ᠲᠡᠷᠢᠭᠦᠨ ᠨᠢᠭᠤᠷ  -  ᠪᠠᠶᠢᠴᠠᠭᠠᠬᠤ ᠬᠥᠳᠡᠯᠦᠯ ᠪᠠᠶᠢᠳᠠᠯ

ᠥᠪᠡᠷᠲᠡᠭᠡᠨ ᠵᠠᠰᠠᠬᠤ ᠣᠷᠣᠨ ᠤ ᠪᠠᠶᠢᠴᠠᠭᠠᠬᠤ ᠬᠣᠷᠢᠶ᠎ᠠ ᠄ ︽ ᠬᠣᠶᠠᠷ ᠰᠢᠯᠢᠳᠡᠭ ᠨᠢᠭᠡ ᠲᠡᠷᠢᠭᠦᠨ ︾  ᠢ ᠬᠥᠬᠢᠭᠦᠯᠦᠨ ᠰᠠᠶᠢᠰᠢᠶᠠᠵᠤ ᠲᠡᠮᠡᠴᠡᠯ ᠦᠨ ᠬᠦᠴᠦᠨ ᠢᠶᠡᠨ  ᠨᠢᠭᠲᠠᠷᠠᠭᠤᠯᠪᠠ

2020-07-02 11:57:46
ᠵᠣᠬᠢᠶᠠᠭᠴᠢ
ᠨᠠᠪᠴᠢ


2-11.jpg


6 ᠰᠠᠷ᠎ᠠ ᠶᠢᠨ 29 ᠦ ᠡᠳᠦᠷ ᠦᠨ ᠦᠳᠡ ᠵᠢᠨ ᠡᠮᠦᠨ᠎ᠡ ᠂ ᠳᠤᠮᠳᠠᠳᠤ ᠤᠯᠤᠰ  ᠤᠨ ᠡᠪ ᠬᠠᠮᠲᠤ ᠨᠠᠮ ᠪᠠᠶᠢᠭᠤᠯᠤᠭᠳᠠᠭᠰᠠᠨ 99 ᠵᠢᠯ  ᠦᠨ ᠣᠶ  ᠶᠢᠨ ᠲᠠᠰᠢᠷᠠᠮ  ᠳᠤ ᠂ ᠥᠪᠡᠷᠲᠡᠭᠡᠨ ᠵᠠᠰᠠᠬᠤ ᠣᠷᠣᠨ  ᠤ ᠪᠠᠶᠢᠴᠠᠭᠠᠬᠤ ᠬᠣᠷᠢᠶ᠎ᠠ《ᠬᠣᠶᠠᠷ ᠰᠢᠯᠢᠳᠡᠭ ᠨᠢᠭᠡ ᠲᠡᠷᠢᠭᠦᠨ 》 ᠢ ᠬᠥᠬᠢᠭᠦᠯᠦᠨ ᠰᠠᠶᠢᠰᠢᠶᠠᠬᠤ ᠶᠡᠬᠡ ᠬᠤᠷᠠᠯ  ᠢ ᠦᠪᠡᠳᠡᠭᠰᠢ ᠶᠡᠬᠡᠪᠡᠷ  ᠬᠤᠷᠠᠯᠳᠤᠭᠤᠯᠵᠤ ᠂ ᠣᠶᠢᠷ᠎ᠠ ᠶᠢᠨ ᠵᠢᠯ ᠳᠦ ᠥᠪᠡᠷᠲᠡᠭᠡᠨ ᠵᠠᠰᠠᠬᠤ ᠣᠷᠣᠨ ᠤ ᠪᠠᠶᠢᠴᠠᠭᠠᠬᠤ ᠬᠣᠷᠢᠶ᠎ᠠ ᠶᠢᠨ ᠪᠠᠶᠢᠭᠤᠯᠭ᠎ᠠ ᠵᠢᠴᠢ ᠰᠢᠭᠤᠳ ᠬᠠᠷᠢᠶ᠎ᠠ ᠠᠵᠢᠯ ᠦᠶᠯᠡᠰ ᠦᠨ ᠨᠢᠭᠡᠴᠡ ᠂ ᠠᠵᠢᠯ  ᠠᠴᠠ ᠪᠠᠨ ᠠᠮᠠᠷᠠᠵᠤ ᠂ ᠠᠵᠢᠯ  ᠠᠴᠠ ᠪᠠᠨ ᠪᠠᠭᠤᠭᠰᠠᠨ ᠺᠠᠳ᠋ᠷᠴᠤᠳ ᠤᠨ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ  ᠲᠤᠮᠳᠠ ᠴᠣᠯᠭᠣᠷᠠᠨ ᠭᠠᠷᠤᠭᠰᠠᠨ 8 ᠲᠡᠷᠢᠭᠦᠨ ᠦ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠂ 8 ᠰᠢᠯᠢᠳᠡᠭ ᠨᠠᠮ ᠤᠨ ᠠᠵᠢᠯ ᠤᠨ ᠠᠵᠢᠯᠲᠠᠨ ᠂ 50 ᠰᠢᠯᠢᠳᠡᠭ ᠡᠪ ᠬᠠᠮᠲᠤ ᠨᠠᠮ ᠤᠨ ᠭᠡᠰᠢᠭᠦᠨ ᠢ ᠬᠥᠬᠢᠭᠦᠯᠦᠨ ᠰᠠᠶᠢᠰᠢᠶᠠᠪᠠ ᠃ ᠥᠪᠡᠷᠲᠡᠭᠡᠨ ᠵᠠᠰᠠᠬᠤ ᠣᠷᠣᠨ ᠤ ᠪᠠᠶᠢᠴᠠᠭᠠᠬᠤ ᠬᠣᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠂ ᠪᠠᠶᠢᠴᠠᠭᠠᠬᠤ ᠳᠠᠷᠤᠭ᠎ᠠ ᠯᠢ ᠴᠢ ᠯᠢᠨ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ ᠃ ᠨᠠᠮ ᠤᠨ ᠤᠳᠤᠷᠢᠳᠬᠤ ᠳᠤᠭᠤᠶᠢᠯᠠᠩ ᠤᠨ ᠳᠡᠳ᠋ ᠱᠦᠵᠢ ᠂ ᠳᠡᠳ᠋ ᠪᠠᠶᠢᠴᠠᠭᠠᠬᠤ ᠳᠠᠷᠤᠭ᠎ᠠ ᠵᠢᠶᠠᠨ ᠰᠢᠶᠤᠤ ᠸᠸᠨ ᠬᠤᠷᠠᠯ ᠡᠷᠭᠢᠯᠡᠵᠦ ᠂ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ ᠂ ᠤᠯᠤᠰ ᠲᠥᠷᠥ ᠶᠢᠨ ᠬᠡᠯᠲᠡᠰ ᠦᠨ ᠡᠷᠬᠢᠯᠡᠭᠴᠢ ᠵᠧᠩ ᠵᠢᠶᠠ ᠮᠧᠶ ᠬᠥᠬᠢᠭᠦᠯᠦᠨ ᠰᠠᠶᠢᠰᠢᠶᠠᠬᠤ ᠲᠣᠭᠲᠠᠭᠠᠯ ᠢ ᠤᠩᠰᠢᠨ ᠨᠡᠶᠢᠲᠡᠯᠡᠪᠡ ᠃


2-21.jpg


ᠯᠢ ᠴᠢ ᠯᠢᠨ ᠵᠢᠭᠠᠵᠤ ᠭᠠᠷᠭᠠᠭᠰᠠᠨ ᠨᠢ᠂ ᠨᠠᠮ ᠤᠨ ᠤᠯᠤᠰ ᠲᠦᠷᠦ ᠶᠢᠨ ᠪᠠᠶᠢᠭᠤᠯᠤᠯᠲᠠ ᠪᠠᠷ ᠶᠡᠷᠦᠩᠬᠡᠶᠢᠯᠡᠨ ᠵᠢᠯᠤᠭᠤᠳᠤᠭᠤᠯᠵᠤ᠂ ᠨᠠᠮ ᠤᠨ ᠪᠠᠶᠢᠭᠤᠯᠤᠯᠲᠠ ᠶᠢᠨ ᠶᠠᠰᠤ ᠴᠢᠨᠠᠷ ᠢ ᠦᠷᠭᠦᠯᠵᠢᠯᠡᠨ ᠳᠡᠭᠡᠭᠰᠢᠯᠡᠭᠦᠯᠬᠦ ᠬᠡᠷᠡᠭᠲᠡᠢ᠃ ᠤᠯᠤᠰ ᠲᠦᠷᠦ ᠶᠢᠨ ᠪᠠᠶᠢᠭᠤᠯᠤᠯᠲᠠ ᠭᠡᠬᠦ  ᠡᠨᠡᠬᠦ ᠦᠨᠳᠦᠰᠦᠨ ᠴᠢᠨᠠᠷᠲᠠᠶ ᠪᠠᠶᠢᠭᠤᠯᠤᠯᠲᠠ ᠶᠢ ᠲᠤᠪᠤᠢᠢᠯᠭᠠᠨ᠂《ᠬᠣᠶᠠᠷ ᠢ ᠬᠠᠮᠠᠭᠠᠯᠠᠬᠤ》 ᠶᠢ ᠡᠷᠡᠰ ᠪᠡᠶᠡᠯᠡᠭᠦᠯᠬᠦ ᠶᠢ ᠨᠠᠮ ᠤᠨ ᠪᠠᠶᠢᠭᠤᠯᠤᠯᠲᠠ ᠶᠢᠨ ᠲᠡᠷᠢᠭᠦᠨ ᠴᠢᠬᠤᠯᠠ ᠡᠭᠦᠷᠭᠡ ᠪᠣᠯᠭᠠᠨ᠎ᠠ ︔ ᠰᠢ ᠶᠢᠨ ᠫᠢᠩ ᠦᠨ ᠰᠢᠨ᠎ᠡ ᠴᠠᠭ ᠦᠶ᠎ᠡ  ᠳ᠋ᠡᠬᠢ ᠳᠤᠮᠳᠠᠳᠤ ᠤᠯᠤᠰ ᠤᠨ  ᠤᠨᠴᠠᠯᠢᠭᠲᠤ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ  ᠦᠷᠭᠦᠯᠵᠢᠯᠡᠨ ᠰᠤᠷᠤᠯᠴᠠᠨ ᠲᠤᠭᠤᠰᠢᠯᠠᠭᠤᠯᠬᠤ ᠶᠢ ᠭᠦᠨᠵᠡᠭᠡᠶᠢᠷᠡᠭᠦᠯᠵᠦ ᠂  ᠪᠤᠲᠠᠲᠠᠶᠢᠵᠠᠭᠤᠯᠵᠤ ᠂ ᠰᠡᠳᠬᠢᠯ ᠳ᠋ᠦ ᠪᠠᠨ ᠳᠤᠭᠲᠠᠭᠠᠨ᠎ᠠ ︔ ᠪᠠᠶᠢᠴᠠᠭᠠᠬᠤ ᠠᠵᠢᠯ ᠳ᠋ᠦ ᠨᠠᠮ ᠤᠨ ᠬᠠᠷᠢᠴᠠᠯᠠᠰᠢᠭᠦᠢ ᠤᠳᠤᠷᠢᠳᠤᠯᠭ᠎ᠠ ᠶᠢ ᠪᠠᠷᠢᠮᠲᠠᠯᠠᠬᠤ ᠶᠢ ᠨᠠᠮ ᠤᠨ ᠪᠠᠶᠢᠭᠤᠯᠤᠯᠲᠠ  ᠳ᠋ᠦ ᠢᠮᠠᠭᠲᠠ   ᠲᠤᠭᠤᠰᠢᠯᠠᠭᠤᠯᠤᠨ᠎ᠠ ︔ ᠨᠠᠮ ᠤᠨ ᠭᠡᠰᠢᠭᠦᠨ ᠺᠠᠳ᠋ᠷ ᠴᠠᠭᠳᠠᠭ᠎ᠠ ᠶᠢᠨ ᠤᠯᠤᠰ ᠲᠦᠷᠦ ᠶᠢᠨ ᠴᠢᠳᠠᠪᠤᠷᠢ ᠶᠢ ᠦᠷᠭᠦᠯᠵᠢᠯᠡᠨ ᠳᠡᠭᠡᠭᠰᠢᠯᠡᠭᠦᠯᠦᠨ᠎ᠡ᠃ ᠲᠡᠷᠡ ᠱᠠᠭᠠᠷᠳᠠᠭᠰᠠᠨ ᠨᠢ ᠂ ᠨᠠᠮ ᠤᠨ ᠭᠡᠰᠢᠭᠦᠨ ᠺᠠᠳ᠋ᠷ ᠴᠠᠭᠳᠠᠭ᠎ᠠ ᠨᠢᠭᠡᠪᠦᠷᠢ ᠢᠯᠠᠩᠭᠤᠶ᠎ᠠ ᠪᠠᠶᠢᠴᠠᠭᠠᠬᠤ ᠲᠤᠰᠢᠶᠠᠯᠲᠠᠨ ᠨᠢᠭᠡᠪᠦᠷᠢ ᠂ ᠬᠡᠷᠡᠭ ᠰᠢᠶᠳᠪᠦᠷᠢᠯᠡᠬᠦ ᠳᠡᠭᠡᠨ ᠤᠯᠤᠰ ᠲᠥᠷᠥ ᠶᠢᠨ ᠱᠠᠭᠠᠷᠳᠠᠯᠭ᠎ᠠ ᠶᠢ ᠢᠯᠡᠭᠦᠬᠡᠨ ᠳᠤᠷᠠᠳᠴᠤ ᠂ ᠤᠯᠤᠰ ᠲᠥᠷᠥ ᠶᠢᠨ ᠦᠷ᠎ᠡ ᠪᠦᠲᠦᠮᠵᠢ ᠶᠢ ᠢᠯᠡᠭᠦᠸ ᠪᠣᠳᠣᠯᠬᠢᠯᠠᠵᠤ ᠂ ᠳᠠᠩ ᠭᠠᠭᠴᠠ ᠲᠤᠬᠠᠶᠢᠯᠠᠭᠰᠠᠨ ᠠᠵᠢᠯ ᠤᠨ ᠦᠵᠡᠯ ᠰᠠᠨᠠᠭ᠎ᠠ ᠶᠢ ᠦᠨᠡᠨ ᠬᠦ ᠲᠠᠶᠠᠭᠳᠠᠵᠤ ᠂  ᠵᠦᠪᠬᠡᠨ ᠬᠡᠷᠡᠭ ᠲᠦ ᠬᠠᠨᠳᠤᠭᠤᠯᠤᠨ ᠬᠡᠷᠡᠭ ᠰᠢᠶᠳᠪᠦᠷᠢᠯᠡᠬᠦ ᠂ ᠮᠧᠬᠠᠨᠢᠭ ᠢᠶᠠᠷ ᠬᠡᠷᠡᠭ ᠰᠢᠶᠳᠪᠦᠷᠢᠯᠡᠬᠦ ᠡᠴᠡ ᠡᠷᠡᠰ ᠵᠠᠶᠢᠯᠠᠰᠬᠢᠵᠦ ᠂ 《ᠭᠤᠷᠪᠠᠨ ᠦᠷ᠎ᠡ ᠪᠦᠲᠦᠮᠵᠢ》 ᠶᠢ ᠣᠷᠭᠠᠨᠢᠭ ᠢᠶᠠᠷ ᠨᠢᠭᠡᠳᠦᠭᠦᠯᠬᠦ ᠪᠡᠷ ᠴᠢᠷᠮᠠᠶᠢᠵᠤ᠂ ᠤᠯᠤᠰ ᠲᠦᠷᠦ ᠶᠢ ᠡᠷᠬᠢᠮᠯᠡᠬᠦ ᠶᠢ ᠪᠣᠳᠠᠲᠠᠶ ᠲᠤᠰᠢᠶᠠᠯ ᠬᠠᠷᠢᠭᠤᠴᠠᠯᠭ᠎ᠠ᠂ ᠪᠣᠳᠠᠲᠠᠶ ᠠᠵᠢᠯ ᠤᠨ ᠳᠤᠮᠳᠠ ᠦᠨᠡᠨ ᠬᠦ ᠨᠠᠶᠢᠳᠠᠪᠤᠷᠢᠵᠢᠭᠤᠯᠵᠤ᠂ ᠬᠠᠸᠯᠢ ᠪᠠᠷᠢᠵᠤ ᠬᠡᠷᠡᠭ ᠰᠢᠶᠳᠪᠦᠷᠢᠯᠡᠬᠦ ᠡᠯ᠎ᠡ ᠭᠣᠭᠴᠣᠭ᠎ᠠ ᠳᠤ ᠬᠦᠷᠲᠡᠯ᠎ᠡ  ᠨᠠᠶᠢᠳᠠᠪᠤᠷᠢᠵᠢᠭᠤᠯᠬᠤ ᠬᠡᠷᠡᠭᠲᠡᠢ᠃

ᠯᠢ ᠴᠢ ᠯᠢᠨ ᠱᠠᠭᠠᠷᠳᠠᠭᠰᠠᠨ ᠨᠢ ᠄ ᠨᠠᠮ ᠤᠨ ᠵᠣᠬᠢᠶᠠᠨ ᠪᠠᠶᠢᠭᠤᠯᠤᠯᠲᠠ ᠶᠢᠨ  ᠪᠦᠲᠦᠭᠡᠨ ᠪᠠᠶᠢᠭᠤᠯᠤᠯᠲᠠ ᠪᠠᠷ ᠭᠣᠸᠯᠳᠠᠯᠭ᠎ᠠ ᠪᠣᠯᠭᠠᠵᠤ᠂ ᠪᠠᠶᠢᠴᠠᠭᠠᠬᠤ ᠦᠶᠯᠡᠰ ᠦᠨ ᠬᠥᠭᠵᠢᠯᠲᠡ ᠶᠢᠨ ᠰᠠᠭᠤᠷᠢ ᠶᠢ ᠪᠠᠲᠤᠳᠬᠠᠬᠤ ᠬᠡᠷᠡᠭᠲᠡᠶ᠃ 《 ᠳᠤᠮᠳᠠᠳᠤ ᠤᠯᠤᠰ  ᠤᠨ ᠡᠪ ᠬᠠᠮᠲᠤ ᠨᠠᠮ ᠤᠨ ᠨᠠᠮ ᠤᠨ ᠡᠭᠦᠷ ᠦᠨ ᠠᠵᠢᠯ ᠤᠨ ᠳᠦᠷᠢᠮ 》 ᠢᠶᠡᠷ ᠵᠢᠷᠤᠮᠯᠠᠯ ᠪᠣᠯᠭᠠᠵᠤ ᠂ 《 ᠬᠠᠮᠤᠭ ᠤᠨ ᠬᠦᠴᠦᠷᠬᠡᠭ ᠨᠠᠮ ᠤᠨ ᠡᠭᠦᠷ 》 ᠦᠨ ᠪᠠᠶᠢᠭᠤᠯᠤᠯᠲᠠ ᠪᠠᠷ ᠭᠠᠷᠳᠠᠴᠠ ᠪᠣᠯᠭᠠᠵᠤ ᠂ ᠠᠯᠢᠪᠠ ᠠᠵᠢᠯ ᠢ ᠨᠠᠮ ᠤᠨ ᠡᠭᠦᠷ ᠲᠦ ᠬᠦᠷᠲᠡᠯ᠎ᠡ ᠬᠢᠬᠦ ᠵᠠᠷᠴᠢᠮ  ᠢ ᠪᠠᠷᠢᠮᠲᠠᠯᠠᠵᠤ ᠂ ᠬᠥᠮᠦᠨ ᠨᠢᠭᠡᠪᠦᠷᠢ  ᠲᠦ ᠬᠦᠷᠲᠡᠯ᠎ᠡ ᠬᠠᠮᠢᠶᠠᠷᠬᠤ ᠲᠦᠬᠦᠮ ᠪᠠ ᠳᠠᠪᠠᠭᠤᠯᠢᠭ ᠢ ᠪᠠᠳᠠᠷᠠᠭᠤᠯᠤᠨ᠎ᠠ᠃ ᠨᠠᠮ  ᠤᠨ ᠡᠭᠦᠷ  ᠦᠨ ᠪᠠᠶᠢᠭᠤᠯᠤᠯᠲᠠ  ᠶᠢᠨ ᠭᠣᠸᠯ ᠴᠣᠭᠴᠠ  ᠶᠢᠨ ᠬᠠᠷᠢᠭᠤᠴᠠᠯᠭ᠎ᠠ  ᠶᠢ ᠪᠣᠳᠠᠲᠠᠶᠢᠵᠢᠭᠤᠯᠵᠤ᠂ ᠨᠠᠮ  ᠤᠨ ᠡᠭᠦᠷ  ᠦᠨ ᠳᠦᠷᠢᠮᠵᠢᠭᠰᠡᠨ ᠪᠠᠶᠢᠭᠤᠯᠤᠯᠲᠠ  ᠶᠢ   ᠴᠢᠩᠭᠠᠳᠬᠠᠵᠤ᠂ ᠨᠠᠮ ᠤᠨ ᠭᠡᠰᠢᠭᠦᠨ ᠦ ᠡᠩᠨᠡᠭᠡ ᠶᠢᠨ ᠬᠠᠮᠢᠶᠠᠷᠤᠯᠲᠠ᠂ ᠦᠶᠯᠡᠴᠢᠯᠡᠭᠡᠨ ᠦ ᠬᠢᠷᠢ ᠲᠦᠪᠰᠢᠨ ᠢ ᠳᠡᠭᠡᠭᠰᠢᠯᠡᠭᠦᠯᠵᠦ᠂ ᠨᠠᠮ ᠤᠨ ᠪᠠᠶᠢᠭᠤᠯᠤᠯᠲᠠ ᠪᠣᠯᠤᠨ ᠲᠤᠬᠠᠶᠢᠯᠠᠭᠰᠠᠨ ᠠᠵᠢᠯ ᠢ ᠭᠦᠨᠵᠡᠭᠡᠶ ᠠᠭᠤᠰᠤᠯᠳᠤᠭᠤᠯᠬᠤ ᠪᠠᠷ ᠴᠢᠷᠮᠠᠶᠢᠨ᠎ᠠ᠃

ᠯᠢ ᠴᠢ ᠯᠢᠨ ᠴᠢᠬᠤᠯᠠᠴᠢᠯᠠᠭᠰᠠᠨ ᠨᠢ ᠂ ᠰᠠᠬᠢᠯᠭ᠎ᠠ ᠪᠠᠲᠤ ᠣᠪᠣᠷ ᠰᠤᠷᠲᠠᠯ ᠤᠨ ᠪᠠᠶᠢᠭᠤᠯᠤᠯᠲᠠ ᠪᠠᠷ ᠪᠠᠲᠤᠯᠠᠭ᠎ᠠ ᠪᠣᠯᠭᠠᠵᠤ᠂ ︽ᠲᠠᠪᠤᠨ ᠴᠠᠭᠠᠷᠠᠭᠰᠠᠨ︾ ᠪᠠᠶᠢᠴᠠᠭᠠᠬᠤ ᠠᠵᠢᠯ ᠤᠨ ᠲᠡᠮᠦᠷ ᠵᠠᠮ ᠤᠨ ᠴᠡᠷᠢᠭ ᠢ ᠪᠠᠶᠢᠭᠤᠯᠬᠤ ᠬᠡᠷᠡᠭᠲᠡᠢ᠃ 《 ᠴᠢᠩᠭ᠎ᠠ ᠴᠡᠭᠴᠡᠯᠡᠨ ᠰᠠᠶᠢᠵᠢᠷᠠᠭᠤᠯᠬᠤ ᠂   ᠳᠡᠭᠡᠭᠰᠢᠯᠡᠯᠲᠡ ᠶᠢ ᠠᠭᠢᠭᠤᠯᠬᠤ᠂ ᠳᠦᠷᠢ ᠲᠥᠷᠬᠦ ᠶᠢ ᠪᠤᠢ ᠪᠣᠯᠭᠠᠬᠤ 》 ᠰᠠᠬᠢᠯᠭ᠎ᠠ ᠪᠠᠲᠤ ᠣᠪᠣᠷ ᠰᠤᠷᠲᠠᠯ ᠤᠨ ᠬᠥᠮᠦᠵᠢᠯ ᠴᠡᠭᠴᠡᠯᠡᠯᠲᠡ ᠶᠢ ᠭᠦᠨᠵᠡᠭᠡᠶ ᠠᠬᠢᠭᠤᠯᠵᠤ ᠂ ︽ ᠨᠠᠶᠮᠠ ᠶᠢ ᠴᠢᠩᠭ᠎ᠠ ᠪᠠᠶᠢᠴᠠᠭᠠᠬᠤ ︾ ᠱᠠᠭᠠᠷᠳᠠᠯᠭ᠎ᠠ ᠶᠢ ᠨᠠᠶᠢᠳᠠᠪᠤᠷᠢᠵᠢᠭᠤᠯᠤᠨ᠎ᠠ ︔ ᠲᠤᠭ ᠲᠡᠮᠳᠡᠭ ᠲᠣᠳᠣᠷᠬᠠᠢ ᠪᠠᠷ ᠨᠠᠮ ᠤᠨ ᠭᠡᠰᠢᠭᠦᠨ ᠦ ᠬᠠᠮᠢᠶᠠᠷᠤᠯᠲᠠ ᠪᠠ ᠬᠢᠨᠠᠯᠲᠠ ᠶᠢ  ᠴᠢᠩᠭᠠᠳᠬᠠᠨ᠎ᠠ︔ ᠬᠢᠨᠠᠯᠲᠠ ᠲᠠᠯᠪᠢᠵᠤ᠂ ᠰᠠᠬᠢᠯᠭ᠎ᠠ ᠪᠠᠲᠤ ᠶᠢ ᠬᠡᠷᠡᠭᠵᠢᠭᠦᠯᠬᠦ ᠂ ᠬᠠᠷᠢᠭᠤᠴᠠᠯᠭ᠎ᠠ ᠨᠡᠬᠡᠮᠵᠢᠯᠡᠬᠦ ᠶᠢ ᠴᠢᠩᠭᠠᠳᠬᠠᠨ᠎ᠠ ︔ ᠲᠡᠷᠢᠭᠦᠨ ᠦ ᠨᠡᠶᠢᠲᠡᠯᠢᠭ  ᠠᠴᠠ ᠰᠤᠷᠤᠯᠴᠠᠵᠤ   ᠤᠬᠠᠭᠤᠯᠤᠨ᠂ ᠲᠡᠳᠡᠨ  ᠢ ᠰᠤᠩᠭᠤᠵᠤ ᠬᠦᠮᠦᠵᠢᠬᠦᠯᠬᠦ ᠶᠢ ᠴᠢᠬᠤᠯᠠᠴᠢᠯᠠᠵᠤ᠂ ᠪᠠᠶᠢᠴᠠᠭᠠᠬᠤ ᠠᠵᠢᠯᠲᠠᠨ ᠤ ᠬᠠᠸᠯᠢ ᠪᠠᠷᠢᠵᠤ ᠬᠡᠷᠡᠭ ᠰᠢᠶᠳᠪᠦᠷᠢᠯᠡᠬᠦ ᠪᠠ ᠪᠠᠶᠢᠴᠠᠭᠠᠬᠤ ᠠᠵᠢᠯ ᠤᠨ ᠡᠮᠦᠨ᠎ᠡ ᠹᠷᠣᠨᠲ᠋  ᠳ᠋ᠦ ᠭᠠᠪᠢᠶ᠎ᠠ ᠪᠠᠶᠢᠭᠤᠯᠵᠤ ᠦᠶᠯᠡᠰ ᠪᠦᠲᠦᠭᠡᠬᠦ ᠶᠢ ᠬᠥᠲᠥᠯᠥᠨ ᠵᠢᠯᠣᠭᠣᠳᠴᠤ  ᠵᠤᠷᠢᠭᠵᠢᠭᠤᠯᠤᠨ᠎ᠠ᠃

ᠰᠢᠯᠢᠳᠡᠭ ᠡᠪ ᠬᠠᠮᠲᠤ ᠨᠠᠮ ᠤᠨ ᠭᠡᠰᠢᠭᠦᠨ ᠦ ᠲᠥᠯᠥᠭᠡᠯᠡᠭᠴᠢ ᠰᠠᠨᠠᠭᠠᠴᠢᠯᠠᠭ᠎ᠠ ᠭᠠᠷᠭᠠᠵᠤ ᠂ ᠪᠦᠬᠦ ᠪᠠᠶᠢᠴᠠᠭᠠᠬᠤ ᠺᠠᠳ᠋ᠷ ᠴᠠᠭᠳᠠᠭ᠎ᠠ ᠨᠠᠷ ᠰᠢᠨ᠎ᠡ ᠦᠵᠡᠯ ᠰᠠᠨᠠᠭ᠎ᠠ ᠶᠢ ᠰᠠᠶᠢᠲᠤᠷ ᠰᠤᠷᠤᠯᠴᠠᠵᠤ᠂ ᠪᠠᠶᠢᠴᠠᠭᠠᠬᠤ ᠰᠦᠭ ᠰᠦᠨᠡᠰᠦ ᠶᠢ ᠪᠠᠲᠦ ᠴᠤᠭᠴᠠᠯᠠᠨ᠎ᠠ︔ ᠵᠢᠩᠬᠢᠨᠢ ᠡᠷᠳᠡᠮ  ᠢᠶᠠᠨ ᠪᠤᠯᠪᠠᠰᠤᠷᠠᠭᠤᠯᠵᠤ ᠂ ᠡᠭᠦᠷᠭᠡ ᠬᠠᠷᠢᠭᠤᠴᠠᠯᠭ᠎ᠠ  ᠪᠡᠨ ᠴᠢᠩᠭᠠᠳᠬᠠᠨ᠎ᠠ ︔ ᠬᠠᠲᠠᠭᠤ ᠰᠤᠷᠲᠠᠯ ᠢ ᠪᠣᠶ ᠪᠣᠯᠭᠠᠵᠤ ᠂ ᠰᠢᠯᠢᠳᠡᠭ ᠳᠦᠷᠢ ᠲᠥᠷᠬᠦ ᠶᠢ ᠪᠣᠶ ᠪᠣᠯᠭᠠᠨ᠎ᠠ ᠃ ᠨᠠᠮ ᠪᠣᠯᠤᠨ ᠤᠯᠤᠰ  ᠤᠨ ᠭᠣᠣᠯ ᠠᠵᠢᠯ ᠳᠤ ᠢᠳᠡᠪᠬᠢᠲᠡᠢ ᠣᠷᠣᠯᠴᠠᠵᠤ ᠂ ᠰᠠᠨᠠᠭᠠᠴᠢᠯᠠᠭ᠎ᠠ ᠠᠴᠠ ᠪᠠᠨ ᠪᠣᠳᠠᠲᠠᠶ ᠠᠵᠢᠯᠯᠠᠬᠤ ᠬᠡᠷᠡᠭᠲᠡᠶ ᠂ ᠰᠠᠢᠢᠨ ᠦᠯᠢᠭᠡᠷ ᠳᠠᠭᠤᠷᠢᠶᠠᠯ ᠪᠤᠯᠵᠤ᠂ ᠰᠢᠨ᠎ᠡ ᠴᠠᠭ ᠦᠶ᠎ᠡ ᠶᠢᠨ ᠪᠠᠶᠢᠴᠠᠭᠠᠬᠤ ᠦᠢᠯᠡᠰ ᠦᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ  ᠠᠷᠢᠭᠤᠨ ᠬᠥᠯᠥᠰᠥ ᠪᠠ ᠬᠦᠴᠦᠨ ᠴᠢᠳᠠᠯ ᠢᠶᠠᠨ ᠡᠷᠭᠦᠨ᠎ᠡ᠃


2-13.jpg

ᠬᠤᠷᠠᠯ ᠨᠢ ᠤᠯᠤᠰ  ᠤᠨ ᠰᠦᠯᠳᠡ ᠳᠠᠭᠤᠤ ᠶᠢᠨ ᠬᠠᠩᠭᠢᠨᠠᠮ᠎ᠠ  ᠴᠤᠤᠷᠢᠶᠠᠨ ᠳᠤᠮᠳᠠ  ᠡᠬᠢᠯᠡᠵᠦ᠂ ᠰᠦᠷ ᠵᠢᠪᠬᠤᠯᠠᠩᠲᠤ ᠣᠯᠠᠨ ᠤᠯᠤᠰ  ᠤᠨ ᠳᠠᠭᠤᠨ  ᠳᠤᠮᠳᠠ ᠦᠨᠳᠦᠷᠯᠠᠨ ᠂ ᠪᠠᠶᠢᠴᠠᠭᠠᠬᠤ  ᠠᠵᠢᠯᠳᠠᠳ ᠬᠦᠴᠦᠨ ᠢᠶᠡᠨ ᠬᠠᠳᠠᠭᠠᠯᠠᠨ ᠮᠤᠷᠳᠠᠬᠤ ᠪᠠᠷ ᠪᠡᠯᠡᠳᠬᠡᠵᠦ ᠂ ᠪᠠᠶᠢᠴᠠᠭᠠᠬᠤ  ᠪᠠᠶᠢᠭᠤᠯᠭ᠎ᠠ ᠶᠢᠨ ᠤᠯᠤᠰ ᠲᠥᠷᠥ ᠶᠢᠨ ᠰᠢᠨᠵᠢ ᠴᠢᠨᠠᠷ  ᠢ ᠪᠠᠲᠤ  ᠠᠳᠬᠤᠵᠤ ᠂ 《ᠬᠣᠶᠠᠷ ᠰᠢᠯᠢᠳᠡᠭ ᠨᠢᠭᠡ  ᠲᠡᠷᠢᠭᠦᠨ》  ᠢᠶᠡᠷ ᠬᠡᠪ ᠳᠠᠭᠤᠷᠢᠶᠠᠯ ᠪᠣᠯᠭᠠᠵᠤ᠂《 ᠲᠡᠰᠪᠦᠷᠢ ᠬᠠᠲᠠᠭᠤᠵᠢᠯᠲᠠᠢ᠂  ᠴᠤᠴᠠᠯᠲᠠ ᠦᠭᠡᠢ ᠤᠷᠤᠭᠰᠢᠯᠠᠬᠤ᠂  ᠵᠤᠷᠢᠭᠰᠠᠨ ᠳ᠋ᠦ ᠪᠠᠨ ᠬᠦᠷᠬᠦ ᠦᠭᠡᠢ ᠪᠤᠯ ᠶᠠᠭᠠᠬᠢᠭᠰᠠᠨ ᠴᠤ ᠵᠤᠭᠰᠤᠬᠤ ᠦᠭᠡᠢ 》ᠮᠣᠩᠭᠣᠯ ᠮᠣᠷᠢᠨ ᠤ ᠵᠣᠷᠢᠭ ᠰᠠᠨᠠᠭ᠎ᠠ ᠶᠢ ᠪᠠᠳᠠᠷᠠᠭᠤᠯᠤᠨ᠂《 ᠦᠨᠡᠨᠴᠢ ᠰᠢᠳᠤᠷᠭᠤ ᠂ ᠬᠠᠤᠯᠢ  ᠶᠢ ᠡᠷᠬᠢᠮᠯᠡᠬᠦ ᠂ ᠪᠠᠭᠲᠠᠭᠠᠮᠵᠢᠲᠠᠢ ᠂ ᠡᠷᠡᠰ ᠬᠠᠲᠠᠭᠤ 》 ᠥᠪᠥᠷ ᠮᠣᠩᠭᠣᠯ ᠤᠨ ᠪᠠᠶᠢᠴᠠᠭᠠᠬᠤ ᠵᠣᠷᠢᠭ ᠰᠠᠨᠠᠭ᠎ᠠ ᠶᠢ ᠪᠦᠬᠦ ᠬᠦᠴᠦᠨ ᠢᠶᠡᠷ ᠦᠢᠯᠡᠳᠦᠯᠭᠡᠵᠢᠭᠦᠯᠵᠦ ᠂ 《 ᠳᠥᠷᠪᠡᠨ ᠶᠡᠬᠡ ᠪᠠᠶᠢᠴᠠᠭᠠᠬᠤ 》 ᠂ 《 ᠠᠷᠪᠠᠨ ᠶᠡᠬᠡ ᠠᠵᠢᠯ  ᠲᠦᠷᠦᠯ》 ᠤᠨ ᠲᠠᠰᠤᠷᠠᠯᠲᠠ ᠦᠭᠡᠢ ᠰᠢᠨ᠎ᠡ ᠠᠮᠵᠢᠯᠲᠠ ᠣᠯᠬᠤ  ᠶᠢ ᠠᠬᠢᠭᠤᠯᠵᠤ ᠂ ᠦᠵᠡᠰᠬᠦᠯᠡᠩᠲᠦ ᠰᠠᠶᠢᠬᠠᠨ ᠥᠪᠥᠷ ᠮᠣᠩᠭᠣᠯ ᠢᠶᠠᠨ ᠪᠦᠳᠦᠭᠡᠨ ᠪᠠᠶᠢᠭᠤᠯᠵᠤ᠂ ᠠᠭᠤᠤ ᠶᠡᠬᠡ ᠳᠤᠮᠳᠠᠳᠤ ᠶᠢᠨ ᠵᠡᠭᠦᠳᠦ ᠪᠡᠨ  ᠬᠠᠮᠲᠤᠪᠡᠷ  ᠪᠡᠶᠡᠯᠡᠭᠦᠯᠬᠦ ᠳᠦ ᠪᠠᠲᠤ ᠴᠢᠩᠭ᠎ᠠ ᠤᠯᠤᠰ ᠲᠦᠷᠦ ᠶᠢᠨ ᠪᠠᠲᠤᠯᠠᠭ᠎ᠠ  ᠬᠠᠩᠭᠠᠨ᠎ᠠ  ᠭᠡᠵᠡᠢ᠃


ᠢᠷᠡᠯᠲᠡ
ᠥᠪᠡᠷᠲᠡᠭᠡᠨ ᠵᠠᠰᠠᠬᠤ ᠣᠷᠤᠨ ᠤ ᠪᠠᠶᠢᠴᠠᠭᠠᠬᠤ ᠬᠣᠷᠢᠶ᠎ᠠ ᠶᠢᠨ ᠣᠷᠴᠢᠭᠤᠯᠭ᠎ᠠ ᠶᠢᠨ ᠭᠠᠵᠠᠷ
2014-2022 © ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠴᠠᠭᠠᠬᠤ ᠬᠣᠷᠢᠶ᠎ᠠ ᠥᠮᠴᠢᠯᠡᠯ ᠦᠨ ᠡᠷᠬᠡ ᠲᠠᠢ ᠵᠣᠬᠢᠶᠠᠯ ᠪᠦᠲᠦᠭᠡᠯ ᠦᠨ ᠡᠷᠬᠡ ᠶ᠋ᠢ ᠬᠠᠤᠯᠢ ᠪᠠᠷ ᠬᠠᠮᠠᠭᠠᠯᠠᠭᠰᠠᠨ ᠂ ᠵᠥᠪᠰᠢᠶᠡᠷᠡᠯ ᠦᠭᠡᠢ ᠪᠡᠷ ᠬᠠᠭᠤᠯᠪᠤᠷᠢᠯᠠᠬᠤ ᠶ᠋ᠢ ᠡᠷᠡᠰ ᠬᠣᠷᠢᠭᠯᠠᠨ᠎ᠠ ᠬᠠᠷᠢᠯᠴᠠᠬᠤ ᠤᠲᠠᠰᠤ ᠄ 0471-4628760 ᠢᠮᠧᠯ ᠄ eerhe@nm.pro