ᠥᠨᠥᠳᠦᠷ ᠂ ᠨᠠᠮᠠᠨᠴᠢᠯᠠᠨ ᠭᠠᠰᠢᠭᠤᠳᠠᠪᠠ
4 ᠰᠠᠷ᠎ᠠ ᠶᠢᠨ 4 ᠦ ᠬᠠᠩᠰᠢ ᠶᠢᠨ ᠡᠳᠦᠷ ᠂ ᠥᠪᠡᠷᠲᠡᠭᠡᠨ ᠵᠠᠰᠠᠬᠤ ᠣᠷᠣᠨ ᠤ ᠪᠠᠶᠢᠴᠠᠭᠠᠬᠤ ᠬᠤᠷᠢᠶ᠎ᠠ ᠨᠠᠮᠠᠨᠴᠢᠯᠠᠨ ᠭᠠᠰᠢᠭᠤᠳᠠᠬᠤ ᠠᠵᠢᠯᠯᠠᠭ᠎ᠠ ᠦᠷᠨᠢᠭᠦᠯᠵᠦ ᠂ ᠰᠢᠨ᠎ᠡ ᠲᠢᠲᠢᠮᠯᠢᠭ ᠠᠭᠤᠰᠬᠢᠨ ᠦᠷᠪᠢᠰᠦᠯ ᠦᠨ ᠬᠢᠵᠢᠭ ᠦᠨ ᠪᠠᠶᠢᠳᠠᠯ ᠢ ᠡᠰᠡᠷᠭᠦᠴᠡᠬᠦ ᠲᠡᠮᠡᠴᠡᠯ ᠦᠨ ᠳᠤᠮᠳᠠ ᠪᠡᠶ᠎ᠡ ᠦᠷᠡᠭᠳᠡᠭᠰᠡᠨ ᠪᠠᠭᠠᠲᠤᠷᠴᠤᠳ ᠪᠠ ᠨᠠᠰᠤ ᠪᠠᠷᠠᠭᠰᠠᠨ ᠠᠬᠠᠨ ᠲᠡᠭᠦᠦᠰ ᠢᠶᠠᠨ ᠨᠠᠮᠠᠨᠴᠢᠯᠠᠨ ᠭᠠᠰᠢᠭᠤᠳᠠᠪᠠ᠃
9 ᠴᠠᠭ 55 ᠮᠢᠨᠦ᠋ᠲ ᠲᠦ ᠂ ᠭᠠᠰᠢᠭᠤᠳᠠᠬᠤ ᠠᠵᠢᠯᠯᠠᠭ᠎ᠠ ᠳᠤ ᠣᠷᠣᠯᠴᠠᠭᠰᠠᠨ 50 ᠭᠠᠷᠤᠶ ᠨᠡᠷᠡᠰ ᠪᠠᠶᠢᠴᠠᠭᠠᠬᠤ ᠺᠠᠳ᠋ᠷ ᠴᠠᠭᠳᠠᠭ᠎ᠠ ᠪᠠ ᠠᠵᠢᠯᠳ᠋ᠠᠨ ᠪᠠᠶᠢᠭᠤᠯᠭ᠎ᠠ ᠶᠢᠨ ᠠᠯᠪᠠᠨ ᠠᠰᠠᠷ ᠤᠨ ᠡᠮᠦᠨ᠎ᠡ ᠲᠡᠷᠢ ᠲᠡᠭᠰᠢ ᠵᠢᠭᠰᠠᠪᠠ ᠃
ᠤᠯᠤᠰ ᠤᠨ ᠲᠤᠭ ᠤᠨ ᠬᠠᠮᠠᠭᠠᠯᠠᠯᠲᠠ ᠶᠢᠨ ᠠᠩᠭᠢ ᠵᠢᠭᠰᠠᠭᠠᠯ ᠢᠶᠠᠨ ᠲᠡᠭᠰᠢᠯᠡᠵᠦ ᠳᠠᠭᠤᠰᠤᠭᠰᠠᠨ ᠤ ᠳᠠᠷᠠᠭ᠎ᠠ ᠂ ︽ᠡᠬᠢᠯᠡ ︾ ᠭᠡᠬᠦ ᠵᠠᠷᠯᠢᠭ ᠢ ᠤᠯᠤᠮᠠᠭᠴᠠ ᠂ ᠲᠦᠪ ᠴᠢᠩᠭ᠎ᠠ ᠠᠯᠬᠤᠭ᠎ᠠ ᠂ ᠲᠥᠪᠯᠡᠭᠦᠨ ᠳᠦᠷᠢ ᠪᠠᠶᠢᠳᠠᠯ ᠢᠶᠠᠷ ᠤᠯᠠᠭᠠᠨ ᠲᠤᠭ ᠢ ᠬᠠᠮᠠᠭᠠᠯᠠᠨ ᠲᠤᠭ ᠤᠨ ᠲᠠᠶᠢᠰᠠᠨ ᠤ ᠡᠮᠦᠨ᠎ᠡ ᠬᠦᠷᠭᠡᠭᠰᠡᠨ ᠪᠠᠶᠢᠨ᠎ᠠ ᠃
ᠲᠠᠪᠤᠨ ᠣᠳᠣᠲᠤ ᠤᠯᠠᠭᠠᠨ ᠲᠤᠭ ᠢᠳᠡᠷᠡᠭᠦᠨ ᠰᠦᠷᠯᠢᠭ ︽ᠵᠢᠷᠤᠮ ᠤᠨ ᠴᠡᠷᠢᠭ ᠦᠨ ᠤᠷᠤᠭᠰᠢᠯᠠᠯᠲᠠ ᠶᠢᠨ ᠳᠠᠭᠤᠤ︾ ᠵᠢᠨ ᠳᠤᠮᠳᠠ ᠠᠯᠭᠤᠷᠬᠠᠨ ᠠᠭᠠᠵᠢᠮ ᠢᠶᠠᠷ ᠨᠠᠮᠢᠷᠠᠨ ᠮᠠᠨᠳᠤᠬᠤ ᠳᠦ ᠂ ᠪᠦᠬᠦ ᠬᠥᠮᠦᠰ ᠤᠯᠤᠰ ᠤᠨ ᠰᠦᠯᠳᠡ ᠳᠠᠭᠤᠤ ᠶᠢ ᠳᠠᠭᠤᠯᠠᠵᠤ ᠂ ᠤᠯᠤᠰ ᠤᠨ ᠲᠤᠭ ᠵᠦᠭ ᠰᠢᠷᠲᠡᠨ ᠬᠠᠷᠠᠬᠤ ᠶᠤᠰᠤᠯᠠᠯ ᠬᠢᠪᠡ ᠃
ᠤᠯᠤᠰ ᠤᠨ ᠲᠤᠬ ᠢ ᠬᠠᠭᠠᠰ ᠪᠠᠭᠤᠯᠭᠠᠵᠤ ᠂ ᠮᠠᠰᠢᠨ ᠲᠡᠷᠭᠡ ᠶᠢᠨ ᠪᠦᠷᠢᠶ᠎ᠡ᠂ ᠠᠭᠠᠷ ᠤᠨ ᠰᠡᠷᠭᠡᠶᠢᠯᠡᠯᠲᠡ ᠶᠢᠨ ᠰᠡᠷᠡᠮᠵᠢ ᠶᠢᠨ ᠳᠣᠬᠢᠶ᠎ᠠ ᠲᠤᠮᠲᠠ 3 ᠮᠢᠨᠦ᠋ᠲ ᠨᠠᠮᠠᠨᠴᠢᠯᠠᠨ ᠭᠠᠰᠢᠭᠤᠳᠠᠪᠠ ᠃
ᠨᠠᠰᠤ ᠪᠠᠷᠠᠭᠰᠠᠳ ᠠᠮᠤᠷᠵᠢᠵᠤ ᠂ ᠠᠮᠢᠲᠤ ᠪᠠᠶᠢᠭ᠎ᠠ ᠬᠦᠮᠦᠰ ᠪᠠᠲᠤ ᠴᠢᠩᠭᠠᠷᠠᠵᠤ ᠂ ᠥᠪᠥᠷ ᠮᠣᠩᠭᠣᠯ ᠤᠨ ᠪᠠᠶᠢᠴᠠᠭᠠᠬᠤ ᠬᠦᠮᠦᠰ ᠤᠯᠠᠮ ᠤᠬᠠᠮᠰᠠᠷ ᠲᠠᠢ ᠰᠠᠨᠠᠭᠠᠴᠢᠯᠠᠭ᠎ᠠ ᠲᠠᠶ ᠂ ᠠᠵᠢᠯ ᠦᠢᠯᠡᠰ ᠳ᠋ᠦ ᠪᠡᠨ ᠨᠡᠩ ᠬᠠᠷᠢᠭᠤᠴᠠᠯᠠᠭ᠎ᠠ ᠲᠠᠢ ᠪᠠᠶᠢᠵᠦ᠂ ᠴᠢᠨᠡᠭᠡᠯᠢᠭ ᠨᠡᠶᠢᠭᠡᠮ ᠢ ᠪᠥᠬᠥ ᠲᠠᠯ᠎ᠠ ᠪᠠᠷ ᠪᠡᠶᠡᠯᠡᠭᠦᠯᠬᠦ ᠪᠠ ︽ᠠᠷᠪᠠᠨ ᠭᠤᠷᠪᠠᠲᠤᠭᠠᠷ ᠲᠠᠪᠤᠨ ᠵᠢᠯ ︾ ᠦᠨ ᠲᠥᠯᠥᠪᠵᠢᠭᠦᠯᠭᠡ ᠶᠢᠨ ᠬᠠᠷᠠᠯᠲᠠ ᠶᠢᠨ ᠪᠡᠶᠡᠯᠡᠭᠦᠯᠬᠦ ᠳᠦ ᠬᠠᠤᠯᠢ ᠪᠠᠷ ᠵᠠᠰᠠᠬᠤ ᠬᠦᠴᠦᠲᠡᠶ ᠪᠠᠲᠤᠯᠠᠭ᠎ᠠ ᠬᠠᠩᠭᠠᠵᠤ ᠂ ᠠᠵᠢᠯ ᠤᠨ ᠪᠣᠳᠠᠲᠠᠶ ᠦᠷ᠎ᠡ ᠪᠦᠲᠦᠮᠵᠢ ᠪᠡᠷ ᠢᠶᠡᠨ ᠨᠠᠰᠤ ᠪᠠᠷᠠᠭᠰᠠᠨ ᠠᠬᠠᠨ ᠲᠡᠭᠦᠦᠰ ᠢᠶᠠᠨ ᠳᠤᠷᠠᠰᠤᠨ ᠰᠠᠨᠠᠭᠠᠯᠵᠠᠨ᠎ᠠ ᠃