ᠲᠡᠷᠢᠭᠦᠨ ᠨᠢᠭᠤᠷ  -  ᠪᠠᠶᠢᠴᠠᠭᠠᠬᠤ ᠬᠥᠳᠡᠯᠦᠯ ᠪᠠᠶᠢᠳᠠᠯ

ᠯᠢ ᠴᠢ ᠯᠢᠨ ᠪᠠᠶᠢᠴᠠᠭᠠᠬᠤ ᠳᠠᠷᠤᠭ᠎ᠠ ᠦᠬᠠᠶ ᠳᠤ ᠬᠦᠷᠴᠦ ︽6.28︾ ᠤ ᠬᠠᠷ᠎ᠠ ᠪᠦᠯᠦᠭᠲᠡᠨ  ᠳᠦ ᠬᠣᠯᠪᠣᠭᠳᠠᠭᠰᠠᠨ ᠬᠡᠷᠡᠭ ᠦᠨ ᠲᠢᠩᠬᠢᠮ ᠦᠨ ᠰᠢᠭᠦᠯᠲᠡ ᠶᠢ ᠵᠢᠯᠣᠭᠣᠳᠪᠠ

2020-06-12 11:02:52
ᠵᠣᠬᠢᠶᠠᠭᠴᠢ
ᠭᠡᠭᠡᠷᠡᠯ

6 ᠰᠠᠷ᠎ᠠ ᠶᠢᠨ 8 ᠤ ᠡᠳᠦᠷ ᠦᠨ ᠦᠳᠡ ᠶᠢᠨ ᠬᠣᠶᠢᠨ᠎ᠠ ᠂ ᠯᠢ ᠴᠢ ᠯᠢᠨ ᠪᠠᠶᠢᠴᠠᠭᠠᠬᠤ ᠳᠠᠷᠤᠭ᠎ᠠ ᠦᠬᠠᠢ ᠳᠤ ᠬᠦᠷᠴᠦ ᠢ ᠯᠢᠶᠠᠨ ᠹᠸᠩ ᠤᠨ ᠬᠠᠷ᠎ᠠ ᠪᠦᠯᠦᠭᠲᠡᠨ  ᠳᠦ ᠬᠣᠯᠪᠣᠭᠳᠠᠭᠰᠠᠨ ᠬᠡᠷᠡᠭ ᠦᠨ ᠲᠢᠩᠬᠢᠮ ᠦᠨ ᠰᠢᠭᠦᠯᠲᠡ ᠶᠢ ᠵᠢᠭᠠᠨ ᠵᠢᠯᠣᠭᠣᠳᠬᠤ ᠶᠢᠨ ᠬᠠᠮᠲᠤ ᠨᠢᠭᠡᠳᠦᠭᠡᠷ ᠹᠷᠣᠨᠲ᠋ ᠤᠨ ᠬᠡᠷᠡᠭ ᠰᠢᠶᠳᠪᠦᠷᠢᠯᠡᠬᠦ ᠺᠠᠳ᠋ᠷ ᠴᠠᠭᠳᠠᠭ᠎ᠠ ᠶᠢ ᠪᠣᠯᠭᠣᠭᠠᠨ ᠲᠣᠬᠣᠨᠢᠭᠤᠯᠪᠠ ᠃ ︽6.28︾ ᠦ ᠬᠠᠷ᠎ᠠ ᠪᠦᠯᠦᠭᠲᠡᠨ ᠳᠦ ᠬᠣᠯᠪᠣᠭᠳᠠᠭᠰᠠᠨ ᠬᠡᠷᠡᠭ ᠢ ᠯᠢ ᠴᠢ ᠯᠢᠨ ᠪᠠᠶᠢᠴᠠᠭᠠᠬᠤ ᠳᠠᠷᠤᠭ᠎ᠠ ᠬᠡᠷᠡᠭ ᠳᠠᠭᠠᠭᠠᠴᠢᠯᠠᠨ ᠵᠢᠯᠣᠭᠣᠳᠴᠤ ᠂ ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠪᠠᠶᠢᠴᠠᠭᠠᠬᠤ ᠬᠣᠷᠢᠶ᠎ᠠ ᠠᠴᠠ ᠬᠠᠷᠢᠶᠠᠯᠠᠯ ᠢ ᠵᠢᠭᠠᠨ ᠲᠤᠭᠲᠠᠭᠠᠵᠤ ᠂ ᠦᠬᠠᠶ ᠬᠣᠲᠠ  ᠶᠢᠨ ᠠᠷᠠᠳ ᠤᠨ ᠪᠠᠶᠢᠴᠠᠭᠠᠬᠤ ᠬᠣᠷᠢᠶ᠎ᠠ ᠳᠤ ᠲᠤᠰᠢᠶᠠᠵᠤ᠂ ᠵᠠᠭᠠᠯᠲᠤᠬᠤ  ᠶᠢ ᠬᠢᠨᠠᠨ ᠪᠠᠶᠢᠴᠠᠭᠠᠯᠭᠠᠪᠠ ᠃ 2020 ᠣᠨ ᠤ 4 ᠰᠠᠷ᠎ᠠ ᠶᠢᠨ 29 ᠦ ᠡᠳᠦᠷ ᠂ ᠦᠬᠠᠶ ᠬᠣᠲᠠ ᠶᠢᠨ ᠠᠷᠠᠳ ᠤᠨ ᠪᠠᠶᠢᠴᠠᠭᠠᠬᠤ ᠬᠣᠷᠢᠶ᠎ᠠ ᠬᠠᠸᠯᠢ ᠶᠣᠰᠣᠭᠠᠷ ᠠᠯᠪᠠᠨ ᠵᠠᠭᠠᠯᠳᠤᠯᠭ᠎ᠠ ᠭᠠᠷᠭᠠᠵᠤ ᠂ 6 ᠰᠠᠷ᠎ᠠ ᠶᠢᠨ 4 ᠦ ᠡᠳᠦᠷ ᠬᠣᠲᠠ ᠶᠢᠨ ᠠᠷᠠᠳ ᠤᠨ ᠲᠤᠮᠲᠠᠲᠤ ᠵᠡᠷᠭᠡ ᠶᠢᠨ ᠰᠢᠭᠦᠬᠦ ᠬᠣᠷᠢᠶ᠎ᠠ ᠲᠣᠰ ᠬᠡᠷᠡᠭ ᠢ ᠢᠯᠡ ᠪᠡᠷ ᠲᠢᠩᠬᠢᠮ ᠨᠡᠭᠡᠭᠡᠵᠦ ᠰᠢᠭᠦᠪᠡ ᠃ ᠬᠢᠵᠢᠭ ᠦᠨ ᠪᠠᠶᠢᠲᠠᠯ  ᠤᠨ ᠬᠤᠭᠤᠴᠠᠭᠠᠨ ᠳᠤ ᠂ ᠯᠢ ᠴᠢ ᠯᠢᠨ ᠪᠠᠶᠢᠴᠠᠭᠠᠬᠤ ᠳᠠᠷᠤᠭ᠎ᠠ ᠰᠦᠯᠵᠢᠶᠡᠨ ᠬᠤᠷᠠᠯ  ᠤᠨ ᠰᠢᠰᠲ᠋ᠧᠮ  ᠢᠶᠡᠷ ᠬᠡᠷᠡᠭ ᠰᠢᠶᠳᠪᠦᠷᠢᠯᠡᠭᠰᠡᠨ ᠪᠠᠶᠢᠳᠠᠯ  ᠤᠨ ᠬᠠᠷᠢᠭᠤ ᠮᠡᠳᠡᠭᠦᠯᠦᠯᠲᠡ  ᠶᠢ ᠲᠤᠰᠬᠠᠶ ᠰᠣᠨᠣᠰᠴᠤ ᠂ ᠬᠡᠷᠡᠭ  ᠦᠨ ᠪᠣᠳᠠᠲᠤ ᠶᠠᠪᠤᠳᠠᠯ  ᠢ ᠮᠠᠭᠠᠳᠯᠠᠨ ᠲᠣᠭᠲᠠᠭᠠᠭᠰᠠᠨ ᠂ ᠶᠠᠯ᠎ᠠ  ᠪᠠᠨ ᠮᠡᠳᠡᠷᠡᠵᠦ ᠰᠢᠢᠳᠭᠡᠯ  ᠬᠦᠯᠢᠶᠡᠭᠰᠡᠨ ᠂ ᠵᠤᠭᠤᠰᠤ ᠮᠦᠩᠭᠦᠨ  ᠦ ᠢᠷᠡᠯᠲᠡ  ᠶᠢ ᠨᠢ ᠲᠠᠰᠤᠯᠤᠭᠰᠠᠨ ᠵᠡᠷᠭᠡ ᠪᠠᠶᠢᠳᠠᠯ  ᠢ ᠨᠠᠷᠢᠨ ᠣᠶᠢᠯᠠᠭᠠᠵᠤ ᠂ ᠬᠡᠷᠡᠭ ᠲᠦ ᠣᠷᠣᠰᠢᠵᠤ ᠪᠠᠶᠢᠭ᠎ᠠ ᠰᠡᠵᠢᠭᠲᠡᠶ ᠭᠠᠵᠠᠷ᠂ ᠬᠦᠴᠢᠷᠲᠡᠶ ᠠᠰᠠᠭᠤᠳᠠᠯ ᠳᠤ ᠴᠢᠭᠯᠡᠭᠦᠯᠦᠨ ᠪᠣᠳᠠᠲᠠᠶ ᠵᠢᠯᠣᠭᠣᠳᠬᠤ ᠰᠠᠨᠠᠯ ᠳᠤᠷᠠᠳᠪᠠ᠃


1(1).jpg


ᠯᠢ ᠴᠢ ᠯᠢᠨ ᠪᠠᠶᠢᠴᠠᠭᠠᠬᠤ ᠳᠠᠷᠤᠭ᠎ᠠ ᠶᠠᠭᠤᠨ ᠤ ᠡᠮᠦᠨ᠎ᠡ ︽6.28︾ ᠤ ᠬᠠᠷ᠎ᠠ ᠪᠦᠯᠦᠭᠲᠡᠨ ᠳᠦ ᠬᠣᠯᠪᠣᠭᠳᠠᠭᠰᠠᠨ ᠬᠡᠷᠡᠭ ᠦᠨ ᠠᠯᠪᠠᠨ ᠵᠠᠭᠠᠯᠳᠤᠯᠭ᠎ᠠ ᠶᠢᠨ ᠪᠦᠯᠬᠦᠮ ᠢ ᠡᠷᠭᠢᠨ ᠦᠵᠡᠵᠦ ᠂ ᠬᠡᠷᠡᠭ ᠦᠨ ᠲᠢᠩᠬᠢᠮ ᠤᠨ ᠰᠢᠭᠦᠯᠲᠡ ᠶᠢᠨ ᠠᠬᠢᠯᠲᠠ ᠶᠢᠨ ᠪᠠᠶᠢᠳᠠᠯ ᠢ ᠨᠠᠷᠢᠨ ᠠᠰᠠᠭᠤᠵᠤ ᠂ ᠬᠣᠯᠪᠣᠭᠳᠠᠯ ᠪᠦᠬᠦᠢ ᠠᠵᠢᠯ ᠤᠨ ᠮᠠᠲ᠋ᠧᠷᠢᠶᠠᠯ ᠢ ᠯᠠᠪᠯᠠᠨ ᠦᠵᠡᠵᠦ ᠂ ᠳᠠᠷᠠᠭ᠎ᠠ ᠨᠢ ᠰᠢᠭᠦᠬᠦ ᠲᠢᠩᠬᠢᠮ ᠤᠨ ᠭᠡᠷᠡᠴᠢ ᠭᠠᠷᠭᠠᠬᠤ ᠂ ᠭᠡᠷᠡᠴᠢ ᠲᠤᠯᠭᠠᠬᠤ ᠭᠣᠭᠴᠣᠭ᠎ᠠ  ᠶᠢᠨ ᠪᠦᠬᠦ ᠶᠠᠪᠤᠴᠠ  ᠶᠢ ᠦᠵᠡᠵᠦ ᠂ ᠠᠯᠪᠠᠨ ᠵᠠᠭᠠᠯᠳᠤᠭᠴᠢ PPT ᠪᠠᠷ ᠳᠠᠮᠵᠢᠭᠤᠯᠤᠨ ᠭᠡᠷᠡᠴᠢ ᠪᠠᠷᠢᠮᠲᠠ ᠳᠡᠯᠭᠡᠨ ᠦᠵᠡᠭᠦᠯᠵᠦ ᠂ ᠰᠢᠭᠤᠳ ᠠᠵᠢᠭᠯᠠᠯᠲᠠ  ᠶᠢᠨ ᠠᠷᠭ᠎ᠠ ᠮᠠᠶ᠋ᠢᠭ ᠢᠶᠠᠷ ᠵᠠᠭᠠᠯᠳᠤᠭᠳᠠᠭᠴᠢ ᠵᠢᠴᠢ ᠥᠮᠥᠭᠯᠡᠭᠴᠢ ᠳᠦ ᠠᠯᠪᠠᠨ ᠵᠠᠭᠠᠯᠳᠤᠭᠴᠢ ᠶᠢᠨ ᠵᠠᠭᠠᠯᠳᠤᠬᠤ ᠦᠨᠳᠦᠰᠦ ᠪᠠᠷᠢᠮᠲᠠ ᠶᠢ ᠲᠣᠳᠣᠷᠬᠠᠶ ᠮᠡᠲᠡᠭᠦᠯᠦᠭᠰᠡᠨ ᠢ  ᠮᠠᠭᠲᠠᠨ ᠰᠠᠶᠢᠰᠢᠶᠠᠪᠠ ᠃


3.jpg


ᠯᠢ ᠴᠢ ᠯᠢᠨ ᠵᠢᠭᠠᠵᠤ ᠭᠠᠷᠭᠠᠭᠰᠠᠨ ᠨᠢ᠂ ᠠᠯᠪᠠᠨ ᠵᠠᠭᠠᠯᠳᠤᠯᠭ᠎ᠠ ᠶᠢᠨ ᠺᠠᠳ᠋ᠷ ᠴᠠᠭᠳᠠᠭ᠎ᠠ ᠴᠤᠭ ᠰᠦᠯᠳᠡ ᠪᠡᠨ ᠪᠠᠳᠠᠷᠠᠭᠤᠯᠵᠤ ᠂ ᠢᠲᠡᠭᠡᠯ  ᠢᠶᠠᠨ ᠪᠠᠲᠤ ᠪᠤᠯᠭᠠᠬᠤ ᠂ ᠤᠯᠤᠰ ᠲᠥᠷᠥ ᠶᠢᠨ ᠵᠣᠭᠰᠣᠴᠠ ᠪᠠᠨ ᠦᠨᠡᠨᠬᠦ ᠳᠡᠭᠡᠭᠰᠢᠯᠡᠭᠦᠯᠵᠦ ᠂  ᠲᠦᠪ ᠭᠤᠤᠯᠴᠢ ᠪᠠᠷ ᠬᠠᠥᠯᠢ ᠪᠠᠷᠢᠬᠤ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠨ ᠂ ᠲᠠᠷᠠᠭᠠᠴᠢ ᠶᠢᠨ ᠲᠢᠩᠬᠢᠮ ᠦᠨ ᠰᠢᠭᠦᠯᠲᠡ ᠳᠦ ᠠᠯᠪᠠᠨ ᠵᠠᠭᠠᠯᠳᠤᠭᠴᠢ ᠶᠢᠨ ᠠᠵᠢᠯ ᠮᠡᠷᠭᠡᠵᠢᠯ ᠦᠨ ᠬᠡᠪ ᠪᠣᠯᠪᠠᠰᠤᠷᠠᠯ ᠪᠠ ᠢᠲᠡᠭᠡᠯ ᠢ ᠢᠳᠡᠪᠬᠢᠲᠡᠶ ᠢᠯᠡᠷᠡᠭᠦᠯᠵᠦ ᠂ ᠬᠡᠷᠡᠭ ᠦᠨ ᠪᠣᠳᠠᠲᠤ ᠶᠠᠪᠤᠳᠠᠯ ᠤᠨ ᠪᠣᠭᠣᠮᠲᠠ ᠂ ᠵᠢᠷᠤᠮ ᠤᠨ ᠪᠣᠭᠣᠮᠲᠠ ᠪᠠ ᠬᠠᠸᠯᠢ ᠴᠠᠭᠠᠵᠠ ᠶᠢ ᠲᠤᠬᠢᠷᠠᠭᠤᠯᠤᠨ ᠬᠡᠷᠡᠭᠯᠡᠬᠦ ᠪᠣᠭᠣᠮᠲᠠ ᠶᠢ ᠴᠢᠩᠭ᠎ᠠ ᠠᠳᠬᠤᠨ ᠂ ᠬᠡᠷᠡᠭ  ᠢ ᠲᠡᠸᠬᠡ  ᠶᠢᠨ ᠰᠢᠯᠭᠠᠯᠲᠠ  ᠶᠢ ᠳᠠᠭᠠᠭᠠᠵᠤ ᠲᠡᠶᠢᠯᠡᠭᠦᠶᠢᠴᠡ ᠲᠡᠮᠦᠷ ᠬᠡᠷᠡᠭ ᠪᠣᠯᠭᠠᠨ ᠰᠢᠶᠳᠪᠦᠷᠢᠯᠡᠵᠦ ᠂ ᠠᠷᠠᠳ ᠲᠦᠮᠡᠨ ᠳᠦ ᠬᠠᠨᠤᠮᠵᠢᠲᠠᠶ ᠬᠠᠷᠢᠭᠤᠯᠲᠠ ᠥᠭᠬᠦ  ᠶᠢ ᠪᠠᠲᠤᠯᠠᠬᠤ ᠬᠡᠷᠡᠭᠲᠡᠶ ᠃


2.jpg

ᠯᠢ ᠴᠢ ᠯᠢᠨ ᠴᠢᠬᠤᠯᠠᠴᠢᠯᠠᠭᠰᠠᠨ ᠨᠢ ᠂ ︽6.28︾ ᠦ ᠬᠡᠷᠡᠭ ᠪᠤᠯᠭᠠᠬᠤ ᠂ ᠲᠤᠷᠰᠢᠨ ᠪᠠᠶᠢᠴᠠᠭᠠᠬᠤ ᠂ ᠵᠠᠭᠠᠯᠳᠤᠬᠤ ᠠᠴᠠ ᠲᠢᠩᠬᠢᠮ ᠤᠨ ᠰᠢᠭᠦᠯᠲᠡ ᠬᠦᠷᠲᠡᠯ᠎ᠡ ᠂ ᠨᠢᠭᠡ ᠵᠢᠯ ᠰᠢᠬᠠᠮ  ᠤᠨ ᠬᠤᠭᠤᠴᠠᠭ᠎ᠠ  ᠶᠢ ᠦᠩᠭᠡᠷᠡᠭᠡᠵᠦ ᠂ ᠡᠯ᠎ᠡ ᠱᠠᠲᠤᠨ ᠤ ᠤᠳᠤᠷᠢᠳᠤᠯᠭ᠎ᠠ  ᠶᠢᠨ ᠠᠩᠬᠠᠷᠤᠯ ᠲᠡᠮᠵᠢᠯᠭᠡ ᠂ ᠡᠯ᠎ᠡ ᠰᠠᠯᠠᠭ᠎ᠠ ᠮᠥᠴᠢᠷ  ᠤᠨ ᠬᠠᠮᠲᠤᠷᠠᠨ ᠭᠦᠲᠡᠯᠦᠯᠴᠡᠯ ᠬᠠᠮᠵᠢᠯᠴᠠᠭ᠎ᠠ ᠂ ᠨᠢᠭᠡᠳᠦᠭᠡᠷ ᠹᠷᠣᠨᠲ᠋ ᠤᠨ ᠬᠡᠷᠡᠭ ᠰᠢᠶᠳᠪᠦᠷᠢᠯᠡᠬᠦ ᠠᠵᠢᠯᠲᠠᠨ ᠤ ᠰᠢᠷᠭᠠᠭᠤ ᠴᠢᠷᠮᠠᠶᠢᠯᠭ᠎ᠠ ᠳᠣᠣᠷ᠎ᠠ ᠂ ᠬᠠᠮᠲᠤ ᠪᠠᠷ ᠣᠯᠤᠭᠰᠠᠨ ᠦᠷ᠎ᠡ  ᠪᠦᠲᠦᠮᠵᠢ ᠪᠤᠯᠤᠨ᠎ᠠ ᠃ ᠣᠳᠣᠬᠠᠨ ᠳᠤ ᠶᠠᠭ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠤᠰᠬᠠᠶ ᠲᠡᠮᠡᠴᠡᠯ  ᠤᠨ ᠡᠴᠦᠰ ᠦᠨ ᠢᠯᠠᠯᠲᠠ ᠶᠢ ᠤᠯᠬᠤ ᠴᠠᠭ ᠪᠣᠯᠵᠤ ᠪᠠᠶᠢᠨ᠎ᠠ ᠂ ᠵᠠᠭᠤᠨ ᠭᠠᠵᠠᠷ  ᠤᠨ ᠠᠶᠠᠨ  ᠳᠤ ᠶᠡᠷᠡᠨ ᠭᠠᠵᠠᠷ ᠤᠨ ᠵᠠᠮ ᠬᠠᠭᠠᠰᠯᠠᠨ᠎ᠠ ᠂ ᠤᠯᠤᠰ ᠲᠥᠷᠥ ᠶᠢᠨ ᠵᠣᠭᠰᠣᠴᠠ ᠪᠠᠨ ᠲᠠᠰᠤᠷᠠᠯᠲᠠ ᠦᠭᠡᠢ ᠳᠡᠭᠡᠭᠰᠢᠯᠡᠭᠦᠯᠵᠦ ᠂ ᠤᠯᠤᠰ ᠲᠥᠷᠥ ᠶᠢᠨ ᠡᠭᠦᠷᠭᠡᠯᠡᠯ ᠢ ᠴᠢᠩᠭᠠᠳᠬᠠᠨ ᠂ ᠳᠣᠲᠣᠭᠠᠳᠤ ᠶᠢ ᠬᠠᠮᠠᠭᠠᠯᠠᠬᠤ ᠂ ᠰᠢᠭᠦᠬᠦ ᠬᠣᠷᠢᠶ᠎ᠠ ᠯᠤᠭ᠎ᠠ ᠶᠢᠨ ᠨᠡᠪᠲᠡᠷᠡᠯᠴᠡᠭᠡ ᠵᠣᠬᠢᠴᠠᠭᠤᠯᠭ᠎ᠠ ᠪᠠᠨ ᠴᠢᠩᠭᠠᠳᠬᠠᠵᠤ ᠂ ᠬᠠᠮᠲᠤ ᠶᠢᠨ ᠲᠠᠨᠢᠯᠲᠠ ᠪᠠᠨ ᠨᠢᠭᠲᠠᠷᠠᠭᠤᠯᠵᠤ᠂ ᠬᠠᠷ᠎ᠠ ᠪᠦᠯᠦᠭᠲᠡᠨ ᠬᠠᠷᠭᠢᠰ ᠬᠦᠴᠦᠨ ᠦ ᠶᠠᠯᠠᠲᠤ ᠠᠵᠢᠯᠯᠠᠭ᠎ᠠ ᠳᠤ ᠴᠣᠬᠢᠯᠲᠠ ᠥᠭᠬᠦ ᠬᠠᠮᠲᠤᠷᠠᠯ ᠬᠦᠴᠦᠨ ᠢ ᠪᠦᠷᠢᠯᠳᠦᠭᠦᠯᠦᠨ᠎ᠡ᠃ ᠬᠠᠸᠯᠢ ᠪᠠᠷ ᠵᠠᠰᠠᠬᠤ ᠰᠡᠳᠬᠢᠬᠦᠶ ᠶᠢ ᠴᠢᠩᠭᠠᠳᠬᠠᠵᠤ ᠂ ᠭᠡᠷᠡᠴᠢ ᠪᠠᠷᠢᠮᠲᠠ ᠶᠢᠨ ᠪᠠᠷᠢᠮᠵᠢᠶ᠎ᠠ ᠶᠢ ᠴᠢᠩᠳᠠᠯᠠᠨ ᠂ ᠭᠡᠷᠡᠴᠢ ᠪᠠᠷᠢᠮᠲᠠ ᠪᠠᠷ ᠲᠠᠰᠤᠯᠤᠨ ᠲᠣᠭᠲᠠᠭᠠᠬᠤ ᠵᠠᠷᠴᠢᠮ  ᠢ ᠪᠠᠷᠢᠮᠲᠠᠯᠠᠵᠤ ᠂ ᠬᠠᠷ᠎ᠠ ᠪᠦᠯᠦᠭᠲᠡᠨ ᠬᠠᠷᠭᠢᠰ ᠬᠦᠴᠦᠨ ᠦ ᠶᠠᠯᠠᠲᠤ ᠠᠵᠢᠯᠯᠠᠭ᠎ᠠ ᠪᠤᠯᠳᠠᠭ ᠯᠠ ᠶᠤᠮ ᠪᠣᠯ ᠨᠢᠭᠡ ᠶᠢ ᠴᠤ ᠲᠠᠯᠪᠢᠵᠤ ᠶᠠᠪᠤᠭᠤᠯᠬᠤ ᠦᠭᠡᠢ ᠂ ᠬᠠᠷ᠎ᠠ ᠪᠦᠯᠦᠭᠲᠡᠨ ᠬᠠᠷᠭᠢᠰ ᠬᠦᠴᠦᠨ ᠦ ᠶᠠᠯᠠᠲᠤ ᠠᠵᠢᠯᠯᠠᠭ᠎ᠠ ᠪᠢᠰᠢ ᠪᠣᠯ ᠨᠢᠭᠡ ᠶᠢ ᠴᠤ ᠲᠤᠭᠠᠨ  ᠳᠤ ᠪᠤᠲᠤᠬᠤ ᠦᠭᠡᠢ ᠪᠠᠶᠢᠬᠤ ᠶᠢ ᠦᠨᠡᠨᠬᠦ ᠪᠡᠶᠡᠯᠡᠭᠦᠯᠬᠦ ᠶᠢᠨ ᠬᠠᠮᠲᠤ 《ᠵᠤᠭᠤᠰᠤ ᠮᠦᠩᠭᠦᠨ  ᠦ ᠢᠷᠡᠯᠲᠡ  ᠶᠢ ᠨᠢ ᠲᠠᠰᠤᠯᠬᠤ 》 ᠪᠠ 《ᠬᠠᠨᠢ ᠬᠠᠮᠰᠠᠭᠠᠲᠠᠨ ᠪᠠ ᠬᠠᠮᠠᠭᠠᠯᠠᠭᠴᠢ  ᠶᠢ ᠨᠢ ᠬᠠᠮᠲᠤ  ᠪᠠᠷ ᠴᠤᠬᠢᠬᠤ 》 ᠠᠵᠢᠯ ᠢ ᠰᠠᠶᠢᠲᠤᠷ ᠬᠢᠬᠦ ᠬᠡᠷᠡᠭᠲᠡᠶ᠃ ᠪᠠᠶᠢᠴᠠᠭᠠᠬᠤ ᠬᠢᠨᠠᠯᠲᠠ ᠲᠠᠯᠪᠢᠬᠤ ᠳᠤ ᠰᠠᠭᠤᠷᠢᠯᠠᠨ ᠂ ᠲᠤᠷᠰᠢᠨ ᠪᠠᠶᠢᠴᠠᠭᠠᠵᠤ ᠭᠡᠷᠡᠴᠢ ᠠᠪᠬᠤ ᠠᠵᠢᠯ ᠳᠤ ᠤᠷᠢᠳᠴᠢᠯᠠᠨ ᠤᠷᠤᠯᠴᠠᠬᠤ  ᠶᠢᠨ ᠬᠠᠮᠲᠤ ᠲᠤᠷᠰᠢᠨ ᠪᠠᠶᠢᠴᠠᠭᠠᠬᠤ ᠠᠵᠢᠯᠯᠠᠭ᠎ᠠ ᠳᠤ ᠬᠠᠸᠯᠢ ᠴᠠᠭᠠᠵᠠ ᠶᠢᠨ ᠬᠢᠨᠠᠯᠲᠠ ᠲᠠᠯᠪᠢᠵᠤ᠂ ᠬᠡᠷᠡᠭ ᠢ ᠲᠤᠷᠰᠢᠨ ᠪᠠᠶᠢᠴᠠᠭᠠᠬᠤ ᠶᠠᠰᠤ ᠴᠢᠨᠠᠷ ᠢ ᠦᠨᠡᠨ ᠬᠦ ᠪᠠᠲᠤᠯᠠᠨ᠎ᠠ ᠃ ᠨᠡᠶᠢᠭᠡᠮ ᠦᠨ ᠶᠡᠷᠦᠩᠬᠡᠶᠢᠯᠡᠭᠰᠡᠨ ᠵᠠᠰᠠᠯᠲᠠ ᠶᠢ ᠴᠢᠩᠭᠠᠳᠬᠠᠵᠤ᠂ ᠤᠷᠳᠤ ᠬᠤᠭᠤᠴᠠᠭᠠᠨ ᠤ ᠪᠦᠲᠦᠮᠵᠢᠲᠡᠢ ᠲᠣᠭᠲᠠᠴᠠ   ᠶᠢ ᠪᠠᠶᠢᠭᠤᠯᠤᠨ ᠪᠦᠷᠢᠨᠰᠢᠬᠦᠯᠵᠤ᠂ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠤᠰᠬᠠᠢ ᠲᠦᠷᠦᠯ ᠦᠨ ᠠᠵᠢᠯ  ᠢ ᠪᠠᠶᠢᠩᠭᠤᠵᠢᠭᠤᠯᠤᠨ ᠳᠦᠷᠢᠮᠵᠢᠭᠦᠯᠬᠦ ᠶᠢ ᠠᠬᠢᠭᠤᠯᠬᠤ ᠬᠡᠷᠡᠭᠲᠡᠢ᠃


ᠢᠷᠡᠯᠲᠡ
ᠥᠪᠡᠷᠲᠡᠭᠡᠨ ᠵᠠᠰᠠᠬᠤ ᠣᠷᠤᠨ ᠤ  ᠬᠣᠷᠢᠶ᠎ᠠ ᠶᠢᠨ ᠣᠷᠴᠢᠭᠤᠯᠭ᠎ᠠ ᠶᠢᠨ ᠭᠠᠵᠠᠷ
2014-2022 © ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠴᠠᠭᠠᠬᠤ ᠬᠣᠷᠢᠶ᠎ᠠ ᠥᠮᠴᠢᠯᠡᠯ ᠦᠨ ᠡᠷᠬᠡ ᠲᠠᠢ ᠵᠣᠬᠢᠶᠠᠯ ᠪᠦᠲᠦᠭᠡᠯ ᠦᠨ ᠡᠷᠬᠡ ᠶ᠋ᠢ ᠬᠠᠤᠯᠢ ᠪᠠᠷ ᠬᠠᠮᠠᠭᠠᠯᠠᠭᠰᠠᠨ ᠂ ᠵᠥᠪᠰᠢᠶᠡᠷᠡᠯ ᠦᠭᠡᠢ ᠪᠡᠷ ᠬᠠᠭᠤᠯᠪᠤᠷᠢᠯᠠᠬᠤ ᠶ᠋ᠢ ᠡᠷᠡᠰ ᠬᠣᠷᠢᠭᠯᠠᠨ᠎ᠠ ᠬᠠᠷᠢᠯᠴᠠᠬᠤ ᠤᠲᠠᠰᠤ ᠄ 0471-4628760 ᠢᠮᠧᠯ ᠄ eerhe@nm.pro