ᠲᠡᠷᠢᠭᠦᠨ ᠨᠢᠭᠤᠷ  -   ᠪᠠᠶᠢᠴᠠᠭᠠᠬᠤ ᠶᠠᠪᠤᠳᠠᠯ ᠢ ᠢᠯᠡ ᠪᠣᠯᠭᠠᠬᠤ

ᠬᠣᠷᠴᠢᠨ ᠵᠡᠭᠦᠨ ᠭᠠᠷᠤᠨ ᠲᠤᠮᠳᠠᠳᠤ ᠬᠤᠰᠢᠭᠤᠨ ᠦ ᠪᠠᠶᠢᠴᠠᠭᠠᠬᠤ ᠬᠤᠷᠢᠶ᠎ᠠ ᠦᠪᠡᠷᠳᠡᠭᠡᠨ ᠵᠠᠰᠠᠬᠤ ᠣᠷᠣᠨ᠂ ᠬᠤᠲᠠ ᠶᠢᠨ ᠪᠠᠶᠢᠴᠠᠭᠠᠬᠤ ᠲᠠᠷᠤᠭ᠎ᠠ  ᠶᠢᠨ ︽ᠣᠯᠤᠰ ᠤᠨ ᠬᠠᠤᠯᠢ ᠪᠠᠷᠢᠯᠲᠠ ᠶᠢᠨ ᠰᠢᠯᠢᠳᠡᠭ ᠠᠪᠤᠷᠠᠨ ᠲᠤᠰᠠᠯᠠᠯᠳᠠ ᠶᠢᠨ ᠬᠡᠷᠡᠭ  ᠤᠨ  ᠵᠢᠱᠢᠶ᠎ᠡ︾  ᠶᠢᠨ ᠴᠤᠬᠤᠯᠠᠪᠤᠷᠢ ᠶᠢᠨ ᠵᠣᠷᠢᠭ ᠰᠠᠨᠠᠭ᠎ᠠ ᠶᠢ ᠢᠳᠡᠪᠬᠢᠲᠡᠢ ᠨᠠᠶᠢᠳᠠᠪᠤᠷᠢᠵᠢᠭᠤᠯᠪᠠ

2020-07-06 16:44:01
ᠵᠣᠬᠢᠶᠠᠭᠴᠢ
ᠪᠤᠤ ᠲᠤᠩᠭᠠᠯᠠᠭ

ᠤᠶᠢᠷ᠎ᠠ ᠶᠢᠨ ᠡᠳᠦᠷ᠂ ᠲᠦᠩᠯᠢᠶᠤᠤ  ᠬᠤᠲᠠ ᠵᠢᠨ ᠬᠣᠷᠴᠢᠨ ᠵᠡᠭᠦᠨ ᠭᠠᠷᠤᠨ ᠲᠤᠮᠳᠠᠳᠤ ᠬᠤᠰᠢᠭᠤᠨ ᠦ ᠪᠠᠶᠢᠴᠠᠭᠠᠬᠤ ᠬᠤᠷᠢᠶᠠᠨ ᠤ ᠰᠢᠢᠳᠪᠦᠷᠢᠯᠡᠭᠰᠡᠨ ᠵᠤᠤ ᠤᠪᠤᠭᠲᠤ ᠵᠢᠨ ᠬᠠᠤᠯᠢ ᠪᠠᠷᠢᠯᠲᠠ ᠵᠢᠨ ᠠᠪᠤᠷᠠᠨ ᠲᠤᠰᠠᠯᠠᠯᠲᠠ ᠭᠤᠶᠤᠴᠢᠯᠠᠭᠰᠠᠨ ᠬᠡᠷᠡᠭ   ᠢ ᠠᠷᠠᠳ ᠤᠨ ᠲᠡᠭᠡᠳᠦ ᠪᠠᠶᠢᠴᠠᠭᠠᠬᠤ ᠬᠤᠷᠢᠶᠠᠨ  ᠡᠴᠡ ︽ᠤᠯᠤᠰ ᠤᠨ ᠬᠠᠤᠯᠢ ᠪᠠᠷᠢᠯᠲᠠ ᠶᠢᠨ ᠰᠢᠯᠢᠳᠡᠭ ᠠᠪᠤᠷᠠᠨ ᠲᠤᠰᠠᠯᠠᠯᠲᠠ ᠶᠢᠨ ᠬᠡᠷᠡᠭ︾ ᠢᠶᠡᠷ ᠦᠨᠡᠯᠡᠵᠦ ᠂ ᠬᠣᠷᠴᠢᠨ ᠵᠡᠭᠦᠨ ᠭᠠᠷᠤᠨ ᠲᠤᠮᠳᠠᠳᠤ ᠬᠤᠰᠢᠭᠤᠨ ᠦ ᠪᠠᠶᠢᠴᠠᠭᠠᠬᠤ ᠬᠤᠷᠢᠶ᠎ᠠ ᠨᠢ ᠪᠦᠬᠦ ᠤᠯᠤᠰ ᠤᠨ ᠪᠠᠶᠢᠴᠠᠭᠠᠬᠤ ᠪᠠᠶᠢᠭᠤᠯᠭ᠎ᠠ ᠵᠢᠨ ᠬᠡᠪᠴᠢᠶᠡᠨ ᠳᠤ ᠨᠡᠶᠢᠲᠡᠯᠡᠭᠳᠡᠨ ᠰᠠᠶᠢᠰᠢᠶᠠᠭᠳᠠᠪᠠ᠃

ᠡᠭᠦᠨ ᠦ ᠲᠤᠯᠠᠳᠠ᠂ ᠦᠪᠡᠷᠳᠡᠭᠡᠨ ᠵᠠᠰᠠᠬᠤ ᠤᠷᠤᠨ ᠤ ᠪᠠᠶᠢᠴᠠᠭᠠᠬᠤ ᠬᠤᠷᠢᠶᠠᠨ ᠤ ᠨᠠᠮ ᠤᠨ ᠤᠳᠤᠷᠢᠳᠬᠤ ᠲᠤᠭᠤᠶᠢᠯᠠᠨᠭ᠌ ᠤᠨ ᠱᠦᠵᠢ᠂ ᠪᠠᠶᠢᠴᠠᠭᠠᠬᠤ ᠲᠠᠷᠤᠭ᠎ᠠ ᠯᠢ ᠴᠢ ᠯᠢᠨ ᠴᠤᠬᠤᠯᠠᠪᠤᠷᠢ ᠭᠠᠷᠭᠠᠭᠰᠠᠨ ᠨᠢ ᠄ ᠬᠣᠷᠴᠢᠨ ᠵᠡᠭᠦᠨ ᠭᠠᠷᠤᠨ ᠲᠤᠮᠳᠠᠳᠤ ᠬᠤᠰᠢᠭᠤᠨ ᠦ ᠪᠠᠶᠢᠴᠠᠭᠠᠬᠤ ᠬᠤᠷᠢᠶ᠎ᠠ ᠨᠢ ᠪᠦᠬᠦ ᠤᠯᠤᠰ ᠤᠨ ᠪᠠᠶᠢᠴᠠᠭᠠᠬᠤ ᠪᠠᠶᠢᠭᠤᠯᠭ᠎ᠠ ᠶᠢᠨ ᠭᠤᠴᠢᠨ ᠰᠢᠯᠢᠳᠡᠭ ᠬᠡᠷᠡᠭ ᠦᠨ ᠵᠢᠱᠢᠶ᠎ᠡ ᠲᠤᠲᠤᠷ᠎ᠠ ᠢᠷᠠᠭᠤ ᠠᠯᠳᠠᠷ ᠤᠯᠤᠭᠰᠠᠨ ᠨᠢ ᠦᠨᠡᠬᠡᠷ ᠬᠢᠯᠪᠠᠷ ᠪᠤᠰᠤ ᠶᠠᠪᠣᠳᠠᠯ ᠪᠤᠯᠤᠨ᠎ᠠ᠃ ᠡᠯ᠎ᠡ ᠱᠠᠲᠤᠨ ᠤ ᠪᠠᠶᠢᠴᠠᠭᠠᠬᠤ ᠬᠤᠷᠢᠶ᠎ᠠ ᠬᠢᠨᠠᠮᠠᠭᠠᠢ ᠰᠤᠷᠤᠯᠴᠠᠨ᠂ ᠬᠠᠷᠢᠯᠴᠠᠨ ᠯᠠᠪᠯᠠᠯᠲᠠ ᠪᠤᠯᠭᠠᠵᠤ᠂  ᠰᠡᠳᠬᠢᠬᠦᠢ  ᠪᠡᠨ  ᠰᠢᠨᠡᠴᠢᠯᠡᠵᠦ᠂ ᠬᠠᠤᠯᠢ  ᠪᠠᠷᠢᠯᠲᠠ ᠶᠢᠨ ᠠᠪᠤᠷᠠᠨ ᠲᠤᠰᠠᠯᠠᠬᠤ ᠠᠵᠢᠯ ᠤᠨ ᠬᠦᠭᠵᠢᠯᠲᠡ ᠲᠠᠪᠰᠢᠯᠲᠠ ᠶᠢ ᠲᠠᠰᠤᠷᠠᠯᠲᠠ ᠦᠭᠡᠢ ᠠᠬᠢᠭᠤᠯᠬᠤ ᠬᠡᠷᠡᠭᠲᠠᠢ ᠃

ᠳᠠᠷᠠᠭ᠎ᠠ ᠨᠢ᠂ ᠲᠦᠩᠯᠢᠶᠤᠤ ᠬᠤᠲᠠ ᠶᠢᠨ ᠪᠠᠶᠢᠴᠠᠭᠠᠬᠤ ᠬᠤᠷᠢᠶ᠎ᠠ ᠶᠢᠨ ᠨᠠᠮ ᠤᠨ ᠤᠳᠤᠷᠢᠳᠬᠤ ᠲᠤᠭᠤᠶᠢᠯᠠᠨᠭ᠌ ᠤᠨ ᠱᠦᠵᠢ᠂ ᠪᠠᠶᠢᠴᠠᠭᠠᠬᠤ ᠲᠠᠷᠤᠭ᠎ᠠ  ᠸᠠᠩ  ᠶᠠᠨ ᠴᠦᠨ ᠴᠤᠬᠤᠯᠠᠪᠤᠷᠢ ᠭᠠᠷᠭᠠᠭᠰᠠᠨ ᠨᠢ᠄ ᠬᠣᠷᠴᠢᠨ  ᠵᠡᠭᠦᠨ ᠭᠠᠷᠤᠨ ᠲᠤᠮᠳᠠᠳᠤ  ᠬᠤᠰᠢᠭᠤᠨ ᠦ ᠬᠠᠤᠯᠢ  ᠪᠠᠷᠢᠯᠲᠠ  ᠶᠢᠨ ᠲᠤᠰᠠᠯᠠᠮᠵᠢ ᠵᠢᠨ ᠭᠡᠷᠡᠭ ᠨᠢ ᠌︽ᠤᠯᠤᠰ ᠤᠨ ᠰᠢᠯᠢᠳᠡᠭ ᠬᠠᠤᠯᠢ ᠪᠠᠷᠢᠯᠲᠠ ᠶᠢᠨ ᠠᠪᠤᠷᠠᠨ ᠲᠤᠰᠠᠯᠠᠬᠤ ᠬᠡᠷᠡᠭ  ︾ ᠢᠶᠠᠷ ᠦᠨᠡᠯᠡᠭᠳᠡᠵᠦ᠂ ᠪᠠᠰᠠ ᠦᠪᠡᠷᠳᠡᠭᠡᠨ ᠵᠠᠰᠠᠬᠤ ᠤᠷᠤᠨ ᠤ ᠪᠠᠶᠢᠴᠠᠭᠠᠬᠤ ᠬᠤᠷᠢᠶ᠎ᠠ ᠶᠢᠨ ᠯᠢ ᠴᠢ ᠯᠢᠨ ᠪᠠᠶᠢᠴᠠᠭᠠᠬᠤ ᠲᠠᠷᠤᠭ᠎ᠠ ᠶᠢᠨ ᠴᠤᠬᠤᠯᠠᠪᠤᠷᠢ  ᠶᠢ ᠤᠯᠵᠠᠢ ᠂ ᠡᠶᠢᠮᠦ ᠡᠴᠡ ᠪᠦᠬᠦ ᠬᠤᠲᠠ ᠶᠢᠨ ᠪᠠᠶᠢᠴᠠᠭᠠᠬᠤ ᠪᠠᠶᠢᠭᠤᠯᠭ᠎ᠠ ᠲᠡᠭᠦᠨ ᠡᠴᠡ ᠲᠠᠭᠠᠨ  ᠰᠤᠷᠤᠯᠴᠠᠬᠤ  ᠬᠡᠷᠡᠭᠲᠡᠢ ᠭᠡᠪᠡ ᠃

ᠤᠯᠤᠰ  ᠤᠨ ᠬᠠᠤᠯᠢ ᠪᠠᠷᠢᠯᠲᠠ  ᠵᠢᠨ ᠠᠪᠤᠷᠠᠨ ᠲᠤᠰᠠᠯᠠᠯᠲᠠ  ᠪᠤᠯ  ᠨᠠᠮ  ᠤᠨ ᠠᠵᠢᠯ ᠤᠨ ᠶᠡᠬᠡ ᠲᠠᠯ᠎ᠠ ᠳᠤ ᠦᠢᠯᠡᠴᠢᠯᠡᠵᠦ᠂ ᠲᠤᠬᠠᠢ ᠶᠢᠨ ᠭᠠᠵᠠᠷ ᠤᠨ ᠭᠤᠤᠯ ᠠᠵᠢᠯ ᠲᠠᠢ ᠨᠢᠭᠲᠠ  ᠬᠤᠯᠪᠤᠭ᠎ᠠ ᠲᠠᠢ ᠪᠠᠶᠢᠳᠠᠭ᠂ ᠡᠨᠡᠬᠦ  ᠮᠠᠲ᠋ᠧᠷᠢᠶᠠᠯ  ᠢ  ᠪᠦᠬᠦ  ᠬᠤᠲᠠ ᠶᠢᠨ ᠡᠯ᠎ᠡ ᠱᠠᠲᠤᠨ ‍ᠣ ᠪᠠᠶᠢᠴᠠᠭᠠᠬᠤ ᠪᠠᠶᠢᠭᠣᠯᠭ᠎ᠠ ᠳᠤ ᠲᠠᠷᠬᠠᠭᠠᠵᠤ ᠰᠤᠷᠤᠯᠴᠠᠭᠤᠯᠬᠤ ᠶᠢᠨ ᠬᠠᠮᠲᠤ᠂ ᠬᠤᠲᠠ ᠶᠢᠨ ᠤᠯᠤᠰ ᠲᠦᠷᠦ ᠬᠠᠤᠯᠢ ᠴᠠᠭᠠᠵᠠ ᠶᠢᠨ ᠵᠦᠪᠯᠡᠯ ᠳᠦ ᠮᠡᠳᠡᠭᠦᠯᠦᠨ᠎ᠡ᠃

ᠬᠣᠷᠴᠢᠨ ᠵᠡᠭᠦᠨ ᠭᠠᠷᠤᠨ ᠲᠤᠮᠳᠠᠳᠤ ᠬᠤᠰᠢᠭᠤᠨ ᠦ ᠪᠠᠶᠢᠴᠠᠭᠠᠬᠤ ᠬᠣᠷᠢᠶᠠᠨ ᠤ ᠰᠢᠢᠳᠪᠦᠷᠢᠯᠡᠭᠰᠡᠨ ᠬᠠᠤᠯᠢ ᠪᠠᠷᠢᠯᠲᠠ ᠶᠢᠨ ᠠᠪᠤᠷᠠᠨ ᠲᠤᠰᠠᠯᠠᠬᠤ ᠬᠡᠷᠡᠭ ᠢ ᠪᠦᠬᠦ ᠤᠯᠤᠰ  ᠤᠨ ᠪᠠᠶᠢᠴᠠᠭᠠᠬᠤ ᠪᠠᠶᠢᠭᠤᠯᠭ᠎ᠠ ᠂ ᠲᠡᠭᠡᠳᠦ  ᠱᠠᠳᠤᠨ ᠤ ᠤᠳᠤᠷᠢᠳᠤᠯᠭ᠎ᠠ ᠲᠡᠭᠡᠳᠦ ᠬᠡᠮᠵᠢᠶ᠎ᠡ ᠪᠡᠷ ᠴᠢᠬᠤᠯᠠᠴᠢᠯᠠᠨ ᠦᠵᠡᠵᠦ ᠪᠠᠶᠢᠨ᠎ᠠ᠃ ᠬᠣᠷᠴᠢᠨ ᠵᠡᠭᠦᠨ ᠭᠠᠷᠤᠨ ᠲᠤᠮᠳᠠᠳᠤ ᠬᠤᠰᠢᠭᠤᠨ ᠦ ᠪᠠᠶᠢᠴᠠᠭᠠᠬᠤ ᠬᠤᠷᠢᠶ᠎ᠠ ᠦᠪᠡᠷᠳᠡᠭᠡᠨ ᠵᠠᠰᠠᠬᠤ ᠤᠷᠤᠨ᠂  ᠪᠦᠬᠦ ᠬᠤᠲᠠ ᠶᠢᠨ ᠪᠠᠶᠢᠴᠠᠭᠠᠬᠤ ᠲᠠᠷᠤᠭ᠎ᠠ ᠶᠢᠨ ᠴᠤᠬᠤᠯᠠᠪᠤᠷᠢ  ᠶᠢᠨ ᠵᠤᠷᠢᠭ ᠰᠠᠨᠠᠭ᠎ᠠ  ᠪᠡᠷ  ᠠᠵᠠ ᠵᠠᠪᠰᠢᠶᠠᠨ ᠪᠤᠯᠭᠠᠨ᠂ ᠶᠠᠳᠠᠭᠤ ᠶᠢ ᠲᠡᠳᠬᠦᠬᠦ ᠰᠠᠯᠠᠭ᠎ᠠ ᠮᠦᠴᠢᠷ ᠲᠠᠢ ᠢᠳᠡᠪᠬᠢᠲᠡᠢ  ᠵᠦᠪᠳᠡᠯᠴᠡᠬᠦ ᠲᠤᠭᠲᠠᠴᠠ ᠶᠢ ᠪᠠᠶᠢᠭᠤᠯᠵᠤ᠂ ᠬᠡᠷᠡᠭ ᠰᠢᠢᠳᠪᠦᠷᠢᠯᠡᠬᠦ ᠶᠠᠪᠤᠴᠠ ᠳᠦ ᠬᠡᠷᠡᠭ ᠡᠴᠡ ᠪᠤᠯᠵᠤ ᠭᠠᠴᠢᠭᠳᠠᠭᠰᠠᠨ ᠲᠤᠬᠠᠢ ᠶᠢᠨ ᠬᠦᠮᠦᠨ  ᠢ ᠴᠠᠭ ᠲᠤᠬᠠᠢ ᠳ᠋ᠤᠨᠢ ᠬᠠᠪᠰᠤᠷᠴᠤ᠂ ᠨᠡᠶᠢᠭᠡᠮ ᠦᠨ ᠵᠠᠰᠠᠯᠳᠠ ᠳᠤ ᠰᠠᠨᠠᠭᠠᠴᠢᠯᠠᠭ᠎ᠠ ᠠᠴᠠ ᠪᠡᠨ ᠤᠷᠤᠯᠴᠠᠵᠤ᠂ ᠠᠵᠢᠯ ᠤᠨ ᠠᠷᠭ᠎ᠠ ᠮᠠᠶ᠋ᠢᠭ  ᠳᠤ ᠰᠢᠨ᠎ᠡ ᠶᠢ ᠡᠭᠦᠳᠴᠦ᠂ ᠨᠡᠶᠢᠭᠡᠮ ᠦᠨ ᠡᠶ᠎ᠡ ᠵᠤᠬᠢᠴᠠᠯ᠂ ᠬᠠᠤᠯᠢ ᠪᠠᠷᠢᠯᠲᠠ ᠶᠢᠨ ᠲᠤᠰᠠᠯᠠᠬᠤ ᠠᠵᠢᠯ  ᠢ ᠲᠠᠰᠤᠷᠠᠯᠲᠠ ᠦᠭᠡᠢ ᠠᠬᠢᠭᠤᠯᠵᠤ᠂ ᠶᠠᠳᠠᠭᠤ ᠠᠴᠠ  ᠪᠤᠭᠤᠮᠳᠠ ᠰᠢᠪᠳᠤᠯᠬᠤ ᠲᠠᠶᠢᠯᠠᠯᠳᠤᠭᠠᠨ ᠤ ᠢᠯᠠᠯᠲᠠ ᠶᠢ ᠲᠡᠮᠡᠴᠡᠨ ᠤᠯᠬᠤ ᠳᠤ ᠪᠠᠲᠤ ᠴᠢᠩᠭ᠎ᠠ ᠬᠠᠤᠯᠢ ᠴᠠᠭᠠᠵᠠ  ᠵᠢᠨ ᠪᠠᠲᠤᠯᠠᠭ᠎ᠠ ᠬᠠᠩᠭᠠᠨ᠎ᠠ᠃


ᠢᠷᠡᠯᠲᠡ
ᠲᠦᠩᠯᠢᠶᠤᠤ ᠬᠤᠳᠠ ᠵᠢᠨ ᠬᠣᠷᠴᠢᠨ ᠵᠡᠭᠦᠨ ᠭᠠᠷᠤᠨ ᠲᠤᠮᠳᠠᠳᠤ ᠬᠤᠰᠢᠭᠤᠨ ᠦ ᠠᠷᠠᠳ ᠤᠨ ᠪᠠᠶᠢᠴᠠᠭᠠᠬᠤ ᠬᠤᠷᠢᠶ᠎ᠠ 
2014-2022 © ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠴᠠᠭᠠᠬᠤ ᠬᠣᠷᠢᠶ᠎ᠠ ᠥᠮᠴᠢᠯᠡᠯ ᠦᠨ ᠡᠷᠬᠡ ᠲᠠᠢ ᠵᠣᠬᠢᠶᠠᠯ ᠪᠦᠲᠦᠭᠡᠯ ᠦᠨ ᠡᠷᠬᠡ ᠶ᠋ᠢ ᠬᠠᠤᠯᠢ ᠪᠠᠷ ᠬᠠᠮᠠᠭᠠᠯᠠᠭᠰᠠᠨ ᠂ ᠵᠥᠪᠰᠢᠶᠡᠷᠡᠯ ᠦᠭᠡᠢ ᠪᠡᠷ ᠬᠠᠭᠤᠯᠪᠤᠷᠢᠯᠠᠬᠤ ᠶ᠋ᠢ ᠡᠷᠡᠰ ᠬᠣᠷᠢᠭᠯᠠᠨ᠎ᠠ ᠬᠠᠷᠢᠯᠴᠠᠬᠤ ᠤᠲᠠᠰᠤ ᠄ 0471-4628760 ᠢᠮᠧᠯ ᠄ eerhe@nm.pro