ᠠᠷᠠᠳ ᠤᠨ ᠳᠡᠭᠡᠲᠦ ᠪᠠᠶᠢᠴᠠᠭᠠᠬᠤ ᠬᠣᠷᠢᠶ᠎ᠠ ︽ ᠭᠤᠷᠪᠠᠨ ᠲᠣᠭᠲᠠᠭᠠᠯ ︾ ᠢ ᠨᠠᠶᠢᠳᠠᠪᠤᠷᠢᠵᠢᠭᠤᠯᠤᠭᠰᠠᠨ ᠨᠡᠶᠢᠲᠡᠯᠢᠭ ᠬᠡᠷᠡᠭ ᠦᠨ ᠵᠢᠱᠢᠶ᠎ᠡ ᠶᠢ ᠵᠠᠷᠯᠠᠨ ᠮᠡᠳᠡᠭᠳᠡᠪᠡ
《ᠭᠤᠷᠪᠠᠨ ᠲᠣᠭᠲᠠᠭᠠᠯ》 ᠢ ᠵᠥᠷᠢᠴᠡᠭᠰᠡᠨ ᠬᠡᠷᠡᠭ
1᠂ ×× ᠰᠢᠶᠠᠨ ᠤ ᠲᠠᠰ ᠤᠨ ᠬᠣᠲᠠ ᠶᠢᠨ ᠠᠷᠠᠳ ᠤᠨ ᠪᠠᠶᠢᠴᠠᠭᠠᠬᠤ ᠬᠣᠷᠢᠶ᠎ᠠ ᠵᠢᠨ ᠵᠤᠤ ᠣᠪᠣᠭᠲᠤ 《ᠭᠤᠷᠪᠠᠨ ᠲᠣᠭᠲᠠᠭᠠᠯ》 ᠢ ᠵᠥᠷᠢᠴᠡᠭᠰᠡᠨ ᠬᠡᠷᠡᠭ
【ᠬᠡᠷᠡᠭ ᠦᠨ ᠪᠣᠳᠠᠲᠤ ᠤᠴᠢᠷ】
2017 ᠣᠨ ᠤ 2 ᠰᠠᠷ᠎ᠠ ᠠᠴᠠ 8 ᠰᠠᠷ᠎ᠠ ᠵᠢᠨ ᠬᠣᠭᠣᠷᠣᠨᠳᠦ ᠂ ×× ᠰᠢᠶᠠᠨ ᠤ ᠲᠠᠰ ᠤᠨ ᠬᠣᠲᠠ ᠶᠢᠨ ᠬᠤᠳᠠ ᠲᠠᠰ ᠤᠨ ᠤᠳᠤᠷᠢᠳᠬᠤ ᠺᠠᠳ᠋ᠷ ᠼᠦᠢ ᠣᠪᠣᠭᠲᠤ ᠬᠣᠲᠠ ᠶᠢᠨ ᠪᠠᠶᠢᠴᠠᠭᠠᠬᠤ ᠬᠣᠷᠢᠶ᠎ᠠ ᠶᠢᠨ ᠰᠢᠢᠳᠪᠦᠷᠢᠯᠡᠭᠰᠡᠨ ᠫᠸᠩ ᠣᠪᠣᠭᠲᠤ ᠶᠢᠨ ᠵᠣᠷᠢᠭᠤᠳᠠ ᠭᠡᠮᠲᠦᠭᠡᠭᠰᠡᠨ ᠶᠠᠯ᠎ᠠ ᠂ ᠬᠠᠸᠯᠢ ᠪᠤᠰᠤ ᠪᠠᠷ ᠬᠣᠷᠢᠭᠰᠠᠨ ᠶᠠᠯ᠎ᠠ ᠂ ᠬᠠᠸᠯᠢ ᠪᠤᠰᠤ ᠪᠠᠷ ᠠᠭᠤᠷᠬᠠᠶ ᠮᠠᠯᠲᠠᠭᠰᠠᠨ ᠶᠠᠯ᠎ᠠ ᠢᠶᠠᠷ ᠰᠡᠵᠢᠭᠯᠡᠭᠳᠡᠭᠰᠡᠨ ᠬᠡᠷᠡᠭ ᠲᠦ ᠭᠠᠷ ᠳᠦᠷᠦᠵᠦ ᠂ ᠲᠣᠰ ᠬᠣᠷᠢᠶᠠᠨ ᠤ ᠪᠠᠶᠢᠴᠠᠭᠠᠬᠤ ᠳᠠᠷᠤᠭ᠎ᠠ ᠵᠣᠣ ᠣᠪᠣᠭᠲᠤ ᠳ᠋ᠦ ᠫᠸᠩ ᠣᠪᠣᠭᠲᠤ ᠶᠢ ᠬᠥᠩᠭᠡᠨ ᠢᠶᠡᠷ ᠰᠢᠢᠳᠬᠡᠬᠦ ᠬᠡᠷᠡᠭᠲᠡᠶ ᠭᠡᠵᠦ ᠣᠯᠠᠨ ᠤᠳᠠᠭ᠎ᠠ ᠱᠠᠭᠠᠷᠳᠠᠪᠠ ᠂ ᠵᠣᠣ ᠣᠪᠣᠭᠲᠤ ᠲᠣᠭᠲᠠᠭᠠᠯ ᠶᠣᠰᠣᠭᠠᠷ ᠲᠡᠮᠳᠡᠭᠯᠡᠯ ᠬᠢᠵᠦ ᠮᠡᠳᠡᠭᠦᠯᠦᠭᠰᠡᠨ ᠥᠬᠡᠶ᠃ ᠼᠦᠢ ᠣᠪᠣᠭᠲᠤ ᠶᠢᠨ ᠭᠠᠷ ᠳᠦᠷᠦᠯᠲᠠ ᠵᠢᠨ ᠨᠦᠯᠦᠭᠡᠨ ᠳᠤᠤᠷ᠎ᠠ᠂ ᠵᠣᠣ ᠣᠪᠣᠭᠲᠤ ᠰᠢᠭᠦᠬᠦ ᠬᠣᠷᠢᠶᠠᠨ ᠤ ᠰᠢᠭᠦᠨ ᠲᠠᠰᠤᠯᠬᠤ ᠺᠣᠮᠢᠰ ᠤᠨ ᠬᠤᠷᠠᠯᠳᠤᠭᠠᠨ ᠳᠤ ᠤᠷᠢᠭᠳᠠᠨ ᠰᠤᠯᠠ ᠣᠷᠣᠯᠴᠠᠬᠤ ᠳᠠᠭᠠᠨ᠂ ᠫᠧᠩ ᠣᠪᠣᠭᠲᠤ ᠡᠷᠡᠭᠦᠦ ᠰᠢᠢᠳᠬᠡᠯ ᠢ ᠠᠯᠭᠤᠷᠯᠠᠭᠤᠯᠬᠤ ᠶᠢ ᠲᠤᠬᠢᠷᠠᠭᠤᠯᠤᠨ ᠬᠡᠷᠡᠭᠯᠡᠬᠦ ᠨᠥᠬᠥᠴᠡᠯ ᠳᠦ ᠦᠯᠦ ᠨᠡᠶᠢᠴᠡᠬᠦ ᠶᠢ ᠲᠣᠳᠣᠷᠬᠠᠢ ᠮᠡᠳᠡᠵᠦ ᠪᠤᠯᠤᠭᠰᠠᠨ ᠤ ᠬᠤᠪᠢ ᠳ᠋ᠦ ᠰᠢᠭᠦᠬᠦ ᠬᠣᠷᠢᠶᠠᠨ ᠤ ᠰᠢᠭᠦᠨ ᠲᠠᠰᠤᠯᠬᠤ ᠺᠣᠮᠢᠰ ᠤᠨ ᠡᠷᠡᠭᠦᠦ ᠰᠢᠢᠳᠬᠡᠯ ᠢ ᠠᠯᠭᠤᠷᠯᠠᠭᠤᠯᠬᠤ ᠶᠢ ᠲᠤᠬᠢᠷᠠᠭᠤᠯᠤᠨ ᠬᠡᠷᠡᠭᠯᠡᠭᠰᠡᠨ ᠰᠢᠢᠳᠪᠦᠷᠢ ᠳ᠋ᠦ ᠡᠰᠡᠷᠭᠦᠴᠡᠬᠦ ᠰᠠᠨᠠᠯ ᠳᠤᠷᠠᠳᠤᠭᠰᠠᠨ ᠦᠭᠡᠢ᠃ ᠲᠤᠰ ᠬᠣᠷᠢᠶᠠᠨ ᠤ ᠪᠠᠶᠢᠴᠠᠭᠠᠬᠤ ᠺᠣᠮᠢᠰ ᠤᠨ ᠲᠤᠰᠬᠠᠶ ᠲᠤᠰᠢᠶᠠᠯᠳᠦ ᠭᠡᠰᠢᠭᠦᠨ᠂ ᠲᠤᠰ ᠬᠡᠷᠡᠭ ᠦᠨ ᠬᠡᠷᠡᠭ ᠰᠢᠶᠳᠪᠦᠷᠢᠯᠡᠬᠦ ᠳᠤᠭᠤᠶᠢᠯᠠᠩ ᠤᠨ ᠡᠷᠬᠢᠯᠡᠭᠴᠢ ᠪᠠᠶᠢᠴᠠᠭᠠᠬᠤ ᠲᠤᠰᠢᠶᠠᠯᠲᠠᠨ ᠯᠢᠦ ᠣᠪᠣᠭᠲᠤ ᠪᠠ ᠳᠠᠭᠠᠭᠠᠨ ᠰᠢᠶᠳᠪᠦᠷᠢᠯᠡᠬᠦ ᠪᠠᠶᠢᠴᠠᠭᠠᠬᠤ ᠲᠤᠰᠢᠶᠠᠯᠲᠠᠨ ᠬᠠᠨ ᠣᠪᠣᠭᠲᠤ᠂ ᠰᠢᠭᠦᠬᠦ ᠬᠣᠷᠢᠶ᠎ᠠ ᠫᠧᠩ ᠣᠪᠣᠭᠲᠤ ᠳᠤ ᠡᠷᠡᠭᠦᠦ ᠰᠢᠢᠳᠬᠡᠯ ᠢ ᠠᠯᠭᠤᠷᠯᠠᠭᠤᠯᠬᠤ ᠲᠠᠰᠤᠯᠤᠯᠲᠠ ᠭᠠᠷᠭᠠᠭᠰᠠᠨ ᠤ ᠳᠠᠷᠠᠭ᠎ᠠ᠂ ᠡᠷᠡᠭᠦᠦ ᠰᠢᠢᠳᠬᠡᠯ ᠢ ᠠᠯᠭᠤᠷᠯᠠᠭᠤᠯᠬᠤ ᠶᠢ ᠲᠤᠬᠢᠷᠠᠭᠤᠯᠤᠨ ᠬᠡᠷᠡᠭᠯᠡᠭᠰᠡᠨ ᠨᠢ ᠪᠤᠷᠤᠭᠤ ᠪᠤᠯᠬᠤ ᠶᠢ ᠲᠣᠳᠣᠷᠬᠠᠶ ᠮᠡᠳᠡᠵᠦ ᠪᠤᠯᠤᠭᠰᠠᠨ ᠤ ᠬᠤᠪᠢ ᠳ᠋ᠦ ᠡᠰᠡᠷᠭᠦᠴᠡᠨ ᠵᠠᠭᠠᠯᠳᠤᠬᠤ ᠰᠠᠨᠠᠯ ᠳᠤᠷᠠᠳᠤᠭᠰᠠᠨ ᠦᠭᠡᠢ᠃ ᠵᠣᠣ ᠣᠪᠣᠭᠲᠤ ᠪᠣᠯᠤᠨ ᠬᠠᠨ ᠣᠪᠣᠭᠲᠤ ᠳᠡᠭᠡᠳᠦ ᠱᠠᠲᠤᠨ ᠤ ᠪᠠᠶᠢᠴᠠᠭᠠᠬᠤ ᠬᠣᠷᠢᠶ᠎ᠠ ᠳᠤ ᠲᠤᠰ ᠬᠡᠷᠡᠭ ᠢ ᠬᠠᠷᠢᠭᠤ ᠮᠡᠳᠡᠭᠦᠯᠬᠦ ᠳᠡᠭᠡᠨ ᠂ 《 ᠡᠷᠡᠭᠦᠦ ᠰᠢᠢᠳᠬᠡᠯ ᠤᠨᠤᠭᠳᠠᠭᠤᠯᠤᠭᠰᠠᠨ ᠨᠢ ᠬᠦᠩᠭᠡᠪᠲᠦᠷ ᠂ ᠬᠡᠳᠦ ᠬᠦᠩᠭᠡᠨ ᠪᠢᠰᠢ ᠂ ᠡᠰᠡᠷᠭᠦᠴᠡᠨ ᠵᠠᠭᠠᠯᠳᠤᠬᠤ ᠳᠤ ᠲᠣᠬᠢᠷᠠᠮᠵᠢ ᠦᠭᠡᠶ 》 ᠭᠡᠬᠦ ᠰᠠᠨᠠᠭᠤᠯᠭ᠎ᠠ ᠭᠠᠷᠭᠠᠵᠤ ᠂ ᠡᠴᠦᠰ ᠲᠡᠬᠡᠨ ᠳᠡᠭᠡᠳᠦ ᠱᠠᠲᠤᠨ ᠤ ᠪᠠᠶᠢᠴᠠᠭᠠᠬᠤ ᠬᠣᠷᠢᠶ᠎ᠠ ᠫᠸᠩ ᠣᠪᠣᠭᠲᠤ ᠶᠢᠨ ᠬᠡᠷᠡᠭ ᠢ ᠴᠠᠭ ᠲᠤᠬᠠᠶ ᠳᠤᠨᠢ ᠡᠰᠡᠷᠭᠦᠴᠡᠨ ᠵᠠᠭᠠᠯᠳᠤᠭᠰᠠᠨ ᠦᠭᠡᠶ ᠃
【ᠰᠢᠢᠳᠪᠦᠷᠢᠯᠡᠭᠰᠡᠨ ᠪᠠᠶᠢᠳᠠᠯ】
2019 ᠣᠨ ᠤ 7 ᠰᠠᠷ᠎ᠠ ᠳᠤ᠂ ᠵᠧᠦ ᠶᠢᠨ ᠰᠠᠬᠢᠯᠭ᠎ᠠ ᠪᠠᠲᠤ ᠪᠠᠶᠢᠴᠠᠭᠠᠬᠤ ᠬᠣᠷᠢᠢ᠎ᠠ ᠠᠴᠠ ᠼᠦᠢ ᠣᠪᠣᠭᠲᠤ ᠳ᠋ᠦ ᠨᠠᠮ ᠡᠴᠡ ᠬᠥᠭᠡᠭᠡᠬᠦ ᠰᠢᠢᠳᠬᠡᠯ ᠥᠭᠭᠦᠭᠰᠡᠨ ᠪᠥᠭᠡᠳ ᠲᠡᠭᠦᠨ ᠦ ᠶᠠᠯ᠎ᠠ ᠬᠢᠭᠰᠡᠨ ᠰᠡᠵᠢᠭᠯᠡᠯᠲᠡᠢ ᠠᠰᠠᠭᠤᠳᠠᠯ ᠢ ᠬᠠᠤᠯᠢ ᠴᠠᠭᠠᠵᠠ ᠶᠢᠨ ᠪᠠᠶᠢᠭᠤᠯᠭ᠎ᠠ ᠳᠤ ᠰᠢᠯᠵᠢᠭᠦᠯᠦᠨ ᠬᠦᠷᠭᠡᠵᠡᠢ︔ 2019 ᠣᠨ ᠤ 12 ᠰᠠᠷ᠎ᠠ ᠳᠤ ᠂ ᠮᠤᠵᠢ ᠶᠢᠨ ᠰᠠᠬᠢᠯᠭ᠎ᠠ ᠪᠠᠲᠤ ᠪᠠᠶᠢᠴᠠᠭᠠᠬᠤ ᠬᠣᠷᠢᠶ᠎ᠠ ᠵᠣᠣ ᠣᠪᠣᠭᠲᠤ ᠳᠤ ᠨᠠᠮ ᠤᠨ ᠳᠣᠲᠣᠭᠠᠳᠤ ᠳᠤ ᠳᠣᠩᠭᠣᠳᠬᠤ ᠰᠢᠢᠳᠬᠡᠯ ᠥᠭᠪᠡ ︔ 2019 ᠣᠨ ᠤ 7 ᠰᠠᠷ᠎ᠠ ᠳᠤ ᠂ ᠬᠣᠲᠠ ᠶᠢᠨ ᠬᠢᠨᠠᠨ ᠪᠠᠶᠢᠴᠠᠭᠠᠬᠤ ᠵᠥᠪᠯᠡᠯ ᠡᠴᠡ ᠯᠢᠦ ᠣᠪᠣᠭᠲᠤ ᠂ ᠬᠠᠨ ᠣᠪᠣᠭᠲᠤ ᠳ᠋ᠦ ᠵᠠᠰᠠᠭ ᠤᠨ ᠶᠠᠪᠤᠳᠠᠯ ᠤᠨ ᠳᠣᠩᠭᠣᠳᠬᠤ ᠰᠢᠢᠳᠬᠡᠯ ᠥᠭᠪᠡ ᠃
【ᠦᠨᠡᠯᠡᠨ ᠵᠠᠳᠠᠯᠤᠭᠰᠠᠨ ᠰᠠᠨᠠᠯ】
ᠵᠤᠤ ᠣᠪᠣᠭᠲᠤ᠂ ᠼᠦᠢ ᠣᠪᠣᠭᠲᠤ ᠠᠴᠠ ᠫᠧᠩ ᠣᠪᠣᠭᠲᠤ ᠶᠢᠨ ᠬᠡᠷᠡᠭ ᠢ ᠰᠢᠢᠳᠪᠦᠷᠢᠯᠡᠬᠦ ᠳᠦ ᠣᠯᠠᠨᠲᠠ ᠭᠠᠷ ᠳᠦᠷᠦᠭᠰᠡᠨ ᠤᠴᠢᠷ ᠲᠦ ᠂ ᠬᠠᠤᠯᠢ ᠶᠣᠰᠣᠭᠠᠷ ᠪᠡᠶ᠎ᠡ ᠪᠡᠨ ᠳᠠᠭᠠᠭᠠᠵᠤ ᠲᠥᠪ ᠭᠣᠣᠯᠴᠢ ᠪᠠᠷ ᠬᠡᠷᠡᠭ ᠰᠢᠢᠳᠪᠦᠷᠢᠯᠡᠬᠦ ᠵᠠᠷᠴᠢᠮ ᠢ ᠦᠯᠦ ᠪᠠᠷᠢᠮᠲᠠᠯᠠᠨ ᠼᠦᠢ ᠣᠪᠣᠭᠲᠤ ᠶᠢᠨ ᠬᠠᠥᠯᠢ ᠪᠤᠰᠤ ᠱᠠᠭᠠᠷᠳᠠᠯᠭ᠎ᠠ ᠶᠢ ᠲᠡᠪᠴᠢᠭᠰᠡᠨ ᠦᠭᠡᠢ᠂ ᠰᠢᠭᠦᠬᠦ ᠬᠣᠷᠢᠶᠠᠨ ᠤ ᠰᠢᠭᠦᠨ ᠲᠠᠰᠤᠯᠬᠤ ᠺᠣᠮᠢᠰ ᠤᠨ ᠬᠤᠷᠠᠯᠳᠤᠭᠠᠨ ᠳᠤ ᠰᠤᠯᠠ ᠣᠷᠣᠯᠴᠠᠬᠤ ᠳ᠋ᠦ ᠪᠡᠨ ᠬᠠᠤᠯᠢ ᠴᠠᠭᠠᠵᠠ ᠶᠢᠨ ᠬᠢᠨᠠᠯᠲᠠ ᠲᠠᠯᠪᠢᠬᠤ ᠬᠠᠷᠢᠭᠤᠴᠠᠯᠭ᠎ᠠ ᠪᠠᠨ ᠬᠠᠤᠯᠢ ᠶᠣᠰᠣᠭᠠᠷ ᠭᠦᠢᠴᠡᠳᠬᠡᠭᠰᠡᠨ ᠦᠭᠡᠢ᠂ ᠳᠡᠭᠡᠳᠦ ᠱᠠᠲᠤᠨ ᠤ ᠬᠣᠷᠢᠶᠠᠨ ᠳᠤ ᠠᠵᠢᠯ ᠢᠶᠠᠨ ᠬᠠᠷᠢᠭᠤ ᠮᠡᠳᠡᠭᠦᠯᠬᠦ ᠳᠡᠭᠡᠨ ᠦᠨᠡᠨ ᠪᠣᠳᠠᠲᠠᠶ ᠬᠠᠷᠢᠭᠤ ᠮᠡᠳᠡᠭᠦᠯᠦᠯᠲᠡ ᠬᠢᠭᠰᠡᠨ ᠦᠭᠡᠢ ᠨᠢ᠂ ᠵᠠᠭᠠᠯᠳᠤᠭᠳᠠᠭᠴᠢ ᠵᠢᠨ ᠬᠦᠨᠳᠦ ᠶᠠᠯ᠎ᠠ ᠶᠢ ᠬᠥᠩᠭᠡᠨ ᠢᠶᠡᠷ ᠲᠠᠰᠤᠯᠤᠭᠤᠯᠪᠠ᠂ ᠡᠭᠦᠨ ᠦ ᠬᠠᠮᠲᠤ ᠼᠦᠢ ᠣᠪᠣᠭᠲᠤ ᠶᠢᠨ ᠬᠡᠷᠡᠭ ᠲᠦ ᠭᠠᠷ ᠲᠦᠷᠦᠭᠰᠡᠨ ᠦᠢᠯᠡ ᠠᠵᠢᠯᠯᠠᠭ᠎ᠠ ᠳᠤ ᠲᠣᠭᠲᠠᠭᠠᠯ ᠶᠣᠰᠣᠭᠠᠷ ᠲᠡᠮᠳᠡᠭᠯᠡᠯ ᠬᠢᠭᠰᠡᠨ ᠦᠭᠡᠢ᠂ ᠡᠨᠡ ᠨᠢ《ᠤᠳᠤᠷᠢᠳᠬᠤ ᠺᠠᠳ᠋ᠷ ᠬᠠᠸᠯᠢ ᠪᠠᠷᠢᠬᠤ ᠠᠵᠢᠯᠯᠠᠭ᠎ᠠ ᠳᠤ ᠭᠠᠷ ᠲᠦᠷᠦᠭᠰᠡᠨ᠂ ᠪᠣᠳᠠᠲᠠᠶ ᠬᠡᠷᠡᠭ ᠢ ᠰᠢᠶᠳᠪᠦᠷᠢᠯᠡᠬᠦ ᠳᠦ ᠭᠠᠷ ᠲᠦᠷᠦᠭᠰᠡᠨ ᠢ ᠲᠡᠮᠳᠡᠭᠯᠡᠬᠦ᠂ ᠮᠡᠳᠡᠭᠳᠡᠬᠦ ᠪᠠ ᠬᠠᠷᠢᠭᠤᠴᠠᠯᠭ᠎ᠠ ᠨᠡᠬᠡᠮᠵᠢᠯᠡᠬᠦ ᠲᠣᠭᠲᠠᠭᠠᠯ》 ᠤᠨ ᠲᠠᠪᠤᠳᠤᠭᠠᠷ ᠵᠦᠶᠯ ᠦᠨ ᠲᠣᠭᠲᠠᠭᠠᠯ ᠢ ᠵᠥᠷᠢᠴᠡᠭᠰᠡᠨ ᠪᠠᠶᠢᠨ᠎ᠠ᠃ ᠼᠦᠢ ᠣᠪᠣᠭᠲᠤ ᠶᠢᠨ ᠬᠡᠷᠡᠭ ᠲᠦ ᠭᠠᠷ ᠳᠦᠷᠦᠭᠰᠡᠨ ᠨᠥᠯᠥᠭᠡ ᠪᠡᠷ ᠲᠤᠰ ᠬᠡᠷᠡᠭ ᠢ ᠳᠠᠭᠠᠭᠠᠨ ᠰᠢᠶᠳᠪᠦᠷᠢᠯᠡᠬᠦ ᠳᠤᠭᠤᠶᠢᠯᠠᠩ ᠤᠨ ᠡᠷᠬᠢᠯᠡᠭᠴᠢ ᠪᠠᠶᠢᠴᠠᠭᠠᠬᠤ ᠲᠤᠰᠢᠶᠠᠯᠲᠠᠨ ᠯᠢᠦ ᠣᠪᠣᠭᠲᠤ᠂ ᠳᠠᠭᠠᠭᠠᠨ ᠰᠢᠶᠳᠪᠦᠷᠢᠯᠡᠬᠦ ᠪᠠᠶᠢᠴᠠᠭᠠᠬᠤ ᠲᠤᠰᠢᠶᠠᠯᠲᠠᠨ ᠬᠠᠨ ᠣᠪᠣᠭᠲᠤ ᠴᠤ ᠪᠠᠶᠢᠴᠠᠭᠠᠬᠤ ᠡᠭᠦᠷᠭᠡ ᠬᠠᠷᠢᠭᠤᠴᠠᠯᠭ᠎ᠠ ᠪᠠᠨ ᠵᠥᠪ ᠭᠦᠶᠴᠡᠳᠬᠡᠭᠰᠡᠨ ᠦᠭᠡᠢ ᠡᠴᠡ ᠪᠠᠶᠢᠴᠠᠭᠠᠬᠤ ᠪᠠᠶᠢᠭᠤᠯᠭ᠎ᠠ ᠲᠤᠰ ᠬᠡᠷᠡᠭ ᠢ ᠴᠠᠭ ᠲᠤᠬᠠᠶ ᠳᠤᠨᠢ ᠡᠰᠡᠷᠭᠦᠴᠡᠨ ᠵᠠᠭᠠᠯᠳᠤᠭᠰᠠᠨ ᠦᠭᠡᠢ᠃ ᠨᠠᠮ ᠤᠨ ᠲᠥᠪ ᠬᠣᠷᠢᠶ᠎ᠠ ᠡᠴᠡ ᠤᠳᠤᠷᠢᠳᠬᠤ ᠺᠠᠳ᠋ᠷᠴᠤᠳ ᠤᠨ ᠬᠠᠸᠯᠢ ᠪᠠᠷᠢᠬᠤ ᠠᠵᠢᠯᠯᠠᠭ᠎ᠠ ᠳᠤ ᠭᠠᠷ ᠲᠦᠷᠦᠭᠦ᠂ ᠪᠣᠳᠠᠲᠠᠶ ᠬᠡᠷᠡᠭ ᠢ ᠰᠢᠶᠳᠪᠦᠷᠢᠯᠡᠬᠦ ᠳᠦ ᠭᠠᠷ ᠲᠦᠷᠦᠭᠦ ᠶᠢ ᠴᠢᠩᠭ᠎ᠠ ᠴᠠᠭᠠᠵᠠᠯᠠᠬᠤ ᠬᠣᠯᠪᠣᠭᠳᠠᠯ ᠪᠦᠬᠦᠢ ᠲᠣᠭᠲᠠᠭᠠᠯ ᠢ ᠲᠣᠭᠲᠠᠭᠠᠨ ᠨᠡᠶᠢᠲᠡᠯᠡᠵᠦ᠂ ᠪᠠᠶᠢᠴᠠᠭᠠᠬᠤ ᠪᠠᠶᠢᠭᠤᠯᠭ᠎ᠠ ᠶᠢᠨ ᠪᠠᠶᠢᠴᠠᠭᠠᠬᠤ ᠡᠷᠬᠡ ᠪᠡᠨ ᠬᠠᠸᠯᠢ ᠶᠣᠰᠣᠭᠠᠷ ᠪᠡᠶ ᠡ ᠪᠡᠨ ᠳᠠᠭᠠᠭᠠᠵᠤ ᠲᠥᠪ ᠭᠣᠸᠯᠴᠢ ᠪᠠᠷ ᠬᠡᠷᠡᠭᠵᠢᠭᠦᠯᠬᠦ ᠳᠦ ᠬᠦᠴᠦᠲᠡᠶ ᠪᠠᠲᠤᠯᠠᠭ᠎ᠠ ᠬᠠᠩᠭᠠᠪᠠ᠃ ᠪᠠᠶᠢᠴᠠᠭᠠᠬᠤ ᠠᠵᠢᠯᠲᠠᠨ ᠳ᠋ᠦ ᠤᠳᠤᠷᠢᠳᠬᠤ ᠺᠠᠳ᠋ᠷ ᠬᠠᠸᠯᠢ ᠪᠠᠷᠢᠬᠤ ᠠᠵᠢᠯᠯᠠᠭ᠎ᠠ ᠳᠤ ᠭᠠᠷ ᠲᠦᠷᠦᠭᠦ᠂ ᠪᠣᠳᠠᠲᠠᠶ ᠬᠡᠷᠡᠭ ᠤᠨ ᠰᠢᠶᠳᠪᠦᠷᠢᠯᠡᠯᠲᠡ ᠳᠦ ᠭᠠᠷ ᠲᠦᠷᠦᠭᠦ ᠪᠠᠶᠢᠳᠠᠯ ᠲᠠᠭᠠᠷᠠᠬᠤ ᠦᠶ᠎ᠡ ᠳᠦ᠂ ᠨᠠᠶᠢᠷ ᠲᠠᠯ᠎ᠠ ᠶᠢᠨ ᠬᠠᠷᠢᠴᠠᠭ᠎ᠠ ᠪᠠ ᠠᠵᠢᠯ ᠤᠨ ᠳᠠᠷᠤᠯᠲᠠ ᠳ᠋ᠦ ᠪᠠᠭᠤᠨ ᠦᠭᠬᠦ ᠦᠭᠡᠢ ᠪᠠᠶᠢᠵᠤ᠂ ᠡᠷᠡᠰ ᠡᠰᠡᠷᠭᠦᠴᠡᠨ ᠬᠣᠷᠢᠭᠯᠠᠬᠤ ᠶᠢᠨ ᠬᠠᠮᠲᠤ ᠬᠠᠸᠯᠢ ᠶᠣᠰᠣᠭᠠᠷ ᠡᠭᠦᠷᠭᠡ ᠬᠠᠷᠢᠭᠤᠴᠠᠯᠭ᠎ᠠ ᠪᠠᠨ ᠭᠦᠶᠴᠡᠳᠬᠡᠬᠦ ᠬᠡᠷᠡᠭᠲᠡᠶ᠂ ᠭᠠᠷ ᠲᠦᠷᠦᠭᠦ ᠦᠢᠯᠡ ᠠᠵᠢᠯᠯᠠᠭ᠎ᠠ ᠂ ᠲᠥᠪ ᠴᠢᠩᠭ᠎ᠠ ᠪᠠᠷ ᠪᠠᠶᠢᠴᠠᠭᠠᠨ ᠰᠢᠶᠳᠪᠦᠷᠢᠯᠡᠭᠳᠡᠬᠦ ᠪᠣᠯᠤᠨ᠎ᠠ᠃ 《ᠭᠤᠷᠪᠠᠨ ᠲᠣᠭᠲᠠᠭᠠᠯ》ᠪᠣᠯ ᠤᠳᠤᠷᠢᠳᠬᠤ ᠺᠠᠳ᠋ᠷᠴᠤᠳ ᠤᠨ ᠬᠠᠸᠯᠢ ᠪᠠᠷᠢᠬᠤ ᠠᠵᠢᠯᠯᠠᠭ᠎ᠠ ᠳᠤ ᠭᠠᠷ ᠲᠦᠷᠦᠭᠦ᠂ ᠪᠣᠳᠠᠲᠠᠶ ᠰᠢᠶᠳᠪᠦᠷᠢᠯᠡᠯᠲᠡ ᠳᠦ ᠭᠠᠷ ᠲᠦᠷᠦᠭᠦ ᠶᠢ ᠰᠡᠷᠭᠡᠶᠢᠯᠡᠬᠦ ᠬᠦᠴᠦᠲᠡᠶ ᠠᠷᠭ᠎ᠠ ᠬᠡᠮᠵᠢᠶ᠎ᠡ ᠪᠣᠯᠬᠤ ᠮᠥᠷᠲᠡᠭᠡᠨ ᠪᠠᠰᠠ ᠪᠠᠶᠢᠴᠠᠭᠠᠬᠤ ᠠᠵᠢᠯᠲᠠᠨ ᠤ ᠰᠠᠬᠢᠯᠭ᠎ᠠ ᠪᠠᠲᠤ ᠬᠠᠸᠯᠢ ᠴᠠᠭᠠᠵᠠ ᠶᠢ ᠵᠦᠷᠢᠴᠡᠭᠦ ᠭᠠᠵᠢᠭᠤ ᠵᠠᠮ ᠢᠶᠠᠷ ᠵᠠᠮᠨᠠᠬᠤ ᠶᠢ ᠰᠡᠷᠭᠡᠶᠢᠯᠡᠵᠦ᠂ ᠲᠥᠪ ᠭᠣᠸᠯᠴᠢ ᠠᠷᠢᠭᠤᠨ ᠴᠢᠬᠡᠴᠢ ᠪᠡᠷ ᠬᠠᠸᠯᠢ ᠪᠠᠷᠢᠬᠤ ᠶᠢ ᠠᠬᠢᠭᠤᠯᠵᠤ᠂ ᠬᠠᠸᠯᠢ ᠪᠠᠷᠢᠬᠤ ᠵᠢᠨ ᠨᠡᠶᠢᠲᠡ ᠵᠢᠨ ᠢᠲᠡᠭᠡᠮᠵᠢ ᠶᠢ ᠳᠡᠭᠡᠭᠰᠢᠯᠡᠭᠦᠯᠬᠦ ᠦᠨᠳᠦᠰᠦᠨ ᠵᠠᠰᠠᠬᠤ ᠠᠷᠭ᠎ᠠ ᠪᠣᠯᠤᠨ᠎ᠠ᠃
2 ×× ᠬᠣᠲᠠ ᠶᠢᠨ ᠠᠷᠠᠳ ᠤᠨ ᠪᠠᠶᠢᠴᠠᠭᠠᠬᠤ ᠬᠤᠷᠢᠶᠠᠨ ᠤ ᠴᠧᠨ ᠣᠪᠣᠭᠲᠤ 《ᠭᠤᠷᠪᠠᠨ ᠲᠣᠭᠲᠠᠭᠠᠯ》 ᠢ ᠵᠥᠷᠢᠴᠡᠭᠰᠡᠨ ᠬᠡᠷᠡᠭ
【ᠬᠡᠷᠡᠭ ᠦᠨ ᠪᠣᠳᠠᠲᠤ ᠤᠴᠢᠷ】
2018 ᠣᠨ ᠤ 6 ᠰᠠᠷ᠎ᠠ ᠳᠤ ᠂×× ᠬᠣᠲᠠ ᠶᠢᠨ ᠳᠡᠰ ᠦᠨ ᠪᠠᠶᠢᠴᠠᠭᠠᠬᠤ ᠬᠣᠷᠢᠶᠠᠨ ᠤ ᠬᠠᠤᠯᠢ ᠶᠢᠨ ᠴᠠᠭᠳᠠᠭ᠎ᠠ ᠶᠢᠨ ᠰᠠᠯᠪᠤᠷᠢ ᠠᠩᠭᠢ ᠶᠢᠨ ᠤᠯᠤᠰ ᠲᠥᠷᠥ ᠶᠢᠨ ᠭᠡᠰᠢᠭᠦᠨ ᠪᠠᠶᠢᠭᠰᠠᠨ ᠴᠧᠨ ᠣᠪᠣᠭᠲᠤ᠂ ᠬᠠᠷᠢᠶᠠᠲᠤ ᠣᠷᠣᠨ ᠤ ᠨᠢᠭᠡᠨ ᠦᠨᠳᠦᠰᠦᠨ ᠱᠠᠲᠤᠨ ᠤ ᠪᠠᠶᠢᠴᠠᠭᠠᠬᠤ ᠬᠣᠷᠢᠶᠠᠨ ᠤ ᠪᠠᠶᠢᠴᠠᠭᠠᠬᠤ ᠲᠤᠰᠢᠶᠠᠯᠲᠠᠨ ᠸᠠᠩ ᠣᠪᠣᠭᠲᠤ ᠳ᠋ᠦ ᠤᠲᠠᠰᠤ ᠠᠪᠴᠤ ᠂ ᠲᠡᠭᠦᠨ ᠦ ᠶᠠᠭ ᠰᠢᠶᠳᠪᠦᠷᠢᠯᠡᠵᠦ ᠪᠠᠶᠢᠭᠰᠠᠨ ᠲᠦᠩ ᠣᠪᠣᠭᠲᠤ ᠵᠢᠨ ᠶᠠᠯ᠎ᠠ ᠬᠢᠵᠦ ᠤᠯᠤᠭᠰᠠᠨ ᠤᠯᠵᠠᠪᠤᠷᠢ ᠪᠠᠨ ᠨᠢᠭᠤᠨ ᠳᠠᠯᠳᠠᠯᠠᠭᠰᠠᠨ ᠬᠡᠷᠡᠭ ᠤᠨ ᠡᠷᠡᠭᠦᠦ ᠰᠢᠢᠳᠭᠡᠯ ᠢ ᠠᠯᠭᠤᠷᠯᠠᠭᠤᠯᠵᠤ ᠪᠣᠯᠬᠤ ᠡᠰᠡᠬᠦ ᠶᠢ ᠯᠠᠪᠯᠠᠨ ᠠᠰᠠᠭᠤᠵᠠᠶ ᠂ ᠸᠠᠩ ᠣᠪᠣᠭᠲᠤ ᠲᠣᠰ ᠬᠡᠷᠡᠭ ᠢ ᠬᠠᠸᠯᠢ ᠶᠣᠰᠣᠭᠠᠷ ᠰᠢᠢᠳᠪᠦᠷᠢᠯᠡᠨ᠎ᠡ ᠬᠡᠵᠦ ᠴᠧᠨ ᠣᠪᠣᠭᠲᠤ ᠳᠤ ᠬᠡᠯᠡᠵᠦ ᠦᠭᠴᠡᠢ᠃ 2019 ᠣᠨ ᠤ 5 ᠰᠠᠷ᠎ᠠ ᠳᠤ᠂ ᠴᠧᠨ ᠣᠪᠣᠭᠲᠤ ᠬᠠᠷᠢᠶ᠎ᠠ ᠣᠷᠣᠨ ᠤ ᠨᠢᠭᠡᠨ ᠦᠨᠳᠦᠰᠦᠨ ᠱᠠᠲᠤᠨ ᠤ ᠪᠠᠶᠢᠴᠠᠭᠠᠬᠤ ᠬᠣᠷᠢᠶᠠᠨ ᠤ ᠪᠠᠶᠢᠴᠠᠭᠠᠬᠤ ᠲᠤᠰᠢᠶᠠᠯᠲᠠᠨ ᠬᠤᠤ ᠣᠪᠣᠭᠲᠤ᠂ ᠴᠧᠨ ᠣᠪᠣᠭᠲᠤ ᠳᠤ ᠤᠲᠠᠰᠤ ᠠᠪᠴᠤ᠂ ᠲᠤᠰ ᠬᠣᠷᠢᠶᠠᠨ ᠤ ᠶᠠᠭ ᠰᠢᠢᠳᠪᠦᠷᠢᠯᠡᠵᠦ ᠪᠠᠶᠢᠭ᠎ᠠ ᠯᠢᠦ ᠣᠪᠣᠭᠲᠤ ᠶᠢᠨ ᠬᠠᠭᠤᠷᠮᠠᠭᠯᠠᠨ ᠵᠠᠷᠭᠤᠯᠳᠤᠭᠰᠠᠨ᠂ ᠮᠡᠬᠡᠯᠡᠭᠰᠡᠨ᠂ ᠬᠡᠷᠡᠭ ᠡᠲᠦᠵᠦ ᠤᠷᠰᠢᠭ ᠲᠠᠲᠠᠭᠰᠠᠨ ᠬᠡᠷᠡᠭ ᠢ ᠰᠢᠭᠦᠬᠦ ᠬᠣᠷᠢᠶᠠᠨ ᠳᠤ ᠵᠠᠭᠠᠯᠳᠤᠭᠰᠠᠨ ᠡᠰᠡᠬᠦ᠂ ᠬᠡᠵᠢᠶ᠎ᠡ ᠰᠢᠭᠦᠬᠦ ᠬᠣᠷᠢᠶᠠᠨ ᠳᠤ ᠵᠠᠭᠠᠯᠳᠤᠭᠰᠠᠨ ᠡᠰᠡᠬᠦ ᠶᠢ ᠯᠠᠪᠯᠠᠨ ᠠᠰᠠᠭᠤᠵᠤ᠂ ᠬᠠᠷᠠᠭᠠᠯᠵᠠᠯᠠᠯ ᠦᠵᠡᠬᠦᠯᠬᠦ ᠪᠤᠯᠪᠠᠦ ᠬᠡᠵᠠᠢ᠃ ᠬᠤᠤ ᠣᠪᠣᠭᠲᠤ ᠂ ᠴᠧᠨ ᠣᠪᠣᠭᠲᠤ ᠲᠡᠭᠦᠨ ᠢ ᠨᠢ ᠲᠡᠪᠴᠢᠵᠦ ᠂ ᠴᠧᠨ ᠣᠪᠣᠭᠲᠤ ᠳᠤ ᠨᠠᠶᠢᠷ ᠲᠠᠯ᠎ᠠ ᠬᠡᠯᠡᠬᠦ ᠬᠡᠷᠡᠭ ᠦᠭᠡᠢ ᠬᠡᠵᠠᠢ ᠃ 2019 ᠣᠨ ᠤ 7 ᠰᠠᠷ᠎ᠠ ᠳᠤ᠂ ᠴᠧᠨ ᠣᠪᠣᠭᠲᠤ ᠬᠠᠷᠢᠶ᠎ᠠ ᠣᠷᠣᠨ ᠤ ᠪᠠᠨ ᠪᠠᠰᠠ ᠨᠢᠭᠡᠨ ᠦᠨᠳᠦᠰᠦᠨ ᠱᠠᠲᠤᠨ ᠤ ᠪᠠᠶᠢᠴᠠᠭᠠᠬᠤ ᠬᠣᠷᠢᠶᠠᠨ ᠤ ᠪᠠᠶᠢᠴᠠᠭᠠᠬᠤ ᠲᠤᠰᠢᠶᠠᠯᠲᠠᠨ ᠯᠢᠦ ᠣᠪᠣᠭᠲᠤ ᠳᠤ ᠤᠲᠠᠰᠤᠳᠠᠵᠤ᠂ ᠯᠢᠦ ᠣᠪᠣᠭᠲᠤ ᠶᠢᠨ ᠶᠠᠭ ᠰᠢᠶᠳᠪᠦᠷᠢᠯᠡᠵᠦ ᠪᠠᠶᠢᠭ᠎ᠠ ᠴᠧᠨ ᠣᠪᠣᠭᠲᠤ ᠶᠢᠨ ᠫᠤᠤ ᠵᠡᠪᠰᠡᠭ ᠢ ᠬᠠᠤᠯᠢ ᠪᠤᠰᠤ ᠪᠠᠷ ᠠᠪᠴᠤ ᠪᠠᠶᠢᠭᠰᠠᠨ ᠬᠡᠷᠡᠭ ᠲᠦ᠂ ᠴᠧᠨ ᠣᠪᠣᠭᠲᠤ ᠶᠢ ᠭᠢᠨᠳᠠᠨ ᠳᠤ ᠬᠦᠷᠭᠡᠬᠦ ᠡᠴᠡ ᠡᠮᠦᠨ᠎ᠡ ᠲᠡᠭᠦᠨ ᠦ ᠲᠦᠷᠦᠯ ᠰᠠᠳᠤᠨ ᠲᠠᠢ ᠨᠢ ᠠᠭᠤᠯᠵᠠᠭᠤᠯᠬᠤ ᠪᠠᠷ ᠲᠣᠬᠢᠷᠠᠭᠤᠯᠵᠤ ᠪᠣᠯᠬᠤ ᠡᠰᠡᠬᠦ ᠶᠢ ᠯᠠᠪᠯᠠᠨ ᠠᠰᠠᠭᠤᠭᠰᠠᠨ ᠳᠤ᠂ ᠯᠢᠦ ᠣᠪᠣᠭᠲᠤ ᠲᠡᠪᠴᠢᠪᠡ᠃ 2019 ᠣᠨ ᠤ 8 ᠰᠠᠷ᠎ᠠ ᠳᠤ ᠂ ᠸᠠᠩ ᠣᠪᠣᠭᠲᠤ ᠂ ᠬᠤᠤ ᠣᠪᠣᠭᠲᠤ ᠂ ᠴᠧᠨ ᠣᠪᠣᠭᠲᠤ ᠂ ᠯᠢᠦ ᠣᠪᠣᠭᠲᠤ ᠵᠡᠷᠭᠡ 4 ᠪᠠᠶᠢᠴᠠᠭᠠᠬᠤ ᠲᠤᠰᠢᠶᠠᠯᠲᠠᠨ ᠲᠡᠭᠡᠷᠡᠬᠢ ᠬᠣᠲᠠ ᠶᠢᠨ ᠪᠠᠶᠢᠴᠠᠭᠠᠬᠤ ᠬᠣᠷᠢᠶ᠎ᠠ ᠶᠢᠨ ᠬᠠᠸᠯᠢ ᠶᠢᠨ ᠴᠠᠭᠳᠠᠭ᠎ᠠ ᠶᠢᠨ ᠰᠠᠯᠪᠤᠷᠢ ᠠᠩᠭᠢ ᠶᠢᠨ ᠤᠯᠤᠰ ᠲᠥᠷᠥ ᠶᠢᠨ ᠭᠡᠰᠢᠭᠦᠨ ᠴᠧᠨ ᠣᠪᠣᠭᠲᠤ ᠶᠢᠨ ᠲᠣᠭᠲᠠᠭᠠᠯ ᠢ ᠵᠥᠷᠢᠴᠡᠨ ᠠᠰᠠᠭᠤᠨ ᠯᠠᠪᠯᠠᠵᠤ ᠂ ᠬᠡᠷᠡᠭ ᠲᠦ ᠭᠠᠷ ᠲᠥᠷᠥᠭᠰᠡᠨ ᠦᠶᠯᠡ ᠠᠵᠢᠯᠯᠠᠭ᠎ᠠ ᠶᠢ ᠲᠡᠮᠳᠡᠭᠯᠡᠨ ᠮᠡᠳᠡᠭᠦᠯᠪᠡ ᠃
【ᠰᠢᠢᠳᠪᠦᠷᠢᠯᠡᠭᠰᠡᠨ ᠪᠠᠶᠢᠳᠠᠯ】
2019 ᠣᠨ ᠤ 8 ᠰᠠᠷ᠎ᠠ ᠳᠤ ᠂ ᠴᠧᠨ ᠣᠪᠣᠭᠲᠤ ︽ ᠭᠤᠷᠪᠠᠨ ᠲᠣᠭᠲᠠᠭᠠᠯ ︾ ᠢ ᠵᠥᠷᠢᠴᠡᠭᠰᠡᠨ ᠪᠠ ᠪᠤᠰᠤᠳ ᠰᠠᠬᠢᠯᠭ᠎ᠠ ᠪᠠᠲᠤ ᠶᠢ ᠵᠥᠷᠢᠴᠡᠭᠰᠡᠨ ᠠᠰᠠᠭᠤᠳᠠᠯ ᠠᠴᠠ ᠪᠣᠯᠵᠣ ᠂ ××ᠬᠣᠲᠠ ᠶᠢᠨ ᠠᠷᠠᠳ ᠤᠨ ᠪᠠᠶᠢᠴᠠᠭᠠᠬᠤ ᠬᠤᠷᠢᠶᠠᠨ ᠠᠴᠠ ᠲᠡᠭᠦᠨ ᠦ ᠬᠠᠸᠯᠢ ᠶᠢᠨ ᠴᠠᠭᠳᠠᠭ᠎ᠠ ᠶᠢᠨ ᠰᠠᠯᠪᠤᠷᠢ ᠠᠩᠭᠢ ᠶᠢᠨ ᠤᠯᠤᠰ ᠲᠥᠷᠥ ᠶᠢᠨ ᠭᠡᠰᠢᠭᠦᠨ ᠦ ᠲᠤᠰᠢᠶᠠᠯ ᠢ ᠤᠭᠴᠠᠷᠠᠭᠤᠯᠤᠭᠰᠠᠨ ᠪᠥᠭᠡᠳ ᠨᠠᠮ ᠠᠴᠠ ᠬᠦᠭᠡᠭᠡᠪᠠ ᠃ 2019 ᠣᠨ ᠤ 9 ᠰᠠᠷ᠎ᠠ ᠳᠤ ᠂ ×× ᠬᠣᠲᠠ ᠶᠢᠨ ᠪᠠᠶᠢᠴᠠᠭᠠᠬᠤ ᠬᠣᠷᠢᠶ᠎ᠠ ︽ ᠣᠭ ᠰᠠᠨᠠᠭ᠎ᠠ ᠪᠠᠨ ᠥᠯᠥ ᠮᠠᠷᠲᠠᠵᠤ ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ ︾ ᠭᠣᠸᠯ ᠰᠡᠳᠦᠪᠲᠦ ᠬᠥᠮᠦᠵᠢᠯ ᠦᠨ ᠳᠠᠶᠢᠴᠢᠯᠠᠯᠲᠠ ᠵᠢᠨ ᠪᠠᠶᠢᠷᠢᠯᠠᠭᠤᠯᠤᠯᠲᠠ ᠶᠢᠨ ᠶᠡᠬᠡ ᠬᠤᠷᠠᠯ ᠳᠡᠭᠡᠷ᠎ᠡ ᠂ ᠲᠣᠰ ᠬᠣᠲᠠ ᠶᠢᠨ ᠬᠠᠷᠢᠶ᠎ᠠ ᠤᠷᠤᠨ ᠤ ᠦᠨᠳᠦᠰᠦᠨ ᠱᠠᠲᠤᠨ ᠤ ᠪᠠᠶᠢᠴᠠᠭᠠᠬᠤ ᠬᠣᠷᠢᠶ᠎ᠠ ᠵᠢᠨ ᠸᠠᠩ ᠣᠪᠣᠭᠲᠤ ᠵᠡᠷᠭᠡ 4 ᠪᠠᠶᠢᠴᠠᠭᠠᠬᠤ ᠲᠤᠰᠢᠶᠠᠯᠲᠠᠨ ᠤ ᠤᠬᠠᠮᠰᠠᠷ ᠠᠴᠠ ᠪᠠᠨ ᠬᠡᠷᠡᠭ ᠦᠨ ᠪᠠᠶᠢᠳᠠᠯ ᠢ ᠰᠤᠷᠠᠭᠯᠠᠵᠤ ᠂ ᠲᠣᠭᠲᠠᠭᠠᠯ ᠢ ᠵᠥᠷᠢᠴᠡᠨ ᠬᠡᠷᠡᠭ ᠰᠢᠶᠳᠪᠦᠷᠢᠯᠡᠬᠦ ᠶᠢ ᠠᠰᠠᠭᠤᠨ ᠯᠠᠪᠯᠠᠬᠤ ᠵᠡᠷᠭᠡ ᠦᠶᠯᠡ ᠠᠵᠢᠯᠯᠠᠭ᠎ᠠ ᠬᠤᠷᠢᠭᠯᠠᠭᠰᠠᠨ᠂ ᠰᠠᠨᠠᠭᠠᠴᠢᠯᠠᠭ᠎ᠠ ᠠᠴᠠ ᠪᠠᠨ ᠲᠡᠮᠳᠡᠭᠯᠡᠭᠰᠡᠨ ᠪᠥᠭᠡᠳ ᠮᠡᠳᠡᠭᠦᠯᠦᠯᠲᠡ ᠬᠢᠭᠰᠡᠨ ᠢ ᠭᠦᠶᠴᠡᠳ ᠨᠤᠲᠠᠯᠠᠪᠠ ᠃
【ᠦᠨᠡᠯᠡᠨ ᠵᠠᠳᠠᠯᠤᠭᠰᠠᠨ ᠰᠠᠨᠠᠯ】
ᠴᠧᠨ ᠣᠪᠣᠭᠲᠤ ᠳᠡᠭᠡᠳᠦ ᠱᠠᠲᠤᠨ ᠤ ᠪᠠᠶᠢᠴᠠᠭᠠᠬᠤ ᠬᠣᠷᠢᠶᠠᠨ ᠤ ᠰᠠᠯᠠᠭ᠎ᠠ ᠮᠥᠴᠢᠷ ᠦᠨ ᠬᠠᠷᠢᠭᠤᠴᠠᠯᠭᠠᠲᠠᠨ ᠤ ᠪᠡᠶ᠎ᠡ ᠬᠡᠮ ᠪᠠᠨ ᠠᠰᠢᠭᠯᠠᠨ᠂ ᠬᠡᠷᠡᠭ ᠦᠨ ᠲᠤᠬᠠᠶ ᠶᠢᠨ ᠬᠥᠮᠦᠨ ᠪᠠ ᠲᠦᠷᠦᠯ ᠰᠠᠳᠤᠨ ᠨᠠᠶᠢᠵᠠ ᠨᠥᠬᠥᠳ ᠦᠨ ᠢᠶᠠᠨ ᠨᠠᠶᠢᠳᠠᠯᠭ᠎ᠠ ᠶᠢ ᠬᠦᠯᠢᠶᠡᠨ ᠠᠪᠴᠤ᠂ ᠤᠯᠠᠨ ᠤᠳᠠᠭ᠎ᠠ ᠲᠣᠭᠲᠠᠭᠠᠯ ᠢ ᠵᠥᠷᠢᠴᠡᠨ ᠲᠤᠤᠷᠠᠳᠤ ᠱᠠᠲᠤᠨ ᠤ ᠪᠠᠶᠢᠴᠠᠭᠠᠬᠤ ᠬᠣᠷᠢᠶᠠᠨ ᠤ ᠰᠢᠶᠳᠪᠦᠷᠢᠯᠡᠭᠰᠡᠨ ᠬᠡᠷᠡᠭ ᠢ ᠯᠠᠪᠯᠠᠨ ᠠᠰᠠᠭᠤᠭᠰᠠᠨ ᠪᠤᠶᠤ ᠭᠠᠷ ᠲᠦᠷᠦᠵᠡᠢ᠃ ᠴᠧᠨ ᠣᠪᠣᠭᠲᠤ ᠤᠷᠢᠳ ᠬᠣᠵᠢᠳ 3 ᠤᠳᠠᠭ᠎ᠠ ᠬᠠᠷᠢᠶ᠎ᠠ ᠣᠷᠣᠨ ᠤ ᠪᠠᠨ ᠦᠨᠳᠦᠰᠦᠨ ᠱᠠᠲᠤᠨ ᠤ ᠪᠠᠶᠢᠴᠠᠭᠠᠬᠤ ᠬᠣᠷᠢᠶᠠᠨ ᠤ ᠬᠡᠷᠡᠭ ᠰᠢᠶᠳᠪᠦᠷᠢᠯᠡᠬᠦ ᠪᠠᠶᠢᠴᠠᠭᠠᠬᠤ ᠲᠤᠰᠢᠶᠠᠯᠲᠠᠨ ᠳᠤ ᠤᠲᠠᠰᠤ ᠠᠪᠴᠤ ᠬᠡᠷᠡᠭ ᠦᠨ ᠪᠠᠶᠢᠳᠠᠯ ᠢ ᠰᠤᠷᠠᠭᠯᠠᠵᠤ᠂ ᠨᠠᠶᠢᠳᠠᠨ ᠭᠤᠶᠤᠬᠴᠢ ᠶᠢᠨ ᠡᠮᠦᠨ᠎ᠡ ᠡᠴᠡ ᠨᠠᠶᠢᠷ ᠲᠠᠯ᠎ᠠ ᠬᠡᠯᠡᠵᠦ᠂ ᠲᠣᠭᠲᠠᠭᠠᠯ ᠢ ᠵᠥᠷᠢᠴᠡᠨ ᠠᠭᠤᠯᠵᠠᠯᠲᠠ ᠬᠢᠬᠦ ᠪᠡᠷ ᠱᠠᠭᠠᠷᠳᠠᠭᠰᠠᠨ ᠵᠡᠷᠭᠡ ᠦᠢᠯᠡ ᠠᠵᠢᠯᠯᠠᠭ᠎ᠠ ᠨᠢ 《ᠤᠳᠤᠷᠢᠳᠬᠤ ᠺᠠᠳ᠋ᠷ ᠬᠠᠸᠯᠢ ᠪᠠᠷᠢᠬᠤ ᠠᠵᠢᠯᠯᠠᠭ᠎ᠠ ᠳᠤ ᠭᠠᠷ ᠲᠦᠷᠦᠭᠰᠡᠨ᠂ ᠪᠣᠳᠠᠲᠠᠶ ᠬᠡᠷᠡᠭ ᠢ ᠰᠢᠶᠳᠪᠦᠷᠢᠯᠡᠬᠦ ᠳᠦ ᠭᠠᠷ ᠲᠦᠷᠦᠭᠰᠡᠨ ᠢ ᠲᠡᠮᠳᠡᠭᠯᠡᠬᠦ᠂ ᠮᠡᠳᠡᠭᠳᠡᠬᠦ ᠪᠠ ᠬᠠᠷᠢᠭᠤᠴᠠᠯᠭ᠎ᠠ ᠨᠡᠬᠡᠮᠵᠢᠯᠡᠬᠦ ᠲᠣᠭᠲᠠᠭᠠᠯ》 ᠤᠨ ᠨᠠᠶᠮᠠᠳᠤᠭᠠᠷ ᠵᠦᠶᠯ᠂ 《ᠬᠠᠸᠯᠢ ᠪᠠᠷᠢᠬᠤ ᠪᠠᠶᠢᠭᠤᠯᠭ ᠠ ᠶᠢᠨ ᠳᠣᠲᠣᠭᠠᠳᠤ ᠶᠢᠨ ᠠᠵᠢᠯᠳᠠᠨ ᠤ ᠬᠡᠷᠡᠭ ᠢ ᠠᠰᠠᠭᠤᠭᠰᠠᠨ ᠲᠡᠮᠳᠡᠭᠯᠡᠯ ᠪᠠ ᠬᠠᠷᠢᠭᠤᠴᠠᠯᠭ᠎ᠠ ᠨᠡᠬᠡᠮᠵᠢᠯᠡᠬᠦ ᠲᠣᠭᠲᠠᠭᠠᠯ》 ᠤᠨ ᠶᠢᠰᠦᠳᠦᠭᠡᠷ ᠵᠦᠶᠯ ᠦᠨ ᠲᠣᠭᠲᠠᠭᠠᠯ ᠢ ᠵᠥᠷᠢᠴᠡᠵᠦ᠂ ᠴᠢᠩᠭ᠎ᠠ ᠰᠢᠢᠳᠬᠡᠯ ᠤᠯᠪᠠ᠃ ᠸᠠᠩ ᠣᠪᠣᠭᠲᠤ ᠂ ᠬᠤᠤ ᠣᠪᠣᠭᠲᠤ ᠂ ᠴᠧᠨ ᠣᠪᠣᠭᠲᠤ ᠂ ᠯᠢᠦ ᠣᠪᠣᠭᠲᠤ ᠳᠥᠷᠪᠡᠨ ᠣᠷᠣᠨ ᠲᠤᠭᠠᠨ ᠤ ᠪᠠᠶᠢᠴᠠᠭᠠᠬᠤ ᠲᠤᠰᠢᠶᠠᠯᠲᠠᠨ ᠳᠡᠭᠡᠳᠦ ᠱᠠᠲᠤᠨ ᠤ ᠪᠠᠶᠢᠴᠠᠭᠠᠬᠤ ᠪᠠᠶᠢᠭᠤᠯᠭ᠎ᠠ ᠶᠢᠨ ᠰᠠᠯᠠᠭ᠎ᠠ ᠮᠥᠴᠢᠷ ᠦᠨ ᠬᠠᠷᠢᠭᠤᠴᠠᠯᠭᠠᠲᠠᠨ ᠤ ᠲᠣᠭᠲᠠᠭᠠᠯ ᠢ ᠵᠥᠷᠢᠴᠡᠨ ᠯᠠᠪᠯᠠᠨ ᠠᠰᠠᠭᠤᠭᠰᠠᠨ ᠪᠤᠶᠤ ᠬᠡᠷᠡᠭ ᠲᠦ ᠭᠠᠷ ᠲᠥᠷᠥᠭᠰᠡᠨ ᠦᠢᠯᠡ ᠠᠵᠢᠯᠯᠠᠭ᠎ᠠ ᠶᠢ ᠲᠡᠪᠴᠢᠭᠰᠡᠨ ᠪᠥᠭᠡᠳ 2019 ᠣᠨ ᠤ 8 ᠰᠠᠷ᠎ᠠ ᠳᠤ ᠂ ᠠᠷᠠᠳ ᠤᠨ ᠳᠡᠭᠡᠳᠦ ᠪᠠᠶᠢᠴᠠᠭᠠᠬᠤ ᠬᠣᠷᠢᠶᠠᠨ ᠤ ᠵᠣᠬᠢᠶᠠᠨ ᠪᠠᠶᠢᠭᠤᠯᠵᠤ ᠦᠷᠨᠢᠭᠦᠯᠦᠭᠰᠡᠨ ᠪᠠᠶᠢᠴᠠᠭᠠᠬᠤ ᠬᠡᠷᠡᠭ ᠰᠢᠶᠳᠪᠦᠷᠢᠯᠡᠬᠦ ᠵᠡᠷᠭᠡ ᠴᠢᠬᠤᠯᠠ ᠶᠡᠬᠡ ᠤᠴᠢᠷ ᠶᠠᠪᠤᠳᠠᠯ ᠢ ᠯᠠᠪᠯᠠᠨ ᠠᠰᠠᠭᠤᠬᠤ ᠪᠤᠶᠤ ᠭᠠᠷ ᠳᠦᠷᠦᠭᠰᠡᠨ ᠪᠠᠶᠢᠳᠠᠯ ᠢ ᠲᠥᠪᠯᠡᠷᠡᠭᠦᠯᠦᠨ ᠲᠠᠭᠯᠠᠨ ᠮᠡᠳᠡᠭᠦᠯᠬᠦ ᠦᠶ᠎ᠡ ᠳᠦ ᠨᠦᠬᠦᠪᠦᠷᠢ ᠮᠡᠳᠡᠭᠦᠯᠦᠯᠳᠠ ᠬᠢᠵᠦ ᠂ ᠬᠠᠷᠢᠭᠤᠴᠠᠯᠭ᠎ᠠ ᠨᠡᠬᠡᠮᠵᠢᠯᠡᠭᠳᠡᠭᠰᠡᠨ ᠦᠭᠡᠶ ᠪᠠᠰᠠ ᠳᠡᠭᠡᠳᠦ ᠱᠠᠲᠤᠨ ᠤ ᠬᠣᠷᠢᠶᠠᠨ ᠤ ᠬᠦᠬᠢᠭᠦᠯᠦᠯ ᠰᠠᠶᠢᠰᠢᠶᠠᠯ ᠢ ᠣᠯᠤᠭᠰᠠᠨ ᠪᠠᠶᠢᠨ᠎ᠠ ᠃ ᠲᠤᠰ ᠬᠡᠷᠡᠭ ᠲᠦ ᠂ ×× ᠬᠣᠲᠠ ᠶᠢᠨ ᠪᠠᠶᠢᠴᠠᠭᠠᠬᠤ ᠬᠣᠷᠢᠶᠠᠨ ᠤ ᠬᠠᠤᠯᠢ ᠶᠢᠨ ᠴᠠᠭᠳᠠᠭ᠎ᠠ ᠶᠢᠨ ᠰᠠᠯᠪᠤᠷᠢ ᠠᠩᠭᠢ ᠵᠢᠨ ᠤᠤᠯ ᠤᠨ ᠤᠯᠤᠰ ᠲᠦᠷᠦ ᠵᠢᠨ ᠬᠡᠰᠢᠭᠦᠨ ᠴᠧᠨ ᠣᠪᠣᠭᠲᠤ ᠪᠣᠯᠤᠨ ᠸᠠᠩ ᠣᠪᠣᠭᠲᠤ ᠂ ᠬᠤᠤ ᠣᠪᠣᠭᠲᠤ ᠂ ᠴᠧᠨ ᠣᠪᠣᠭᠲᠤ ᠂ ᠯᠢᠦ ᠣᠪᠣᠭᠲᠤ ᠳᠥᠷᠪᠡᠨ ᠣᠷᠣᠨ ᠲᠤᠭᠠᠨ ᠤ ᠪᠠᠶᠢᠴᠠᠭᠠᠬᠤ ᠲᠤᠰᠢᠶᠠᠯᠲᠠᠨ ᠤ ᠦᠢᠯᠡ ᠠᠵᠢᠯᠯᠠᠭ᠎ᠠ ᠨᠢ ᠢᠯᠡ ᠲᠣᠳᠣ ᠬᠠᠷᠢᠴᠠᠭᠤᠯᠤᠯ ᠪᠣᠯᠵᠤ ᠂ ᠪᠠᠶᠢᠴᠠᠭᠠᠬᠤ ᠠᠵᠢᠯᠲᠠᠨ ᠨᠢᠭᠡᠪᠦᠷᠢ ᠭᠦᠨ ᠲᠤᠩᠭᠠᠵᠤ᠂ ᠰᠤᠷᠭᠠᠮᠵᠢ ᠪᠤᠯᠭᠠᠬᠤ ᠴᠢᠬᠤᠯᠠᠲᠠᠢ ᠃
3᠂ ×× ᠬᠣᠲᠠ ᠶᠢᠨ ᠠᠷᠠᠳ ᠤᠨ ᠪᠠᠶᠢᠴᠠᠭᠠᠬᠤ ᠬᠣᠷᠢᠶᠠᠨ ᠤ ᠵᠢᠨ ᠣᠪᠣᠭᠲᠤ ᠵᠡᠷᠭᠡ ᠬᠥᠮᠦᠰ 《ᠭᠤᠷᠪᠠᠨ ᠲᠣᠭᠲᠠᠭᠠᠯ 》 ᠢ ᠵᠥᠷᠢᠴᠡᠭᠰᠡᠨ ᠬᠡᠷᠡᠭ
【ᠬᠡᠷᠡᠭ ᠦᠨ ᠪᠣᠳᠠᠲᠤ ᠤᠴᠢᠷ】
2018 ᠣᠨ ᠤ 1 ᠰᠠᠷ᠎ᠠ ᠳᠤ ᠂ ×× ᠬᠣᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ︽ ᠬᠠᠷ᠎ᠠ ᠪᠦᠯᠦᠭᠲᠡᠨ ᠲᠠᠢ ᠬᠣᠯᠪᠣᠭᠳᠠᠭᠰᠠᠨ ︾ ᠯᠢ ᠣᠪᠣᠭᠲᠤ ᠵᠡᠷᠭᠡ ᠬᠦᠮᠦᠰ ᠢ ᠡᠷᠡᠭᠦᠦ ᠵᠢᠨ ᠬᠡᠷᠡᠭ ᠢᠶᠡᠷ ᠲᠦᠷ ᠬᠤᠷᠢᠭᠰᠠᠨ ᠳ᠋ᠦ ᠂ ᠬᠠᠮᠲᠤ ᠶᠠᠯ᠎ᠠ ᠬᠢᠭᠰᠡᠨ ᠰᠡᠵᠢᠭᠳᠡᠨ ᠯᠢᠦ ᠣᠪᠣᠭᠲᠤ ᠴᠢᠮᠡᠭᠡ ᠶᠢ ᠮᠡᠳᠡᠭᠰᠡᠨ ᠦ ᠳᠠᠷᠠᠭ᠎ᠠ ᠣᠷᠭᠣᠨ ᠳᠤᠲᠠᠭᠠᠪᠠ ᠃ ᠯᠢᠦ ᠣᠪᠣᠭᠲᠤ ᠨᠠᠶᠢᠵᠠ ᠰᠤ᠋ ᠣᠪᠣᠭᠲᠤ ᠳ᠋ᠦ ᠨᠠᠶᠢᠳᠠᠵᠤ ᠲᠤᠬᠠᠢ ᠶᠢᠨ ᠦᠶ᠎ᠡ ᠳᠦ ᠬᠤᠳᠠ ᠶᠢᠨ ᠪᠠᠶᠢᠴᠠᠭᠠᠬᠤ ᠬᠣᠷᠢᠶᠠᠨ ᠤ ᠪᠠᠶᠢᠴᠠᠭᠠᠬᠤ ᠠᠵᠢᠯ ᠤᠨ ᠬᠠᠮᠢᠶᠠᠷᠤᠯᠲᠠ ᠶᠢᠨ ᠬᠡᠯᠲᠡᠰ ᠦᠨ ᠳᠡᠳ᠋ ᠳᠠᠷᠤᠭ᠎ᠠ ᠶᠢᠨ ᠲᠤᠰᠢᠶᠠᠯ ᠢ ᠡᠭᠦᠷᠭᠡᠯᠡᠵᠦ ᠪᠠᠶᠢᠭᠰᠠᠨ ᠵᠢᠨ ᠣᠪᠣᠭᠲᠤ ᠲᠠᠶ ᠠᠭᠤᠯᠵᠠᠭᠤᠯᠵᠤ᠂ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠠᠴᠠ ᠬᠠᠷ᠎ᠠ ᠪᠦᠯᠦᠭᠲᠡᠨ ᠳᠦ ᠬᠣᠯᠪᠣᠭᠳᠠᠭᠰᠠᠨ ᠯᠢ ᠣᠪᠣᠭᠲᠤ ᠶᠢ ᠪᠠᠷᠢᠪᠴᠢᠯᠠᠬᠤ ᠶᠢ ᠭᠤᠶᠤᠴᠢᠯᠠᠬᠤ ᠦᠶ᠎ᠡ ᠳ᠋ᠦ ᠪᠠᠶᠢᠴᠠᠭᠠᠬᠤ ᠪᠠᠶᠢᠭᠤᠯᠭ᠎ᠠ ᠡᠴᠡ ᠯᠢ ᠣᠪᠣᠭᠲᠤ ᠶᠢ ᠪᠠᠷᠢᠪᠴᠢᠯᠠᠬᠤ ᠶᠢ ᠦᠯᠦ ᠵᠥᠪᠰᠢᠶᠡᠷᠡᠬᠦ ᠶᠢ ᠭᠤᠶᠤᠴᠢᠯᠠᠭᠰᠠᠨ ᠳᠤ ᠵᠢᠨ ᠣᠪᠣᠭᠲᠤ ᠬᠠᠪᠰᠤᠷᠬᠤ ᠪᠡᠷ ᠵᠥᠪᠰᠢᠶᠡᠷᠡᠪᠡ᠃ ᠰᠤ᠋ ᠣᠪᠣᠭᠲᠤ ᠂ ᠵᠢᠨ ᠣᠪᠣᠭᠲᠤ ᠲᠠᠶ ᠠᠭᠤᠯᠵᠠᠭᠰᠠᠨ ᠤ ᠳᠠᠷᠠᠭ᠎ᠠ ᠂ ᠯᠢᠦ ᠣᠪᠣᠭᠲᠤ ᠤᠲᠠᠰᠤ ᠪᠠᠷ ᠵᠢᠨ ᠣᠪᠣᠭᠲᠤ ᠳᠤ ᠨᠠᠶᠢᠳᠠᠵᠤ 90 ᠲᠦᠮᠡᠨ ᠲᠥᠭᠥᠷᠢᠭ ᠢ ᠬᠡᠷᠡᠭ ᠰᠢᠢᠳᠪᠦᠷᠢᠯᠡᠭᠴᠢ ᠳᠦ ᠬᠦᠷᠭᠡᠯᠭᠡᠬᠦ ᠬᠡᠪᠠ ᠃ ᠲᠤᠰ ᠵᠢᠯ ᠦᠨ 3 ᠰᠠᠷ᠎ᠠ ᠳᠤ᠂ ᠵᠢᠨ ᠣᠪᠣᠭᠲᠤ ᠬᠤᠳᠠ ᠶᠢᠨ ᠪᠠᠶᠢᠴᠠᠭᠠᠬᠤ ᠬᠣᠷᠢᠶᠠᠨ ᠤ ᠳᠡᠳ᠋ ᠪᠠᠶᠢᠴᠠᠭᠠᠬᠤ ᠲᠠᠷᠤᠭ᠎ᠠ ᠴᠧᠨ ᠣᠪᠣᠭᠲᠤ ᠶᠢᠨ ᠠᠯᠪᠠᠨ ᠭᠡᠷ ᠲᠦ ᠬᠦᠷᠴᠦ ᠬᠠᠷ᠎ᠠ ᠪᠦᠯᠦᠭᠲᠡᠨ ᠳᠦ ᠬᠣᠯᠪᠣᠭᠳᠠᠭᠰᠠᠨ ᠲᠤᠰ ᠬᠡᠷᠡᠭ ᠢ ᠬᠡᠷᠬᠢᠨ ᠰᠢᠢᠳᠪᠦᠷᠢᠯᠡᠬᠦ ᠲᠤᠬᠠᠢ ᠰᠤᠷᠠᠭᠯᠠᠭᠰᠠᠨ ᠳᠤ᠂ ᠴᠧᠨ ᠣᠪᠣᠭᠲᠤ 《ᠬᠠᠷ᠎ᠠ ᠪᠦᠯᠦᠭᠲᠡᠨ ᠳᠦ ᠬᠣᠯᠪᠣᠭᠳᠠᠭᠰᠠᠨ ᠬᠡᠷᠡᠭ ᠢ ᠴᠥᠮ ᠪᠠᠷᠢᠪᠴᠢᠯᠠᠬᠤ ᠬᠡᠷᠡᠭᠲᠡᠢ》 ᠭᠡᠵᠦ ᠬᠠᠷᠢᠭᠤᠯᠪᠠ᠃ ᠵᠢᠨ ᠣᠪᠣᠭᠲᠤ ᠡᠨᠡ ᠤᠴᠢᠷ ᠪᠦᠲᠦᠭᠡᠬᠦ ᠦᠭᠡᠶ ᠭᠡᠵᠦ ᠦᠵᠡᠭᠡᠳ ᠂ ᠲᠤᠰ 90 ᠲᠦᠮᠡᠨ ᠲᠥᠭᠥᠷᠢᠭ ᠢ ᠰᠤ᠋ ᠣᠪᠣᠭᠲᠤ ᠳᠤ ᠪᠤᠴᠠᠭᠠᠵᠤ ᠥᠭᠪᠡ ᠃ ᠂ᠴᠧᠨ ᠣᠪᠣᠭᠲᠤ ᠵᠢᠨ ᠣᠪᠣᠭᠲᠤ ᠶᠢᠨ ᠲᠤᠰ ᠬᠡᠷᠡᠭ ᠢ ᠠᠰᠠᠭᠤᠭᠰᠠᠨ ᠶᠠᠪᠤᠳᠠᠯ ᠢ ᠲᠣᠭᠲᠠᠭᠠᠯ ᠶᠣᠰᠣᠭᠠᠷ ᠲᠡᠮᠳᠡᠭᠯᠡᠵᠦ ᠮᠡᠳᠡᠭᠦᠯᠦᠭᠰᠡᠨ ᠦᠭᠡᠢ᠃ ᠵᠢᠨ ᠣᠪᠣᠭᠲᠤ ᠳᠤ ᠪᠠᠰᠠ ᠪᠤᠰᠤᠳ ᠰᠠᠬᠢᠯᠭ᠎ᠠ ᠪᠠᠲᠤ ᠬᠠᠤᠯᠢ ᠴᠠᠭᠠᠵᠠ ᠶᠢ ᠵᠥᠷᠢᠴᠡᠭᠰᠡᠨ ᠠᠰᠠᠭᠤᠳᠠᠯ ᠲᠠᠢ᠃
【ᠰᠢᠢᠳᠪᠦᠷᠢᠯᠡᠭᠰᠡᠨ ᠪᠠᠶᠢᠳᠠᠯ】
2019 ᠣᠨ ᠤ 1 ᠰᠠᠷ᠎ᠠ ᠳᠤ ᠂ ᠵᠢᠨ ᠣᠪᠣᠭᠲᠤ ᠲᠣᠭᠲᠠᠭᠠᠯ ᠢ ᠵᠥᠷᠢᠴᠡᠨ ᠬᠡᠷᠡᠭ ᠰᠢᠶᠳᠪᠦᠷᠢᠯᠡᠬᠦ ᠶᠢ ᠠᠰᠠᠭᠤᠨ ᠯᠠᠪᠯᠠᠵᠤ ᠂ ᠭᠠᠷ ᠲᠦᠷᠦᠭᠰᠡᠨ ᠵᠡᠷᠭᠡ ᠰᠠᠬᠢᠯᠭ᠎ᠠ ᠪᠠᠲᠤ ᠬᠠᠸᠯᠢ ᠴᠠᠭᠠᠵᠠ ᠶᠢ ᠬᠦᠨᠳᠦ ᠨᠣᠴᠢᠲᠠᠶ ᠵᠥᠷᠢᠴᠡᠭᠰᠡᠨ ᠦᠶᠯᠡ ᠠᠵᠢ ᠯᠯᠠᠭᠠ ᠠᠴᠠ ᠪᠣᠯᠵᠣ ᠨᠠᠮ ᠠᠴᠠ ᠬᠦᠭᠡᠭᠡᠭᠳᠡᠵᠦ ᠂ ᠠᠯᠪᠠᠨ ᠲᠤᠰᠢᠶᠠᠯ ᠠᠴᠠ ᠪᠠᠨ ᠤᠭᠴᠠᠷᠠᠭᠳᠠᠭᠰᠠᠨ ᠰᠢᠢᠳᠬᠡᠯ ᠣᠯᠵᠤ ᠂ ᠲᠡᠭᠦᠨ ᠦ ᠶᠠᠯ᠎ᠠ ᠬᠢᠭᠰᠡᠨ ᠰᠡᠵᠢᠭᠯᠡᠯᠲᠡᠶ ᠠᠰᠠᠭᠤᠳᠠᠯ ᠢ ᠬᠠᠸᠯᠢ ᠴᠠᠭᠠᠵᠠ ᠶᠢᠨ ᠪᠠᠶᠢᠭᠤᠯᠭ᠎ᠠ ᠳᠤ ᠰᠢᠯᠵᠢᠭᠦᠯᠦᠨ ᠬᠦᠷᠭᠡᠵᠦ ᠰᠢᠶᠳᠪᠦᠷᠢᠯᠡᠭᠦᠯᠪᠡ ᠃ 2019 ᠣᠨ ᠤ 12 ᠰᠠᠷ᠎ᠠ ᠳᠤ ᠂ ᠴᠧᠨ ᠣᠪᠣᠭᠲᠤ ᠪᠠᠶᠢᠴᠠᠭᠠᠬᠤ ᠪᠠᠶᠢᠭᠤᠯᠭ᠎ᠠ ᠶᠢᠨ ᠳᠣᠲᠣᠭᠠᠳᠤ ᠶᠢᠨ ᠠᠵᠢᠯᠲᠠᠨ ᠤ ᠲᠣᠭᠲᠠᠭᠠᠯ ᠠᠴᠠ ᠵᠥᠷᠢᠴᠡᠨ ᠬᠠᠸᠯᠢ ᠪᠠᠷᠢᠯᠲᠠ ᠵᠢᠨ ᠬᠡᠷᠡᠭ ᠰᠢᠢᠳᠪᠦᠷᠢᠯᠡᠬᠦ ᠶᠢ ᠠᠰᠠᠭᠤᠨ ᠰᠤᠷᠠᠭᠯᠠᠭᠰᠠᠨ ᠪᠠᠶᠢᠳᠠᠯ ᠢ ᠥᠯᠥ ᠲᠡᠮᠳᠡᠭᠯᠡᠭᠰᠡᠨ ᠪᠠ ᠦᠯᠦ ᠮᠡᠳᠡᠭᠦᠯᠦᠭᠰᠡᠨ ᠦᠶᠯᠡ ᠠᠵᠢᠯᠯᠠᠭ᠎ᠠ ᠶᠢ ᠮᠤᠵᠢ ᠶᠢᠨ ᠠᠷᠠᠳ ᠤᠨ ᠪᠠᠶᠢᠴᠠᠭᠠᠬᠤ ᠬᠣᠷᠢᠶ᠎ᠠ ᠨᠡᠶᠢᠳᠠᠯᠡᠵᠦ ᠰᠢᠭᠦᠮᠵᠢᠯᠡᠪᠡ ᠃
【ᠦᠨᠡᠯᠡᠨ ᠵᠠᠳᠠᠯᠤᠭᠰᠠᠨ ᠰᠠᠨᠠᠯ】
ᠵᠢᠨ ᠣᠪᠣᠭᠲᠤ ᠪᠠᠶᠢᠴᠠᠭᠠᠬᠤ ᠪᠠᠶᠢᠭᠤᠯᠭ᠎ᠠ ᠶᠢᠨ ᠲᠤᠬᠠᠶᠢᠯᠠᠭᠰᠠᠨ ᠠᠵᠢᠯ ᠤᠨ ᠰᠠᠯᠠᠭ᠎ᠠ ᠮᠥᠴᠢᠷ ᠦᠨ ᠬᠠᠷᠢᠭᠤᠴᠠᠯᠭᠠᠲᠠᠨ᠂ ᠣᠷᠣᠨ ᠲᠣᠭᠠᠨ ᠤ ᠪᠠᠶᠢᠴᠠᠭᠠᠬᠤ ᠲᠤᠰᠢᠶᠠᠯᠲᠠᠨ ᠪᠣᠯᠤᠭᠰᠠᠨ ᠤ ᠬᠤᠪᠢ ᠳᠤ 《ᠭᠤᠷᠪᠠᠨ ᠲᠣᠭᠲᠠᠭᠠᠯ》 ᠢ ᠬᠡᠷᠡᠭᠵᠢᠭᠦᠯᠬᠦ ᠦᠭᠡᠢ᠂ ᠪᠤᠰᠤᠳ ᠬᠥᠮᠦᠨ ᠦ ᠨᠠᠶᠢᠳᠠᠭᠰᠠᠨ ᠤᠴᠢᠷ ᠢ ᠲᠡᠪᠴᠢᠬᠦ ᠦᠭᠡᠢ ᠂ ᠡᠰᠡᠷᠭᠦᠴᠡᠨ ᠬᠣᠷᠢᠭᠯᠠᠬᠤ ᠦᠭᠡᠢ ᠮᠦᠷᠲᠡᠭᠡᠨ ᠂ ᠪᠠᠰᠠ ᠡᠭᠦᠷᠭᠡ ᠲᠤᠰᠢᠶᠠᠯ ᠤᠨ ᠢᠶᠠᠨ ᠲᠦᠬᠦᠮ ᠢ ᠠᠰᠢᠭᠯᠠᠨ ᠵᠠᠭᠤᠴᠢᠯᠠᠵᠤ᠂ ᠬᠡᠷᠡᠭ ᠦᠨ ᠪᠠᠶᠢᠳᠠᠯ ᠢ ᠰᠤᠷᠠᠭᠯᠠᠨ᠂ 《ᠬᠠᠷ᠎ᠠ ᠪᠦᠯᠦᠭᠲᠡᠨ ᠳᠦ ᠬᠣᠯᠪᠣᠭᠳᠠᠭᠰᠠᠨ》 ᠬᠥᠮᠦᠰ ᠢ ᠡᠷᠡᠭᠦᠦ ᠶᠢᠨ ᠬᠠᠷᠢᠭᠤᠴᠠᠯᠭ᠎ᠠ ᠠᠴᠠ ᠵᠠᠶᠢᠯᠠᠭᠤᠯᠬᠤ ᠪᠠᠷ ᠭᠣᠷᠢᠳᠠᠵᠤ᠂ 《ᠬᠠᠤᠯᠢ ᠴᠠᠭᠠᠵᠠ ᠶᠢᠨ ᠪᠠᠶᠢᠭᠤᠯᠭ᠎ᠠ ᠶᠢᠨ ᠳᠣᠲᠣᠭᠠᠳᠤ ᠶᠢᠨ ᠠᠵᠢᠯᠲᠠᠨ ᠤ ᠬᠡᠷᠡᠭ ᠠᠰᠠᠭᠤᠭᠰᠠᠨ ᠲᠡᠮᠳᠡᠭᠯᠡᠯ ᠪᠠ ᠬᠠᠷᠢᠭᠤᠴᠠᠯᠭ᠎ᠠ ᠨᠡᠬᠡᠮᠵᠢᠯᠡᠬᠦ ᠲᠣᠭᠲᠠᠭᠠᠯ》 ᠤᠨ ᠶᠢᠰᠦᠳᠦᠭᠡᠷ ᠵᠦᠢᠯ ᠦᠨ ᠲᠣᠭᠲᠠᠭᠠᠯ ᠢ ᠵᠥᠷᠢᠴᠡᠵᠦ᠂ ᠲᠤᠷᠰᠢᠨ ᠪᠠᠶᠢᠴᠠᠭᠠᠬᠤ ᠭᠣᠭᠴᠣᠭ᠎ᠠ ᠳᠤ ᠲᠣᠭᠲᠠᠭᠠᠯ ᠢ ᠵᠥᠷᠢᠴᠡᠨ ᠬᠡᠷᠡᠭ ᠢ ᠠᠰᠠᠭᠤᠨ ᠰᠤᠷᠠᠭᠯᠠᠭᠰᠠᠨ ᠠᠴᠠ ᠂ ᠴᠢᠩᠭ᠎ᠠ ᠪᠠᠶᠢᠴᠠᠭᠠᠨ ᠰᠢᠢᠳᠬᠡᠭᠳᠡᠪᠡ᠃ ᠴᠧᠨ ᠣᠪᠣᠭᠲᠤ ᠳᠡᠳ᠋ ᠪᠠᠶᠢᠴᠠᠭᠠᠬᠤ ᠳᠠᠷᠤᠭ᠎ᠠ ᠪᠤᠯᠤᠭᠰᠠᠨ ᠤ ᠬᠤᠪᠢ ᠳ᠋ᠦ᠂ ᠰᠠᠬᠢᠯᠭ᠎ᠠ ᠪᠠᠲᠤ ᠶᠣᠰᠣ ᠳᠦᠷᠢᠮ ᠦᠨ ᠤᠬᠠᠮᠰᠠᠷ ᠢᠶᠠᠷ ᠳᠤᠲᠠᠮᠠᠭ ᠪᠠᠶᠢᠵᠤ᠂ ᠵᠢᠨ ᠣᠪᠣᠭᠲᠤ ᠶᠢᠨ ᠬᠡᠷᠡᠭ ᠢ ᠠᠰᠠᠭᠤᠭᠰᠠᠨ ᠪᠠᠶᠢᠳᠠᠯ ᠢ ᠲᠡᠮᠳᠡᠭᠯᠡᠬᠦ ᠦᠭᠡᠢ ᠮᠦᠷᠳᠡᠭᠡᠨ ᠮᠡᠳᠡᠭᠦᠯᠬᠦ ᠦᠭᠡᠢ ᠪᠠᠶᠢᠵᠤ᠂ 《ᠬᠠᠤᠯᠢ ᠪᠠᠷᠢᠬᠤ ᠪᠠᠶᠢᠭᠤᠯᠭ᠎ᠠ ᠶᠢᠨ ᠳᠣᠲᠣᠭᠠᠳᠤ ᠶᠢᠨ ᠠᠵᠢᠯᠳᠠᠨ ᠤ ᠬᠡᠷᠡᠭ ᠢ ᠠᠰᠠᠭᠤᠭᠰᠠᠨ ᠲᠡᠮᠳᠡᠭᠯᠡᠯ ᠪᠠ ᠬᠠᠷᠢᠭᠤᠴᠠᠯᠭ᠎ᠠ ᠨᠡᠬᠡᠮᠵᠢᠯᠡᠬᠦ ᠲᠣᠭᠲᠠᠭᠠᠯ》 ᠤᠨ ᠵᠢᠷᠭᠤᠳᠤᠭᠠᠷ ᠵᠦᠢᠯ 《ᠬᠠᠤᠯᠢ ᠪᠠᠷᠢᠬᠤ ᠪᠠᠶᠢᠭᠤᠯᠭ᠎ᠠ ᠶᠢᠨ ᠳᠣᠲᠣᠭᠠᠳᠤ ᠶᠢᠨ ᠠᠵᠢᠯᠳᠠᠨ ᠤ ᠬᠡᠷᠡᠭ ᠢ ᠠᠰᠠᠭᠤᠭᠰᠠᠨ ᠪᠠᠶᠢᠳᠠᠯ ᠢ ᠬᠡᠷᠡᠭ ᠰᠢᠢᠳᠪᠦᠷᠢᠯᠡᠭᠴᠢ ᠪᠦᠬᠦ ᠲᠠᠯ᠎ᠠ ᠪᠠᠷ᠂ ᠦᠨᠡᠨ ᠮᠥᠨ ᠢᠶᠡᠷ ᠨᠢ ᠲᠡᠮᠳᠡᠭᠯᠡᠵᠦ᠂ ᠪᠦᠬᠦ ᠶᠠᠪᠤᠴᠠ ᠳᠤ ᠤᠷᠤᠮ ᠦᠯᠡᠳᠡᠭᠡᠵᠦ᠂ ᠪᠠᠶᠢᠴᠠᠭᠠᠬᠤ ᠦᠨᠳᠦᠰᠦ ᠪᠠᠷᠢᠮᠲᠠ ᠲᠠᠶ ᠪᠣᠯᠭᠠᠨ᠎ᠠ》 ᠭᠡᠬᠦ ᠲᠤᠭᠳᠠᠭᠠᠯ ᠢ ᠵᠦᠷᠢᠴᠡᠨ᠂ ᠠᠷᠠᠳ ᠤᠨ ᠳᠡᠭᠡᠳᠦ ᠪᠠᠶᠢᠴᠠᠭᠠᠬᠤ ᠬᠤᠷᠢᠶᠠᠨ ᠠᠴᠠ《 ᠪᠠᠶᠢᠴᠠᠭᠠᠬᠤ ᠬᠡᠷᠡᠭ ᠰᠢᠶᠳᠪᠦᠷᠢᠯᠡᠬᠦ ᠵᠡᠷᠭᠡ ᠴᠢᠬᠤᠯᠠ ᠶᠡᠬᠡ ᠤᠴᠢᠷ ᠲᠦ ᠠᠰᠠᠭᠤᠨ ᠰᠤᠷᠠᠭᠯᠠᠬᠤ ᠪᠤᠶᠤ ᠭᠠᠷ ᠲᠦᠷᠦᠭᠰᠡᠨ ᠪᠠᠶᠢᠳᠠᠯ ᠢ ᠲᠡᠮᠳᠡᠭᠯᠡᠵᠦ ᠮᠡᠳᠡᠭᠦᠯᠦᠯᠲᠡ ᠬᠢᠬᠦ ᠲᠦᠷᠢᠮ ᠢ ᠪᠠᠶᠢᠭᠤᠯᠬᠤ ᠲᠤᠬᠠᠶ ᠬᠡᠷᠡᠭᠵᠢᠭᠦᠯᠬᠦ ᠠᠷᠭ᠎ᠠ》 ᠶᠢ ᠳᠠᠷᠤᠮᠠᠯᠯᠠᠨ ᠲᠠᠷᠬᠠᠭᠠᠭᠰᠠ ᠤ ᠲᠠᠷᠠᠭ᠎ᠠ᠂ ᠲᠥᠪᠯᠡᠷᠡᠭᠦᠯᠦᠨ ᠲᠠᠭᠯᠠᠨ ᠮᠡᠳᠡᠭᠦᠯᠬᠦ ᠠᠵᠢᠯ ᠢ ᠥᠷᠨᠢᠭᠦᠯᠬᠦ ᠦᠶ᠎ᠡ ᠳᠦ ᠮᠥᠨ ᠨᠥᠬᠥᠵᠦ ᠮᠡᠳᠡᠭᠦᠯᠦᠭᠰᠡᠨ ᠦᠭᠡᠢ ᠪᠤᠯᠬᠤᠷ᠂ ᠵᠠᠷᠯᠠᠨ ᠰᠢᠭᠦᠮᠵᠢᠯᠡᠪᠡ᠃ ᠵᠢᠨ ᠣᠪᠣᠭᠲᠤ 《ᠭᠤᠷᠪᠠᠨ ᠲᠣᠭᠲᠠᠭᠠᠯ》 ᠢ ᠴᠢᠩᠭ᠎ᠠ ᠬᠡᠷᠡᠭᠵᠢᠭᠦᠯᠦᠭᠰᠡᠨ ᠦᠭᠡᠢ ᠨᠢ ᠥᠪᠡᠷ ᠢ ᠪᠡᠨ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠶᠢᠨ ᠭᠦᠨ ᠬᠦᠪ ᠲᠦ ᠳᠦᠯᠬᠢᠨ ᠤᠷᠤᠭᠤᠯᠤᠭᠰᠠᠨ ᠢᠶᠡᠷ ᠪᠠᠷᠠᠬᠤ ᠦᠭᠡᠢ ᠪᠠᠰᠠ ᠥᠪᠡᠷ ᠦᠨ ᠬᠠᠮᠲᠤ ᠠᠵᠢᠯᠯᠠᠭᠴᠢ ᠪᠠᠨ 《ᠴᠢᠷᠦᠭᠳᠡᠭᠦᠯᠵᠦ》 ᠵᠠᠷᠯᠠᠨ ᠰᠢᠭᠦᠮᠵᠢᠯᠡᠭᠦᠯᠪᠠ᠃ ᠡᠭᠦᠨ ᠡᠴᠡ ᠦᠵᠡᠬᠦ ᠳᠦ ᠂ 《 ᠭᠤᠷᠪᠠᠨ ᠲᠣᠭᠲᠠᠭᠠᠯ 》 ᠢ ᠴᠢᠩᠭ᠎ᠠ ᠬᠡᠷᠡᠭᠵᠢᠭᠦᠯᠬᠦ ᠨᠢ᠂ ᠪᠠᠶᠢᠴᠠᠭᠠᠬᠤ ᠠᠵᠢᠯᠲᠠᠨ ᠤ ᠢᠯᠵᠢᠷᠡᠯ ᠡᠴᠡ ᠰᠡᠷᠭᠡᠶᠢᠯᠡᠵᠦ᠂ ᠬᠦᠷᠢᠶᠡᠯᠡᠨ ᠠᠪᠠᠯᠠᠬᠤ ᠠᠴᠠ ᠰᠡᠷᠭᠡᠶᠢᠯᠡᠬᠦ ︽ ᠬᠤᠶᠠᠭ ᠳᠤᠭᠤᠯᠠᠭ᠎ᠠ︾ ᠪᠠᠶᠢᠵᠤ᠂ ᠡᠨᠡᠬᠦ《 ᠬᠤᠶᠠᠭ ᠳᠤᠭᠤᠯᠠᠭ᠎ᠠ》 ᠪᠠᠨ ᠬᠠᠶᠠᠪᠠᠯ ᠂《 ᠰᠢᠷᠬᠠᠳᠤᠬᠤ 》 ᠨᠢ ᠵᠠᠶᠢᠯᠠᠰᠢ ᠦᠭᠡᠶ ᠶᠤᠮ ᠃
4᠂ ××ᠰᠢᠭᠤᠳ ᠬᠠᠷᠢᠶ᠎ᠠ ᠬᠣᠲᠠ ᠶᠢᠨ ᠠᠷᠠᠳ ᠤᠨ ᠪᠠᠶᠢᠴᠠᠭᠠᠬᠤ ᠬᠤᠷᠢᠶᠠᠨ ᠤ ᠸᠠᠩ ᠣᠪᠣᠭᠲᠤ 《ᠭᠤᠷᠪᠠᠨ ᠲᠣᠭᠲᠠᠭᠠᠯ》 ᠢ ᠵᠥᠷᠢᠴᠡᠭᠰᠡᠨ ᠬᠡᠷᠡᠭ
【ᠬᠡᠷᠡᠭ ᠦᠨ ᠪᠣᠳᠠᠲᠤ ᠤᠴᠢᠷ】
2015 ᠣᠨ ᠳᠤ ᠂××ᠰᠢᠭᠤᠳ ᠬᠠᠷᠢᠶ᠎ᠠ ᠬᠣᠲᠠ ᠶᠢᠨ ᠠᠷᠠᠳ ᠤᠨ ᠪᠠᠶᠢᠴᠠᠭᠠᠬᠤ ᠬᠣᠷᠢᠶᠠᠨ ᠤ ᠤᠯᠤᠰ ᠲᠥᠷᠥ ᠶᠢᠨ ᠬᠡᠯᠲᠡᠰ ᠦᠨ ᠡᠷᠬᠢᠯᠡᠭᠴᠢ ᠪᠠᠶᠢᠭᠰᠠᠨ ᠸᠠᠩ ᠣᠪᠣᠭᠲᠤ ᠳ᠋ᠧᠦ ᠣᠪᠣᠭᠲᠤ ᠶᠢᠨ ᠨᠠᠶᠢᠳᠠᠯᠭ᠎ᠠ ᠶᠢ ᠬᠦᠯᠢᠶᠡᠨ ᠠᠪᠴᠤ ᠂ ᠲᠤᠰᠢᠶᠠᠯ ᠤᠨ ᠨᠦᠯᠦᠭᠡ ᠪᠠᠨ ᠠᠰᠢᠭᠯᠠᠨ ᠂ ××ᠺᠣᠮᠫᠠᠨᠢ ᠶᠢᠨ ᠬᠠᠤᠯᠢ ᠪᠠᠷ ᠲᠣᠭᠲᠠᠭᠠᠭᠰᠠᠨ ᠲᠥᠯᠥᠭᠡᠯᠡᠭᠴᠢ ᠶᠢᠨ ᠬᠡᠷᠡᠭ ᠲᠦ ᠬᠠᠪᠰᠤᠷᠤᠯᠭ᠎ᠠ ᠬᠠᠩᠭᠠᠵᠤ ᠂ 10 ᠲᠦᠮᠡᠨ ᠲᠥᠭᠥᠷᠢᠭ ᠪᠡᠯᠡᠨ ᠵᠣᠭᠣᠰ ᠬᠦᠯᠢᠶᠡᠨ ᠠᠪᠤᠪᠠ ᠃ 2016 ᠣᠨ ᠳᠤ᠂ ᠸᠠᠩ ᠣᠪᠣᠭᠲᠤ ᠪᠠᠰᠠ ᠯᠢ ᠣᠪᠣᠭᠲᠤ ᠶᠢᠨ ᠨᠠᠶᠢᠳᠠᠯᠭ᠎ᠠ ᠶᠢ ᠬᠦᠯᠢᠶᠡᠵᠦ ᠂ ᠯᠢ ᠣᠪᠣᠭᠲᠤ ᠶᠢᠨ ᠲᠦᠷᠦᠯ ᠰᠠᠳᠤᠨ ᠵᠤᠤ ᠣᠪᠣᠭᠲᠤ ᠶᠢᠨ ᠬᠦᠴᠦᠷᠬᠡᠭᠯᠡᠨ ᠨᠥᠵᠢᠳᠯᠡᠭᠰᠡᠨ ᠬᠡᠷᠡᠭ ᠦᠨ ᠰᠢᠢᠳᠪᠦᠷᠢᠯᠡᠯᠲᠡ ᠳᠦ ᠬᠠᠪᠰᠤᠷᠤᠯᠭ᠎ᠠ ᠬᠠᠩᠭᠠᠵᠤ᠂ ᠯᠢ ᠣᠪᠣᠭᠲᠤ ᠶᠢᠨ ᠲᠦᠷᠦᠯ ᠰᠠᠳᠤᠨ ᠦ 5 ᠲᠦᠮᠡᠨ ᠲᠥᠭᠥᠷᠢᠭ ᠢ ᠬᠦᠯᠢᠶᠡᠨ ᠠᠪᠤᠪᠠ᠃ 2017 ᠣᠨ ᠠᠴᠠ 2018 ᠤᠨ ᠤ ᠬᠤᠭᠤᠷᠤᠨᠳᠦ᠂ ᠸᠠᠩ ᠣᠪᠣᠭᠲᠤ ᠬᠠᠷᠢᠶ᠎ᠠ ᠣᠷᠣᠨ ᠤ ᠦᠨᠳᠦᠰᠦᠨ ᠱᠠᠲᠤᠨ ᠤ ᠬᠣᠷᠢᠶᠠᠨ ᠤ ᠬᠣᠯᠪᠣᠭᠳᠠᠯ ᠪᠦᠬᠦᠢ ᠬᠥᠮᠦᠰ ᠲᠦ ᠤᠲᠠᠰᠤᠳᠠᠵᠤ᠂ 2 ᠶᠠᠯ᠎ᠠ ᠬᠢᠭᠰᠡᠨ ᠰᠡᠵᠢᠭᠳᠡᠨ ᠢ ᠬᠦᠨᠭᠭᠡᠨ ᠰᠢᠶᠳᠪᠦᠷᠢᠯᠡᠭᠦᠯᠬᠦ ᠪᠡᠷ ᠱᠠᠭᠠᠷᠳᠠᠪᠠ᠃ ᠡᠭᠦᠨ ᠡᠴᠡ ᠭᠠᠳᠠᠨ᠎ᠠ᠂ ᠸᠠᠩ ᠣᠪᠣᠭᠲᠤ ᠳᠤ ᠪᠠᠰᠠ ᠰᠠᠬᠢᠯᠭ᠎ᠠ ᠪᠠᠲᠤ ᠬᠠᠤᠯᠢ ᠴᠠᠭᠠᠵᠠ ᠶᠢ ᠵᠥᠷᠢᠴᠡᠭᠰᠡᠨ ᠪᠤᠰᠤᠳ ᠠᠰᠠᠭᠤᠳᠠᠯ ᠲᠠᠶ᠃
【ᠰᠢᠢᠳᠪᠦᠷᠢᠯᠡᠭᠰᠡᠨ ᠪᠠᠶᠢᠳᠠᠯ】
2018 ᠣᠨ ᠳᠤ ᠂ ᠸᠠᠩ ᠣᠪᠣᠭᠲᠤ ᠬᠠᠸᠯᠢ ᠪᠠᠷᠢᠯᠲᠠ ᠵᠢᠨ ᠬᠡᠷᠡᠭ ᠰᠢᠶᠳᠪᠦᠷᠢᠯᠡᠬᠦ ᠵᠡᠷᠬᠡ ᠰᠠᠬᠢᠯᠭ᠎ᠠ ᠪᠠᠲᠤ ᠬᠠᠸᠯᠢ ᠴᠠᠭᠠᠵᠠ ᠶᠢ ᠬᠦᠨᠳᠦ ᠨᠣᠴᠢᠲᠠᠶ ᠵᠥᠷᠢᠴᠡᠭᠰᠡᠨ ᠦᠶᠯᠡ ᠠᠵᠢᠯᠯᠠᠭ᠎ᠠ ᠠᠴᠠ ᠪᠣᠯᠵᠣ ᠨᠠᠮ ᠠᠴᠠ ᠬᠦᠭᠡᠭᠡᠭᠳᠡᠵᠦ ᠂ ᠠᠯᠪᠠᠨ ᠲᠤᠰᠢᠶᠠᠯ ᠠᠴᠠ ᠬᠦᠭᠡᠭᠡᠭᠳᠡᠬᠦ ᠰᠢᠢᠳᠬᠡᠯ ᠤᠯᠪᠠ ᠃ ᠱᠠᠮᠰᠢᠭᠰᠠᠨ᠂ ᠬᠡᠭᠡᠯᠢ ᠢᠳᠡᠭᠰᠡᠨ᠂ ᠬᠤᠪᠢ ᠶᠢᠨ ᠨᠠᠶᠢᠷ ᠢᠶᠠᠷ ᠬᠠᠸᠯᠢ ᠶᠢ ᠭᠠᠵᠢᠭᠤᠳᠠᠭᠤᠯᠤᠭᠰᠠᠨ ᠵᠡᠷᠭᠡ ᠶᠠᠯ᠎ᠠ ᠠᠴᠠ ᠪᠤᠯᠵᠤ᠂ ᠠᠷᠪᠠᠨ ᠨᠢᠭᠡ ᠵᠢᠯ ᠦᠨ ᠭᠠᠳᠠᠨ᠎ᠠ ᠵᠢᠷᠭᠤᠭᠠᠨ ᠰᠠᠷ᠎ᠠ ᠬᠤᠭᠤᠴᠠᠭ᠎ᠠ ᠲᠠᠶ ᠬᠣᠷᠢᠬᠤ ᠪᠠᠷ ᠰᠢᠢᠳᠬᠡᠭᠳᠡᠵᠦ᠂ 55 ᠲᠦᠮᠡᠨ ᠲᠥᠭᠥᠷᠢᠭ ᠵᠣᠭᠣᠰ ᠢᠶᠠᠷ ᠲᠣᠷᠭᠠᠬᠤ ᠪᠠᠷ ᠨᠡᠶᠢᠯᠡᠭᠦᠯᠦᠨ ᠰᠢᠢᠳᠬᠡᠭᠳᠡᠪᠡ᠃
【ᠦᠨᠡᠯᠡᠨ ᠵᠠᠳᠠᠯᠤᠭᠰᠠᠨ ᠰᠠᠨᠠᠯ】
ᠸᠠᠩ ᠣᠪᠣᠭᠲᠤ ᠪᠠᠶᠢᠴᠠᠭᠠᠬᠤ ᠪᠠᠶᠢᠭᠤᠯᠭ᠎ᠠ ᠶᠢᠨ ᠤᠳᠤᠷᠢᠳᠬᠤ ᠺᠠᠳ᠋ᠷ ᠪᠤᠯᠤᠭᠰᠠᠨ ᠤ ᠬᠤᠪᠢ ᠳ᠋ᠦ᠂ ᠨᠠᠮ ᠪᠠ ᠠᠷᠠᠳ ᠲᠦᠮᠡᠨ ᠦ ᠣᠯᠭᠣᠭᠰᠠᠨ ᠡᠷᠬᠡ ᠶᠢ ᠥᠪᠡᠷ ᠦᠨ ᠬᠤᠪᠢ ᠶᠢᠨ ᠠᠰᠢᠭ ᠤᠯᠬᠤ ᠪᠠᠭᠠᠵᠢ ᠪᠣᠯᠭᠠᠵᠤ᠂ 《ᠭᠤᠷᠪᠠᠨ ᠲᠣᠭᠲᠠᠭᠠᠯ》 ᠤᠨ ᠱᠠᠭᠠᠷᠳᠠᠯᠭ᠎ᠠ ᠶᠢ ᠦᠯᠦ ᠬᠠᠶᠢᠬᠤᠷᠤᠨ᠂ ᠪᠤᠰᠤᠤᠳ ᠤᠨ ᠨᠠᠶᠢᠳᠠᠯᠭ᠎ᠠ ᠶᠢ ᠤᠯᠠᠨᠳᠠ ᠬᠦᠯᠢᠶᠡᠨ ᠠᠪᠴᠤ᠂ ᠪᠤᠰᠤᠳ ᠤᠨ ᠬᠡᠭᠡᠯᠢ ᠬᠠᠬᠤᠤᠯᠢ ᠶᠢ ᠭᠦᠯᠢᠶᠡᠨ ᠠᠪᠴᠤ᠂ ᠲᠤᠰᠢᠶᠠᠯ ᠤᠨ ᠨᠦᠯᠦᠭᠡ ᠪᠠᠨ ᠠᠰᠢᠭᠯᠠᠨ᠂ ᠪᠤᠰᠤᠳ ᠢ ᠬᠠᠪᠰᠤᠷᠤᠨ ᠰᠢᠢᠳᠬᠡᠯ ᠢ ᠨᠢ ᠬᠥᠩᠭᠡᠷᠡᠭᠦᠯᠬᠦ ᠪᠤᠶᠤ ᠰᠢᠢᠳᠬᠡᠯ ᠡᠴᠡ ᠵᠠᠶᠢᠯᠠᠭᠤᠯᠵᠤ᠂ ᠪᠠᠶᠢᠴᠠᠭᠠᠬᠤ ᠪᠠᠶᠢᠭᠤᠯᠭ᠎ᠠ ᠶᠢᠨ ᠬᠠᠸᠯᠢ ᠶᠣᠰᠣᠭᠠᠷ ᠬᠡᠷᠡᠭ ᠢ ᠰᠢᠶᠳᠪᠦᠷᠢᠯᠡᠬᠦ ᠳᠦ ᠭᠠᠷ ᠳᠦᠷᠦᠭᠰᠡᠨ ᠨᠢ᠂ 《ᠤᠳᠤᠷᠢᠳᠬᠤ ᠺᠠᠳ᠋ᠷ ᠬᠠᠸᠯᠢ ᠪᠠᠷᠢᠬᠤ ᠠᠵᠢᠯᠯᠠᠭ᠎ᠠ ᠳᠤ ᠭᠠᠷ ᠲᠦᠷᠦᠭᠰᠡᠨ᠂ ᠪᠣᠳᠠᠲᠠᠶ ᠬᠡᠷᠡᠭ ᠢ ᠰᠢᠶᠳᠪᠦᠷᠢᠯᠡᠬᠦ ᠳᠦ ᠭᠠᠷ ᠳᠦᠷᠦᠬᠦ ᠶᠢ ᠲᠡᠮᠳᠡᠭᠯᠡᠬᠦ ᠂ ᠮᠡᠳᠡᠭᠳᠡᠬᠦ ᠪᠠ ᠬᠠᠷᠢᠭᠤᠴᠠᠯᠭ᠎ᠠ ᠨᠡᠬᠡᠮᠵᠢᠯᠡᠬᠦ ᠲᠣᠭᠲᠠᠭᠠᠯ》 ᠤᠨ ᠬᠣᠶᠠᠳᠤᠭᠠᠷ ᠵᠦᠶᠯ ᠦᠨ ᠲᠣᠭᠲᠠᠭᠠᠯ ᠢ ᠵᠥᠷᠢᠴᠡᠭᠰᠡᠨ ᠢᠶᠡᠷ ᠪᠠᠷᠠᠬᠤ ᠦᠭᠡᠢ᠂ ᠪᠠᠰᠠ ᠬᠠᠸᠯᠢ ᠴᠠᠭᠠᠵᠠ ᠶᠢᠨ ᠬᠤᠷᠢᠭ᠎ᠠ ᠱᠤᠭᠤᠮ ᠢ ᠳᠠᠪᠠᠵᠤ᠂ ᠡᠷᠡᠭᠦᠦ ᠵᠢᠨ ᠬᠠᠷᠢᠭᠤᠴᠠᠯᠭ᠎ᠠ ᠨᠡᠬᠡᠮᠵᠢᠯᠡᠭᠳᠡᠵᠦ᠂ ᠡᠴᠦᠰ ᠲᠡᠬᠡᠨ ᠭᠢᠨᠳᠠᠨ ᠳᠤ ᠬᠣᠷᠢᠭᠳᠠᠭᠠᠳ ᠭᠡᠮᠰᠢᠭᠰᠡᠨ ᠴᠦ ᠤᠷᠤᠶᠢᠳᠠᠵᠠᠢ᠃
5᠂ ××ᠰᠢᠶᠠᠨ ᠤ ᠠᠷᠠᠳ ᠤᠨ ᠪᠠᠶᠢᠴᠠᠭᠠᠬᠤ ᠬᠣᠷᠢᠶᠠᠨ ᠤ ᠦ᠋ ᠣᠪᠣᠭᠲᠤ 《ᠭᠤᠷᠪᠠᠨ ᠲᠣᠭᠲᠠᠭᠠᠯ》 ᠢ ᠵᠥᠷᠢᠴᠡᠭᠰᠡᠨ ᠬᠡᠷᠡᠭ
【ᠬᠡᠷᠡᠭ ᠦᠨ ᠪᠣᠳᠠᠲᠤ ᠤᠴᠢᠷ】
2015 ᠣᠨ ᠤ 10 ᠰᠠᠷ᠎ᠠ ᠳᠤ᠂ ᠲᠤᠬᠠᠢ ᠵᠢᠨ ᠦᠶ᠎ᠡ ᠳ᠋ᠦ ×× ᠰᠢᠶᠠᠨ ᠤ ᠠᠷᠠᠳ ᠤᠨ ᠪᠠᠶᠢᠴᠠᠭᠠᠬᠤ ᠬᠣᠷᠢᠶᠠᠨ ᠤ ᠮᠦᠷᠳᠡᠨ ᠪᠠᠶᠢᠴᠠᠭᠠᠯᠲᠠ ᠳᠤ ᠬᠢᠨᠠᠯᠲᠠ ᠲᠠᠯᠪᠢᠬᠤ ᠰᠠᠯᠠᠭᠠᠨ ᠳᠠᠷᠤᠭ᠎ᠠ ᠶᠢᠨ ᠲᠤᠰᠢᠶᠠᠯ ᠢ ᠬᠠᠷᠢᠭᠤᠴᠠᠵᠤ ᠪᠠᠶᠢᠭᠰᠠᠨ ᠦ᠋ ᠣᠪᠣᠭᠲᠤ ᠬᠠᠮᠲᠤ ᠰᠤᠷᠤᠭᠴᠢ ᠪᠠ ᠨᠠᠶᠢᠵᠠ ᠶᠢᠨ ᠢᠶᠠᠨ ᠨᠠᠶᠢᠷ ᠲᠠᠯ᠎ᠠ ᠶᠢ ᠬᠠᠷᠠᠵᠤ᠂ ᠡᠦ ᠣᠪᠣᠭᠲᠤ ᠵᠡᠷᠭᠡ ᠬᠥᠮᠦᠨ ᠦ ᠦᠢᠯᠡ ᠠᠵᠢᠯᠯᠠᠭ᠎ᠠ ᠨᠢ ᠵᠣᠷᠢᠭᠤᠳᠠ ᠬᠡᠷᠡᠭ ᠡᠲᠦᠵᠦ ᠤᠷᠰᠢᠭ ᠲᠠᠲᠠᠭᠰᠠᠨ ᠶᠠᠯ᠎ᠠ ᠬᠢᠭᠰᠡᠨ ᠰᠡᠵᠢᠭᠯᠡᠯᠲᠡᠢ ᠪᠠᠶᠢᠵᠤ᠂ ᠬᠠᠤᠯᠢ ᠴᠠᠭᠠᠵᠠ ᠶᠢᠨ ᠲᠣᠭᠲᠠᠭᠠᠯ ᠶᠣᠰᠣᠭᠠᠷ ᠬᠡᠷᠡᠭ ᠢ ᠬᠦᠴᠦᠨ ᠦᠭᠡᠢ ᠪᠣᠯᠭᠠᠨ ᠰᠢᠢᠳᠪᠦᠷᠢᠯᠡᠵᠦ ᠦᠯᠦ ᠪᠣᠯᠬᠤ ᠶᠢ ᠲᠣᠳᠣᠷᠬᠠᠢ ᠮᠡᠳᠡᠵᠦ ᠪᠠᠶᠢᠭᠠᠳ ᠂ ᠬᠠᠷᠢᠨ ᠶᠠᠯ᠎ᠠ ᠬᠢᠭᠰᠡᠨ ᠰᠡᠵᠢᠭᠳᠡᠨ ᠦ ᠬᠤᠭᠤᠯᠠ ᠶᠢ ᠢᠳᠡᠵᠦ᠂ ᠪᠤᠰᠤᠳ ᠤᠨ ᠬᠡᠭᠡᠯᠢ ᠬᠠᠬᠤᠤᠯᠢ ᠶᠢ ᠢᠳᠡᠨ᠂ ᠲᠣᠭᠲᠠᠭᠠᠯ ᠠᠴᠠ ᠵᠥᠷᠢᠴᠡᠨ ᠰᠡᠮᠡᠭᠡᠷ 《 ᠰᠢᠶᠠᠨ ᠤ ᠠᠷᠠᠳ ᠤᠨ ᠪᠠᠶᠢᠴᠠᠭᠠᠬᠤ ᠬᠣᠷᠢᠶᠠᠨ ᠤ ᠲᠤᠷᠰᠢᠨ ᠪᠠᠶᠢᠴᠠᠭᠠᠯᠲᠠ ᠳᠤ ᠬᠢᠨᠠᠯᠲᠠ ᠲᠠᠯᠪᠢᠬᠤ ᠰᠠᠯᠠᠭ᠎ᠠ 》 ᠶᠢᠨ ᠨᠡᠷ᠎ᠡ ᠪᠡᠷ ᠰᠢᠶᠠᠨ ᠤ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠠᠮᠤᠷ ᠢ ᠬᠠᠮᠠᠭᠠᠯᠠᠬᠤ ᠶᠡᠬᠡ ᠠᠩᠭᠢ ᠳᠤ 《 ᠮᠠᠨ ᠤ ᠰᠠᠯᠠᠭᠠᠨ ᠤ ᠦᠵᠡᠬᠦ ᠪᠡᠷ ᠰᠡᠵᠢᠭᠳᠡᠨ ᠡᠦ ᠣᠪᠣᠭᠲᠤ ᠶᠠᠯ᠎ᠠ ᠬᠢᠭᠰᠡᠨ ᠦᠢᠯᠡ ᠪᠠᠶᠢᠳᠠᠯ ᠨᠢ ᠬᠥᠩᠭᠡᠨ ᠂ ᠦᠯᠦ ᠵᠠᠭᠠᠯᠳᠤᠬᠤ ᠪᠤᠶᠤ ᠡᠷᠡᠭᠦᠦ ᠰᠢᠢᠳᠬᠡᠯ ( ᠣᠯᠭᠣᠬᠤ ) ᠡᠴᠡ ᠬᠡᠯᠲᠦᠷᠢᠭᠦᠯᠵᠦ ᠪᠣᠯᠤᠨ᠎ᠠ 》 ᠭᠡᠬᠦ 《 ᠪᠠᠶᠢᠴᠠᠭᠠᠬᠤ ᠰᠠᠨᠠᠭᠤᠯᠭ᠎ᠠ 》 ᠭᠠᠷᠭᠠᠵᠤ ᠂ ᠰᠢᠶᠠᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢ ᠬᠠᠪᠰᠤᠷᠴᠤ ᠡᠦ ᠣᠪᠣᠭᠲᠤ ᠵᠡᠷᠭᠡ ᠬᠥᠮᠦᠨ ᠦ ᠬᠡᠷᠡᠭ ᠡᠲᠦᠵᠦ ᠤᠷᠰᠢᠭ ᠲᠠᠲᠠᠭᠰᠠᠨ ᠬᠡᠷᠡᠭ ᠬᠢᠭᠰᠡᠨ ᠰᠡᠵᠢᠭᠯᠡᠯᠲᠡᠢ ᠬᠡᠷᠡᠭ ᠢ ᠬᠦᠴᠦᠨ ᠦᠭᠡᠢ ᠪᠣᠯᠭᠠᠵᠤ ᠰᠢᠢᠳᠪᠦᠷᠢᠯᠡᠭᠦᠯᠦᠭᠰᠡᠨ ᠡᠴᠡ ᠡᠦ ᠣᠪᠣᠭᠲᠤ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠬᠦ ᠡᠴᠡ ᠵᠠᠶᠢᠯᠠᠭᠰᠠᠨ ᠮᠥᠷᠲᠡᠭᠡᠨ ᠰᠢᠶᠠᠨ ᠤ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠬᠡᠷᠡᠭ ᠢ ᠬᠦᠴᠦᠨ ᠦᠭᠡᠢ ᠪᠣᠯᠭᠠᠭᠰᠠᠨ ᠦᠢᠯᠡ ᠠᠵᠢᠯᠯᠠᠭ᠎ᠠ ᠨᠢ ᠬᠠᠤᠯᠢ ᠳᠤ ᠦᠯᠦ ᠨᠡᠶᠢᠴᠡᠬᠦ ᠶᠢ ᠲᠣᠳᠣᠷᠬᠠᠢ ᠮᠡᠳᠡᠵᠦ ᠪᠠᠶᠢᠭᠠᠳ ᠬᠡᠷᠡᠭ ᠪᠣᠯᠭᠠᠨ ᠳᠠᠩᠰᠠᠯᠠᠬᠤ ᠳᠤ ᠬᠢᠨᠠᠯᠲᠠ ᠲᠠᠯᠪᠢᠬᠤ ᠠᠵᠢᠯ ᠤᠨ ᠡᠭᠦᠷᠭᠡ ᠬᠠᠷᠢᠭᠤᠴᠠᠯᠭ᠎ᠠ ᠪᠠᠨ ᠬᠠᠤᠯᠢ ᠶᠣᠰᠣᠭᠠᠷ ᠭᠦᠢᠴᠡᠳᠬᠡᠭᠰᠡᠨ ᠦᠭᠡᠢ ᠪᠠᠶᠢᠵᠤ᠂ ᠬᠠᠤᠯᠢ ᠶᠢ ᠵᠥᠷᠢᠴᠡᠵᠦ ᠬᠡᠷᠡᠭ ᠢ ᠬᠦᠴᠦᠨ ᠦᠭᠡᠢ ᠪᠣᠯᠭᠠᠭᠰᠠᠨ ᠦᠢᠯᠡ ᠠᠵᠢᠯᠯᠠᠭ᠎ᠠ ᠶᠢ ᠵᠠᠯᠠᠷᠠᠭᠤᠯᠤᠭᠰᠠᠨ ᠦᠭᠡᠢ᠃
【ᠰᠢᠢᠳᠪᠦᠷᠢᠯᠡᠭᠰᠡᠨ ᠪᠠᠶᠢᠳᠠᠯ】
2018 ᠣᠨ ᠤ 9 ᠰᠠᠷ᠎ᠠ ᠳᠤ᠂ ᠰᠢᠶᠠᠨ ᠤ ᠰᠠᠬᠢᠯᠭ᠎ᠠ ᠪᠠᠲᠤ ᠪᠠᠶᠢᠴᠠᠭᠠᠬᠤ ᠬᠣᠷᠢᠶᠠᠨ ᠤ ᠪᠠᠶᠢᠩᠭᠤ ᠶᠢᠨ ᠬᠣᠷᠢᠢ᠎ᠠ᠂ ᠬᠢᠨᠠᠨ ᠪᠠᠶᠢᠴᠠᠭᠠᠬᠤ ᠵᠥᠪᠯᠡᠯ ᠦᠨ ᠵᠥᠪᠯᠡᠯ ᠤᠨ ᠶᠠᠪᠤᠳᠠᠯ ᠤᠨ ᠬᠤᠷᠠᠯ ᠢᠶᠠᠷ ᠬᠢᠨᠠᠨ ᠵᠦᠪᠯᠡᠭᠡᠳ ᠰᠢᠶᠠᠨ ᠤ ᠵᠦᠪᠯᠡᠯ ᠦᠨ ᠪᠠᠶᠢᠩᠭᠤ ᠵᠢᠨ ᠬᠤᠷᠢᠶᠠᠨ ᠤ ᠬᠤᠷᠠᠯ ᠳᠤ ᠮᠡᠳᠡᠭᠦᠯᠦᠨ ᠵᠥᠪᠰᠢᠶᠡᠷᠡᠭᠦᠯᠵᠦ᠂ ᠦ᠋ ᠣᠪᠣᠭᠲᠤ ᠳᠤ ᠨᠠᠮ ᠠᠴᠠ ᠬᠥᠭᠡᠭᠡᠬᠦ ᠪᠠ ᠠᠯᠪᠠᠨ ᠲᠤᠰᠢᠶᠠᠯ ᠠᠴᠠ ᠨᠢ ᠤᠭᠴᠠᠷᠠᠭᠤᠯᠬᠤ ᠰᠢᠢᠳᠬᠡᠯ ᠥᠭᠬᠦ ᠪᠡᠷ ᠲᠣᠭᠲᠠᠪᠠ᠃ 2019 ᠣᠨ ᠤ 4 ᠰᠠᠷ᠎ᠠ ᠳᠤ᠂ ᠰᠢᠶᠠᠨ ᠤ ᠠᠷᠠᠳ ᠤᠨ ᠰᠢᠭᠦᠬᠦ ᠬᠣᠷᠢᠢ᠎ᠠ ᠡᠦ ᠣᠪᠣᠭᠲᠤ ᠶᠢ ᠬᠤᠪᠢ ᠶᠢᠨ ᠨᠠᠶᠢᠷ ᠢᠶᠡᠷ ᠬᠠᠤᠯᠢ ᠶᠢ ᠭᠠᠵᠢᠭᠤᠳᠠᠭᠤᠯᠤᠭᠰᠠᠨ ᠶᠠᠯ᠎ᠠ ᠪᠠᠷ ᠨᠢᠭᠡ ᠵᠢᠯ ᠬᠤᠭᠤᠴᠠᠭ᠎ᠠ ᠲᠠᠶ ᠬᠣᠷᠢᠬᠤ ᠪᠠᠷ ᠰᠢᠢᠳᠬᠡᠪᠡ᠃
【ᠦᠨᠡᠯᠡᠨ ᠵᠠᠳᠠᠯᠤᠭᠰᠠᠨ ᠰᠠᠨᠠᠯ】
ᠡᠦ ᠣᠪᠣᠭᠲᠤ ᠪᠠᠶᠢᠴᠠᠭᠠᠬᠤ ᠪᠠᠶᠢᠭᠤᠯᠭ᠎ᠠ ᠶᠢᠨ ᠲᠤᠬᠠᠶᠢᠯᠠᠭᠰᠠᠨ ᠠᠵᠢᠯ ᠤᠨ ᠰᠠᠯᠠᠭ᠎ᠠ ᠮᠥᠴᠢᠷ ᠦᠨ ᠬᠠᠷᠢᠭᠤᠴᠠᠯᠭᠠᠲᠠᠨ ᠪᠤᠯᠤᠭᠰᠠᠨ ᠤ ᠬᠤᠪᠢ ᠳ᠋ᠦ ᠂ ᠨᠠᠶᠢᠵᠠ ᠨᠥᠬᠥᠳ ᠪᠠ ᠬᠠᠮᠲᠤ ᠰᠤᠷᠤᠭᠴᠢ ᠶᠢᠨ ᠨᠠᠶᠢᠷ ᠲᠠᠯ᠎ᠠ ᠬᠠᠷᠠᠨ᠂ ᠵᠣᠭᠰᠣᠯᠲᠠ ᠪᠠ ᠵᠠᠷᠴᠢᠮ ᠢᠶᠠᠨ ᠠᠯᠳᠠᠵᠤ ᠂ ᠲᠣᠭᠲᠠᠭᠠᠯ ᠠᠴᠠ ᠵᠥᠷᠢᠴᠡᠨ ᠶᠠᠯ᠎ᠠ ᠬᠢᠭᠰᠡᠨ ᠰᠡᠵᠢᠭᠳᠡᠨ ᠂ ᠣᠨᠴᠠᠭᠠᠢ ᠬᠠᠷᠢᠴᠠᠭ᠎ᠠ ᠲᠠᠶ ᠬᠥᠮᠦᠨ ᠲᠡᠶ ᠳᠠᠯᠳᠠᠭᠤᠷ ᠠᠭᠤᠯᠵᠠᠵᠤ ᠂ ᠪᠤᠰᠤᠳ ᠤᠨ ᠵᠣᠭᠣᠰ ᠮᠥᠩᠭᠥ ᠡᠳ᠋ ᠪᠣᠳᠠᠰ ᠢ ᠬᠦᠯᠢᠶᠡᠨ ᠠᠪᠴᠤ᠂ 《ᠬᠠᠸᠯᠢ ᠪᠠᠷᠢᠬᠤ ᠠᠵᠢᠯᠲᠠᠨ ᠤ ᠬᠡᠷᠡᠭ ᠦᠨ ᠲᠤᠬᠠᠶ ᠶᠢᠨ ᠬᠥᠮᠦᠨ᠂ ᠬᠠᠸᠯᠢᠴᠢ᠂ ᠣᠨᠴᠠᠭᠠᠶ ᠬᠠᠷᠢᠴᠠᠭ᠎ᠠ ᠲᠠᠶ ᠬᠥᠮᠦᠨ ᠂ ᠵᠠᠭᠤᠴᠢ ᠵᠣᠬᠢᠶᠠᠨ ᠪᠠᠶᠢᠭᠤᠯᠤᠯᠲᠠ ᠲᠠᠢ ᠤᠶᠢᠷᠠᠳᠴᠤ ᠶᠠᠪᠤᠯᠴᠠᠬᠤ ᠦᠢᠯᠡ ᠠᠵᠢᠯᠯᠠᠭ᠎ᠠ ᠶᠢ ᠤᠯᠠᠮ ᠨᠢᠭᠡ ᠠᠯᠬᠤᠮ ᠵᠢᠷᠤᠮᠵᠢᠭᠤᠯᠬᠤ ᠲᠤᠬᠠᠶ ᠲᠣᠭᠲᠠᠭᠠᠯ ᠤᠳ》 ᠤᠨ ᠲᠠᠪᠤᠳᠤᠭᠠᠷ ᠵᠦᠶᠯ ᠦᠨ ᠲᠣᠭᠲᠠᠭᠠᠯ ᠢ ᠵᠥᠷᠢᠴᠡᠪᠡ︔ ᠪᠠᠶᠢᠴᠠᠭᠠᠬᠤ ᠲᠤᠰᠢᠶᠠᠯᠲᠠᠨ ᠪᠣᠯᠤᠭᠰᠠᠨ ᠤ ᠬᠤᠪᠢ ᠳᠤ ᠂ ᠬᠠᠤᠯᠢ ᠴᠠᠭᠠᠵᠠ ᠶᠢᠨ ᠬᠢᠨᠠᠯᠲᠠ ᠲᠠᠯᠪᠢᠬᠤ ᠡᠭᠦᠷᠭᠡ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠢ ᠭᠦᠢᠴᠡᠳᠬᠡᠪᠡᠯ ᠵᠣᠬᠢᠨ᠎ᠠ ᠂ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠬᠠᠤᠯᠢ ᠶᠣᠰᠣᠭᠠᠷ ᠬᠡᠷᠡᠭ ᠰᠢᠢᠳᠪᠦᠷᠢᠯᠡᠬᠦ ᠶᠢ ᠬᠢᠨᠠᠵᠤ ᠪᠤᠯᠤᠭᠰᠠᠨ ᠤ ᠬᠤᠪᠢ ᠳ᠋ᠦ ᠥᠴᠦᠬᠡᠨ ᠴᠦ ᠲᠤᠬᠠᠶᠢᠯᠠᠭᠰᠠᠨ ᠠᠵᠢᠯ ᠤᠨ ᠰᠠᠬᠢᠯᠭ᠎ᠠ ᠪᠠᠲᠤ ᠦᠭᠡᠢ ᠂ ᠬᠤᠪᠢ ᠶᠢᠨ ᠨᠠᠶᠢᠷ ᠢᠶᠠᠷ ᠬᠠᠤᠯᠢ ᠴᠠᠭᠠᠵᠠ ᠶᠢ ᠭᠠᠵᠢᠭᠤᠳᠠᠭᠤᠯᠵᠤ ᠂ 《ᠬᠠᠤᠯᠢ ᠪᠠᠷᠢᠬᠤ ᠪᠠᠶᠢᠭᠤᠯᠭ᠎ᠠ ᠶᠢᠨ ᠳᠣᠲᠣᠭᠠᠳᠤ ᠶᠢᠨ ᠠᠵᠢᠯᠳᠠᠨ ᠤ ᠬᠡᠷᠡᠭ ᠢ ᠠᠰᠠᠭᠤᠭᠰᠠᠨ ᠲᠡᠮᠳᠡᠭᠯᠡᠯ ᠪᠠ ᠬᠠᠷᠢᠭᠤᠴᠠᠯᠭ᠎ᠠ ᠨᠡᠬᠡᠮᠵᠢᠯᠡᠬᠦ ᠲᠣᠭᠲᠠᠭᠠᠯ》 ᠤᠨ ᠶᠢᠰᠦᠳᠦᠭᠡᠷ ᠵᠦᠢᠯ ᠦᠨ ᠲᠣᠭᠲᠠᠭᠠᠯ ᠢ ᠵᠥᠷᠢᠴᠡᠵᠦ ᠂ ᠳᠤᠷᠠᠪᠠᠷ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠳᠤ ᠰᠡᠵᠢᠭᠳᠡᠨ ᠢ ᠡᠷᠡᠭᠦᠦ ᠶᠢᠨ ᠬᠡᠷᠡᠭ ᠦᠨ ᠨᠡᠬᠡᠮᠵᠢᠯᠡᠬᠦ ᠡᠴᠡ ᠬᠡᠯᠲᠦᠷᠢᠭᠦᠯᠬᠦ 《 ᠪᠠᠶᠢᠴᠠᠭᠠᠬᠤ ᠰᠠᠨᠠᠭᠤᠯᠭ᠎ᠠ 》 ᠭᠠᠷᠭᠠᠵᠤ ᠂ ᠲᠡᠷᠡᠴᠢᠯᠡᠨ ᠬᠡᠷᠡᠭ ᠪᠣᠯᠭᠠᠨ ᠳᠠᠩᠰᠠᠯᠠᠬᠤ ᠳᠤ ᠬᠢᠨᠠᠯᠲᠠ ᠲᠠᠯᠪᠢᠬᠤ ᠡᠭᠦᠷᠭᠡ ᠬᠠᠷᠢᠭᠤᠴᠠᠯᠭ᠎ᠠ ᠪᠠᠨ ᠵᠤᠷᠢᠭᠤᠳᠠ ᠲᠠᠶᠠᠭᠳᠠᠵᠤ᠂ ᠶᠠᠯ᠎ᠠ ᠬᠢᠭᠰᠡᠨ ᠰᠡᠵᠢᠭᠯᠡᠯᠲᠡᠶ ᠬᠥᠮᠦᠨ ᠢ ᠬᠠᠸᠯᠢ ᠴᠠᠭᠠᠵᠠ ᠶᠢᠨ ᠵᠠᠯᠬᠠᠭᠠᠯ ᠠᠴᠠ ᠵᠠᠶᠢᠯᠠᠭᠤᠯᠪᠠ᠃ ᠡᠭᠦᠨ ᠡᠴᠡ ᠦᠵᠡᠬᠦ ᠳᠦ ᠂ ᠵᠥᠪᠬᠡᠨ 《 ᠭᠤᠷᠪᠠᠨ ᠲᠣᠭᠲᠠᠭᠠᠯ 》 ᠢ ᠴᠢᠩᠭ᠎ᠠ ᠲᠥᠪ ᠭᠣᠸᠯᠴᠢ ᠪᠠᠷ ᠬᠠᠸᠯᠢ ᠪᠠᠷᠢᠬᠤ ᠶᠢ ᠬᠦᠴᠦᠲᠡᠶ ᠪᠠᠲᠤᠯᠠᠵᠤ᠂ ᠲᠦᠮᠡᠨ ᠳᠤ ᠲᠥᠪ ᠭᠣᠸᠯᠴᠢ ᠰᠢᠳᠤᠷᠭᠤ ᠶᠣᠰᠣ ᠶᠢ ᠮᠡᠳᠡᠷᠡᠭᠦᠯᠵᠦ ᠴᠢᠳᠠᠨ᠎ᠠ᠃
6 ×× ᠬᠣᠲᠠ ᠶᠢᠨ ᠠᠷᠠᠳ ᠤᠨ ᠪᠠᠶᠢᠴᠠᠭᠠᠬᠤ ᠬᠣᠷᠢᠶᠠᠨ ᠤ ᠯᠢᠦ ᠣᠪᠣᠭᠲᠤ ᠵᠡᠷᠭᠡ ᠬᠥᠮᠦᠰ 《ᠭᠤᠷᠪᠠᠨ ᠲᠣᠭᠲᠠᠭᠠᠯ 》 ᠢ ᠵᠥᠷᠢᠴᠡᠭᠰᠡᠨ ᠬᠡᠷᠡᠭ 【ᠬᠡᠷᠡᠭ ᠦᠨ ᠪᠣᠳᠠᠲᠤ ᠤᠴᠢᠷ】
2017 ᠣᠨ ᠤ 1 ᠰᠠᠷ᠎ᠠ ᠂×× ᠬᠤᠳᠠ ᠶᠢᠨ ᠠᠷᠠᠳ ᠤᠨ ᠪᠠᠶᠢᠴᠠᠭᠠᠬᠤ ᠬᠣᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠳᠡᠳ᠋ ᠪᠠᠶᠢᠴᠠᠭᠠᠬᠤ ᠳᠠᠷᠤᠭ᠎ᠠ ᠶᠢᠨ ᠲᠤᠰᠢᠶᠠᠯ ᠢ ᠬᠠᠷᠢᠭᠤᠴᠠᠵᠤ ᠪᠠᠶᠢᠭᠰᠠᠨ ᠯᠢᠦ ᠣᠪᠣᠭᠲᠤ ᠨᠠᠶᠢᠳᠠᠯᠭ᠎ᠠ ᠂ ᠲᠤᠬᠠᠢ ᠶᠢᠨ ᠦᠶ᠎ᠡ ᠳᠦ ᠲᠤᠰ ᠬᠤᠳᠠ ᠶᠢᠨ××ᠲᠣᠭᠣᠷᠢᠭ ᠤᠨ ᠠᠷᠠᠳ ᠤᠨ ᠪᠠᠶᠢᠴᠠᠭᠠᠬᠤ ᠬᠣᠷᠢᠶᠠᠨ ᠤ ᠳᠡᠳ᠋ ᠪᠠᠶᠢᠴᠠᠭᠠᠬᠤ ᠳᠠᠷᠤᠭ᠎ᠠ ᠶᠢᠨ ᠲᠤᠰᠢᠶᠠᠯ ᠢ ᠬᠠᠷᠢᠭᠤᠴᠠᠵᠤ ᠪᠠᠶᠢᠭᠰᠠᠨ ᠲᠢᠶᠠᠨ ᠣᠪᠣᠭᠲᠤ ᠶᠢ ᠶᠠᠯ᠎ᠠ ᠬᠢᠭᠰᠡᠨ ᠰᠡᠵᠢᠭᠳᠡᠨ ᠵᠠᠩ ᠣᠪᠣᠭᠲᠤ ᠶᠢ ᠬᠠᠪᠰᠤᠷᠤᠨ ᠨᠡᠯᠢᠶᠡᠳ ᠬᠥᠩᠭᠡᠨ ᠨᠡᠬᠡᠮᠵᠢᠯᠡᠨ ᠂ ᠡᠷᠡᠭᠦᠦ ᠰᠢᠢᠳᠬᠡᠯ ᠢ ᠨᠢ ᠪᠠᠷ ᠴᠢᠷᠮᠠᠶᠢᠪᠠ ᠃ ᠲᠢᠶᠠᠨ ᠣᠪᠣᠭᠲᠤ ᠨᠠᠶᠢᠳᠠᠯᠭ᠎ᠠ ᠶᠢ ᠬᠦᠯᠢᠶᠡᠨ ᠠᠪᠤᠭᠰᠠᠨ ᠤ ᠳᠠᠷᠠᠭ᠎ᠠ ᠂ ᠲᠤᠬᠠᠶ ᠶᠢᠨ ᠦᠶ᠎ᠡ ᠳᠦ ᠲᠤᠰ ᠬᠣᠷᠢᠶᠠᠨ ᠤ ᠠᠯᠪᠠᠨ ᠵᠠᠭᠠᠯᠳᠤᠯᠭ᠎ᠠ ᠶᠢᠨ ᠰᠠᠯᠠᠭᠠᠨ ᠳᠠᠷᠤᠭ᠎ᠠ ᠂ ᠲᠤᠰ ᠬᠡᠷᠡᠭ ᠦᠨ ᠠᠯᠪᠠᠨ ᠵᠠᠭᠠᠯᠳᠤᠭᠴᠢ ᠪᠠᠶᠢᠭᠰᠠᠨ ᠭᠤᠤ ᠣᠪᠣᠭᠲᠤ ᠬᠡᠷᠡᠭ ᠰᠢᠶᠳᠪᠦᠷᠢᠯᠡᠬᠦ ᠳᠤᠮᠳᠠ ᠰᠢᠢᠳᠬᠡᠬᠦ ᠦᠢᠯᠡ ᠪᠠᠶᠢᠳᠠᠯ ᠢ ᠡᠷᠢᠬᠦ ᠶᠢ ᠱᠠᠭᠠᠷᠳᠠᠪᠠ ᠃ ᠰᠡᠭᠦᠯᠡᠷ ᠨᠢ ᠲᠢᠶᠠᠨ ᠣᠪᠣᠭᠲᠤ ᠂ ᠭᠤᠤ ᠣᠪᠣᠭᠲᠤ ᠭᠡᠷᠡᠴᠢᠯᠡᠬᠦ ᠭᠡᠷᠡᠴᠢ ᠪᠠᠷᠢᠮᠲᠠ ᠦᠭᠡᠢ ᠪᠠᠢᠳᠠᠯ ᠳᠣᠣᠷ᠎ᠠ ᠂ ᠵᠠᠭᠠᠯᠳᠤᠬᠤ ᠪᠢᠴᠢᠭ ᠲᠡᠬᠡᠨ 《ᠵᠠᠩ ᠣᠪᠣᠭᠲᠤ ᠵᠡᠷᠭᠡ ᠬᠥᠮᠦᠰ 》 ᠭᠡᠵᠦ ᠮᠠᠭᠠᠳᠯᠠᠨ ᠲᠣᠭᠲᠠᠭᠠᠭᠰᠠᠨ ᠪᠥᠭᠡᠳ ᠠᠷᠠᠳ ᠤᠨ ᠰᠢᠭᠦᠬᠦ ᠬᠣᠷᠢᠶᠠᠨ ᠳᠤ ᠭᠤᠷᠪᠠᠨ ᠵᠢᠯ ᠬᠤᠭᠤᠴᠠᠭ᠎ᠠ ᠲᠠᠶ ᠂ ᠳᠦᠭᠦᠮ ᠵᠢᠷᠤᠮ ᠢ ᠬᠡᠷᠡᠭᠯᠡᠨ ᠰᠢᠭᠦᠬᠦ ᠰᠠᠨᠠᠭᠤᠯᠭ᠎ᠠ ᠭᠠᠷᠭᠠᠪᠠ᠃ ᠬᠡᠷᠡᠭ ᠢ ᠰᠢᠭᠦᠬᠦ ᠬᠣᠷᠢᠶᠠᠨ ᠳᠤ ᠵᠠᠭᠠᠯᠳᠤᠭᠰᠠᠨ ᠤ ᠳᠠᠷᠠᠭ᠎ᠠ ᠂ ᠯᠢᠦ ᠣᠪᠣᠭᠲᠤ ᠪᠠᠰᠠ ᠲᠤᠬᠠᠶ ᠶᠢᠨ ᠦᠶ᠎ᠡ ᠳᠦ ᠲᠤᠰ ᠬᠤᠳᠠ ᠶᠢᠨ ᠠᠷᠠᠳ ᠤᠨ ᠳᠤᠮᠳᠠ ᠵᠡᠷᠭᠡ ᠶᠢᠨ ᠰᠢᠭᠦᠬᠦ ᠬᠣᠷᠢᠶᠠᠨ ᠳᠡᠳ᠋ ᠳᠠᠷᠤᠭ᠎ᠠ ᠪᠠᠶᠢᠭᠰᠠᠨ ᠾᠧ ᠣᠪᠣᠭᠲᠤ ᠶᠢ ᠨᠠᠶᠢᠳᠠᠵᠤ ᠲᠤᠬᠠᠶ ᠶᠢᠨ ᠦᠶ᠎ᠡ ᠶᠢᠨ ᠠᠷᠠᠳ ᠤᠨ ᠰᠢᠭᠦᠬᠦ ᠬᠣᠷᠢᠶᠠᠨ ᠤ ᠳᠠᠷᠤᠭ᠎ᠠ ᠪᠠᠶᠢᠭᠰᠠᠨ ᠸᠠᠩ ᠣᠪᠣᠭᠲᠤ (ᠲᠤᠰ ᠬᠣᠶᠠᠷ ᠬᠥᠮᠦᠨ ᠢ ᠥᠭᠡᠷ᠎ᠡ ᠬᠡᠷᠡᠭ ᠢᠶᠡᠷ ᠰᠢᠶᠳᠪᠦᠷᠢᠯᠡᠪᠡ) ᠵᠠᠩ ᠣᠪᠣᠭᠲᠤ ᠶᠢ ᠬᠠᠪᠰᠤᠷᠤᠨ ᠨᠡᠯᠢᠶᠡᠳ ᠬᠦᠨᠭᠭᠡᠨ ᠡᠷᠡᠭᠦᠸ ᠰᠢᠢᠳᠬᠡᠯ ᠢᠶᠡᠷ ᠂ ᠰᠡᠭᠦᠯᠡᠷ ᠨᠢ ᠲᠤᠰ ᠬᠣᠷᠢᠶ᠎ᠠ ᠠᠷᠪᠠᠨ ᠵᠢᠯ ᠡᠴᠡ ᠳᠡᠭᠡᠭᠰᠢ ᠬᠤᠭᠤᠴᠠᠭ᠎ᠠ ᠲᠠᠶ ᠬᠣᠷᠢᠬᠤ ᠪᠠᠷ ᠰᠢᠳᠬᠡᠬᠦ ᠶᠣᠰᠣᠲᠠᠶ ᠵᠠᠩ ᠣᠪᠣᠭᠲᠤ ᠢ ᠡᠷᠡᠭᠦᠸ ᠰᠢᠢᠳᠬᠡᠯ ᠢ ᠪᠠᠷ ᠰᠢᠢᠳᠬᠡᠪᠡ᠃
【ᠰᠢᠢᠳᠪᠦᠷᠢᠯᠡᠭᠰᠡᠨ ᠪᠠᠶᠢᠳᠠᠯ】
2019 ᠣᠨ ᠤ 5 ᠰᠠᠷ᠎ᠠ ᠳᠤ ᠂ ᠯᠢᠦ ᠣᠪᠣᠭᠲᠤ ᠶᠢ ᠨᠠᠮ ᠠᠴᠠ ᠬᠥᠭᠡᠭᠡᠵᠦ ᠂ ᠠᠵᠢᠯ ᠠᠴᠠ ᠪᠠᠨ ᠬᠠᠷᠠᠭᠠᠯᠵᠠᠯ ᠢ ᠨᠢ ᠬᠦᠴᠦᠨ ᠥᠬᠡᠶ ᠪᠣᠯᠭᠠᠪᠠ ︔ 2019 ᠣᠨ ᠤ 10 ᠰᠠᠷ᠎ᠠ ᠳᠤ ᠂ ᠯᠢᠦ ᠣᠪᠣᠭᠲᠤ ᠬᠠᠷ᠎ᠠ ᠵᠣᠬᠢᠶᠠᠨ ᠪᠠᠶᠢᠭᠤᠯᠤᠯᠲᠠ ᠶᠢ ᠵᠣᠬᠢᠶᠠᠨ ᠂ ᠤᠳᠤᠷᠢᠳᠤᠭᠰᠠᠨ ᠵᠡᠷᠭᠡ ᠶᠠᠯ᠎ᠠ ᠬᠣᠷᠢᠨ ᠲᠠᠪᠤᠨ ᠵᠢᠯ ᠬᠤᠭᠤᠴᠠᠭ᠎ᠠ ᠲᠠᠶ ᠬᠣᠷᠢᠬᠤ ᠪᠠᠷ ᠰᠢᠢᠳᠬᠡᠭᠳᠡᠪᠡ᠃ 2018 ᠣᠨ ᠤ 12 ᠰᠠᠷ᠎ᠠ ᠳᠤ ᠂ ᠬᠣᠲᠠ ᠶᠢᠨ ᠨᠠᠮ ᠤᠨ ᠬᠣᠷᠢᠶᠠᠨ ᠤ ᠪᠠᠶᠢᠩᠭᠤ ᠶᠢᠨ ᠬᠣᠷᠢᠶ᠎ᠠ ᠠᠴᠠ ᠲᠢᠶᠠᠨ ᠣᠪᠣᠭᠲᠤ ᠨᠠᠮ ᠠᠴᠠ ᠂ ᠠᠯᠪᠠᠨ ᠲᠤᠰᠢᠶᠠᠯ ᠠᠴᠠ ᠰᠢᠢᠳᠬᠡᠯ ᠥᠭᠬᠦ ᠪᠡᠷ ᠲᠣᠭᠲᠠᠪᠠ ︔ ᠨᠠᠮ ᠤᠨ ᠬᠣᠷᠢᠶᠠᠨ ᠤ ᠪᠠᠶᠢᠩᠭᠤ ᠶᠢᠨ ᠭᠤᠤ ᠣᠪᠣᠭᠲᠤ ᠳᠤ ᠨᠠᠮ ᠠᠴᠠ ᠂ ᠠᠯᠪᠠᠨ ᠲᠤᠰᠢᠶᠠᠯ ᠠᠴᠠ ᠨᠢ ᠰᠢᠢᠳᠬᠡᠯ ᠥᠭᠬᠦ ᠪᠡᠷ ᠲᠣᠭᠲᠠᠪᠠ᠃
【ᠦᠨᠡᠯᠡᠨ ᠵᠠᠳᠠᠯᠤᠭᠰᠠᠨ ᠰᠠᠨᠠᠯ】
×× ᠬᠣᠲᠠ ᠶᠢᠨ ᠠᠷᠠᠳ ᠤᠨ ᠪᠠᠶᠢᠴᠠᠭᠠᠬᠤ ᠬᠣᠷᠢᠶᠠᠨ ᠤ ᠤᠤᠯ ᠤᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ ᠂ ᠳᠡᠳ᠋ ᠪᠠᠶᠢᠴᠠᠭᠠᠬᠤ ᠳᠠᠷᠤᠭ᠎ᠠ ᠯᠢᠦ ᠣᠪᠣᠭᠲᠤ ᠦᠨᠳᠦᠰᠦᠨ ᠰᠠᠬᠢᠯᠭ᠎ᠠ ᠪᠠᠲᠤ ᠶᠢᠨ ᠤᠬᠠᠮᠰᠠᠷ ᠪᠠ ᠶᠣᠰᠣ ᠳᠦᠷᠢᠮ ᠦᠨ ᠤᠬᠠᠮᠰᠠᠷ ᠢᠶᠠᠷ ᠳᠤᠲᠠᠮᠠᠭ ᠪᠠᠶᠢᠵᠤ ᠂ ᠨᠠᠶᠢᠳᠠᠭᠰᠠᠨ ᠤᠴᠢᠷ ᠢ ᠲᠡᠮᠳᠡᠭᠯᠡᠬᠦ ᠦᠭᠡᠶ ᠮᠡᠳᠡᠭᠦᠯᠬᠦ ᠦᠭᠡᠶ ᠮᠥᠷᠲᠡᠭᠡᠨ ᠪᠠᠰᠠ ᠲᠤᠰᠢᠶᠠᠯ ᠤᠨ ᠢᠶᠠᠨ ᠨᠦᠯᠦᠭᠡ ᠪᠠᠨ ᠠᠰᠢᠭᠯᠠᠨ ᠂ ᠲᠣᠭᠲᠠᠭᠠᠯ ᠢ ᠵᠥᠷᠢᠴᠡᠨ ᠳᠣᠣᠷᠠᠳᠤ ᠱᠠᠲᠤᠨ ᠤ ᠪᠠᠶᠢᠴᠠᠭᠠᠬᠤ ᠬᠣᠷᠢᠶᠠᠨ ᠤ ᠬᠡᠷᠡᠭ ᠰᠢᠶᠳᠪᠦᠷᠢᠯᠡᠬᠦ ᠳᠦ ᠭᠠᠷ ᠳᠦᠷᠦᠵᠦ ᠂ 《ᠤᠳᠤᠷᠢᠳᠬᠤ ᠺᠠᠳ᠋ᠷ ᠬᠠᠸᠯᠢ ᠪᠠᠷᠢᠬᠤ ᠠᠵᠢᠯᠯᠠᠭ᠎ᠠ ᠳᠤ ᠭᠠᠷ ᠲᠦᠷᠦᠭᠰᠡᠨ᠂ ᠪᠣᠳᠠᠲᠠᠶ ᠬᠡᠷᠡᠭ ᠢ ᠰᠢᠶᠳᠪᠦᠷᠢᠯᠡᠬᠦ ᠳᠦ ᠭᠠᠷ ᠳᠦᠷᠦᠬᠦ ᠶᠢ ᠲᠡᠮᠳᠡᠭᠯᠡᠬᠦ ᠂ ᠮᠡᠳᠡᠭᠳᠡᠬᠦ ᠪᠠ ᠬᠠᠷᠢᠭᠤᠴᠠᠯᠭ᠎ᠠ ᠨᠡᠬᠡᠮᠵᠢᠯᠡᠬᠦ ᠲᠣᠭᠲᠠᠭᠠᠯ 》 ᠤᠨ ᠬᠣᠶᠠᠳᠤᠭᠠᠷ ᠵᠦᠢᠯ ᠦᠨ ᠲᠣᠭᠲᠠᠭᠠᠯ ᠢ ᠵᠥᠷᠢᠴᠡᠪᠡ ᠃ ᠬᠡᠷᠡᠭ ᠢ ᠰᠢᠭᠦᠬᠦ ᠬᠣᠷᠢᠶᠠᠨ ᠳᠤ ᠵᠠᠭᠠᠯᠳᠤᠭᠰᠠᠨ ᠤ ᠳᠠᠷᠠᠭ᠎ᠠ᠂ ᠯᠢᠦ ᠣᠪᠣᠭᠲᠤ ᠪᠠᠰᠠ ᠰᠢᠭᠦᠬᠦ ᠬᠣᠷᠢᠶᠠᠨ ᠤ ᠬᠣᠯᠪᠣᠭᠳᠠᠯ ᠪᠦᠬᠦᠢ ᠬᠥᠮᠦᠰ ᠢ ᠡᠷᠢᠨ ᠣᠯᠵᠤ᠂ ᠶᠠᠯ᠎ᠠ ᠬᠢᠭᠰᠡᠨ ᠰᠡᠵᠢᠭᠯᠡᠯᠲᠡᠢ ᠬᠥᠮᠦᠨ ᠦ ᠡᠮᠦᠨ᠎ᠡ ᠡᠴᠡ ᠨᠠᠶᠢᠷ ᠲᠠᠯ᠎ᠠ ᠬᠡᠯᠡᠵᠦ᠂ 《ᠬᠠᠤᠯᠢ ᠪᠠᠷᠢᠬᠤ ᠪᠠᠶᠢᠭᠤᠯᠭ᠎ᠠ ᠶᠢᠨ ᠳᠣᠲᠣᠭᠠᠳᠤ ᠶᠢᠨ ᠠᠵᠢᠯᠳᠠᠨ ᠤ ᠬᠡᠷᠡᠭ ᠢ ᠠᠰᠠᠭᠤᠭᠰᠠᠨ ᠲᠡᠮᠳᠡᠭᠯᠡᠯ ᠪᠠ ᠬᠠᠷᠢᠭᠤᠴᠠᠯᠭ᠎ᠠ ᠨᠡᠬᠡᠮᠵᠢᠯᠡᠬᠦ ᠲᠣᠭᠲᠠᠭᠠᠯ》 ᠤᠨ ᠶᠢᠰᠦᠳᠦᠭᠡᠷ ᠵᠦᠢᠯ ᠦᠨ ᠲᠣᠭᠲᠠᠭᠠᠯ ᠢ ᠵᠥᠷᠢᠴᠡᠪᠡ᠃ ᠲᠢᠶᠠᠨ ᠣᠪᠣᠭᠲᠤ ᠂ ᠭᠣᠣ ᠣᠪᠣᠭᠲᠤ ᠳᠡᠭᠡᠳᠦ ᠱᠠᠲᠤᠨ ᠤ ᠬᠣᠷᠢᠶᠠᠨ ᠤ ᠤᠳᠤᠷᠢᠳᠤᠯᠭ᠎ᠠ ᠶᠢᠨ ᠳᠤᠷᠠᠳᠤᠭᠰᠠᠨ ᠶᠤᠰᠤ ᠳᠦᠷᠢᠮ ᠬᠠᠥᠯᠢ ᠴᠠᠭᠠᠵᠠ ᠠᠴᠠ ᠵᠦᠷᠢᠴᠡᠭᠦ ᠱᠠᠭᠠᠷᠳᠠᠯᠭ᠎ᠠ ᠵᠢᠨ ᠡᠮᠦᠨ᠎ᠡ᠂ ᠵᠠᠷᠴᠢᠮ ᠠᠴᠠ ᠲᠡᠷᠰᠯᠡᠭᠰᠡᠨ ᠦᠢᠯᠡ ᠠᠵᠢᠯᠯᠠᠭ᠎ᠠ ᠶᠢ ᠲᠡᠪᠴᠢᠭᠰᠡᠨ ᠦᠭᠡᠢ ᠮᠦᠷᠲᠡᠭᠡᠨ ᠲᠡᠮᠳᠡᠭᠯᠡᠯ ᠬᠢᠵᠦ ᠮᠡᠳᠡᠭᠦᠯᠦᠭᠰᠡᠨ ᠦᠭᠡᠢ᠂ ᠬᠠᠷᠢᠨ ᠤᠳᠤᠷᠢᠳᠤᠯᠭ᠎ᠠ ᠳ᠋ᠦ ᠢᠳᠡᠪᠬᠢᠲᠡᠶ ᠪᠡᠷ ᠨᠡᠶᠢᠴᠠᠭᠦᠯᠵᠦ ᠂ ᠴᠢᠨᠠᠭᠰᠢᠯᠠᠪᠠᠯ ᠬᠠᠤᠯᠢ ᠵᠥᠷᠢᠴᠡᠨ ᠬᠡᠷᠡᠭ ᠰᠢᠶᠳᠪᠦᠷᠢᠯᠡᠵᠦ ᠂ ᠡᠴᠦᠰ ᠲᠡᠬᠡᠨ 《 ᠬᠣᠶᠠᠷ ᠡᠴᠡ ᠬᠦᠭᠡᠭᠡᠭᠳᠡᠬᠦ 》 ᠰᠢᠶᠳᠬᠡᠯ ᠣᠯᠤᠭᠰᠠᠨ ᠪᠠᠶᠢᠨ᠎ᠠ ᠃ ᠬᠠᠮᠲᠤ ᠪᠠᠷ 《ᠭᠤᠷᠪᠠᠨ ᠲᠣᠭᠲᠠᠭᠠᠯ》 ᠢ ᠵᠦᠷᠢᠴᠡᠬᠦ ᠡᠴᠡ ᠡᠬᠢᠯᠡᠵᠦ᠂ ᠬᠠᠮᠤᠭ ᠡᠴᠦᠰ ᠲᠦ ᠪᠠᠶᠢᠴᠠᠭᠠᠬᠤ ᠪᠠᠶᠢᠭᠤᠯᠭ᠎ᠠ᠂ ᠰᠢᠭᠦᠬᠦ ᠬᠣᠷᠢᠶᠠᠨ ᠤ ᠤᠯᠠᠨ ᠤᠳᠤᠷᠢᠳᠬᠤ ᠺᠠᠳ᠋ᠷ ᠤᠨ ᠰᠠᠬᠢᠯᠭ᠎ᠠ ᠪᠠᠲᠤ ᠶᠢ ᠵᠥᠷᠢᠴᠡᠵᠦ ᠬᠠᠸᠯᠢ ᠶᠢ ᠵᠥᠷᠢᠴ ᠡᠭᠰᠡᠨ ᠴᠢᠨᠠᠭᠰᠢᠯᠠᠪᠠᠯ ᠶᠠᠯᠠᠲᠤ ᠬᠡᠷᠡᠭ ᠬᠢᠭᠰᠡᠨ ᠨᠢ《ᠭᠤᠷᠪᠠᠨ ᠲᠣᠭᠲᠠᠭᠠᠯ》 ᠢ ᠴᠢᠩᠭ᠎ᠠ ᠲᠤᠸᠱᠯᠠᠭᠤᠯᠤᠨ ᠨᠠᠶᠢᠳᠠᠪᠤᠷᠢᠵᠢᠭᠤᠯᠬᠤ ᠶᠢᠨ ᠴᠢᠬᠤᠯᠠ ᠦᠷᠳᠡᠭ ᠪᠠ ᠠᠴᠢ ᠬᠣᠯᠪᠣᠭᠳᠠᠯ ᠢ ᠳᠠᠬᠢᠨᠲᠠ ᠢᠯᠡᠷᠬᠡᠶᠢᠯᠡᠵᠠᠢ᠃