ᠲᠡᠷᠢᠭᠦᠨ ᠨᠢᠭᠤᠷ  -  ᠪᠠᠶᠢᠴᠠᠭᠠᠬᠤ ᠬᠥᠳᠡᠯᠦᠯ ᠪᠠᠶᠢᠳᠠᠯ

︽ᠪᠠᠶᠢᠴᠠᠭᠠᠬᠤ ᠡᠳᠦᠷ ᠦᠨ ᠰᠣᠨᠢᠨ︾  ᠤ ᠬᠣᠶᠠᠷ ᠬᠤᠷᠠᠯ ᠤᠨ ᠣᠨᠴᠠᠭᠠᠶ ᠮᠡᠲᠡᠭᠡᠯᠡᠯ ᠯᠢ ᠴᠢ ᠯᠢᠨ ᠲᠥᠯᠥᠭᠡᠯᠡᠭᠴᠢ  ᠶᠢᠨ ᠶᠠᠷᠢᠶ᠎ᠠ ᠶᠢ ᠨᠡᠶᠢᠲᠡᠯᠡᠪᠡ ᠄ ᠪᠥᠬᠥ ᠨᠡᠶᠢᠭᠡᠮ ᠳᠦ ᠬᠠᠸᠯᠢ ᠪᠠᠷ ᠵᠠᠰᠠᠬᠤ ᠬᠦᠴᠦᠨ ᠢ ᠬᠦᠴᠦᠲᠡᠶ ᠲᠠᠮᠵᠢᠭᠤᠯᠤᠨᠠᠮ

2020-06-01 17:06:20
ᠵᠣᠬᠢᠶᠠᠭᠴᠢ
ᠭᠡᠭᠡᠷᠡᠯ

W020200527657214501237.png


5 ᠰᠠᠷ᠎ᠠ ᠶᠢᠨ 27 ᠤ ᠡᠳᠦᠷ ᠂ ︽ ᠪᠠᠶᠢᠴᠠᠭᠠᠬᠤ ᠡᠳᠦᠷ ᠦᠨ ᠰᠣᠨᠢᠨ ︾ ᠦ 3 ᠳ᠋ᠤᠭᠠᠷ ᠨᠢᠭᠤᠷ  ᠲᠤ  ᠯᠢ ᠴᠢ ᠯᠢᠨ ᠪᠠᠶᠢᠴᠠᠭᠠᠬᠤ ᠳᠠᠷᠤᠭ᠎ᠠ  ᠶᠢᠨ ᠠᠷᠪᠠᠨ ᠭᠤᠷᠪᠠᠳᠤᠭᠠᠷ ᠬᠤᠭᠤᠴᠠᠭᠠᠨ ᠤ ᠪᠥᠬᠥ ᠤᠯᠤᠰ ᠤᠨ ᠠᠷᠠᠳ ᠤᠨ ᠲᠥᠯᠥᠭᠡᠯᠡᠭᠴᠢᠳ ᠦᠨ ᠶᠡᠬᠡ ᠬᠤᠷᠠᠯ ᠤᠨ ᠭᠤᠷᠪᠠᠳᠤᠭᠠᠷ ᠬᠤᠷᠠᠯᠳᠤᠭᠠᠨ ᠤ ᠥᠪᠥᠷ ᠮᠣᠩᠭᠣᠯ ᠤᠨ ᠲᠥᠯᠥᠭᠡᠯᠡᠭᠴᠢᠳ ᠦᠨ ᠪᠦᠯᠬᠦᠮ ᠦᠨ ︽ᠬᠤᠶᠠᠷ ᠬᠤᠷᠢᠶ᠎ᠠ︾  ᠶᠢᠨ ᠠᠵᠢᠯ ᠤᠨ ᠢᠯᠡᠳᠬᠡᠯ ᠢ ᠬᠢᠨᠠᠨ ᠵᠦᠪᠯᠡᠬᠦ ᠦᠶ᠎ᠡ ᠳᠦ ᠬᠡᠯᠡᠭᠰᠡᠨ ᠦᠭᠡ ᠄ ᠪᠥᠬᠥ ᠨᠡᠶᠢᠭᠡᠮ ᠳᠦ ᠬᠠᠸᠯᠢ ᠪᠠᠷ ᠵᠠᠰᠠᠬᠤ ᠬᠦᠴᠦᠨ ᠢ ᠬᠦᠴᠦᠲᠡᠶ ᠲᠠᠮᠵᠢᠭᠤᠯᠤᠨᠠᠮ᠃


W020200527657217246859.jpg


ᠯᠢ ᠴᠢ ᠯᠢᠨ ᠢᠯᠡᠷᠬᠡᠶᠢᠯᠡᠬᠦ ᠳᠡᠭᠡᠨ ᠂  ︽ᠬᠤᠶᠠᠷ ᠬᠤᠷᠢᠶ᠎ᠠ︾  ᠶᠢᠨ ᠠᠵᠢᠯ  ᠤᠨ ᠮᠡᠳᠡᠭᠦᠯᠦᠯᠲᠡ ᠨᠢ ᠰᠢ ᠶᠢᠨ ᠫᠢᠩ ᠦᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠣᠯᠤᠨ ᠶᠡᠷᠦᠩᠬᠡᠢ ᠱᠦᠵᠢ ᠶᠢᠨ ᠤᠯᠤᠰ ᠲᠦᠷᠦ ᠬᠠᠤᠯᠢ ᠴᠠᠭᠠᠵᠠ ᠶᠢᠨ ᠠᠵᠢᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠲᠤᠭᠤᠰᠢᠯᠠᠭᠤᠯᠵᠤ᠂ ᠰᠢᠭᠦᠬᠦ ᠬᠣᠷᠢᠢ᠎ᠠ ᠪᠠᠶᠢᠴᠠᠭᠠᠬᠤ ᠬᠣᠷᠢᠢ᠎ᠠ ᠬᠣᠶᠠᠷ ᠬᠣᠷᠢᠢ᠎ᠠ ᠶᠢᠨ ᠨᠠᠮ ᠤᠨ ᠲᠥᠪ ᠬᠣᠷᠢᠶᠠᠨ ᠤ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠡᠷᠡᠰ ᠲᠤᠭᠤᠰᠢᠯᠠᠭᠤᠯᠤᠨ ᠨᠠᠶᠢᠳᠠᠪᠤᠷᠢᠵᠢᠭᠤᠯᠤᠭᠰᠠᠨ ᠰᠢᠨ᠎ᠡ ᠠᠮᠵᠢᠯᠲᠠ ᠶᠢ ᠭᠦᠢᠴᠡᠳ ᠬᠠᠷᠠᠭᠤᠯᠤᠨ ᠂ ᠰᠢᠨ᠎ᠡ ᠴᠠᠭ ᠦᠶ᠎ᠡ ᠶᠢᠨ ᠠᠷᠠᠳ ᠣᠯᠠᠨ ᠤ ᠲᠥᠪ ᠭᠣᠣᠯᠴᠢ ᠬᠠᠤᠯᠢ ᠪᠠᠷᠢᠬᠤ ᠰᠢᠨ᠎ᠡ ᠬᠦᠰᠡᠯ ᠡᠷᠡᠮᠡᠯᠵᠡᠯ ᠳᠦ ᠬᠠᠷᠢᠭᠤᠯᠲᠠ ᠥᠭᠴᠦ ᠂ ᠪᠦᠬᠦ ᠨᠡᠶᠢᠭᠡᠮ ᠳᠦ ᠬᠠᠸᠯᠢ ᠪᠠᠷ ᠵᠠᠰᠠᠬᠤ ᠣᠶᠢᠯᠠᠭᠠᠭᠳᠠᠬᠤᠨ ᠪᠠ ᠬᠠᠸᠯᠢ ᠪᠠᠷ ᠵᠠᠰᠠᠬᠤ ᠬᠦᠴᠦᠨ ᠢ ᠬᠦᠴᠦᠲᠡᠶ ᠳᠠᠮᠵᠢᠭᠤᠯᠵᠤ᠂ ᠡᠨᠡ ᠬᠣᠶᠠᠷ ᠮᠡᠳᠡᠭᠦᠯᠦᠯᠲᠡ ᠶᠢ ᠪᠦᠷᠢᠮᠦᠰᠦᠨ ᠵᠥᠪᠰᠢᠶᠡᠷᠡᠵᠦ ᠪᠠᠶᠢᠬᠤ  ᠪᠠᠨ ᠢᠯᠡᠳᠬᠡᠪᠡ ᠃

ᠯᠢ ᠴᠢ ᠯᠢᠨ ᠦ ᠦᠵᠡᠬᠦ ᠪᠡᠷ ᠂ ᠥᠩᠭᠡᠷᠡᠭᠰᠡᠨ ᠨᠢᠭᠡ ᠵᠢᠯ ᠳᠦ ᠂ ᠪᠦᠬᠦ ᠤᠯᠤᠰ  ᠤᠨ  ᠪᠠᠶᠢᠴᠠᠭᠠᠬᠤ ᠪᠠᠶᠢᠭᠤᠯᠭ᠎ᠠ 《 ᠳᠥᠷᠪᠡᠨ ᠶᠡᠬᠡ ᠪᠠᠶᠢᠴᠠᠭᠠᠬᠤ 》ᠡᠭᠦᠷᠭᠡ ᠲᠤᠰᠢᠶᠠᠯ ᠢᠶᠠᠨ ᠪᠦᠬᠦ ᠲᠠᠯ᠎ᠠ ᠪᠠᠷ ᠭᠦᠢᠴᠡᠳᠭᠡᠨ ᠂ 《ᠠᠷᠪᠠᠨ ᠶᠡᠬᠡ ᠲᠤᠬᠠᠶᠢᠯᠠᠭᠰᠠᠨ ᠠᠵᠢᠯ 》 ᠢ ᠯᠠᠪᠳᠠᠭᠤᠨ ᠪᠠᠲᠤᠲᠠᠶ ᠠᠬᠢᠭᠤᠯᠵᠤ ᠂ ᠦᠨᠳᠦᠰᠦᠨ ᠬᠠᠤᠯᠢ ᠬᠠᠤᠯᠢ ᠴᠠᠭᠠᠵᠠ ᠠᠴᠠ ᠣᠯᠭᠣᠭᠰᠠᠨ ᠬᠠᠤᠯᠢ ᠴᠠᠭᠠᠵᠠ ᠶᠢᠨ ᠬᠢᠨᠠᠯᠲᠠ ᠲᠠᠯᠪᠢᠬᠤ ᠡᠭᠦᠷᠭᠡ ᠬᠠᠷᠢᠭᠤᠴᠠᠯᠭ᠎ᠠ ᠪᠠᠨ ᠨᠠᠩ ᠭᠦᠢᠴᠡᠳ ᠭᠦᠢᠴᠡᠳᠭᠡᠨ ᠂ ᠪᠠᠶᠢᠴᠠᠭᠠᠬᠤ ᠠᠵᠢᠯ ᠦᠶᠯᠡᠰ ᠰᠢᠨ᠎ᠡ ᠬᠥᠭᠵᠢᠯᠲᠡ ᠲᠠᠪᠰᠢᠯᠲᠠ  ᠲᠡᠶ ᠪᠣᠯᠪᠠ᠃ ᠮᠡᠳᠡᠭᠦᠯᠦᠯᠲᠡ  ᠳᠦ ᠬᠡᠳᠦᠨ ᠬᠢᠯᠠᠰ ᠴᠡᠭ ᠪᠤᠢ᠄ ᠬᠠᠤᠯᠢ ᠶᠣᠰᠣᠭᠠᠷ ᠰᠡᠷᠭᠡᠶᠢᠯᠡᠨ ᠡᠵᠡᠮᠳᠡᠬᠦ ᠱᠠᠭᠠᠷᠳᠠᠯᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠶᠡᠬᠡ ᠲᠠᠯ᠎ᠠ ᠳᠤ ᠦᠢᠯᠡᠴᠢᠯᠡᠵᠦ ᠤᠨᠤᠴᠢᠲᠠᠢ ᠪᠣᠳᠠᠲᠠᠢ ᠶᠢ ᠡᠷᠬᠢᠮᠯᠡᠨ ᠂ ᠬᠠᠤᠯᠢ  ᠪᠠᠷ ᠵᠠᠰᠠᠬᠤ  ᠶᠢ ᠬᠦᠳᠦᠯᠥᠨ ᠲᠠᠭᠠᠭᠤᠯᠤᠨ ᠠᠬᠢᠭᠤᠯᠵᠤ ᠂ ᠨᠡᠶᠢᠭᠡᠮ ᠦᠨ ᠵᠠᠰᠠᠯᠲᠠ ᠶᠢ ᠢᠳᠡᠪᠬᠢᠲᠡᠢ ᠠᠬᠢᠭᠤᠯᠤᠨ ᠂ ᠠᠳᠬᠤᠵᠤ ᠪᠠᠶᠢᠴᠠᠭᠠᠬᠤ ᠠᠵᠢᠯ ᠢ ᠴᠢᠩᠭ᠎ᠠ ᠠᠳᠬᠤᠬᠤ ᠶᠢ ᠥᠴᠦᠬᠡᠨ ᠴᠦ ᠰᠤᠯᠠᠷᠠᠭᠤᠯᠤᠯ ᠦᠭᠡᠢ ᠴᠢᠩᠭᠠᠳᠬᠠᠪᠠ ᠃


W020200527657217530275.png

ᠯᠢ ᠴᠢ ᠯᠢᠨ ᠴᠢᠬᠤᠯᠠᠴᠢᠯᠠᠭᠰᠠᠨ ᠨᠢ ᠂ ᠥᠪᠥᠷ ᠮᠣᠩᠭᠣᠯ ᠤᠨ ᠪᠠᠶᠢᠴᠠᠭᠠᠬᠤ ᠪᠠᠶᠢᠭᠤᠯᠭ᠎ᠠ ᠡᠨᠡ ᠵᠢᠯ ᠨᠠᠮ ᠤᠨ ᠲᠥᠪ ᠬᠣᠷᠢᠶ᠎ᠠ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠣᠷᠢᠶ᠎ᠠ ᠂ ᠠᠷᠠᠳ ᠤᠨ ᠳᠡᠭᠡᠳᠦ ᠪᠠᠶᠢᠴᠠᠭᠠᠬᠤ ᠬᠣᠷᠢᠶ᠎ᠠ ᠶᠢᠨ ᠴᠢᠬᠤᠯᠠ ᠶᠡᠬᠡ ᠰᠢᠶᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠲᠤᠸᠱᠯᠠᠭᠤᠯᠤᠨ ᠨᠠᠶᠢᠳᠠᠪᠤᠷᠢᠵᠢᠭᠤᠯᠬᠤ ᠪᠠᠷ ︽ ᠭᠣᠸᠯ ᠰᠢᠵᠢᠮ ︾ ᠪᠤᠯᠭᠠᠨ ᠂ ᠬᠠᠸᠯᠢ ᠴᠠᠭᠠᠵᠠ ᠶᠢᠨ ᠬᠢᠨᠠᠯᠲᠠ ᠲᠠᠯᠪᠢᠯᠲᠠ ᠶᠢ ᠴᠢᠩᠭᠠᠳᠬᠠᠬᠤ ᠪᠠ ᠡᠩᠨᠡᠭᠡ ᠶᠢᠨ ᠬᠥᠮᠦᠵᠢᠯ ᠴᠡᠭᠴᠡᠯᠡᠯᠲᠡ ᠶᠢ ᠰᠠᠶᠢᠲᠤᠷ ᠠᠳᠬᠤᠬᠤ ᠪᠠᠷ ︽ ᠭᠣᠸᠯ ᠲᠡᠩᠭᠡᠯᠢᠭ ︾ ᠪᠣᠯᠭᠠᠵᠤ ᠂ ᠤᠯᠤᠰ ᠲᠥᠷᠥ ᠶᠢᠨ ᠤᠬᠠᠮᠰᠠᠷ ᠂ ᠬᠠᠤᠯᠢ ᠪᠠᠷ ᠵᠠᠰᠠᠬᠤ ᠤᠬᠠᠮᠰᠠᠷ ᠂ ᠪᠠᠶᠢᠴᠠᠭᠠᠬᠤ ᠤᠬᠠᠮᠰᠠᠷ ᠢ ᠳᠡᠭᠡᠭᠰᠢᠯᠡᠭᠦᠯᠬᠦ ᠪᠡᠷ 《 ᠭᠣᠣᠯ ᠬᠥᠭ ᠠᠶᠠᠰ 》 ᠪᠤᠯᠭᠠᠨ ᠂ 《ᠲᠦᠷᠪᠡᠨ ᠶᠡᠬᠡ ᠪᠠᠶᠢᠴᠠᠭᠠᠬᠤ 》 ᠶᠢᠨ ᠪᠦᠬᠦ ᠲᠠᠯ᠎ᠠ  ᠪᠠᠷ  ᠵᠣᠬᠢᠴᠠᠩᠭᠤᠶ ᠪᠥᠭᠡᠳ ᠭᠦᠶᠴᠡᠳ ᠬᠥᠭᠵᠢᠯᠲᠡ ᠶᠢ ᠠᠬᠢᠭᠤᠯᠪᠠ᠃


ᠢᠷᠡᠯᠲᠡ
ᠥᠪᠡᠷᠲᠡᠭᠡᠨ ᠵᠠᠰᠠᠬᠤ ᠣᠷᠤᠨ ᠤ ᠪᠠᠢᠴᠠᠭᠠᠬᠤ ᠬᠣᠷᠢᠶ᠎ᠠ ᠶᠢᠨ ᠣᠷᠴᠢᠭᠤᠯᠭ᠎ᠠ ᠶᠢᠨ ᠭᠠᠵᠠᠷ
2014-2022 © ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠴᠠᠭᠠᠬᠤ ᠬᠣᠷᠢᠶ᠎ᠠ ᠥᠮᠴᠢᠯᠡᠯ ᠦᠨ ᠡᠷᠬᠡ ᠲᠠᠢ ᠵᠣᠬᠢᠶᠠᠯ ᠪᠦᠲᠦᠭᠡᠯ ᠦᠨ ᠡᠷᠬᠡ ᠶ᠋ᠢ ᠬᠠᠤᠯᠢ ᠪᠠᠷ ᠬᠠᠮᠠᠭᠠᠯᠠᠭᠰᠠᠨ ᠂ ᠵᠥᠪᠰᠢᠶᠡᠷᠡᠯ ᠦᠭᠡᠢ ᠪᠡᠷ ᠬᠠᠭᠤᠯᠪᠤᠷᠢᠯᠠᠬᠤ ᠶ᠋ᠢ ᠡᠷᠡᠰ ᠬᠣᠷᠢᠭᠯᠠᠨ᠎ᠠ ᠬᠠᠷᠢᠯᠴᠠᠬᠤ ᠤᠲᠠᠰᠤ ᠄ 0471-4628760 ᠢᠮᠧᠯ ᠄ eerhe@nm.pro