ᠲᠡᠷᠢᠭᠦᠨ ᠨᠢᠭᠤᠷ  -  ᠪᠠᠶᠢᠴᠠᠭᠠᠬᠤ ᠬᠥᠳᠡᠯᠦᠯ ᠪᠠᠶᠢᠳᠠᠯ

ᠠᠷᠠᠳ ᠣᠯᠠᠨ ᠳᠤ ᠬᠦᠰᠡᠯ ᠱᠠᠭᠠᠷᠳᠠᠯᠭ᠎ᠠ ᠪᠠᠶᠢᠪᠠᠯ ᠪᠢᠳᠡᠨ ᠳᠦ ᠬᠠᠷᠢᠭᠤ ᠲᠤᠰᠬᠠᠯ ᠪᠣᠶ

2020-06-12 11:09:24
ᠵᠣᠬᠢᠶᠠᠭᠴᠢ
ᠭᠡᠭᠡᠷᠡᠯ

6 ᠰᠠᠷ᠎ᠠ ᠶᠢᠨ 8 ᠤ ᠡᠳᠦᠷ ᠦᠨ ᠦᠳᠡ  ᠶᠢᠨ ᠬᠣᠶᠢᠨ᠎ᠠ ᠂ ᠥᠪᠡᠷᠲᠡᠭᠡᠨ ᠵᠠᠰᠠᠬᠤ ᠣᠷᠣᠨ ᠤ ᠪᠠᠶᠢᠴᠠᠭᠠᠬᠤ ᠬᠣᠷᠢᠶ᠎ᠠ ︽ ᠠᠷᠠᠳ ᠣᠯᠠᠨ ᠳᠤ ᠬᠦᠰᠡᠯ ᠱᠠᠭᠠᠷᠳᠠᠯᠭ᠎ᠠ ᠪᠠᠶᠢᠪᠠᠯ ᠂ ᠪᠢᠳᠡᠨ ᠳᠦ ᠬᠠᠷᠢᠭᠤ ᠲᠤᠰᠬᠠᠯ ᠪᠣᠶ ︱ ᠣᠯᠠᠨ ᠲᠦᠮᠡᠨ ᠦ ᠵᠠᠬᠢᠳᠠᠯ ᠰᠤᠷᠪᠤᠯᠵᠢᠯᠠᠭ᠎ᠠ ᠪᠤᠯᠭᠠᠨ ᠳᠤ ᠬᠠᠷᠢᠭᠤᠯᠲᠠ ᠥᠭᠬᠦ ︾ ᠳᠦᠷᠢᠮ ᠦᠨ ᠰᠢᠨ᠎ᠡ ᠴᠠᠭ ᠦᠶ᠎ᠡ ᠶᠢᠨ ᠪᠠᠶᠢᠴᠠᠭᠠᠬᠤ ᠤᠬᠠᠭᠤᠯᠭ᠎ᠠ ᠶᠢᠨ ᠭᠠᠷᠠᠭ ᠤᠨ ᠭᠣᠸᠯ ᠰᠡᠳᠦᠪᠲᠦ ᠰᠣᠨᠢᠨ ᠮᠡᠳᠡᠭᠡ ᠨᠡᠶᠢᠲᠡᠯᠡᠬᠦ ᠬᠤᠷᠠᠯ ᠡᠷᠭᠢᠯᠡᠵᠦ ᠂ ᠤᠬᠠᠭᠤᠯᠭ᠎ᠠ ᠶᠢᠨ ᠭᠠᠷᠠᠭ ᠤᠨ ᠨᠢᠭᠡᠳᠦᠭᠡᠷ ᠠᠵᠢᠯᠯᠠᠭᠠᠨ ᠪᠣᠯᠭᠠᠪᠠ ᠃ ᠯᠢ ᠵᠢᠶᠠᠨ ᠳᠡᠳ᠋ ᠪᠠᠶᠢᠴᠠᠭᠠᠬᠤ ᠳᠠᠷᠤᠭ᠎ᠠ ᠥᠪᠥᠷ ᠮᠣᠩᠭᠣᠯ ᠤᠨ ᠪᠠᠶᠢᠴᠠᠭᠠᠬᠤ ᠪᠠᠶᠢᠭᠤᠯᠭ᠎ᠠ ᠶᠢᠨ ︽ᠣᠯᠠᠨ ᠲᠦᠮᠡᠨ ᠦ ᠵᠠᠬᠢᠳᠠᠯ ᠰᠤᠷᠪᠤᠯᠵᠢᠯᠠᠭ᠎ᠠ ᠪᠤᠯᠭᠠᠨ ᠳᠤ ᠬᠠᠷᠢᠭᠤᠯᠲᠠ ᠥᠭᠬᠦ︾ ᠲᠦᠷᠢᠮ ᠪᠣᠯᠤᠨ ᠣᠯᠠᠨ ᠲᠦᠮᠡᠨ ᠦ ᠵᠠᠬᠢᠳᠠᠯ ᠰᠤᠷᠪᠤᠯᠵᠢᠯᠠᠭ᠎ᠠ ᠪᠤᠯᠭᠠᠨ  ᠳᠤ ᠬᠠᠷᠢᠭᠤᠯᠲᠠ ᠥᠭᠬᠦ ᠠᠵᠢᠯ ᠤᠨ ᠪᠠᠶᠢᠳᠠᠯ ᠢ ᠡᠷᠭᠢᠯᠡᠨ ᠲᠠᠨᠢᠯᠴᠠᠭᠤᠯᠤᠭᠰᠠᠨ ᠤ ᠬᠠᠮᠲᠦ᠂ ᠂ ᠡᠨᠡ ᠬᠦ ᠠᠵᠢᠯ ᠤᠨ ᠭᠣᠸᠯ ᠠᠷᠭ᠎ᠠ ᠬᠢᠲᠡᠯ ᠪᠠ ᠦᠷ᠎ᠡ ᠪᠦᠲᠦᠮᠵᠢ ᠶᠢ ᠭᠣᠸᠯᠴᠢᠯᠠᠨ ᠲᠠᠨᠢᠯᠴᠠᠭᠤᠯᠪᠠ᠃ ᠠᠷᠠᠳ ᠤᠨ ᠰᠦᠯᠵᠢᠶ᠎ᠡ ᠂ ᠲᠥᠪ ᠦᠨ ᠠᠷᠠᠳ ᠤᠨ ᠷᠠᠳᠢᠣ᠋ ᠨᠡᠪᠲᠡᠷᠡᠭᠦᠯᠭᠡ ᠶᠢᠨ ᠬᠣᠷᠢᠶ᠎ᠠ ᠂ ᠬᠠᠸᠯᠢ ᠲᠦᠷᠢᠮ ᠦᠨ ᠡᠳᠦᠷ ᠦᠨ ᠰᠣᠨᠢᠨ ᠂ ᠪᠠᠶᠢᠴᠠᠭᠠᠬᠤ ᠡᠳᠦᠷ ᠦᠨ ᠰᠣᠨᠢᠨ ᠂ ᠳᠤᠮᠳᠠᠳᠤ ᠤᠯᠤᠰ ᠤᠨ ᠰᠣᠨᠢᠨ ᠮᠡᠳᠡᠭᠡᠨ ᠦ ᠬᠣᠷᠢᠶ᠎ᠠ ᠂ ᠠᠷᠠᠳᠴᠢᠯᠠᠯ ᠬᠢᠭᠡᠳ ᠬᠠᠸᠯᠢ ᠲᠦᠷᠢᠮ ᠦᠨ ᠴᠠᠭ ᠤᠨ ᠰᠣᠨᠢᠨ ᠂ ᠥᠪᠥᠷ ᠮᠣᠩᠭᠣᠯ ᠤᠨ ᠡᠳᠦᠷ ᠦᠨ ᠰᠣᠨᠢᠨ ᠂ ᠥᠪᠥᠷ ᠮᠣᠩᠭᠣᠯ  ᠦᠨ ᠷᠠᠳᠢᠣ᠋ ᠬᠣᠷᠢᠶ᠎ᠠ ᠂ ᠥᠪᠥᠷ ᠮᠣᠩᠭᠣᠯ ᠤᠨ ᠲᠧᠯᠸᠢᠰ ᠬᠣᠷᠢᠶ᠎ᠠ ᠵᠡᠷᠭᠡ ᠵᠠᠭᠤᠴᠢᠯᠠᠭᠤᠷ ᠤᠨ ᠰᠤᠷᠪᠤᠯᠵᠢᠯᠠᠭᠴᠢ ᠰᠣᠨᠢᠨ ᠮᠡᠳᠡᠭᠡ ᠨᠡᠶᠢᠲᠡᠯᠡᠬᠦ ᠬᠤᠷᠠᠯ ᠳᠤ ᠣᠷᠣᠯᠴᠠᠪᠠ ᠃


微信图~1.JPG


ᠰᠣᠨᠢᠨ ᠮᠡᠳᠡᠭᠡ ᠨᠡᠶᠢᠲᠡᠯᠡᠬᠦ ᠬᠤᠷᠠᠯ ᠳᠡᠭᠡᠷ᠎ᠡ ᠂ ᠯᠢ ᠵᠢᠶᠠᠨ ︽ᠣᠯᠠᠨ ᠲᠦᠮᠡᠨ ᠦ ᠵᠠᠬᠢᠳᠠᠯ ᠰᠤᠷᠪᠤᠯᠵᠢᠯᠠᠭ᠎ᠠ ᠪᠤᠯᠭᠠᠨ ᠳᠤ ᠬᠠᠷᠢᠭᠤᠯᠲᠠ ᠥᠭᠬᠦ︾ ᠲᠦᠷᠢᠮ ᠢ ᠨᠠᠶᠢᠳᠠᠪᠤᠷᠢᠵᠢᠭᠤᠯᠬᠤ ᠲᠤᠬᠠᠶ ᠮᠠᠰᠢ ᠣᠯᠠᠨ ᠠᠮᠢᠳᠤᠯᠢᠭ ᠵᠢᠱᠢᠶ᠎ᠡ ᠳᠤᠷᠠᠳᠴᠠᠶ ᠃ ᠵᠢᠱᠢᠶᠡᠯᠡᠪᠡᠯ ᠂ ᠲᠦᠩᠯᠢᠶᠣᠤ ᠬᠣᠲᠠ ᠶᠢᠨ ᠪᠠᠶᠢᠴᠠᠭᠠᠬᠤ ᠬᠣᠷᠢᠶ᠎ᠠ ᠰᠢᠶᠠᠩᠭᠠᠩ ᠤᠨ ᠵᠠᠰᠠᠭ ᠵᠠᠬᠢᠷᠭᠠᠨ ᠤ ᠣᠨᠴᠠᠭᠠᠶ ᠣᠷᠣᠨ ᠤ ᠰᠠᠭᠤᠭᠠᠯᠢ ᠠᠷᠠᠳ ᠵᠧᠩ ᠣᠪᠣᠭᠲᠤ ᠶᠢᠨ ᠲᠤᠰᠬᠠᠭᠰᠠᠨ ᠠᠰᠠᠭᠤᠳᠠᠯ ᠢ ᠰᠢᠢᠳᠪᠦᠷᠢᠯᠡᠭᠰᠡᠨ ᠦ ᠳᠠᠷᠠᠭ᠎ᠠ ᠂ ᠵᠧᠩ ᠣᠪᠣᠭᠲᠤ ᠄ 《 ᠳᠣᠲᠣᠷ᠎ᠠ ᠭᠠᠵᠠᠷ ᠭᠤᠷᠪᠠᠨ ᠰᠠᠷ᠎ᠠ ᠶᠢᠨ ᠳᠣᠲᠣᠷ᠎ᠠ ᠮᠢᠨᠦ ᠠᠰᠠᠭᠤᠳᠠᠯ ᠢ ᠰᠢᠶᠳᠪᠦᠷᠢᠯᠡᠵᠦ ᠥᠭᠭᠦᠨ᠎ᠡ ᠭᠡᠵᠦ ᠪᠢ ᠪᠤᠳᠤᠵᠤ ᠣᠯᠤᠭᠰᠠᠨ ᠦᠭᠡᠶ ᠃ ᠡᠨᠡ ᠨᠢ ᠳᠣᠲᠣᠷ᠎ᠠ ᠭᠠᠵᠠᠷ ᠤᠨ ᠪᠠᠶᠢᠴᠠᠭᠠᠬᠤ ᠪᠠᠶᠢᠭᠤᠯᠭ᠎ᠠ ᠶᠢᠨ ᠲᠥᠪ ᠭᠣᠸᠯᠴᠢ ᠪᠠ ᠦᠷ᠎ᠡ ᠪᠦᠲᠦᠮᠵᠢ ᠶᠢ ᠭᠦᠶᠴᠡᠳ ᠬᠠᠷᠠᠭᠤᠯᠤᠭᠰᠠᠨ ᠪᠠᠶᠢᠨ᠎ᠠ》ᠭᠡᠵᠦ ᠵᠢᠭᠠᠵᠤ ᠭᠠᠷᠭᠠᠪᠠ᠃ ᠪᠠᠰᠠ ᠵᠢᠱᠢᠶᠡᠯᠡᠪᠡᠯ ᠂ ᠬᠣᠸᠯᠢᠨ ᠭᠣᠸᠯ ᠬᠣᠲᠠ ᠶᠢᠨ ᠭᠦᠸᠧ ᠣᠪᠣᠭᠲᠤ ᠪᠠᠶᠢᠴᠠᠭᠠᠬᠤ ᠪᠠᠶᠢᠭᠤᠯᠭ᠎ᠠ ᠶᠢᠨ 7 ᠡᠳᠦᠷ ᠦᠨ ᠳᠣᠲᠣᠷ᠎ᠠ ᠵᠢᠷᠤᠮ ᠤᠨ ᠴᠢᠨᠠᠷᠲᠠᠶ ᠬᠠᠷᠢᠭᠤᠯᠲᠠ ᠶᠢ ᠣᠯᠤᠭᠰᠠᠨ ᠤ ᠳᠠᠷᠠᠭ᠎ᠠ ᠰᠡᠳᠬᠢᠯ ᠳᠣᠭᠳᠣᠯᠤᠨ ᠄ ︽ ᠲᠠᠨᠤᠰ ᠡᠶᠢᠮᠦ ᠲᠦᠷᠭᠡᠨ ᠨᠠᠳᠠ ᠳᠤ ᠮᠢᠨᠦ ᠤᠴᠢᠷ ᠢ ᠬᠠᠮᠢᠭ᠎ᠠ ᠰᠢᠢᠳᠪᠦᠷᠢᠯᠡᠵᠦ  ᠪᠠᠶᠢᠬᠤ ᠶᠢ ᠮᠡᠳᠡᠭᠦᠯᠦᠭᠰᠡᠨ ᠡᠴᠡ ᠪᠢ ᠶᠡᠬᠡ ᠰᠠᠨᠠᠭ᠎ᠠ ᠠᠮᠤᠷ ᠪᠣᠯᠵᠠᠶ ᠂ ᠪᠠᠶᠢᠴᠠᠭᠠᠬᠤ ᠬᠣᠷᠢᠶ᠎ᠠ ᠬᠡᠷᠡᠭ ᠰᠢᠳᠪᠦᠷᠢᠯᠡᠬᠦ  ᠳᠦ  ᠪᠡᠨ ᠲᠤᠩ ᠨᠠᠶᠢᠳᠠᠪᠤᠷᠢᠲᠠᠢ ᠪᠠᠶᠢᠨ᠎ᠠ︾ ᠬᠡᠵᠦ ᠬᠡᠯᠡᠪᠡ ᠃


微信图~2.JPG

ᠯᠢ ᠵᠢᠶᠠᠨ ᠵᠢᠴᠢ ᠥᠪᠡᠷᠲᠡᠭᠡᠨ ᠵᠠᠰᠠᠬᠤ ᠣᠷᠣᠨ ᠤ ᠪᠠᠶᠢᠴᠠᠭᠠᠬᠤ ᠬᠣᠷᠢᠶ᠎ᠠ ᠶᠢᠨ ᠠᠷᠪᠠᠳᠤᠭᠠᠷ ᠪᠠᠶᠢᠴᠠᠭᠠᠬᠤ ᠬᠡᠯᠲᠡᠰ ᠦᠨ ᠬᠠᠮᠢᠶ᠎ᠠ ᠪᠥᠬᠥᠶ ᠬᠠᠷᠢᠭᠤᠴᠠᠯᠭᠠᠲᠠᠨ ᠂ ᠰᠤᠷᠪᠤᠯᠵᠢᠯᠠᠭᠴᠢ  ᠶᠢᠨ ᠲᠤᠷᠠᠳᠤᠭᠰᠠᠨ ︽ᠣᠯᠠᠨ ᠲᠦᠮᠡᠨ ᠦ ᠵᠠᠬᠢᠳᠠᠯ ᠰᠤᠷᠪᠤᠯᠵᠢᠯᠠᠭ᠎ᠠ ᠪᠤᠯᠭᠠᠨ ᠳᠤ ᠬᠠᠷᠢᠭᠤᠯᠲᠠ ᠥᠭᠬᠦ︾ ᠳᠦᠷᠢᠮ  ᠦᠨ ᠴᠢᠬᠤᠯᠠ ᠠᠴᠢ ᠬᠣᠯᠪᠣᠭᠳᠠᠯ᠂ ᠪᠦᠬᠦ ᠣᠷᠣᠨ  ᠤ ᠪᠠᠶᠢᠴᠠᠭᠠᠬᠤ ᠪᠠᠶᠢᠭᠤᠯᠭ᠎ᠠ  ᠶᠢᠨ ᠲᠤᠰ ᠳᠦᠷᠢᠮ  ᠢ ᠨᠠᠶᠢᠳᠠᠪᠤᠷᠢᠵᠢᠭᠤᠯᠬᠤ  ᠶᠢᠨ ᠲᠥᠯᠥᠭᠡ ᠠᠪᠤᠭᠰᠠᠨ ᠠᠵᠢᠯ  ᠤᠨ ᠠᠷᠭ᠎ᠠ ᠬᠡᠮᠵᠢᠶ᠎ᠡ᠂ ᠦᠷ᠎ᠡ ᠪᠦᠲᠦᠮᠵᠢ ᠵᠢᠴᠢ ᠪᠠᠶᠢᠴᠠᠭᠠᠬᠤ ᠳᠠᠷᠤᠭ᠎ᠠ ᠶᠢᠨ ᠰᠤᠷᠪᠤᠯᠵᠢᠯᠠᠭ᠎ᠠ ᠶᠢ ᠬᠦᠯᠢᠶᠡᠨ ᠠᠪᠬᠤ ᠳᠦᠷᠢᠮ ᠤᠨ ᠱᠠᠭᠠᠷᠳᠠᠯᠭ᠎ᠠ ᠵᠢᠴᠢ ᠨᠠᠶᠢᠳᠠᠪᠤᠷᠢᠵᠢᠭᠤᠯᠤᠭᠰᠠᠨ ᠪᠠᠶᠢᠲᠠᠯ ᠂ ᠦᠷ᠎ᠡ ᠪᠦᠲᠦᠮᠵᠢ ᠂ ᠣᠯᠠᠨ ᠲᠦᠮᠡᠨ ᠦ ᠵᠠᠭᠠᠯᠳᠤᠯᠭ᠎ᠠ ᠪᠠᠨ ᠪᠤᠴᠠᠭᠠᠵᠤ ᠰᠤᠷᠪᠤᠯᠵᠢᠯᠠᠭ᠎ᠠ  ᠪᠠᠨ ᠵᠤᠭᠰᠤᠭᠠᠬᠣ  ᠶᠢ ᠬᠡᠷᠬᠢᠨ ᠪᠡᠶᠡᠯᠡᠭᠦᠯᠬᠦ ᠵᠡᠷᠭᠡ ᠠᠵᠢᠯ ᠳᠤ ᠴᠢᠭᠯᠡᠭᠦᠯᠦᠨ ᠲᠤᠷᠠᠲᠤᠭᠰᠠᠨ ᠪᠣᠳᠠᠲᠠᠶ ᠠᠰᠠᠭᠤᠳᠠᠯ  ᠳᠤ ᠨᠠᠷᠢᠨ ᠲᠣᠳᠣᠷᠬᠠᠶ ᠬᠠᠷᠢᠭᠤᠯᠲᠠ ᠥᠭᠪᠡ᠃

︽ᠣᠯᠠᠨ ᠲᠦᠮᠡᠨ ᠦ ᠵᠠᠬᠢᠳᠠᠯ ᠰᠤᠷᠪᠤᠯᠵᠢᠯᠠᠭ᠎ᠠ ᠪᠤᠯᠭᠠᠨ ᠳᠤ ᠬᠠᠷᠢᠭᠤᠯᠲᠠ ᠥᠭᠬᠦ︾ ᠳᠦᠷᠢᠮ ᠢ ᠠᠷᠠᠳ ᠤᠨ ᠳᠡᠭᠡᠳᠦ ᠪᠠᠶᠢᠴᠠᠭᠠᠬᠤ ᠬᠣᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠪᠠᠶᠢᠴᠠᠭᠠᠬᠤ ᠳᠠᠷᠤᠭ᠎ᠠ ᠵᠠᠩ ᠵᠢᠶᠦ᠋ᠨ ᠠᠷᠪᠠᠨ ᠭᠤᠷᠪᠠᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠦᠨ ᠶᠡᠬᠡ ᠬᠤᠷᠠᠯ ᠤᠨ ᠬᠣᠶᠠᠳᠤᠭᠠᠷ ᠬᠤᠷᠠᠯᠳᠤᠭᠠᠨ ᠳᠡᠭᠡᠷ᠎ᠡ ᠳᠤᠷᠠᠳᠤᠨ ᠭᠠᠷᠭᠠᠵᠤ ᠂ ᠪᠠᠶᠢᠴᠠᠭᠠᠬᠤ ᠪᠠᠶᠢᠭᠤᠯᠭ᠎ᠠ ᠣᠯᠠᠨ ᠲᠦᠮᠡᠨ ᠦ ᠢᠷᠡᠭᠦᠯᠦᠭᠰᠡᠨ ᠵᠠᠬᠢᠳᠠᠯ  ᠢ ᠣᠯᠤᠭᠰᠠᠨ ᠤ ᠳᠠᠷᠠᠭ᠎ᠠ ᠂ 7 ᠠᠵᠢᠯᠯᠠᠬᠤ ᠡᠳᠦᠷ ᠦᠨ ᠳᠣᠲᠣᠷ᠎ᠠ ᠵᠠᠬᠢᠳᠠᠯ  ᠰᠤᠷᠪᠤᠯᠵᠢᠯᠠᠭ᠎ᠠ ᠢᠷᠡᠭᠦᠯᠦᠭᠰᠡᠨ ᠣᠯᠠᠨ ᠲᠦᠮᠡᠨ ᠳᠦ ᠬᠠᠷᠢᠭᠤ ᠥᠭᠴᠦ ᠂ ᠵᠠᠬᠢᠳᠠᠯ ᠰᠤᠷᠪᠤᠯᠵᠢᠯᠠᠭ᠎ᠠ ᠶᠢᠨ ᠪᠢᠴᠢᠭ ᠨᠢ ᠪᠠᠶᠢᠴᠠᠭᠠᠬᠤ ᠪᠠᠶᠢᠭᠤᠯᠭ᠎ᠠ ᠶᠢᠨ ᠬᠠᠷᠢᠶᠠᠯᠠᠯ ᠳᠤ ᠬᠠᠷᠢᠶᠠᠯᠠᠭᠳᠠᠬᠤ ᠡᠰᠡᠬᠦ ᠶᠢ ᠮᠠᠭᠠᠳᠯᠠᠬᠤ ᠬᠡᠷᠡᠭᠲᠡᠶ ᠂ ᠬᠡᠷᠪᠡ ᠪᠤᠰᠤᠳ ᠪᠠᠶᠢᠭᠤᠯᠭ᠎ᠠ ᠶᠢᠨ ᠬᠠᠷᠢᠶᠠᠯᠠᠯ ᠳᠤ ᠬᠠᠷᠢᠶᠠᠯᠠᠭᠳᠠᠪᠠᠯ ᠂ ᠴᠠᠭ ᠳᠠᠷᠤᠢ ᠳ᠋ᠤᠨᠢ ᠰᠢᠯᠵᠢᠭᠦᠯᠦᠨ ᠬᠦᠷᠭᠡᠬᠦ  ᠶᠢᠨ ᠬᠠᠮᠲᠤ ᠵᠠᠬᠢᠳᠠᠯ ᠰᠤᠷᠪᠤᠯᠵᠢᠯᠠᠭ᠎ᠠ ᠢᠷᠡᠭᠦᠯᠦᠭᠰᠡᠨ ᠣᠯᠠᠨ ᠲᠦᠮᠡᠨ  ᠳᠦ ᠵᠠᠬᠢᠳᠠᠯ  ᠢ ᠨᠢᠭᠡᠨᠲᠡ ᠣᠯᠵᠤ ᠮᠡᠳᠡᠭᠰᠡᠨ  ᠪᠠ ᠠᠯᠢ ᠪᠠᠶᠢᠭᠤᠯᠭ᠎ᠠ  ᠰᠢᠢᠳᠪᠦᠷᠢᠯᠡᠪᠠᠯ  ᠵᠤᠬᠢᠬᠤ  ᠶᠢ ᠮᠡᠳᠡᠭᠳᠡᠬᠦ ᠬᠡᠷᠡᠭᠲᠡᠶ᠃ ᠬᠡᠷᠪᠡ ᠪᠠᠶᠢᠴᠠᠭᠠᠬᠤ ᠪᠠᠶᠢᠭᠤᠯᠭ᠎ᠠ ᠶᠢᠨ ᠰᠢᠢᠳᠪᠦᠷᠢᠯᠡᠬᠦ  ᠳᠦ ᠬᠠᠷᠢᠶᠠᠯᠠᠭᠲᠠᠪᠠᠯ ᠂ 3 ᠰᠠᠷ᠎ᠠ ᠶᠢᠨ ᠳᠣᠲᠣᠷ᠎ᠠ ᠵᠠᠬᠢᠳᠠᠯ  ᠰᠤᠷᠪᠤᠯᠵᠢᠯᠠᠭ᠎ᠠ ᠢᠷᠡᠭᠦᠯᠦᠭᠰᠡᠨ ᠣᠯᠠᠨ ᠲᠦᠮᠡᠨ ᠳᠦ ᠰᠢᠶᠳᠪᠦᠷᠢᠯᠡᠭᠰᠡᠨ ᠦᠷ᠎ᠡ ᠳ᠋ᠦᠩ ᠢ ᠨᠢ ᠬᠠᠷᠢᠭᠤᠯᠬᠤ ᠬᠡᠷᠡᠭᠲᠡᠶ ᠂ 3 ᠰᠠᠷ᠎ᠠ ᠶᠢᠨ ᠳᠣᠲᠣᠷ᠎ᠠ ᠰᠢᠶᠳᠪᠦᠷᠢᠯᠡᠵᠦ ᠲᠠᠭᠤᠰᠬᠠᠵᠤ ᠲᠡᠶᠢᠯᠬᠦ ᠦᠭᠡᠢ ᠪᠣᠯ ᠂ ᠵᠠᠬᠢᠳᠠᠯ  ᠰᠤᠷᠪᠤᠯᠵᠢᠯᠠᠭ᠎ᠠ ᠢᠷᠡᠭᠦᠯᠦᠭᠰᠡᠨ ᠣᠯᠠᠨ ᠲᠦᠮᠡᠨ ᠳᠦ ᠰᠢᠢᠳᠪᠦᠷᠢᠯᠡᠭᠰᠡᠨ ᠠᠬᠢᠴᠠ  ᠶᠢ ᠲᠠᠷᠠᠭᠠᠴᠢ  ᠶᠢᠨ ᠰᠠᠷ᠎ᠠ ᠪᠤᠯᠭᠠᠨ  ᠳᠤ ᠨᠢᠭᠡ ᠤᠳᠠᠭ᠎ᠠ ᠬᠠᠷᠢᠭᠤ ᠦᠭᠬᠦ ᠬᠡᠷᠡᠭᠲᠡᠢ ᠃ ᠡᠨᠡᠬᠦ ᠳᠦᠷᠢᠮ ᠤᠨ ᠵᠣᠷᠢᠯᠭ᠎ᠠ ᠨᠢ ᠣᠯᠠᠨ ᠲᠦᠮᠡᠨ ᠦ ᠬᠦᠰᠡᠯ ᠱᠠᠭᠠᠷᠳᠠᠯᠭ᠎ᠠ ᠪᠠᠨ ᠢᠯᠡᠳᠬᠡᠬᠦ ᠂ ᠠᠰᠢᠭ ᠲᠤᠰᠠ ᠶᠢ ᠵᠣᠬᠢᠴᠠᠭᠤᠯᠬᠤ ᠂ ᠡᠷᠬᠡ ᠠᠰᠢᠭ ᠢ ᠪᠠᠲᠤᠯᠠᠬᠤ ᠵᠠᠮ  ᠢ ᠰᠢᠯᠤᠭᠤᠳᠬᠠᠨ ᠵᠢᠷᠤᠮᠵᠢᠭᠤᠯᠵᠤ ᠂ ᠠᠷᠠᠳ ᠣᠯᠠᠨ ᠤ ᠪᠣᠳᠠᠲᠠᠶ ᠠᠰᠠᠭᠤᠳᠠᠯ ᠢ ᠰᠢᠶᠳᠪᠦᠷᠢᠯᠡᠬᠦ ᠶᠢ ᠠᠬᠢᠭᠤᠯᠵᠤ ᠂ ᠬᠡᠷᠡᠭ ᠢ ᠳᠠᠭᠤᠰᠬᠠᠨ ᠤᠴᠢᠷ  ᠢ ᠰᠢᠢᠳᠪᠦᠷᠢᠯᠡᠵᠦ ᠬᠥᠮᠦᠨ  ᠡᠶᠡᠳᠡᠬᠦ ᠶᠢ ᠪᠡᠶᠡᠯᠡᠭᠦᠯᠵᠦ᠂ ᠤᠯᠤᠰ ᠤᠨ ᠵᠠᠰᠠᠯᠲᠠ ᠶᠢᠨ ᠰᠢᠰᠲ᠋ᠧᠮ ᠪᠠ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢ ᠲᠦᠯᠬᠢᠨ ᠠᠬᠢᠭᠤᠯᠪᠠ ᠃

2019 ᠣᠨ ᠤ 3 ᠰᠠᠷ᠎ᠠ ᠠᠴᠠ 2020 ᠣᠨ ᠤ 5 ᠰᠠᠷ᠎ᠠ ᠪᠣᠯᠲᠠᠯ᠎ᠠ ᠂ ᠪᠦᠬᠦ ᠣᠷᠣᠨ ᠤ ᠪᠠᠶᠢᠴᠠᠭᠠᠬᠤ ᠪᠠᠶᠢᠭᠤᠯᠭ᠎ᠠ 13059 ᠬᠤᠪᠢ ᠣᠯᠠᠨ ᠲᠦᠮᠡᠨ ᠦ ᠵᠠᠬᠢᠳᠠᠯ ᠰᠤᠷᠪᠤᠯᠵᠢᠯᠠᠭ᠎ᠠ  ᠶᠢ ᠬᠦᠯᠢᠶᠡᠨ ᠠᠪᠴᠤ ᠂ 7 ᠠᠵᠢᠯᠯᠠᠬᠤ ᠡᠳᠦᠷ ᠦᠨ ᠳᠣᠲᠣᠷ᠎ᠠ 《ᠬᠠᠷᠢᠭᠤᠯᠬᠤ ᠶᠤᠰᠤᠲᠠᠢ  ᠶᠢ ᠪᠦᠬᠦᠨ  ᠢ ᠨᠢ ᠬᠠᠷᠢᠭᠤᠯᠬᠤ 》《ᠬᠠᠷᠢᠭᠤᠯᠵᠤ ᠲᠡᠶᠢᠯᠬᠦ  ᠶᠢ ᠪᠦᠬᠦᠨ  ᠢ ᠨᠢ ᠬᠠᠷᠢᠭᠤᠯᠬᠤ》 ᠶᠢ ᠪᠡᠶᠡᠯᠡᠭᠦᠯᠵᠦ ᠂ ᠪᠠᠶᠢᠴᠠᠭᠠᠬᠤ ᠪᠠᠶᠢᠭᠤᠯᠭ᠎ᠠ ᠶᠢᠨ ᠬᠦᠯᠢᠶᠡᠨ ᠠᠪᠴᠤ ᠰᠢᠶᠳᠪᠦᠷᠢᠯᠡᠬᠦ ᠨᠥᠬᠥᠴᠡᠯ  ᠳᠦ  ᠨᠡᠶᠢᠴᠡᠭᠡᠳ ᠪᠦᠬᠦᠯᠢ 3 ᠰᠠᠷ᠎ᠠ  ᠶᠢᠨ ᠬᠠᠷᠢᠭᠤᠯᠲᠠ ᠦᠭᠬᠦ ᠬᠤᠭᠤᠴᠠᠭᠠᠯᠠᠯ ᠲᠦᠭᠦᠷᠦᠭᠰᠡᠨ ᠪᠠᠶᠢᠪᠠᠯ  ᠂ ᠰᠢᠶᠳᠪᠦᠷᠢᠯᠡᠭᠰᠡᠨ ᠶᠠᠪᠤᠴᠠ ᠪᠤᠶᠤ ᠦᠷ᠎ᠡ ᠳ᠋ᠦᠩ ᠳᠦ ᠬᠠᠷᠢᠭᠤᠯᠲᠠ ᠥᠭᠭᠦᠭᠰᠡᠨ ᠨᠣᠷᠮ᠎ᠠ ᠨᠢ 100%  ᠳᠤ ᠬᠦᠷᠪᠡ᠃ ᠡᠨᠡ ᠬᠦ ᠠᠵᠢᠯ ᠢᠶᠠᠷ ᠳᠠᠮᠵᠢᠨ ᠂ ᠳᠠᠪᠬᠤᠷᠳᠠᠭᠰᠠᠨ ᠵᠠᠬᠢᠳᠠᠯ ᠰᠤᠷᠪᠤᠯᠵᠢᠯᠠᠭ᠎ᠠ ᠶᠢᠨ ᠬᠠᠷᠢᠴᠠᠯ ᠢᠯᠡᠳᠲᠡ ᠪᠠᠭᠤᠷᠠᠵᠤ ᠂ ᠣᠯᠠᠨ ᠲᠦᠮᠡᠨ ᠦ ᠬᠠᠨᠤᠮᠵᠢ ᠶᠢᠨ ᠬᠡᠮᠵᠢᠶ᠎ᠡ ᠲᠠᠰᠤᠷᠠᠯᠲᠠ ᠦᠭᠡᠢ ᠳᠡᠭᠡᠭᠰᠢᠯᠡᠵᠦ ᠂ ᠨᠡᠶᠢᠭᠡᠮ ᠦᠨ ᠡᠯ᠎ᠡ ᠡᠲᠡᠭᠡᠳ  ᠤᠨ ᠥᠨᠳᠥᠷ ᠦᠨᠡᠯᠡᠯᠲᠡ ᠶᠢ ᠤᠯᠤᠭᠰᠠᠨ ᠪᠠᠶᠢᠨ᠎ᠠ ᠃


ᠢᠷᠡᠯᠲᠡ
ᠥᠪᠡᠷᠲᠡᠭᠡᠨ ᠵᠠᠰᠠᠬᠤ ᠣᠷᠤᠨ ᠤ  ᠬᠣᠷᠢᠶ᠎ᠠ ᠶᠢᠨ ᠣᠷᠴᠢᠭᠤᠯᠭ᠎ᠠ ᠶᠢᠨ ᠭᠠᠵᠠᠷ
2014-2022 © ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠴᠠᠭᠠᠬᠤ ᠬᠣᠷᠢᠶ᠎ᠠ ᠥᠮᠴᠢᠯᠡᠯ ᠦᠨ ᠡᠷᠬᠡ ᠲᠠᠢ ᠵᠣᠬᠢᠶᠠᠯ ᠪᠦᠲᠦᠭᠡᠯ ᠦᠨ ᠡᠷᠬᠡ ᠶ᠋ᠢ ᠬᠠᠤᠯᠢ ᠪᠠᠷ ᠬᠠᠮᠠᠭᠠᠯᠠᠭᠰᠠᠨ ᠂ ᠵᠥᠪᠰᠢᠶᠡᠷᠡᠯ ᠦᠭᠡᠢ ᠪᠡᠷ ᠬᠠᠭᠤᠯᠪᠤᠷᠢᠯᠠᠬᠤ ᠶ᠋ᠢ ᠡᠷᠡᠰ ᠬᠣᠷᠢᠭᠯᠠᠨ᠎ᠠ ᠬᠠᠷᠢᠯᠴᠠᠬᠤ ᠤᠲᠠᠰᠤ ᠄ 0471-4628760 ᠢᠮᠧᠯ ᠄ eerhe@nm.pro