠮ ᠤᠨ ᠪᠠᠶᠢᠭᠤᠯᠤᠯᠲᠠ ᠪᠠ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠪᠠᠷ ᠵᠠᠩᠭᠢᠯᠠᠭ᠎ᠠ ᠶᠢᠨ ᠴᠡᠭ ᠪᠣᠯᠭᠠᠵᠤ ᠪᠦᠬᠦ ᠣᠷᠣᠨ ᠶᠢᠨ  ᠦ ᠡᠷᠡᠭᠦᠦ ᠶᠢᠨ ᠬᠡᠷᠡᠭ ᠢ ᠪᠠᠶᠢᠴᠠᠭᠠᠬᠤ ᠠᠵᠢᠯ ᠢ ᠲᠦᠯᠬᠢᠨ ᠠᠬᠢᠭᠤᠯᠬᠤ ︾ ᠪᠠᠷ ᠰᠡᠳᠦᠪ ᠪᠣᠯᠭᠠᠵᠤ ᠂ ᠪᠦᠬᠦ ᠣᠷᠣᠨ ᠤ ᠡᠷᠡᠭᠦᠦ ᠶᠢᠨ ᠬᠡᠷᠡᠭ ᠢ ᠪᠠᠶᠢᠴᠠᠭᠠᠬᠤ ᠬᠥᠮᠦᠰ ᠲᠤ ᠠᠩᠬ᠎ᠠ ᠤᠳᠠᠭᠠᠨ  ᠤ ᠲᠤᠰᠬᠠᠶ ᠰᠡᠳᠦᠪᠲᠦ ᠲᠠᠶᠢᠯᠤᠮᠵᠢ ᠬᠢᠭᠰᠡᠨ ᠪᠠᠶᠢᠨ᠎ᠠ ᠃


1586231393335690.jpg


ᠵᠠᠩ ᠽᠦᠸᠧ ᠾᠧᠦ ᠬᠢᠴᠢᠶᠡᠯᠯᠡᠬᠦ ᠳᠤᠮᠳᠠ ᠪᠡᠨ ᠂ ᠰᠢᠨ᠎ᠡ ᠴᠠᠭ ᠦᠢ᠎ᠡ  ᠶᠢᠨ ᠰᠢᠨ᠎ᠡ ᠱᠠᠭᠠᠷᠳᠠᠯᠭ᠎ᠠ ᠳᠦ ᠰᠠᠭᠤᠷᠢᠯᠠᠨ ᠂ ᠡᠷᠡᠭᠦᠦ ᠶᠢᠨ ᠬᠡᠷᠡᠭ ᠪᠠᠶᠢᠴᠠᠭᠠᠬᠤ ᠠᠵᠢᠯ  ᠢ ᠰᠢᠯᠢᠳᠡᠭᠵᠢᠭᠦᠯᠬᠦ ᠡᠨᠡ ᠬᠦ ᠭᠣᠣᠯ ᠰᠡᠳᠦᠪ  ᠤᠨ ᠲᠣᠭᠣᠷᠢᠨ ᠳᠤ᠂ ᠡᠷᠡᠭᠦᠦ ᠶᠢᠨ ᠬᠡᠷᠡᠭ ᠦᠨ ᠪᠠᠶᠢᠴᠠᠭᠠᠬᠤ ᠠᠵᠢᠯ ᠤᠨ ᠲᠤᠰᠬᠠᠶᠢᠵᠢᠬᠤ ᠂ ᠭᠧᠷᠮᠠᠨ ᠤ ᠪᠠᠶᠢᠴᠠᠭᠠᠬᠤ ᠳᠦᠷᠢᠮ ᠢ  ᠪᠠᠶᠢᠴᠠᠭᠠᠨ ᠰᠢᠨᠵᠢᠯᠡᠭᠰᠡᠨ ᠂ ᠣᠳᠣᠬᠠᠨ ᠤ ᠡᠷᠡᠭᠦᠦ ᠶᠢᠨ ᠬᠡᠷᠡᠭ ᠪᠠᠶᠢᠴᠠᠭᠠᠬᠤ ᠠᠵᠢᠯ ᠤᠨ ᠰᠡᠳᠬᠢᠴᠡ ᠪᠣᠯᠤᠨ ᠲᠣᠭᠲᠠᠴᠠ᠂ ᠡᠷᠡᠭᠦᠦ ᠶᠢᠨ ᠬᠡᠷᠡᠭ ᠪᠠᠶᠢᠴᠠᠭᠠᠬᠤ ᠠᠵᠢᠯ ᠤᠨ ᠱᠠᠭᠠᠷᠳᠠᠯᠭ᠎ᠠ ᠪᠠ ᠠᠷᠭ᠎ᠠ ᠬᠡᠮᠵᠢᠶ᠎ᠡ ᠵᠡᠷᠭᠡ ᠳᠥᠷᠪᠡᠨ ᠲᠠᠯ᠎ᠠ  ᠶᠢ ᠭᠦᠢᠴᠡᠳ ᠲᠣᠳᠣᠷᠬᠠᠶᠢᠯᠠᠨ ᠥᠭᠦᠯᠡᠵᠦ ᠂ ᠪᠠᠰᠠ  ᠬᠣᠯᠪᠣᠭᠳᠠᠯ ᠪᠦᠬᠦᠢ ᠠᠵᠢᠯ ᠳᠤ ᠲᠣᠳᠣᠷᠬᠠᠶ ᠰᠠᠨᠠᠯ ᠪᠣᠯᠤᠨ ᠪᠣᠳᠠᠲᠤ ᠱᠠᠭᠠᠷᠳᠠᠯᠭ᠎ᠠ ᠳᠤᠷᠠᠳᠤᠭᠰᠠᠨ ᠪᠠᠶᠢᠨ᠎ᠠ ᠃ ᠡᠨᠡ ᠤᠳᠠᠭᠠᠨ ᠤ ᠬᠢᠴᠢᠶᠡᠯ ᠨᠢ ᠪᠦᠬᠦ ᠣᠷᠣᠨ ᠤ  ᠡᠷᠡᠭᠦᠦ ᠶᠢᠨ ᠬᠡᠷᠡᠭ ᠦᠨ ᠪᠠᠶᠢᠴᠠᠭᠠᠬᠤ ᠠᠵᠢᠯᠲᠠᠨ ᠤ ᠡᠷᠡᠭᠦᠦ ᠶᠢᠨ ᠬᠡᠷᠡᠭ ᠪᠠᠶᠢᠴᠠᠭᠠᠬᠤ ᠠᠵᠢᠯ ᠤᠨ ᠴᠢᠬᠤᠯᠠ ᠪᠠᠶᠢᠷᠢ ᠰᠠᠭᠤᠷᠢ ᠪᠠ ᠦᠢᠯᠡᠳᠦᠯ ᠢ ᠵᠥᠪ ᠲᠠᠨᠢᠬᠤ ᠂ ᠰᠢᠨ᠎ᠡ ᠴᠠᠭ ᠦᠶ᠎ᠡ ᠶᠢᠨ ᠡᠷᠡᠭᠦᠦ ᠶᠢᠨ ᠬᠡᠷᠡᠭ ᠪᠠᠶᠢᠴᠠᠭᠠᠬᠤ ᠠᠵᠢᠯ ᠤᠨ ᠬᠠᠷᠠᠯᠲᠠ ᠱᠠᠭᠠᠷᠳᠠᠯᠭ᠎ᠠ ᠶᠢ ᠣᠨᠣᠪᠴᠢᠲᠠᠶ ᠡᠵᠡᠮᠰᠢᠬᠦ ᠂ ᠪᠦᠬᠦ ᠣᠷᠣᠨ ᠤ ᠡᠷᠡᠭᠦᠦ ᠶᠢᠨ ᠬᠡᠷᠡᠭ ᠢ ᠪᠠᠶᠢᠴᠠᠭᠠᠬᠤ ᠠᠵᠢᠯ ᠢ ᠤᠨᠤᠴᠢᠲᠠᠢ ᠬᠦᠴᠦᠯᠡᠵᠦ ᠲᠦᠯᠬᠢᠨ ᠠᠬᠢᠭᠤᠯᠬᠤ  ᠳᠤ ᠮᠠᠰᠢ ᠴᠢᠩᠭ᠎ᠠ ᠵᠢᠯᠣᠭᠣᠳᠬᠤ ᠠᠴᠢ ᠬᠣᠯᠪᠣᠭᠳᠠᠯ ᠲᠠᠶ ᠶᠤᠮ ᠃

ᠪᠦᠬᠦ ᠣᠷᠣᠨ ᠤ ᠪᠠᠶᠢᠴᠠᠭᠠᠬᠤ ᠪᠠᠶᠢᠭᠤᠯᠭ᠎ᠠ ᠶᠢᠨ ᠳᠣᠲᠣᠭᠠᠳᠤ  ᠪᠠᠶᠢᠭᠤᠯᠤᠮᠵᠢ ᠶᠢᠨ ᠥᠭᠡᠷᠡᠴᠢᠯᠡᠯᠲᠡ ᠶᠢ ᠪᠡᠶᠡᠯᠡᠭᠦᠯᠦᠭᠰᠡᠨ ᠦ ᠳᠠᠷᠠᠭ᠎ᠠ ᠂ ᠪᠦᠬᠦ ᠣᠷᠣᠨ ᠤ ᠡᠷᠡᠭᠦᠦ ᠶᠢᠨ ᠬᠡᠷᠡᠭ ᠢ ᠪᠠᠶᠢᠴᠠᠭᠠᠬᠤ ᠡᠩᠨᠡᠭᠡ ᠶᠢᠨ ᠲᠤᠬᠠᠶᠢᠯᠠᠭᠰᠠᠨ ᠠᠵᠢᠯ ᠤᠨ ᠴᠢᠳᠠᠪᠤᠷᠢ  ᠶᠢ ᠲᠡᠭᠡᠭᠰᠢᠯᠡᠭᠦᠯᠵᠦ ᠂ ᠴᠢᠳᠠᠪᠤᠷᠢ ᠶᠢᠨ ᠲᠤᠲᠠᠭᠤᠲᠠᠯ  ᠢ ᠨᠦᠬᠦᠪᠦᠷᠢᠯᠡᠨ ᠂ ︽ᠤᠲᠤᠷᠢᠳᠤᠯᠭ᠎ᠠ ᠺᠠᠳ᠋ᠷᠴᠤᠳ ᠬᠢᠴᠢᠶᠡᠯᠯᠡᠭᠡ  ᠶᠢᠨ ᠲᠠᠶᠢᠰᠤᠨ  ᠳᠤ ᠭᠠᠷᠬᠤ ︾  ᠶᠢ ᠲᠦᠯᠬᠢᠨ ᠠᠬᠢᠭᠤᠯᠵᠤ ᠂ ︽ᠪᠠᠶᠢᠴᠠᠭᠠᠬᠤ ᠲᠤᠰᠢᠶᠠᠯᠲᠠᠨ ᠨᠢ  ᠪᠠᠶᠢᠴᠠᠭᠠᠬᠤ ᠲᠤᠰᠢᠶᠠᠯᠲᠠᠨ   ᠢᠶᠠᠨ ᠵᠢᠭᠠᠬᠤ ︾ ᠳᠦᠷᠢᠮ ᠢ ᠨᠠᠶᠢᠳᠠᠪᠤᠷᠢᠵᠢᠭᠤᠯᠵᠤ ᠂ ᠡᠨᠡ ᠵᠢᠯ ᠥᠪᠡᠷᠲᠡᠭᠡᠨ ᠵᠠᠰᠠᠬᠤ ᠣᠷᠣᠨ ᠤ ᠪᠠᠶᠢᠴᠠᠭᠠᠬᠤ ᠬᠤᠷᠢᠶ᠎ᠠ ᠡᠷᠡᠭᠦᠦ ᠶᠢᠨ ᠬᠡᠷᠡᠭ ᠦᠨ ᠲᠣᠮᠣ ᠬᠢᠴᠢᠶᠡᠯ ᠦᠨ ᠲᠠᠩᠬᠢᠮ ᠡᠭᠦᠳᠦᠨ ᠪᠠᠶᠢᠭᠤᠯᠵᠤ᠂ ᠰᠠᠷ᠎ᠠ ᠪᠦᠷᠢ ᠨᠢᠭᠡ ᠤᠳᠠᠭᠠᠨ  ᠤ ᠪᠠᠶᠢᠩᠭᠤᠵᠢᠭᠤᠯᠤᠭᠰᠠᠨ ᠲᠤᠰᠬᠠᠶ ᠰᠡᠳᠦᠪᠲᠦ ᠲᠠᠶᠢᠯᠤᠮᠵᠢ ᠶᠢ ᠵᠤᠬᠢᠶᠠᠨ ᠪᠠᠶᠢᠭᠤᠯᠤᠨ ᠥᠷᠨᠢᠭᠦᠯᠵᠦ ᠂ ᠪᠥᠬᠥ ᠣᠷᠣᠨ  ᠤ ᠡᠷᠡᠭᠦᠦ ᠶᠢᠨ ᠬᠡᠷᠡᠭ ᠦᠨ ᠪᠠᠶᠢᠴᠠᠭᠠᠬᠤ ᠠᠵᠢᠯᠲᠠᠨ  ᠤ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠴᠢᠳᠠᠪᠤᠷᠢ ᠪᠠ ᠲᠤᠰᠬᠠᠶ ᠮᠡᠷᠭᠡᠵᠢᠯ ᠦᠨ ᠬᠡᠪ ᠴᠢᠨᠠᠷ ᠢ ᠲᠡᠭᠡᠭᠰᠢᠯᠡᠭᠦᠯᠬᠦ  ᠳᠦ ᠲᠤᠰᠠᠯᠠᠨ᠎ᠠ ᠃ ᠲᠣᠬᠢᠷᠠᠭᠤᠯᠤᠯᠲᠠ  ᠶᠢ ᠦᠨᠳᠦᠰᠦᠯᠡᠪᠡᠯ ᠂ ᠥᠪᠡᠷᠲᠡᠭᠡᠨ ᠵᠠᠰᠠᠬᠤ ᠣᠷᠣᠨ ᠤ ᠪᠠᠶᠢᠴᠠᠭᠠᠬᠤ ᠬᠣᠷᠢᠶᠠᠨ ᠤ ᠨᠢᠭᠡᠳᠦᠭᠡᠷ ᠂ ᠬᠣᠶᠠᠳᠤᠭᠠᠷ ᠂ ᠭᠤᠷᠪᠠᠳᠤᠭᠠᠷ ᠂ ᠳᠥᠷᠪᠡᠳᠦᠭᠡᠷ ᠪᠠᠶᠢᠴᠠᠭᠠᠬᠤ ᠬᠡᠯᠲᠡᠰ  ᠦᠨ ᠪᠠᠶᠢᠴᠠᠭᠠᠬᠤ ᠲᠤᠰᠢᠶᠠᠯᠲᠠᠨ᠂ ᠠᠶᠢᠮᠠᠭ ᠬᠤᠳᠠ ᠂ ᠦᠨᠳᠦᠰᠦᠨ ᠱᠠᠲᠤᠨ ᠤ ᠰᠢᠭᠦᠬᠦ ᠬᠣᠷᠢᠶᠠᠨ ᠤ ᠡᠷᠡᠭᠦᠦ ᠶᠢᠨ ᠬᠡᠷᠡᠭ ᠦᠨ ᠰᠠᠯᠠᠭ᠎ᠠ ᠮᠥᠴᠢᠷ ᠦᠨ ᠨᠡᠷ᠎ᠡ ᠬᠦᠨᠳᠦᠲᠡᠶ ᠪᠠᠶᠢᠴᠠᠭᠠᠬᠤ ᠲᠤᠰᠢᠶᠠᠯᠲᠠᠨ ᠵᠢᠴᠢ ᠰᠢᠯᠢᠳᠡᠭ ᠪᠠᠶᠢᠴᠠᠭᠠᠬᠤ ᠲᠤᠰᠢᠶᠠᠯᠲᠠᠨ ᠤ ᠲᠤᠰᠠᠯᠠᠭᠴᠢ ᠪᠠ ᠪᠢᠴᠢᠭᠡᠴᠢ ᠵᠠᠯᠭᠠᠪᠡᠷ ᠪᠦᠬᠦ ᠣᠷᠣᠨ ᠤ ᠡᠷᠡᠭᠦᠦ ᠶᠢᠨ ᠬᠡᠷᠡᠭ ᠦᠨ ᠪᠠᠶᠢᠴᠠᠭᠠᠬᠤ ᠠᠵᠢᠯᠲᠠᠨ ᠳᠤ ᠲᠤᠬᠠᠶᠢᠯᠠᠭᠰᠠᠨ ᠠᠵᠢᠯ ᠤᠨ ᠬᠢᠴᠢᠶᠡᠯᠯᠡᠭᠡ ᠬᠢᠨ᠎ᠡ ᠃

ᠥᠪᠡᠷᠲᠡᠭᠡᠨ ᠵᠠᠰᠠᠬᠤ ᠣᠷᠣᠨ ᠤ ᠪᠠᠶᠢᠴᠠᠭᠠᠬᠤ ᠬᠣᠷᠢᠶᠠᠨ ᠤ ᠡᠷᠡᠭᠦᠦ ᠶᠢᠨ ᠬᠡᠷᠡᠭ ᠪᠠᠶᠢᠴᠠᠭᠠᠬᠤ ᠰᠠᠯᠠᠭ᠎ᠠ ᠮᠥᠴᠢᠷ ᠪᠠ ᠨᠠᠶᠮᠠᠳᠤᠭᠠᠷ ᠪᠠᠶᠢᠴᠠᠭᠠᠬᠤ ᠬᠡᠯᠲᠡᠰ  ᠦᠨ  ᠪᠦᠬᠦ ᠠᠵᠢᠯᠲᠠᠨ ᠬᠣᠷᠢᠶᠠᠨ ᠤ ᠪᠠᠶᠢᠭᠤᠯᠭ᠎ᠠ  ᠶᠢᠨ ᠬᠢᠴᠢᠶᠡᠯ  ᠳᠦ  ᠤᠷᠤᠯᠴᠠᠵᠤ ᠂ ᠡᠯ᠎ᠡ ᠠᠶᠢᠮᠠᠭ ᠬᠣᠲᠠ ᠭᠠᠵᠠᠷ ᠣᠷᠣᠨ ᠤ ᠪᠠᠶᠢᠴᠠᠭᠠᠬᠤ ( ᠬᠤᠪᠢᠶᠠᠷᠢ ) ᠬᠣᠷᠢᠶ᠎ᠠ ᠂ ᠡᠯ᠎ᠡ ᠬᠣᠰᠢᠭᠤ ᠰᠢᠶᠠᠨ ( ᠬᠤᠳᠠ ᠂ ᠲᠣᠭᠣᠷᠢᠭ )  ᠤ ᠪᠠᠶᠢᠴᠠᠭᠠᠬᠤ ᠬᠣᠷᠢᠶᠠᠨ ᠤ ᠡᠷᠡᠭᠦᠦ ᠶᠢᠨ ᠬᠡᠷᠡᠭ ᠦᠨ ᠪᠠᠶᠢᠴᠠᠭᠠᠬᠤ ᠠᠵᠢᠯᠲᠠᠳ ᠲᠧᠯᠸᠢᠰ ᠤᠲᠠᠰᠤ ᠸᠢᠳᠢᠤ᠋  ᠶᠢᠨ ᠰᠢᠰᠲ᠋ᠧᠮ ᠢᠶᠡᠷ ᠳᠠᠮᠵᠢᠭᠤᠯᠤᠨ ᠴᠠᠭ ᠲᠤᠬᠠᠶ ᠳᠤᠨᠢ ᠬᠦᠯᠢᠶᠡᠨ ᠠᠪᠴᠤ ᠦᠵᠡᠭᠰᠡᠨ ᠪᠠᠶᠢᠨ᠎ᠠ ᠃


ᠢᠷᠡᠯᠲᠡ
ᠥᠪᠡᠷᠲᠡᠭᠡᠨ ᠵᠠᠰᠠᠬᠤ ᠣᠷᠤᠨ ᠤ ᠪᠠᠢᠴᠠᠭᠠᠬᠤ ᠬᠣᠷᠢᠶ᠎ᠠ ᠶᠢᠨ ᠣᠷᠴᠢᠭᠤᠯᠭ᠎ᠠ ᠶᠢᠨ ᠭᠠᠵᠠᠷ
2014-2022 © ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠴᠠᠭᠠᠬᠤ ᠬᠣᠷᠢᠶ᠎ᠠ ᠥᠮᠴᠢᠯᠡᠯ ᠦᠨ ᠡᠷᠬᠡ ᠲᠠᠢ ᠵᠣᠬᠢᠶᠠᠯ ᠪᠦᠲᠦᠭᠡᠯ ᠦᠨ ᠡᠷᠬᠡ ᠶ᠋ᠢ ᠬᠠᠤᠯᠢ ᠪᠠᠷ ᠬᠠᠮᠠᠭᠠᠯᠠᠭᠰᠠᠨ ᠂ ᠵᠥᠪᠰᠢᠶᠡᠷᠡᠯ ᠦᠭᠡᠢ ᠪᠡᠷ ᠬᠠᠭᠤᠯᠪᠤᠷᠢᠯᠠᠬᠤ ᠶ᠋ᠢ ᠡᠷᠡᠰ ᠬᠣᠷᠢᠭᠯᠠᠨ᠎ᠠ ᠬᠠᠷᠢᠯᠴᠠᠬᠤ ᠤᠲᠠᠰᠤ ᠄ 0471-4628760 ᠢᠮᠧᠯ ᠄ eerhe@nm.pro