4 29
ᠶᠢ ...... 6.28 ᠤ ᠶᠢ ᠵᠤᠬᠢᠶᠠᠨ ᠪᠠᠶᠢᠭᠤᠯᠵᠤ ᠤᠲᠤᠷᠢᠳᠴᠤ ᠣᠷᠣᠯᠴᠠᠭᠰᠠᠨ ᠬᠡᠷᠡᠭ ᠲᠦ ᠵᠢᠯᠤᠭᠤᠳᠤᠯᠭ᠎ᠠ ᠬᠢᠪᠡ ᠃
ᠬᠡᠷᠡᠭ ᠰᠢᠢᠳᠪᠦᠷᠢᠯᠡᠬᠦ ᠡᠬᠢᠨ ᠦ ᠬᠤᠭᠤᠴᠠᠭᠠᠨ ᠳᠤ ᠂ ᠬᠡᠷᠡᠭ ᠰᠢᠢᠳᠪᠦᠷᠢᠯᠡᠬᠦ ᠲᠤᠭᠤᠶᠢᠯᠠᠩ ᠤᠨ ᠭᠡᠰᠢᠭᠦᠨ ᠲᠠᠢ ᠤᠯᠠᠨ ᠤᠳᠠᠭ᠎ᠠ ᠰᠠᠨᠠᠯ ᠢᠶᠠᠨ ᠭᠦᠨᠵᠡᠭᠡᠢ ᠰᠤᠯᠢᠯᠴᠠᠵᠤ ᠂ ᠰᠦᠯᠵᠢᠶᠡᠨ ᠲᠡᠭᠡᠷ᠎ᠡ ᠬᠡᠷᠡᠭ ᠦᠨ ᠡᠪᠬᠡᠮᠡᠯ ᠢ ᠰᠢᠯᠵᠢᠭᠦᠯᠦᠨ ᠦᠵᠡᠵᠦ ᠂ ᠬᠡᠷᠡᠭ ᠦᠨ ᠪᠤᠲᠤᠯᠢᠶᠠᠨᠲᠤ ᠬᠡᠮᠵᠢᠶ᠎ᠡ ᠶᠢ ᠪᠤᠲᠤᠯᠬᠢᠯᠠᠵᠤ ᠂ ᠰᠦᠯᠵᠢᠶᠡᠨ ᠤ ᠬᠤᠷᠠᠯ ᠤᠨ ᠰᠢᠰᠲ᠋ᠧᠮ ᠢ ᠪᠦᠲᠦᠮᠵᠢᠲᠡᠢ ᠠᠰᠢᠭᠯᠠᠵᠤ ᠂ ᠦᠬᠠᠢ ᠬᠤᠳᠠ ᠶᠢᠨ ᠪᠠᠶᠢᠴᠠᠭᠠᠬᠤ ᠬᠤᠷᠢᠶᠠᠨ ᠤ ᠬᠡᠷᠡᠭ ᠰᠢᠢᠳᠪᠦᠷᠢᠯᠡᠬᠦ ᠲᠤᠭᠤᠶᠢᠯᠠᠩ ᠤᠨ ᠲᠤᠰ ᠬᠡᠷᠡᠭ ᠢ ᠰᠢᠢᠳᠪᠦᠷᠢᠯᠡᠭᠰᠡᠨ ᠪᠠᠶᠢᠲᠠᠯ ᠤᠨ ᠲᠤᠬᠠᠢ ᠬᠠᠷᠢᠭᠤ ᠮᠡᠲᠡᠭᠦᠯᠦᠯᠲᠡ ᠶᠢ ᠰᠤᠨᠤᠰᠴᠤ ᠂ ᠬᠡᠷᠡᠭ ᠢ ᠮᠠᠭᠠᠳᠯᠠᠨ ᠲᠤᠭᠲᠠᠭᠠᠬᠤ ᠂᠌᠌ ᠬᠠᠨᠢ ᠬᠠᠮᠰᠠᠭᠠᠲᠠᠨ ᠬᠠᠮᠠᠭᠠᠯᠠᠭᠴᠢ ᠶᠢ ᠨᠢ ᠬᠠᠮᠲᠤ ᠨᠢ ᠴᠤᠬᠢᠬᠤ ᠂ ᠵᠤᠭᠤᠰ ᠮᠦᠩᠭᠦᠨ ᠦ ᠢᠷᠡᠯᠲᠡ ᠶᠢ ᠨᠢ ᠲᠠᠰᠤᠯᠬᠤ ᠂ ᠶᠠᠯ᠎ᠠ ᠪᠠᠨ ᠮᠡᠲᠡᠷᠡᠵᠦ ᠰᠢᠢᠳᠭᠡᠯ ᠢᠶᠡᠨ ᠬᠦᠯᠢᠶᠡᠬᠦ ᠶᠢ ᠲᠤᠬᠢᠷᠠᠭᠤᠯᠤᠨ ᠬᠡᠷᠡᠭᠯᠡᠬᠦ ᠵᠡᠷᠭᠡ ᠪᠠᠶᠢᠳᠠᠯ ᠢ ᠨᠠᠷᠢᠨ ᠤᠶᠢᠯᠠᠭᠠᠵᠤ ᠂ ᠪᠤᠲᠠᠲᠠᠢ ᠬᠦᠴᠢᠷᠲᠡᠯ ᠢ ᠨᠢ ᠬᠠᠪᠰᠤᠷᠤᠨ ᠵᠤᠬᠢᠴᠠᠭᠤᠯᠤᠨ ᠰᠢᠢᠳᠪᠦᠷᠢᠯᠡᠵᠦ ᠂ ᠬᠡᠷᠡᠭ ᠦᠨ ᠮᠠᠲᠠᠭ ᠲᠠᠢ ᠬᠦᠴᠢᠷᠲᠡᠯᠲᠡᠢ ᠭᠠᠵᠠᠷ ᠲᠤ ᠴᠢᠭᠯᠡᠭᠦᠯᠦᠨ ᠲᠤᠬᠠᠢ ᠶᠢᠨ ᠴᠠᠭ ᠳ᠋ᠤᠨᠢ ᠰᠡᠵᠢᠭ ᠮᠠᠲᠠᠭ ᠢ ᠨᠢ ᠲᠠᠶᠢᠯᠪᠠ ᠃
ᠯᠢ ᠴᠢ ᠯᠢᠨ ᠦ ᠵᠢᠯᠤᠭᠤᠳᠤᠯᠭ᠎ᠠ ᠲᠤᠤᠷ᠎ᠠ ᠂ ᠦᠬᠠᠢ ᠬᠤᠳᠠ ᠶᠢᠨ ᠪᠠᠶᠢᠴᠠᠭᠠᠬᠤ ᠬᠤᠷᠢᠶ᠎ᠠ ᠶᠢᠨ ᠬᠡᠷᠡᠭ ᠰᠢᠢᠳᠪᠦᠷᠢᠯᠡᠬᠦ ᠲᠤᠭᠤᠶᠢᠯᠠᠩ 6.28 ᠤ ᠬᠡᠷᠡᠭ ᠲᠦ ᠤᠷᠢᠳᠴᠢᠯᠠᠨ ᠤᠷᠤᠯᠴᠠᠵᠤ ᠲᠤᠷᠰᠢᠨ ᠪᠠᠶᠢᠴᠠᠭᠠᠬᠤ ᠶᠢ ᠵᠢᠯᠤᠭᠤᠳᠴᠤ ᠂ ᠪᠠᠷᠢᠪᠴᠢᠯᠠᠬᠤ ᠶᠢ ᠬᠢᠨᠠᠨ ᠪᠠᠶᠢᠴᠠᠭᠠᠬᠤ ︽ᠰᠠᠭᠠᠳ ᠦᠭᠡᠢ ᠨᠡᠪᠲᠡᠷᠡᠬᠦ ᠵᠠᠮ ︾ ᠢ ᠪᠠᠶᠢᠭᠤᠯᠵᠤ ᠂ ᠬᠡᠷᠡᠭ ᠰᠢᠢᠳᠪᠦᠷᠢᠯᠡᠬᠦ ᠬᠦᠴᠦᠨ ᠪᠠ ᠵᠢᠯᠤᠭᠤᠳᠬᠤ ᠬᠦᠴᠦᠨ ᠢ ᠴᠠᠭ ᠲᠤᠬᠠᠢ ᠳ᠋ᠤᠨᠢ ᠨᠦᠬᠦᠪᠦᠷᠢᠯᠡᠵᠦ ᠂ ᠵᠠᠭᠠᠯᠲᠤᠬᠤ ᠶᠢ ᠬᠢᠨᠠᠨ ᠪᠠᠶᠢᠴᠠᠭᠠᠬᠤ ᠠᠵᠢᠯ ᠤᠷᠤᠭᠰᠢᠲᠠᠢ ᠶᠠᠪᠤᠭᠲᠠᠪᠠ ᠃
︽ ᠨᠢᠭᠡᠨ ᠠᠵᠢᠯᠯᠠᠭ᠎ᠠ ᠨᠢ ᠶᠡᠯ᠎ᠠ ᠪᠤᠯᠵᠤ ᠪᠦᠷᠢᠯᠲᠦᠬᠦ ᠡᠰᠡᠬᠦ ᠶᠢ ᠬᠠᠤᠯᠢ ᠴᠠᠭᠠᠵᠠ ᠂ ᠬᠠᠤᠯᠢ ᠴᠠᠭᠠᠵᠠ ᠶᠢᠨ ᠲᠠᠶᠢᠯᠪᠤᠷᠢ ᠪᠠᠷ ᠲᠠᠮᠵᠢᠨ ᠮᠠᠭᠠᠳᠯᠠᠨ ᠂ ᠦᠨᠡᠨ ᠪᠤᠲᠠᠲᠠᠢ ᠦᠨᠲᠦᠰᠦ ᠪᠠᠷᠢᠮᠲᠠ ᠪᠠᠶᠢᠬᠤ ᠬᠡᠷᠡᠭᠲᠡᠢ ᠂ ᠬᠡᠷᠪᠡ ᠭᠡᠷᠡᠴᠢ ᠪᠠᠷᠢᠮᠲᠠ ᠦᠨᠡᠨ ᠪᠤᠲᠠᠲᠠᠢ ᠪᠤᠯ ᠲᠤᠭᠤᠰᠢᠲᠠᠢ ᠪᠠᠷᠢᠮᠲᠠᠯᠠᠵᠤ ᠂ ᠬᠡᠷᠪᠡ ᠭᠡᠷᠡᠴᠢ ᠪᠠᠷᠢᠮᠲᠠ ᠭᠦᠢᠴᠡᠳ ᠪᠤᠰᠤ ᠪᠤᠯ ᠂ ᠮᠠᠭᠠᠳᠯᠠᠨ ᠲᠤᠭᠲᠠᠭᠠᠵᠤ ᠪᠤᠯᠬᠤ ᠦᠭᠡᠢ .....︾ ᠲᠤᠲᠤᠷᠠᠬᠢ ᠨᠢᠭᠡ ᠳᠦ ᠂ ᠯᠢ ᠴᠢ ᠯᠢᠨ ᠬᠡᠷᠡᠭ ᠰᠢᠢᠳᠪᠦᠷᠢᠯᠡᠬᠦ ᠲᠤᠭᠤᠶᠢᠯᠠᠩ ᠳᠦ ᠵᠢᠯᠤᠭᠤᠳᠬᠤ ᠰᠠᠨᠠᠭᠤᠯᠭ᠎ᠠ ᠭᠠᠷᠭᠠᠪᠠ ᠃
ᠡᠨᠡ ᠤᠳᠠᠭᠠᠨ ᠤ ᠰᠦᠯᠵᠢᠶᠡᠨ ᠦ ᠵᠢᠯᠤᠭᠤᠲᠤᠯᠭ᠎ᠠ ᠲᠤᠮᠲᠠ ᠂ ᠯᠢ ᠴᠢ ᠯᠢᠨ ᠬᠡᠷᠡᠭ ᠰᠢᠢᠳᠪᠦᠷᠢᠯᠡᠬᠦ ᠲᠤᠭᠤᠶᠢᠯᠠᠩ ᠢ ᠬᠡᠷᠡᠭ ᠦᠨ ᠪᠤᠲᠠᠲᠤ ᠤᠴᠢᠷ ᠪᠠ ᠭᠡᠷᠡᠴᠢ ᠪᠠᠷᠢᠮᠲᠠ ᠶᠢ ᠲᠠᠬᠢᠨᠲᠠ ᠡᠮᠬᠢᠳᠬᠡᠬᠦ ᠶᠢ ᠱᠠᠭᠠᠷᠲᠠᠵᠤ ᠂ ᠭᠡᠷᠡᠴᠢ ᠪᠠᠷᠢᠮᠲᠠ᠂ ᠪᠤᠲᠠᠲᠤ ᠤᠴᠢᠷ ᠪᠠ ᠬᠠᠤᠯᠢ ᠴᠠᠭᠠᠵᠠ ᠶᠢᠨ ᠬᠠᠷᠢᠯᠴᠠᠨ ᠵᠤᠬᠢᠴᠠᠯᠲᠤᠬᠤ ᠶᠢ ᠪᠠᠲᠤᠯᠠᠬᠤ ᠬᠡᠷᠡᠭᠲᠡᠢ ︔ ᠶᠠᠯᠠᠲᠦ ᠠᠵᠢᠯᠯᠠᠭ᠎ᠠ ᠶᠢᠨ ᠪᠤᠷᠢᠯᠲᠤᠯ ᠪᠠ ᠠᠵᠢᠯᠯᠠᠭᠠᠨ ᠤ ᠤᠨᠴᠠᠯᠢᠭ ᠤᠨ ᠲᠠᠨᠢᠯᠲᠠ ᠪᠠᠨ ᠭᠦᠨᠵᠡᠭᠡᠶᠢᠷᠡᠭᠦᠯᠦᠨ ᠂ ᠬᠠᠤᠯᠢ ᠴᠠᠭᠠᠵᠠ ᠪᠠ ᠬᠠᠤᠯᠢ ᠴᠠᠭᠠᠵᠠ ᠶᠢᠨ ᠲᠠᠶᠢᠯᠪᠤᠷᠢ ᠶᠢᠨ ᠬᠤᠯᠪᠤᠭᠲᠠᠯ ᠪᠦᠬᠦᠢ ᠲᠤᠭᠲᠠᠭᠠᠯ ᠢ ᠨᠠᠷᠢᠨ ᠬᠢᠨᠠᠮᠠᠭᠠᠢ ᠰᠤᠲᠤᠯᠵᠤ ᠂ ᠬᠠᠤᠯᠢ ᠲᠤᠭᠲᠠᠭᠠᠬᠤ ᠶᠢᠨ ᠤᠭ ᠰᠠᠨᠠᠭ᠎ᠠ ᠪᠠ ᠵᠠᠯᠬᠠᠭᠠᠨ ᠰᠢᠢᠳᠭᠡᠬᠦ ᠶᠢᠨ ᠠᠩᠬᠠᠨ ᠤ ᠬᠦᠰᠡᠯ ᠢ ᠤᠶᠢᠯᠠᠭᠠᠨ ᠂ ᠬᠠᠤᠯᠢ ᠴᠠᠭᠠᠵᠠ ᠲᠤᠬᠢᠷᠠᠭᠤᠯᠤᠨ ᠬᠡᠷᠡᠭᠯᠡᠬᠦ ᠬᠡᠷᠡᠭᠲᠡᠢ ᠃ ᠡᠭᠦᠨ ᠦ ᠬᠠᠮᠲᠤ ᠂ ᠯᠢ ᠴᠢ ᠯᠢᠨ ᠦᠪᠡᠷᠲᠡᠭᠡᠨ ᠵᠠᠰᠠᠬᠤ ᠤᠷᠤᠨ ᠤ ᠪᠠᠶᠢᠴᠠᠭᠠᠬᠤ ᠬᠤᠷᠢᠶᠠᠨ ᠤ ᠵᠢᠯᠤᠭᠤᠳᠬᠤ ᠡᠷᠴᠢᠮ ᠢᠶᠡᠨ ᠴᠢᠩᠭᠠᠷᠠᠭᠤᠯᠤᠨ ᠂ ᠨᠢᠭᠡᠲᠦᠯᠲᠡᠢ ᠬᠠᠷᠢᠭᠤᠴᠠᠬᠤ ᠡᠭᠦᠷᠭᠡ ᠬᠠᠷᠢᠭᠤᠴᠠᠯᠭ᠎ᠠ ᠪᠠᠨ ᠭᠦᠢᠴᠡᠳᠭᠡᠵᠦ ᠂ ᠬᠡᠷᠡᠭ ᠰᠢᠢᠳᠪᠦᠷᠢᠯᠡᠬᠦ ᠴᠢᠨᠠᠷ ᠴᠢᠨᠰᠠᠭ᠎ᠠ ᠦᠷ᠎ᠡ ᠪᠦᠲᠦᠮᠵᠢ ᠪᠡᠨ ᠲᠡᠭᠡᠭᠰᠢᠯᠡᠭᠦᠯᠬᠦ ᠶᠢ ᠠᠬᠢᠭᠤᠯᠬᠤ ᠬᠡᠷᠡᠭᠲᠡᠢ ᠭᠡᠵᠦ ᠱᠠᠭᠠᠷᠲᠠᠪᠠ ᠃
︽ᠲᠠᠷᠠᠭᠠᠴᠢ ᠶᠢᠨ ᠠᠯᠬᠤᠮ ᠳᠤ ᠂ ᠪᠢᠳᠡ ᠶᠢᠨ ᠬᠢᠨᠠᠨ ᠪᠠᠶᠢᠴᠠᠭᠠᠯᠲᠠ ᠪᠠᠨ ᠴᠢᠩᠭᠠᠳᠬᠠᠵᠤ ᠂ᠰᠡᠳᠬᠢᠯ ᠨᠢᠭᠡᠲᠦᠨ ᠬᠦᠴᠦᠨ ᠢᠶᠡᠨ ᠬᠠᠮᠲᠤᠳᠬᠠᠨ ᠂ ᠬᠦᠴᠢᠷ ᠢ ᠲᠤᠭᠤᠯᠤᠨ ᠪᠡᠷᠬᠡ ᠢ ᠲᠠᠪᠠᠵᠤ ᠂ ᠬᠡᠷᠡᠭ ᠤᠷᠤᠭᠰᠢᠲᠠᠢ ᠶᠢ ᠪᠠᠲᠤᠯᠠᠨ᠎ᠠ ︾ ᠬᠡᠮᠡᠨ ᠬᠡᠷᠡᠭ ᠰᠢᠢᠳᠪᠦᠷᠢᠯᠡᠬᠦ ᠲᠤᠭᠤᠶᠢᠯᠠᠩ ᠤᠨ ᠪᠠᠶᠢᠴᠠᠭᠠᠬᠤ ᠠᠵᠢᠯᠲᠠᠨ ᠢᠯᠡᠷᠬᠡᠶᠢᠯᠡᠪᠡ ᠃
6.28 ᠤ ᠶᠢ ᠵᠤᠬᠢᠶᠠᠨ ᠪᠠᠶᠢᠭᠤᠯᠵᠤ ᠤᠲᠤᠷᠢᠳᠴᠤ ᠣᠷᠣᠯᠴᠠᠭᠰᠠᠨ ᠬᠡᠷᠡᠭ ᠦᠪᠡᠷᠲᠡᠭᠡᠨ ᠵᠠᠰᠠᠬᠤ ᠤᠷᠤᠨ ᠤ ᠪᠠᠶᠢᠴᠠᠭᠠᠬᠤ ᠬᠤᠷᠢᠶᠠᠨ ᠤ ᠂ ᠦᠬᠠᠢ ᠬᠤᠳᠠ ᠶᠢᠨ ᠪᠠᠶᠢᠴᠠᠭᠠᠬᠤ ᠬᠤᠷᠢᠶ᠎ᠠ ᠠᠴᠠ ᠬᠢᠨᠠᠨ ᠪᠠᠶᠢᠴᠠᠭᠠᠵᠤ ᠵᠠᠭᠠᠯᠲᠤᠪᠠ ᠃ ᠲᠤᠰ ᠬᠡᠷᠡᠭ ᠨᠢ ᠬᠡᠷᠡᠭ ᠲᠦ ᠬᠠᠷᠢᠶᠠᠯᠠᠭᠲᠠᠵᠤ ᠂ ᠵᠠᠰᠠᠭ ᠤᠨ ᠡᠷᠬᠡ ᠶᠢ ᠬᠦᠨᠲᠦ ᠨᠤᠴᠢᠲᠠᠢ ᠢᠲᠡᠭᠲᠡᠭᠦᠯᠦᠨ ᠂ ᠲᠤᠬᠠᠢ ᠶᠢᠨ ᠭᠠᠵᠠᠷ ᠤᠨ ᠠᠵᠤ ᠠᠬᠤᠢ ᠨᠡᠶᠢᠭᠡᠮ ᠦᠨ ᠡᠮᠬᠢ ᠲᠢᠭᠯᠡᠮ ᠢ ᠡᠪᠲᠡᠵᠦ ᠂ ᠨᠦᠯᠦᠭᠡ ᠨᠢ ᠲᠦᠢᠯ ᠦᠨ ᠮᠠᠭᠤ ᠪᠠᠶᠢᠵᠤ ᠂ ᠬᠡᠷᠡᠭ ᠢ ᠤᠨᠲᠤᠤ ᠭᠠᠵᠠᠷ ᠲᠤ ᠵᠢᠭᠠᠨ ᠲᠤᠭᠲᠠᠭᠠᠵᠤ ᠂ ᠬᠡᠷᠡᠭ ᠲᠦ ᠬᠤᠯᠪᠤᠭᠲᠠᠭᠰᠠᠨ ᠬᠦᠮᠦᠨ ᠤᠯᠠᠨ ᠂ ᠵᠤᠭᠤᠰ ᠮᠦᠩᠭᠦ ᠡᠳ᠋ ᠪᠤᠲᠠᠰ ᠠᠷᠪᠢᠨ ᠂ ᠶᠠᠯᠠᠲᠤ ᠠᠵᠢᠯᠯᠠᠭ᠎ᠠ ᠶᠢᠨ ᠲᠤᠷᠦᠯ ᠵᠦᠢᠯ ᠤᠯᠠᠨ ᠂ ᠴᠠᠭ ᠬᠤᠭᠤᠴᠠᠭᠠᠨ ᠤ ᠠᠯᠭᠠᠰᠠᠯ ᠶᠡᠬᠡ ᠂ ᠭᠡᠷᠡᠴᠢ ᠪᠠᠷᠢᠮᠲᠠ ᠴᠤᠭᠯᠠᠭᠤᠯᠬᠤ ᠳᠤ ᠬᠦᠴᠢᠷ ᠪᠠᠶᠢᠵᠦ ᠂ ᠶᠠᠯᠠᠲᠤ ᠠᠵᠢᠯᠯᠠᠭ᠎ᠠ ᠶᠢᠨ ᠪᠤᠲᠠᠲᠤ ᠤᠴᠢᠷ ᠢ ᠮᠠᠭᠠᠳᠯᠠᠨ ᠲᠤᠭᠲᠠᠭᠠᠬᠤ ᠳᠤ ᠃