ᠲᠡᠷᠢᠭᠦᠨ ᠨᠢᠭᠤᠷ  -   ᠪᠠᠶᠢᠴᠠᠭᠠᠬᠤ ᠶᠠᠪᠤᠳᠠᠯ ᠢ ᠢᠯᠡ ᠪᠣᠯᠭᠠᠬᠤ

ᠦᠪᠡᠷᠲᠡᠭᠡᠨ ᠵᠠᠰᠠᠬᠤ ᠤᠷᠤᠨ ᠤ ᠪᠠᠶᠢᠴᠠᠭᠠᠬᠤ ᠬᠤᠷᠢᠶ᠎ᠠ ᠵᠢᠨ ᠣᠷᠴᠢᠭᠤᠯᠭ᠎ᠠ ᠶᠢᠨ ᠭᠠᠵᠠᠷ ᠠᠯᠠᠱᠠ ᠠᠶᠢᠮᠠᠭ ᠲᠤ ᠬᠦᠷᠴᠦ ᠪᠠᠶᠢᠴᠠᠭᠠᠨ ᠰᠤᠳᠤᠯᠤᠯᠲᠠ ᠬᠢᠵᠦ ᠵᠢᠭᠠᠨ ᠵᠢᠯᠤᠭᠤᠳᠬᠤ ᠠᠵᠢᠯ ᠦᠷᠨᠢᠭᠦᠯᠪᠠ

2020-07-30 08:54:34
ᠵᠣᠬᠢᠶᠠᠭᠴᠢ
ᠨᠠᠪᠴᠢ


ᠲᠤᠬᠠᠶ ᠶᠢᠨ ᠭᠠᠵᠠᠷ ᠲᠤᠨᠢ ᠬᠦᠷᠴᠦ ᠪᠠᠶᠢᠴᠠᠭᠠᠨ ᠰᠤᠳᠤᠯᠤᠯᠲᠠ ᠬᠢᠬᠦ ᠠᠵᠢᠯ ᠤᠨ ᠬᠠᠨᠳᠤᠯᠭᠠᠲᠤ ᠴᠢᠨᠠᠷ ᠢ ᠤᠯᠠᠮ ᠨᠢᠭᠡ ᠠᠯᠬᠤᠮ ᠴᠢᠩᠭᠠᠳᠬᠠᠵᠤ ᠂ ᠠᠵᠢᠯ ᠤᠨ ᠪᠠᠶᠢᠳᠠᠯ ᠢ ᠨᠢᠭᠤᠷᠲᠠᠨ ᠣᠶᠢᠯᠭᠠᠨ ᠡᠵᠡᠮᠰᠢᠵᠦ ᠂ ᠠᠵᠢᠯ ᠤᠨ ᠳᠤᠮᠳᠠ ᠣᠷᠣᠰᠢᠵᠤ ᠪᠠᠶᠢᠭ᠎ᠠ ᠠᠰᠠᠭᠤᠳᠠᠯ ᠢ ᠦᠨᠡᠨ ᠬᠦ ᠰᠢᠶᠳᠪᠦᠷᠢᠯᠡᠬᠦ ᠶᠢᠨ ᠲᠥᠯᠥᠭᠡ  ᠂ 7 ᠰᠠᠷ᠎ᠠ ᠶᠢᠨ 22 ᠤᠨ ᠡᠳᠦᠷ ᠡᠴᠡ 24 ᠦ ᠡᠳᠦᠷ ᠪᠣᠯᠲᠠᠯ᠎ᠠ ᠂ ᠣᠷᠴᠢᠭᠤᠯᠭ᠎ᠠ ᠶᠢᠨ ᠭᠠᠵᠠᠷ ᠤᠨ ᠳᠠᠷᠤᠭ᠎ᠠ  ᠬᠡᠰᠢᠭ ᠨᠠᠷ ᠠᠯᠠᠱᠠ ᠠᠶᠢᠮᠠᠭ ᠲᠤ ᠬᠦᠷᠴᠦ ᠪᠠᠶᠢᠴᠠᠭᠠᠨ ᠰᠤᠳᠤᠯᠤᠯᠲᠠ ᠬᠢᠵᠦ ᠵᠢᠭᠠᠨ ᠵᠢᠯᠣᠭᠣᠳᠪᠠ ᠃

 

3.JPG

 

ᠬᠡᠰᠢᠭ ᠭᠠᠵᠠᠷ ᠤᠨ ᠳᠠᠷᠤᠭ᠎ᠠ ᠨᠠᠷ ᠤᠷᠢᠳ ᠬᠣᠵᠢᠳ ᠠᠯᠠᠱᠠ ᠠᠶᠢᠮᠠᠭ ᠤᠨ ᠪᠠᠶᠢᠴᠠᠭᠠᠬᠤ ᠬᠤᠪᠢᠶᠠᠷᠢ ᠬᠣᠷᠢᠶ᠎ᠠ ᠂ ᠠᠯᠠᠱᠠ ᠵᠡᠭᠦᠨ ᠬᠣᠰᠢᠭᠤᠨ ᠤ ᠪᠠᠶᠢᠴᠠᠭᠠᠬᠤ ᠬᠣᠷᠢᠶ᠎ᠠ ᠂ ᠠᠯᠠᠱᠠ ᠪᠠᠷᠠᠭᠤᠨ ᠬᠣᠰᠢᠭᠤᠨ ᠤ ᠪᠠᠶᠢᠴᠠᠭᠠᠬᠤ ᠬᠤᠷᠢᠶᠠᠨ ᠳᠤ ᠭᠦᠨᠵᠡᠭᠡᠶᠢᠷᠡᠨ ᠤᠷᠤᠵᠤ ᠂ ᠲᠤᠬᠠᠶ ᠶᠢᠨ ᠭᠠᠵᠠᠷ  ᠢ ᠪᠠᠶᠢᠴᠠᠭᠠᠨ ᠦᠵᠡᠬᠦ ᠂ ᠬᠠᠷᠢᠭᠤ ᠮᠡᠳᠡᠭᠦᠯᠦᠯᠲᠡ ᠰᠣᠨᠣᠰᠬᠤ ᠂ ᠰᠠᠭᠤᠳᠠᠯ ᠤᠨ ᠬᠤᠷᠠᠯ  ᠬᠤᠷᠠᠯᠳᠤᠭᠤᠯᠬᠤ ᠪᠠᠷ ᠳᠠᠮᠵᠢᠨ  ᠬᠤᠤᠰ ᠬᠡᠯᠡᠨ ᠦ ᠪᠠᠶᠢᠴᠠᠭᠠᠬᠤ ᠠᠵᠢᠯ ᠂ ᠦᠨᠳᠦᠰᠦᠲᠡᠨ ᠦ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯ ᠂ᠨᠡᠶᠢᠭᠡᠮ ᠦᠨ ᠥᠩᠭᠡᠨ  ᠬᠡᠷᠡᠭᠯᠡᠭᠡᠨ ᠳ᠋ᠡᠬᠢ ᠮᠣᠩᠭᠣᠯ ᠬᠢᠲᠠᠳ ᠬᠤᠶᠠᠷ ᠵᠦᠢᠯ ᠦᠨ ᠦᠰᠦᠭ ᠪᠢᠴᠢᠭ ᠢ ᠵᠡᠷᠭᠡ ᠪᠡᠷ  ᠬᠡᠷᠡᠭᠯᠡᠵᠦ ᠪᠠᠶᠢᠭ᠎ᠠ ᠵᠡᠷᠭᠡ ᠪᠠᠶᠢᠳᠠᠯ ᠵᠢᠴᠢ ᠡᠭᠦᠨ ᠦ ᠲᠤᠮᠳᠠ ᠣᠷᠣᠰᠢᠵᠤ  ᠪᠠᠶᠢᠭ᠎ᠠ ᠠᠰᠠᠭᠤᠳᠠᠯ ᠢ ᠪᠦᠬᠦ ᠲᠠᠯ᠎ᠠ ᠪᠠᠷ ᠤᠶᠢᠯᠠᠭᠠᠬᠤ ᠪᠠᠷ ᠳᠠᠮᠵᠢᠨ ᠂ ᠬᠠᠮᠢᠶ᠎ᠠ ᠪᠦᠬᠦᠢ ᠠᠵᠢᠯ ᠢ ᠲᠤᠬᠠᠶ ᠶᠢᠨ ᠭᠠᠵᠠᠷ ᠲᠤᠨᠢ ᠵᠢᠯᠣᠭᠣᠳᠴᠤ ᠂ ᠰᠠᠨᠠᠯ ᠰᠠᠨᠠᠭᠤᠯᠭ᠎ᠠ ᠳᠤᠷᠠᠳᠪᠠ᠃ 

 

2.JPG  

120.jpg 

 

ᠠᠯᠠᠱᠠᠨ ᠠᠶᠢᠮᠠᠭ ᠤᠨ ᠪᠠᠶᠢᠴᠠᠭᠠᠬᠤ ᠬᠤᠪᠢᠶᠠᠷᠢ ᠬᠣᠷᠢᠶᠠᠨ ᠳᠤ ᠂ 12309 ᠪᠠᠶᠢᠴᠠᠭᠠᠬᠤ ᠦᠶᠯᠡᠴᠢᠯᠡᠭᠡᠨ ᠦ ᠲᠥᠪ ᠂ ᠨᠠᠮ ᠤᠨ ᠪᠠᠶᠢᠭᠤᠯᠤᠯᠲᠠ ᠶᠢᠨ ᠠᠵᠢᠯᠯᠠᠭᠠᠨ ᠤ ᠲᠥᠪ ᠂ ᠪᠠᠶᠢᠴᠠᠭᠠᠬᠤ ᠰᠣᠶᠣᠯ ᠤᠨ ᠦᠵᠡᠭᠦᠯᠦᠯᠭᠡ ᠶᠢᠨ ᠲᠢᠩᠬᠢᠮ ᠂ ᠦᠨᠳᠦᠰᠦᠲᠡᠨ ᠦ ᠪᠦᠯᠬᠦᠮᠳᠡᠯ ᠳᠠᠪᠰᠢᠯᠲᠠ ᠶᠢᠨ ᠰᠣᠶᠣᠯ ᠤᠨ ᠬᠣᠩᠭᠢᠯ ᠵᠡᠷᠭᠡ ᠲᠠᠯᠠᠪᠤᠷ ᠢ ᠲᠣᠭᠣᠷᠢᠨ ᠦᠵᠡᠵᠦ ᠂ ᠦᠨᠳᠦᠰᠦᠲᠡᠨ ᠦ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯ ᠤᠨ ᠦᠷ᠎ᠡ ᠪᠦᠲᠦᠭᠡᠯ᠂ ᠮᠣᠩᠭᠣᠯ ᠬᠢᠲᠠᠳ ᠬᠣᠸᠰ ᠬᠡᠯᠡᠨ ᠦ ᠤᠬᠠᠭᠤᠯᠭ᠎ᠠ ᠶᠢᠨ ᠮᠠᠲ᠋ᠧᠷᠢᠶᠠᠯ ᠵᠡᠷᠭᠡ ᠶᠢ ᠪᠠᠶᠢᠴᠠᠭᠠᠨ ᠦᠵᠡᠵᠦ ᠂ ᠦᠨᠳᠦᠰᠦᠲᠡ  ᠦ ᠪᠦᠯᠬᠦᠮᠳᠡᠯ ᠲᠠᠪᠰᠢᠯᠲᠠ ᠢ ᠡᠭᠦᠳᠦᠨ ᠪᠠᠶᠢᠭᠤᠯᠬᠤ ᠠᠵᠢᠯ ᠪᠠ ᠬᠣᠸᠰ ᠬᠡᠯᠡᠨ ᠦ ᠪᠠᠶᠢᠴᠠᠭᠠᠬᠤ ᠠᠵᠢᠯ ᠤᠨ ᠪᠠᠶᠢᠳᠠᠯ  ᠤᠨ  ᠬᠠᠷᠢᠭᠤ ᠮᠡᠳᠡᠭᠦᠯᠦᠯᠲᠡ ᠶᠢ ᠰᠣᠨᠣᠰᠪᠠ ᠃  ᠬᠡᠰᠢᠭ ᠭᠠᠵᠠᠷ  ᠤᠨ ᠳᠠᠷᠤᠭ᠎ᠠ  ᠠᠯᠠᠱᠠᠨ ᠠᠶᠢᠮᠠᠭ ᠤᠨ ᠪᠠᠶᠢᠴᠠᠭᠠᠬᠤ ᠬᠤᠪᠢᠶᠠᠷᠢ ᠬᠣᠷᠢᠶᠠᠨ  ᠤ ᠬᠣᠸᠰ  ᠬᠡᠯᠡᠨ ᠦ ᠪᠠᠶᠢᠴᠠᠭᠠᠬᠤ ᠠᠵᠢᠯ ᠪᠣᠯᠤᠨ ᠦᠨᠳᠦᠰᠦᠲᠡᠨ  ᠦ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯ  ᠢ ᠭᠦᠶᠴᠡᠳ ᠨᠤᠲᠠᠯᠠᠵᠤ ᠥᠨᠳᠥᠷ ᠦᠨᠡᠯᠡᠬᠦ  ᠶᠢᠨ ᠬᠠᠮᠲᠤ ᠴᠥᠭᠡᠨ ᠲᠣᠭᠠᠲᠤ ᠦᠨᠳᠦᠰᠦᠲᠡᠨ ᠦ ᠺᠠᠳ᠋ᠷ ᠢ ᠬᠥᠮᠦᠵᠢᠭᠦᠯᠦᠨ ᠬᠡᠷᠡᠭᠯᠡᠬᠦ ᠂ ᠬᠣᠸᠰ ᠬᠡᠯᠡᠨ ᠦ ᠠᠵᠢᠯᠲᠠᠨ ᠤ ᠡᠩᠨᠡᠭᠡ   ᠵᠢᠨ ᠪᠠᠶᠢᠭᠤᠯᠤᠯᠲᠠ ᠪᠠ   ᠲᠤᠰ ᠬᠤᠷᠢᠶᠠᠨ ᠳ᠋ᠡᠬᠢ ᠬᠠᠮᠢᠶ᠎ᠠ ᠪᠥᠬᠥᠶ ᠲᠠᠯᠠᠪᠤᠷ  ᠵᠢᠨ ᠨᠡᠶᠢᠭᠡᠮ ᠦᠨ ᠥᠩᠭᠡᠨ ᠬᠡᠷᠡᠭᠯᠡᠭᠡᠨ ᠳ᠋ᠡᠬᠢ ᠮᠣᠩᠭᠣᠯ ᠬᠢᠲᠠᠳ ᠬᠣᠶᠠᠷ ᠵᠦᠶᠯ ᠦᠨ ᠥᠰᠥᠭ ᠪᠢᠴᠢᠭ ᠢ ᠵᠡᠷᠭᠡ ᠪᠡᠷ ᠬᠡᠷᠡᠭᠯᠡᠬᠦ ᠪᠠᠶᠢᠳᠠᠯ ᠤᠨ ᠳᠤᠮᠳᠠ ᠣᠷᠣᠰᠢᠵᠤ ᠪᠠᠶᠢᠭ᠎ᠠ ᠠᠰᠠᠭᠤᠳᠠᠯ ᠳᠤ ᠵᠢᠯᠣᠭᠣᠳᠬᠤ ᠰᠠᠨᠠᠭᠤᠯᠭ᠎ᠠ ᠳᠤᠷᠠᠳᠪᠠ ᠃

 

5.JPG 

 

ᠠᠯᠠᠱᠠ ᠵᠡᠭᠦᠨ ᠬᠣᠰᠢᠭᠤᠨ ᠤ ᠪᠠᠶᠢᠴᠠᠭᠠᠬᠤ ᠬᠣᠷᠢᠶᠠᠨ ᠳᠤ ᠂ 12309 ᠪᠠᠶᠢᠴᠠᠭᠠᠬᠤ ᠦᠢᠯᠡᠴᠢᠯᠡᠭᠡᠨ ᠦ ᠲᠥᠪ ᠂ ᠬᠣᠩᠭᠢᠯ ᠤᠨ ᠰᠣᠶᠣᠯ ᠵᠡᠷᠭᠡ ᠲᠠᠯᠠᠪᠤᠷ ᠢ ᠪᠠᠶᠢᠴᠠᠭᠠᠨ ᠦᠵᠡᠵᠦ ᠂ ᠮᠣᠩᠭᠣᠯ ᠬᠡᠯᠡᠨ ᠦ ᠬᠠᠤᠯᠢ ᠲᠦᠭᠡᠮᠡᠯᠵᠢᠭᠦᠯᠬᠦ ᠤᠬᠠᠭᠤᠯᠭ᠎ᠠ ᠵᠢᠨ ᠮᠠᠲ᠋ᠧᠷᠢᠶᠠᠯ  ᠵᠡᠷᠭᠡ ᠶᠢ  ᠦᠵᠡᠨ ᠂ ᠲᠤᠰ ᠬᠤᠷᠢᠶᠠᠨ ᠤ  ᠦᠨᠳᠦᠰᠦᠲᠡᠨ ᠦ ᠪᠦᠯᠬᠦᠮᠳᠡᠯ ᠳᠠᠪᠰᠢᠯᠲᠠ ᠶᠢ  ᠡᠭᠦᠳᠦᠨ ᠪᠠᠶᠢᠭᠤᠯᠬᠤ ᠠᠵᠢᠯ ᠤᠨ ᠤᠳᠤᠷᠢᠳᠬᠤ ᠳᠤᠭᠤᠶᠢᠯᠠᠩ ᠪᠠ ᠬᠣᠣᠰ ᠬᠡᠯᠡᠨ ᠦ ᠪᠠᠶᠢᠴᠠᠭᠠᠬᠤ ᠠᠵᠢᠯᠲᠠᠨ ᠲᠠᠶ ᠰᠠᠭᠤᠲᠠᠯ ᠤᠨ ᠬᠤᠷᠠᠯ ᠬᠢᠵᠦ ᠂  ᠮᠦᠨ ᠲᠤᠰ ᠬᠤᠷᠢᠶᠠᠨ ᠤ ᠳᠡᠭᠡᠷ᠎ᠡ ᠬᠠᠭᠠᠰ ᠵᠢᠯ ᠦᠨ ᠬᠣᠯᠪᠣᠭᠳᠠᠯ ᠪᠦᠬᠦᠢ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ ᠂ ᠡᠩᠨᠡᠭᠡᠨ ᠦ ᠪᠠᠶᠢᠭᠤᠯᠤᠯᠲᠠ ᠂ ᠬᠡᠷᠡᠭ ᠰᠢᠶᠳᠪᠦᠷᠢᠯᠡᠭᠰᠡᠨ  ᠪᠠᠶᠢᠳᠠᠯ᠂ ᠮᠣᠩᠭᠣᠯ ᠦᠭᠡ ᠬᠡᠯᠡ ᠦᠰᠦᠭ ᠪᠢᠴᠢᠭ  ᠦᠨ ᠵᠠᠷᠭᠤ ᠵᠡᠷᠭᠡ ᠠᠵᠢᠯ ᠢ ᠨᠠᠷᠢᠨ ᠣᠶᠢᠯᠠᠭᠠᠭᠰᠠᠨ ᠤ ᠳᠠᠷᠠᠭ᠎ᠠ ᠂  ᠭᠠᠵᠠᠷ ᠤᠷᠤᠨ ᠤ ᠪᠠᠨ  ᠳᠠᠪᠠᠭᠤᠯᠢᠭ ᠢᠶᠠᠨ ᠪᠠᠳᠠᠷᠠᠭᠤᠯᠬᠤ᠂ ᠵᠣᠬᠢᠶᠠᠨ ᠪᠠᠶᠢᠭᠤᠯᠤᠯᠲᠠ ᠳ᠋ᠡᠬᠢ ᠤᠳᠤᠷᠢᠳᠤᠯᠭ᠎ᠠ ᠪᠠᠨ ᠴᠢᠩᠭᠠᠳᠬᠠᠬᠤ᠂ ᠬᠠᠸᠯᠢ ᠪᠠᠷᠢᠵᠤ ᠬᠡᠷᠡᠭ ᠰᠢᠶᠳᠪᠦᠷᠢᠯᠡᠬᠦ ᠶᠢ ᠳᠡᠭᠡᠭᠰᠢᠯᠡᠭᠦᠯᠬᠦ᠂ ᠪᠠᠶᠢᠴᠠᠭᠠᠬᠤ ᠦᠶᠯᠡᠴᠢᠯᠡᠭᠡ ᠶᠢ ᠰᠢᠯᠢᠳᠡᠭᠵᠢᠭᠦᠯᠬᠦ᠂ 《 ᠬᠤᠤᠰ ᠬᠡᠯᠡᠨ》 ᠦ ᠠᠵᠢᠯ ᠢ ᠪᠣᠳᠠᠲᠠᠶ ᠬᠢᠬᠦ ᠵᠡᠷᠭᠡ ᠲᠠᠯ᠎ᠠ ᠪᠠᠷ ᠵᠢᠯᠣᠭᠣᠳᠬᠤ ᠰᠠᠨᠠᠯ ᠳᠤᠷᠠᠳᠪᠠ᠃

 

1.jpg 

 

ᠤᠷᠴᠢᠭᠤᠯᠭ᠎ᠠ ᠵᠢᠨ ᠭᠠᠵᠠᠷ ᠤᠨ ᠦᠨᠳᠦᠰᠦᠨ ᠱᠠᠲᠤᠨ ᠳᠡᠬᠢ ᠬᠠᠷᠢᠯᠴᠠᠬᠤ ᠬᠤᠷᠢᠶ᠎ᠠ ᠠᠯᠠᠱᠠᠨ ᠪᠠᠷᠠᠭᠤᠨ ᠬᠣᠰᠢᠭᠤᠨ ᠤ ᠪᠠᠶᠢᠴᠠᠭᠠᠬᠤ  ᠬᠤᠷᠢᠶᠠᠨ ᠳ᠋ᠦ ᠂ 12309 ᠪᠠᠶᠢᠴᠠᠭᠠᠬᠤ ᠦᠶᠯᠡᠴᠢᠯᠡᠭᠡᠨ ᠦ ᠲᠥᠪ ᠂ ᠠᠯᠤᠰ ᠡᠵᠡᠮᠰᠢᠯᠲᠦ ᠬᠠᠷᠠᠭᠠᠨ ᠳᠠᠪᠲᠠᠮᠵᠢ ᠵᠢᠨ ᠬᠦᠯᠢᠶᠡᠨ ᠠᠪᠬᠤ ᠭᠡᠷ ᠂ ᠨᠠᠮ ᠤᠨ ᠪᠠᠶᠢᠭᠤᠯᠤᠯᠲᠠ ᠶᠢᠨ ᠠᠵᠢᠯᠯᠠᠭᠠᠨ ᠤ ᠲᠥᠪ ᠂ ᠬᠣᠩᠭᠢᠯ ᠤᠨ ᠰᠣᠶᠣᠯ ᠵᠡᠷᠭᠡ ᠰᠠᠭᠤᠷᠢ ᠲᠥᠬᠥᠭᠡᠷᠦᠮᠵᠢ ᠶᠢᠨ ᠪᠦᠲᠦᠭᠡᠨ ᠪᠠᠶᠢᠭᠤᠯᠤᠯᠲᠠ ᠵᠢᠴᠢ ᠬᠡᠷᠡᠭᠯᠡᠭᠡᠨ ᠦ ᠪᠠᠶᠢᠳᠠᠯ ᠢ ᠪᠠᠶᠢᠴᠠᠭᠠᠨ ᠦᠵᠡᠵᠦ ᠂ ᠲᠤᠰ ᠬᠤᠷᠢᠶᠠᠨ ᠤ ᠤᠳᠤᠷᠢᠳᠬᠤ ᠪᠠᠭ ᠂ ᠡᠯ᠎ᠡ ᠰᠠᠯᠠᠭ᠎ᠠ ᠮᠥᠴᠢᠷ ᠦᠨ ᠬᠠᠷᠢᠭᠤᠴᠠᠯᠭᠠᠲᠠᠨ ᠪᠣᠯᠤᠨ ᠬᠣᠸᠰ ᠬᠡᠯᠡᠨ ᠦ ᠪᠠᠶᠢᠴᠠᠭᠠᠬᠤ ᠠᠵᠢᠯᠲᠠᠨ ᠲᠠᠶ ᠰᠠᠭᠤᠳᠠᠯ ᠤᠨ ᠬᠤᠷᠠᠯ  ᠬᠢᠵᠦ᠂ ᠪᠠᠶᠢᠴᠠᠭᠠᠬᠤ ᠳᠠᠷᠤᠭ᠎ᠠ ᠶᠢᠨ ᠡᠯ᠎ᠡ ᠵᠦᠢᠯ ᠦᠨ ᠠᠵᠢᠯ ᠤᠨ  ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ ᠂ ᠬᠤᠷᠠᠯ ᠳᠤ ᠣᠷᠣᠯᠴᠠᠭᠰᠠᠳ ᠯᠤᠭ᠎ᠠ ᠮᠣᠩᠭᠣᠯ ᠬᠢᠲᠠᠳ ᠬᠣᠸᠰ ᠬᠡᠯᠡᠨ ᠦ ᠪᠠᠶᠢᠴᠠᠭᠠᠬᠤ ᠠᠵᠢᠯ ᠳᠤᠮᠳᠠ ᠲᠤᠯᠭᠠᠷᠠᠭᠰᠠᠨ ᠪᠣᠳᠠᠲᠠᠶ ᠬᠦᠴᠢᠷᠳᠡᠯ ᠪᠠ ᠠᠰᠠᠭᠤᠳᠠᠯ ᠤᠨ ᠲᠣᠭᠣᠷᠢᠨ ᠳᠤ ᠭᠦᠨᠵᠡᠭᠡᠶ ᠰᠣᠯᠢᠯᠴᠠᠭ᠎ᠠ ᠬᠢᠵᠦ ᠂ ᠨᠢᠭᠡᠳᠦᠯᠲᠡᠶ ᠲᠤᠬᠠᠶᠢᠯᠠᠭᠰᠠᠨ ᠠᠵᠢᠯ ᠤᠨ ᠬᠡᠷᠡᠭᠯᠡᠭᠡᠨ ᠦ ᠰᠢᠰᠲ᠋ᠧᠮ ᠦᠨ ᠮᠣᠩᠭᠣᠯ ᠬᠡᠯᠡᠨ ᠦ ᠬᠡᠷᠡᠭ ᠢ ᠰᠢᠶᠳᠪᠦᠷᠢᠯᠡᠬᠦ ᠶᠠᠪᠤᠴᠠ ᠳᠤ ᠲᠤᠯᠭᠠᠷᠠᠭᠰᠠᠨ ᠬᠠᠸᠯᠢ ᠴᠠᠭᠠᠵᠠ ᠶᠢᠨ ᠵᠦᠶᠯ ᠵᠤᠷᠪᠤᠰ ᠂ ᠣᠷᠴᠢᠭᠤᠯᠭ᠎ᠠ ᠶᠢᠨ ᠪᠠᠷᠢᠮᠵᠢᠶ᠎ᠠ ᠨᠢᠭᠡᠳᠦᠯ ᠥᠬᠡᠶ ᠵᠡᠷᠭᠡ ᠠᠰᠠᠭᠤᠳᠠᠯ ᠳᠤ ᠵᠢᠯᠣᠭᠣᠳᠣᠯᠭ᠎ᠠ ᠬᠢᠵᠦ ᠮᠠᠳᠠᠭ  ᠢ ᠨᠢ ᠲᠠᠶᠢᠯᠪᠠ᠃  ᠬᠡᠰᠢᠭ ᠭᠠᠵᠠᠷ ᠤᠨ ᠳᠠᠷᠤᠭ᠎ᠠ ᠠᠯᠠᠱᠠ ᠪᠠᠷᠠᠭᠤᠨ ᠬᠣᠰᠢᠭᠤᠨ ᠤ ᠪᠠᠶᠢᠴᠠᠭᠠᠬᠤ ᠬᠣᠷᠢᠶᠠᠨ ᠤ ᠬᠣᠣᠰ ᠬᠡᠯᠡᠨ ᠦ ᠪᠠᠶᠢᠴᠠᠭᠠᠬᠤ ᠠᠵᠢᠯ ᠳᠤ ᠮᠣᠩᠭᠣᠯ ᠬᠢᠲᠠᠳ ᠬᠣᠣᠰ ᠬᠡᠯᠡ ᠪᠡᠷ ᠬᠡᠷᠡᠭ ᠰᠢᠢᠳᠪᠦᠷᠢᠯᠡᠬᠦ ᠵᠠᠭᠪᠤᠷ ᠢ ᠢᠳᠡᠪᠬᠢᠲᠡᠢ ᠦᠢᠯᠡᠳᠦᠯᠭᠡᠵᠢᠭᠦᠯᠦᠨ᠂ ᠴᠥᠭᠡᠨ ᠲᠣᠭᠠᠲᠤ ᠦᠨᠳᠦᠰᠦᠲᠡᠨ ᠦ ᠭᠠᠵᠠᠷ ᠣᠷᠣᠨ ᠤ ᠣᠨᠴᠠᠯᠢᠭ ᠲᠤ ᠨᠡᠶᠢᠴᠡᠭᠦᠯᠵᠦ ᠂ ᠥᠪᠥᠷ ᠮᠣᠩᠭᠣᠯ ᠤᠨ ᠪᠠᠶᠢᠴᠠᠭᠠᠬᠤ ᠣᠨᠴᠠᠯᠢᠭ ᠲᠠᠶ ᠪᠠᠶᠢᠬᠤ   ᠶᠢ ᠭᠦᠶᠴᠡᠳ ᠨᠤᠲᠠᠯᠠᠬᠤ ᠶᠢᠨ ᠬᠠᠮᠲᠤ ᠂ ᠨᠠᠮ ᠤᠨ ᠪᠠᠶᠢᠭᠤᠯᠤᠯᠲᠠ ᠶᠢᠨ ᠠᠵᠢᠯᠯᠠᠭᠠᠨ ᠤ ᠲᠥᠪ ᠦᠨ ᠪᠠᠶᠢᠷᠢᠯᠠᠭᠤᠯᠤᠯᠲᠠ ᠂ ᠡᠯ᠎ᠡ ᠴᠢᠳᠠᠮᠵᠢᠲᠤ ᠲᠠᠰᠤᠭ ᠤᠨ ᠡᠭᠦᠳᠡᠨ ᠫᠠᠶᠢᠰᠠ ᠵᠡᠷᠭᠡ ᠳ᠋ᠦ ᠣᠷᠣᠰᠢᠵᠤ ᠪᠠᠶᠢᠭ᠎ᠠ ᠮᠣᠩᠭᠣᠯ ᠬᠢᠲᠠᠳ ᠬᠣᠶᠠᠷ ᠵᠦᠶᠯ ᠦᠨ ᠥᠰᠥᠭ ᠪᠢᠴᠢᠭ ᠢ ᠵᠡᠷᠭᠡ ᠪᠡᠷ ᠬᠡᠷᠡᠭᠯᠡᠭᠰᠡᠨ ᠪᠠᠶᠢᠳᠠᠯ ᠳᠤ ᠪᠣᠳᠠᠲᠠᠶ ᠰᠠᠨᠠᠯ ᠳᠤᠷᠠᠳᠪᠠ ᠃   

ᠬᠤᠷᠠᠯ ᠤᠨ ᠳᠠᠷᠠᠭ᠎ᠠ ᠂  ᠬᠡᠰᠢᠭ ᠳᠠᠷᠤᠭ᠎ᠠ ᠪᠠᠰᠠ  ᠬᠤᠤᠰ ᠬᠡᠯᠡᠨ ᠦ ᠪᠠᠶᠢᠴᠠᠭᠠᠬᠤ ᠠᠵᠢᠯᠲᠠᠨ ᠳᠤ ᠥᠪᠡᠷᠲᠡᠭᠡᠨ ᠵᠠᠰᠠᠬᠤ ᠣᠷᠣᠨ ᠤ ᠪᠠᠶᠢᠴᠠᠭᠠᠬᠤ ᠬᠣᠷᠢᠶ᠎ᠠ ᠶᠢᠨ ᠤᠷᠴᠢᠭᠤᠯᠤᠨ ᠵᠣᠬᠢᠶᠠᠵᠤ ᠳᠠᠭᠤᠰᠬᠠᠭᠰᠠᠨ ᠬᠠᠮᠤᠭ ᠰᠢᠨ᠎ᠡ ᠮᠣᠩᠭᠣᠯ ᠬᠢᠲᠠᠳ ᠬᠣᠸᠰ ᠬᠡᠯᠡᠨ ᠦ ᠬᠠᠷᠢᠴᠠᠭᠤᠯᠤᠭᠰᠠᠨ ︽ ᠠᠷᠠᠳ ᠤᠨ ᠪᠠᠶᠢᠴᠠᠭᠠᠬᠤ ᠬᠣᠷᠢᠶ᠎ᠠ ᠶᠢᠨ ᠡᠷᠡᠭᠦᠸ ᠶᠢᠨ ᠵᠠᠷᠭᠤ ᠶᠢᠨ ᠳᠦᠷᠢᠮᠯᠡᠯ ︾ ᠤᠨ ᠨᠣᠮ  ᠵᠡᠷᠭᠡ ᠶᠢ ᠬᠠᠨᠳᠢᠪᠯᠠᠭᠰᠠᠨ ᠪᠥᠭᠡᠳ ᠬᠣᠸᠰ ᠬᠡᠯᠡᠨ ᠦ ᠪᠠᠶᠢᠴᠠᠭᠠᠬᠤ ᠠᠵᠢᠯᠲᠠᠨ ᠢ ᠮᠣᠩᠭᠣᠯ ᠬᠢᠲᠠᠳ ᠬᠣᠸᠰ ᠬᠡᠯᠡᠨ ᠦ ᠣᠷᠴᠢᠭᠤᠯᠭ᠎ᠠ ᠶᠢᠨ ᠬᠢᠷᠢ  ᠲᠦᠪᠰᠢᠨ ᠪᠠ ᠪᠠᠶᠢᠴᠠᠭᠠᠬᠤ ᠲᠤᠬᠠᠶᠢᠯᠠᠭᠰᠠᠨ ᠠᠵᠢᠯ ᠤᠨ ᠴᠢᠳᠠᠪᠤᠷᠢ ᠪᠠᠨ ᠲᠠᠰᠤᠷᠠᠯᠲᠠ ᠥᠬᠡᠶ ᠳᠡᠭᠡᠭᠰᠢᠯᠡᠭᠦᠯᠵᠦ᠂ ᠦᠨᠳᠦᠰᠦᠲᠡᠨ ᠦ ᠪᠦᠯᠬᠦᠮᠳᠡᠯ ᠲᠠᠪᠰᠢᠯᠳᠠ ᠶᠢᠨ ᠦᠶᠯᠡᠰ ᠢ ᠠᠬᠢᠭᠤᠯᠬᠤ ᠳᠤ ᠪᠠᠶᠢᠴᠠᠭᠠᠬᠤ ᠬᠦᠴᠦᠨ ᠴᠢᠳᠠᠯ ᠢᠶᠠᠨ ᠨᠡᠮᠡᠷᠢᠯᠡᠷᠡᠢ ᠭᠡᠵᠦ ᠵᠣᠷᠢᠭᠵᠢᠭᠤᠯᠪᠠ ᠃ 

  

12.jpg


ᠡᠨᠡ ᠤᠳᠠᠭᠠᠨ ᠤ  ᠪᠠᠶᠢᠴᠠᠭᠠᠨ ᠰᠤᠳᠤᠯᠤᠯᠳᠠ ᠵᠢᠨ ᠵᠢᠭᠠᠨ ᠵᠢᠯᠤᠭᠤᠳᠬᠤ ᠠᠵᠢᠯ  ᠳ᠋ᠦ ᠠᠯᠠᠱᠠ ᠠᠶᠢᠮᠠᠭ ᠤᠨ ᠪᠠᠶᠢᠴᠠᠭᠠᠬᠤ ᠬᠤᠪᠢᠶᠠᠷᠢ ᠬᠣᠷᠢᠶᠠᠨ ᠤ ᠳᠡᠳ᠋ ᠪᠠᠶᠢᠴᠠᠭᠠᠬᠤ ᠳᠠᠷᠤᠭ᠎ᠠ ᠯᠦᠸᠧ   ᠳ᠋ᠠ᠂ ᠤᠯᠤᠰ ᠲᠦᠷᠦ ᠶᠢᠨ ᠬᠡᠯᠲᠡᠰ ᠦᠨ ᠡᠷᠬᠢᠯᠡᠭᠴᠢ ᠭᠠᠩᠰᠤᠶᠤᠯ ᠲᠤᠰ ᠲᠤᠰ ᠪᠠᠷ᠎ᠠ ᠪᠤᠯᠵᠤ ᠪᠠᠶᠢᠴᠠᠭᠠᠨ ᠰᠤᠳᠤᠯᠤᠯᠲᠠ ᠬᠢᠪᠡ᠃

 

 


ᠢᠷᠡᠯᠲᠡ
ᠥᠪᠡᠷᠲᠡᠭᠡᠨ ᠵᠠᠰᠠᠬᠤ ᠣᠷᠤᠨ ᠤ ᠪᠠᠶᠢᠴᠠᠭᠠᠬᠤ ᠬᠣᠷᠢᠶ᠎ᠠ ᠶᠢᠨ ᠣᠷᠴᠢᠭᠤᠯᠭ᠎ᠠ ᠶᠢᠨ ᠭᠠᠵᠠᠷ
2014-2022 © ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠴᠠᠭᠠᠬᠤ ᠬᠣᠷᠢᠶ᠎ᠠ ᠥᠮᠴᠢᠯᠡᠯ ᠦᠨ ᠡᠷᠬᠡ ᠲᠠᠢ ᠵᠣᠬᠢᠶᠠᠯ ᠪᠦᠲᠦᠭᠡᠯ ᠦᠨ ᠡᠷᠬᠡ ᠶ᠋ᠢ ᠬᠠᠤᠯᠢ ᠪᠠᠷ ᠬᠠᠮᠠᠭᠠᠯᠠᠭᠰᠠᠨ ᠂ ᠵᠥᠪᠰᠢᠶᠡᠷᠡᠯ ᠦᠭᠡᠢ ᠪᠡᠷ ᠬᠠᠭᠤᠯᠪᠤᠷᠢᠯᠠᠬᠤ ᠶ᠋ᠢ ᠡᠷᠡᠰ ᠬᠣᠷᠢᠭᠯᠠᠨ᠎ᠠ ᠬᠠᠷᠢᠯᠴᠠᠬᠤ ᠤᠲᠠᠰᠤ ᠄ 0471-4628760 ᠢᠮᠧᠯ ᠄ eerhe@nm.pro