ᠲᠡᠷᠢᠭᠦᠨ ᠨᠢᠭᠤᠷ  -  ᠪᠠᠶᠢᠴᠠᠭᠠᠬᠤ ᠬᠥᠳᠡᠯᠦᠯ ᠪᠠᠶᠢᠳᠠᠯ

ᠥᠪᠥᠷ ᠮᠣᠩᠭᠣᠯ ᠵᠧᠵᠢᠶᠠᠩ ᠤᠨ ᠪᠠᠶᠢᠴᠠᠭᠠᠬᠤ ᠪᠠᠶᠢᠭᠤᠯᠭ᠎ᠠ ᠴᠢᠳᠠᠪᠤᠷᠢᠲᠠᠨ ᠤ ᠣᠶᠤᠨ ᠤ ᠰᠣᠯᠢᠯᠴᠠᠭ᠎ᠠ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠪᠡ

2020-08-17 18:25:13
ᠵᠣᠬᠢᠶᠠᠭᠴᠢ
ᠭᠡᠭᠡᠷᠡᠯ

AM0I03~1.JPG

ᠴᠢᠳᠠᠪᠤᠷᠢᠲᠠᠨ ᠤ ᠣᠶᠤᠨ ᠤ ᠰᠣᠯᠢᠯᠴᠠᠭ᠎ᠠ ᠪᠠ ᠬᠠᠮᠲᠤᠷᠠᠯᠴᠠᠭ᠎ᠠ ᠶᠢ ᠭᠦᠨᠵᠡᠭᠡᠶ ᠠᠬᠢᠭᠤᠯᠬᠤ ᠶᠢᠨ ᠲᠥᠯᠥᠭᠡ ᠂ ᠵᠧᠵᠢᠶᠠᠩ ᠮᠤᠵᠢ ᠶᠢᠨ ᠠᠷᠠᠳ ᠤᠨ ᠪᠠᠶᠢᠴᠠᠭᠠᠬᠤ ᠬᠣᠷᠢᠶᠠᠨ ᠤ ᠪᠠᠶᠢᠴᠠᠭᠠᠬᠤ ᠳᠠᠷᠤᠭ᠎ᠠ ᠵᠢᠶᠠ ᠢᠦᠢ ᠨᠡᠷ ᠥᠪᠥᠷ ᠮᠣᠩᠭᠣᠯ ᠳᠤ ᠢᠷᠡᠵᠦ ᠰᠢᠨᠵᠢᠯᠡᠨ ᠪᠠᠶᠢᠴᠠᠭᠠᠭᠰᠠᠨ ᠪᠥᠭᠡᠳ ᠵᠧᠵᠢᠶᠠᠩ ᠮᠤᠵᠢ ᠶᠢᠨ ᠪᠠᠶᠢᠴᠠᠭᠠᠬᠤ ᠪᠠᠶᠢᠭᠤᠯᠭ᠎ᠠ ᠶᠢᠨ ᠮᠠᠨ ᠤ ᠣᠷᠣᠨ ᠳᠤ ᠰᠣᠯᠢᠯᠴᠠᠨ ᠲᠤᠰᠢᠶᠠᠯ ᠡᠭᠦᠷᠭᠡᠯᠡᠭᠰᠡᠨ ᠨᠥᠬᠥᠳ ᠢ ᠪᠣᠯᠭᠣᠭᠠᠨ ᠲᠣᠬᠣᠨᠢᠭᠤᠯᠪᠠ᠃ 8 ᠰᠠᠷ᠎ᠠ ᠶᠢᠨ 14 ᠦ ᠡᠳᠦᠷ ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠴᠠᠭᠠᠬᠤ ᠬᠣᠷᠢᠶ᠎ᠠ ᠵᠧᠵᠢᠶᠠᠩ ᠮᠤᠵᠢ ᠶᠢᠨ ᠥᠪᠥᠷ ᠮᠣᠩᠭᠣᠯ ᠳ᠋ᠡᠬᠢ ᠰᠣᠯᠢᠯᠴᠠᠬᠤ ᠺᠠᠳ᠋ᠷᠴᠤᠳ ᠤᠨ ᠰᠠᠭᠤᠲᠠᠯ  ᠤᠨ ᠬᠤᠷᠠᠯ ᠬᠤᠷᠠᠯᠳᠤᠭᠤᠯᠵᠤ ᠂ ᠥᠪᠡᠷᠲᠡᠭᠡᠨ ᠵᠠᠰᠠᠬᠤ ᠣᠷᠣᠨ ᠤ ᠪᠠᠶᠢᠴᠠᠭᠠᠬᠤ ᠬᠣᠷᠢᠶ᠎ᠠ ᠶᠢᠨ ᠯᠢ ᠴᠢ ᠯᠢᠨ ᠪᠠᠶᠢᠴᠠᠭᠠᠬᠤ ᠳᠠᠷᠤᠭ᠎ᠠ ᠪᠠ ᠵᠢᠶᠠ ᠢᠦᠶ ᠪᠠᠶᠢᠴᠠᠭᠠᠬᠤ ᠳᠠᠷᠤᠭ᠎ᠠ ᠴᠢᠳᠠᠪᠤᠷᠢᠲᠠᠨ ᠤ ᠣᠶᠤᠨ ᠤ ᠰᠣᠯᠢᠯᠴᠠᠭ᠎ᠠ ᠬᠠᠮᠲᠤᠷᠠᠯᠴᠠᠭ᠎ᠠ ᠶᠢᠨ ᠲᠣᠭᠣᠷᠢᠨ ᠳᠤ ᠭᠦᠨᠵᠡᠭᠡᠶ ᠨᠡᠪᠲᠡᠷᠡᠯᠴᠡᠭᠡ ᠬᠢᠪᠠ ᠃

ᠥᠪᠥᠷ ᠮᠣᠩᠭᠣᠯ ᠪᠣᠯᠤᠨ ᠵᠧᠵᠢᠶᠠᠩ ᠮᠤᠵᠢ ᠶᠢᠨ ᠪᠠᠶᠢᠴᠠᠭᠠᠬᠤ ᠪᠠᠶᠢᠭᠤᠯᠭ᠎ᠠ ᠨᠢᠳᠤᠨᠤᠨ ᠴᠢᠳᠠᠪᠤᠷᠢᠲᠠᠨ ᠤ ᠤᠶᠤᠨ  ᠤ ᠰᠣᠯᠢᠯᠴᠠᠭᠠᠨ ᠤ ᠬᠡᠯᠡᠯᠴᠡᠭᠡᠷ ᠲᠣᠭᠲᠠᠭᠰᠠᠨ ᠠᠴᠠ ᠨᠠᠰᠢ᠂ ᠬᠣᠶᠠᠷ ᠭᠠᠵᠠᠷ ᠤᠨ ᠬᠢᠨ ᠤᠷᠢᠳ ᠬᠣᠵᠢᠳ 26 ᠨᠥᠬᠥᠳ  ᠢ ᠲᠣᠮᠢᠯᠠᠨ ᠲᠤᠰᠢᠶᠠᠯ ᠡᠭᠦᠷᠭᠡᠯᠡᠭᠦᠯᠦᠨ ᠰᠣᠯᠢᠯᠴᠠᠭ᠎ᠠ ᠬᠢᠵᠡᠢ᠃ ᠣᠳᠣᠬᠠᠨ ᠳᠤ᠂ ᠵᠧᠵᠢᠶᠠᠩ ᠮᠤᠵᠢ ᠠᠴᠠ ᠢᠷᠡᠭᠰᠡᠨ 10 ᠨᠥᠬᠥᠳ ᠨᠢᠭᠡᠨᠲᠡ ᠥᠪᠥᠷ ᠮᠣᠩᠭᠣᠯ ᠳᠤ 3 ᠰᠠᠷ᠎ᠠ ᠰᠢᠬᠠᠮ ᠰᠣᠯᠢᠯᠴᠠᠭ᠎ᠠ ᠬᠢᠵᠦ ᠰᠤᠷᠤᠯᠴᠠᠪᠠ᠃ 10 ᠨᠥᠬᠥᠷ ᠲᠤᠰ ᠲᠤᠰ ᠠᠬᠤᠶ ᠲᠠᠯᠠᠪᠠᠶ ᠪᠣᠯᠤᠨ ᠬᠠᠷᠠᠭᠠᠨ ᠳᠠᠪᠲᠠᠮᠵᠢ  ᠶᠢᠨ ᠬᠡᠯᠪᠡᠷᠢ  ᠪᠡᠷ ᠬᠤᠷᠠᠯ  ᠳᠤ ᠣᠷᠣᠯᠴᠠᠭᠰᠠᠨ ᠪᠥᠭᠡᠳ ᠣᠯᠤᠯᠲᠠ  ᠪᠠᠨ ᠠᠭᠤᠵᠢᠷᠠᠲᠠᠯ᠎ᠠ ᠶᠠᠷᠢᠯᠴᠠᠵᠠᠶ᠃ ᠥᠪᠥᠷ ᠮᠣᠩᠭᠣᠯ ᠤᠨ ᠪᠠᠶᠢᠴᠠᠭᠠᠬᠤ ᠪᠠᠶᠢᠭᠤᠯᠭ᠎ᠠ ᠶᠢᠨ ᠡᠯ᠎ᠡ ᠱᠠᠲᠤᠨ ᠤ ᠤᠳᠤᠷᠢᠳᠤᠯᠭ᠎ᠠ ᠶᠢᠨ ᠬᠠᠯᠠᠮᠵᠢᠯᠠᠯ ᠬᠠᠪᠰᠤᠷᠤᠯᠭ᠎ᠠ ᠳᠣᠣᠷ᠎ᠠ ᠂ ᠲᠤᠬᠠᠶ ᠶᠢᠨ ᠭᠠᠵᠠᠷ ᠤᠨ ᠠᠵᠢᠯ ᠳᠠᠭᠠᠨ ᠢᠳᠡᠪᠬᠢᠲᠡᠢ ᠠᠭᠤᠰᠤᠯᠴᠠᠵᠤ ᠂ ᠣᠯᠳᠠᠬᠤᠶ᠎ᠠ ᠪᠡᠷᠬᠡ ᠲᠤᠰᠢᠶᠠᠯ ᠡᠭᠦᠷᠭᠡᠯᠡᠬᠦ ᠲᠣᠬᠢᠶᠠᠯ  ᠢ ᠭᠦᠶᠴᠡᠳ ᠠᠰᠢᠭᠯᠠᠵᠤ ᠂ ᠬᠠᠷᠢᠯᠴᠠᠨ ᠰᠣᠯᠢᠯᠴᠠᠵᠤ ᠬᠠᠷᠢᠯᠴᠠᠨ ᠲᠤᠯᠢᠳᠠᠵᠤ᠂ ᠬᠠᠷᠠᠭ᠎ᠠ ᠪᠠᠨ ᠥᠷᠭᠡᠳᠬᠡᠵᠦ᠂ ᠥᠪᠡᠷ ᠦᠨ ᠪᠡᠶ᠎ᠡ ᠳᠡᠭᠡᠨ ᠬᠠᠷᠠᠮᠰᠠᠯ ᠦᠭᠡᠢ ᠬᠥᠮᠦᠨ ᠦ ᠠᠮᠢᠳᠤᠷᠠᠯ ᠤᠨ ᠤᠯᠠ ᠮᠥᠷ ᠢ ᠦᠯᠡᠳᠡᠭᠡᠪᠡ᠃

ᠯᠢ ᠴᠢ ᠯᠢᠨ ᠢᠯᠡᠷᠬᠡᠶᠢᠯᠡᠬᠦ ᠳᠡᠭᠡᠨ ᠂ ᠡᠨᠡ ᠵᠢᠯ ᠪᠣᠯ ᠳᠥᠷᠪᠡᠨ ᠮᠤᠵᠢ ᠬᠣᠲᠠ ᠲᠣᠭᠣᠷᠢᠭ ᠤᠨ ᠪᠠᠶᠢᠴᠠᠭᠠᠬᠤ ᠪᠠᠶᠢᠭᠤᠯᠭ᠎ᠠ ᠶᠢᠨ ᠴᠢᠳᠠᠪᠤᠷᠢᠲᠠᠨ ᠤ ᠣᠶᠤᠨ  ᠤ ᠰᠣᠯᠢᠯᠴᠠᠭ᠎ᠠ ᠬᠠᠮᠲᠤᠷᠠᠯᠴᠠᠭᠠᠨ ᠤ ᠬᠣᠶᠠᠳᠤᠭᠠᠷ ᠵᠢᠯ ᠮᠥᠨ ᠂ ᠪᠠᠰᠠ ᠴᠤ ᠰᠣᠯᠢᠯᠴᠠᠭ᠎ᠠ ᠬᠠᠮᠲᠤᠷᠠᠯᠴᠠᠭ᠎ᠠ ᠤᠯᠠᠮ ᠨᠢᠭᠡ ᠠᠯᠬᠤᠮ ᠪᠣᠳᠠᠲᠤ ᠦᠷ᠎ᠡ ᠪᠦᠲᠦᠮᠵᠢ ᠤᠯᠬᠤ ᠵᠠᠩᠭᠢᠯᠠᠭ᠎ᠠ ᠶᠢᠨ ᠵᠢᠯ ᠮᠥᠨ ᠃ ᠵᠧᠵᠢᠶᠠᠩ ᠮᠤᠵᠢ ᠶᠢᠨ ᠪᠠᠶᠢᠴᠠᠭᠠᠬᠤ ᠪᠠᠶᠢᠭᠤᠯᠭ᠎ᠠ ᠲᠠᠢ ᠬᠠᠷᠢᠯᠴᠠᠨ ᠺᠠᠳ᠋ᠷ ᠲᠣᠮᠢᠯᠠᠨ ᠰᠣᠯᠢᠯᠴᠠᠨ ᠰᠤᠷᠤᠯᠴᠠᠭᠰᠠᠨ ᠪᠤᠯ ᠲᠥᠪ  ᠦᠨ ᠪᠠ ᠠᠷᠠᠳ ᠤᠨ ᠳᠡᠭᠡᠳᠦ ᠪᠠᠶᠢᠴᠠᠭᠠᠬᠤ ᠬᠣᠷᠢᠶᠠᠨ  ᠤ ᠪᠠᠶᠢᠴᠠᠭᠠᠬᠤ ᠪᠠᠶᠢᠭᠤᠯᠭ᠎ᠠ  ᠶᠢᠨ ᠴᠢᠳᠠᠪᠤᠷᠢᠲᠠᠨ  ᠤ ᠡᠩᠨᠡᠭᠡᠨ  ᠦ ᠪᠠᠶᠢᠭᠤᠯᠤᠯᠲᠠ  ᠶᠢ ᠴᠢᠩᠭᠠᠳᠬᠠᠬᠤ ᠲᠤᠬᠠᠶ ᠪᠣᠳᠠᠲᠠᠶ ᠠᠷᠭ᠎ᠠ ᠬᠡᠮᠵᠢᠶ᠎ᠡ ᠪᠣᠯᠬᠤ ᠪᠥᠭᠡᠳ ᠴᠢᠳᠠᠪᠤᠷᠢᠲᠠᠨ  ᠤ ᠣᠶᠤᠨ  ᠤ ᠰᠣᠯᠢᠯᠴᠠᠭ᠎ᠠ ᠬᠠᠮᠲᠤ  ᠶᠢᠨ ᠠᠵᠢᠯᠯᠠᠭ᠎ᠠ  ᠶᠢ ᠨᠠᠶᠢᠳᠠᠪᠤᠷᠢᠵᠢᠭᠤᠯᠵᠤ᠂ ᠬᠣᠶᠠᠷ ᠮᠤᠵᠢ ᠣᠷᠣᠨ  ᠤ ᠪᠠᠶᠢᠴᠠᠭᠠᠬᠤ ᠰᠡᠳᠬᠢᠯᠭᠡ  ᠶᠢ ᠨᠡᠮᠡᠭᠳᠡᠭᠦᠯᠬᠦ ᠠᠮᠢᠳᠤᠯᠢᠭ ᠦᠶᠯᠡᠳᠦᠯᠭᠡ ᠪᠣᠯᠤᠨ᠎ᠠ᠃ ᠬᠣᠶᠠᠷ ᠮᠤᠵᠢ ᠣᠷᠣᠨ ᠤ ᠪᠠᠶᠢᠴᠠᠭᠠᠬᠤ ᠪᠠᠶᠢᠭᠤᠯᠭ᠎ᠠ ᠢᠯᠠᠩᠭᠤᠶ᠎ᠠ ᠮᠠᠨ ᠤ ᠣᠷᠣᠨ ᠤ ᠪᠠᠶᠢᠴᠠᠭᠠᠬᠤ ᠪᠠᠶᠢᠭᠤᠯᠭ᠎ᠠ ᠪᠠᠶᠢᠴᠠᠭᠠᠬᠤ ᠡᠩᠨᠡᠭᠡᠨ ᠦ ᠬᠤᠪᠢᠰᠬᠠᠯᠵᠢᠬᠤ᠂ ᠵᠢᠩᠬᠢᠨᠢᠴᠢᠯᠡᠬᠦ᠂ ᠲᠤᠰᠬᠠᠶᠢᠵᠢᠬᠤ᠂ ᠠᠵᠢᠯ ᠮᠡᠷᠭᠡᠵᠢᠬᠦ ᠪᠠᠶᠢᠭᠤᠯᠤᠯᠲᠠ ᠶᠢ ᠲᠠᠰᠤᠷᠠᠯᠲᠠ ᠦᠭᠡᠢ ᠠᠬᠢᠭᠤᠯᠬᠤ ᠳᠤ ᠴᠥᠮ ᠴᠢᠬᠤᠯᠠ ᠠᠴᠢ ᠬᠣᠯᠪᠣᠭᠳᠠᠯ ᠲᠠᠶ ᠶᠤᠮ᠃ ᠡᠨᠡ ᠬᠦ ᠠᠵᠢᠯ ᠤᠨ ᠡᠬᠢᠯᠡᠯᠲᠡ ᠨᠢ ᠮᠠᠰᠢ ᠰᠠᠶᠢᠨ ᠂ ᠦᠷᠭᠦᠯᠵᠢᠯᠡᠨ ᠬᠢᠵᠦ ᠂ ᠦᠷᠭᠦᠯᠵᠢᠯᠡᠨ ᠰᠠᠶᠢᠲᠤᠷ ᠬᠢᠬᠦ ᠨᠢ ᠰᠠᠶ᠋ᠢ ᠵᠠᠩᠭᠢᠯᠠᠭ᠎ᠠ ᠪᠣᠯᠤᠨ᠎ᠠ ᠃

0Q4A90~1.JPG

ᠯᠢ ᠴᠢ ᠯᠢᠨ ᠵᠢᠭᠠᠵᠤ ᠭᠠᠷᠭᠠᠭᠰᠠᠨ ᠨᠢ᠂ ᠵᠧᠵᠢᠶᠠᠩ ᠮᠤᠵᠢ ᠶᠢᠨ ᠪᠠᠶᠢᠴᠠᠭᠠᠬᠤ ᠪᠠᠶᠢᠭᠤᠯᠭ᠎ᠠ ᠶᠢᠨ ᠥᠪᠥᠷ ᠮᠣᠩᠭᠣᠯ ᠳᠤ ᠲᠣᠮᠢᠯᠠᠨ ᠢᠷᠡᠭᠦᠯᠵᠦ ᠰᠣᠯᠢᠯᠴᠠᠭᠤᠯᠤᠭᠰᠠᠨ ᠺᠠᠳ᠋ᠷ ᠢ ᠪᠣᠯ ᠴᠥᠮ ᠡᠯ᠎ᠡ ᠬᠣᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠨᠠᠷᠢᠨ ᠬᠢᠨᠠᠮᠠᠭᠠᠢ ᠰᠢᠯᠢᠨ ᠰᠣᠩᠭᠣᠬᠤ ᠪᠠᠷ ᠳᠠᠮᠵᠢᠨ ᠡᠴᠦᠰ ᠲᠡᠬᠡᠨ ᠲᠣᠭᠲᠠᠭᠠᠭᠰᠠᠨ ᠶᠤᠮ᠂ ᠪᠠᠶᠢᠴᠠᠭᠠᠬᠤ ᠲᠤᠬᠠᠶᠢᠯᠠᠭᠰᠠᠨ ᠠᠵᠢᠯ ᠤᠨ ᠡᠯ᠎ᠡ ᠱᠤᠭᠤᠮ᠂ ᠪᠠᠶᠢᠴᠠᠭᠠᠬᠤ ᠠᠵᠢᠯᠳᠠᠨ ᠤ ᠡᠯ᠎ᠡ ᠪᠦᠲᠦᠴᠡ ᠶᠢᠨ ᠲᠡᠰ ᠳᠠᠪᠬᠤᠷᠭ᠎ᠠ ᠶᠢ ᠦᠨᠳᠦᠰᠦᠨ ᠳᠡᠭᠡᠨ ᠬᠠᠮᠤᠷᠴᠠᠢ᠃ ᠬᠣᠶᠠᠷ ᠰᠠᠷ᠎ᠠ ᠭᠠᠷᠤᠶ ᠶᠢᠨ ᠬᠤᠭᠤᠴᠠᠭᠠᠨ ᠳᠤ ᠣᠯᠠᠨ ᠢᠶᠠᠷ ᠢᠶᠠᠨ ᠨᠢᠭᠡᠨᠲᠡ ᠳᠦᠷᠢ ᠳᠦ ᠣᠷᠣᠵᠤ ᠂ ᠣᠷᠴᠢᠨ ᠲᠣᠭᠣᠷᠢᠨ ᠳᠠᠭᠠᠨ ᠵᠣᠬᠢᠴᠠᠵᠤ ᠂ ᠰᠢᠨ᠎ᠡ ᠬᠠᠮᠲᠤ ᠨᠡᠶᠢᠲᠡ ᠳᠦ ᠠᠭᠤᠰᠤᠨ ᠣᠷᠣᠵᠠᠶ ᠂ ᠣᠯᠠᠨ ᠢᠶᠠᠷ ᠢᠶᠠᠨ ᠵᠣᠷᠢᠭᠲᠠᠶ ᠠᠵᠢᠯᠯᠠᠵᠤ ᠂ ᠥᠪᠥᠷ ᠮᠣᠩᠭᠣᠯ ᠤᠨ ᠪᠠᠶᠢᠴᠠᠭᠠᠬᠤ ᠠᠵᠢᠯ ᠤᠨ ᠲᠠᠪᠴᠠᠩ ᠳᠡᠭᠡᠷ᠎ᠡ ᠂ ᠲᠤᠰᠬᠠᠶ ᠮᠡᠷᠭᠡᠵᠢᠯ ᠦᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ ᠂ ᠤᠯᠠᠮᠵᠢᠯᠠᠬᠤ ᠬᠠᠪᠰᠤᠷᠬᠤ ᠳᠠᠭᠠᠭᠤᠯᠬᠤ ᠦᠢᠯᠡᠳᠦᠯ ᠢ ᠢᠳᠡᠪᠬᠢᠲᠡᠢ ᠪᠠᠳᠠᠷᠠᠭᠤᠯᠵᠤ ᠂ ᠲᠤᠬᠠᠶᠢᠯᠠᠭᠰᠠᠨ ᠠᠵᠢᠯ ᠤᠨ ᠰᠣᠯᠢᠯᠴᠠᠭ᠎ᠠ ᠬᠢᠭᠰᠡᠨ ᠰᠠᠭᠤᠷᠢᠨ ᠳᠡᠭᠡᠷ᠎ᠡ ᠂ ᠭᠦᠨ ᠳᠠᠪᠬᠤᠷᠭ᠎ᠠ ᠶᠢᠨ ᠰᠣᠶᠣᠯ ᠤᠨ ᠰᠣᠯᠢᠯᠴᠠᠭ᠎ᠠ ᠶᠢ ᠥᠷᠨᠢᠭᠦᠯᠵᠦ᠂ ᠬᠥᠭᠵᠢᠭᠰᠡᠨ ᠭᠠᠵᠠᠷ ᠣᠷᠣᠨ ᠤ ᠲᠡᠷᠢᠭᠦᠨ ᠦ ᠣᠶᠢᠯᠠᠭᠠᠭᠳᠠᠬᠤᠨ᠂ ᠲᠡᠷᠢᠭᠦᠨ ᠦ ᠲᠤᠷᠰᠢᠯᠭ᠎ᠠ ᠶᠢ ᠪᠢᠳᠡᠨ ᠳᠦ ᠤᠯᠠᠮᠵᠢᠯᠠᠬᠤ ᠶᠢ ᠬᠦᠰᠡᠮᠵᠢᠯᠠᠵᠦ ᠪᠠᠶᠢᠨ᠎ᠠ᠃

ᠯᠢ ᠴᠢ ᠯᠢᠨ ᠱᠠᠭᠠᠷᠲᠠᠭᠰᠠᠨ ᠨᠢ᠂ ᠡᠯ᠎ᠡ ᠬᠤᠪᠢᠶᠠᠷᠢ ᠬᠣᠲᠠ  ᠶᠢᠨ ᠬᠣᠷᠢᠶ᠎ᠠ ᠨᠢ ᠲᠤᠰᠢᠶᠠᠯ ᠡᠭᠦᠷᠭᠡᠯᠡᠭᠰᠡᠨ ᠺᠠᠳ᠋ᠷ  ᠤᠨ ᠣᠶᠤᠨ ᠪᠢᠯᠢᠭ  ᠢ ᠭᠦᠶᠴᠡᠳ ᠪᠠᠳᠠᠷᠠᠭᠤᠯᠵᠤ ᠲᠤᠬᠠᠶᠢᠯᠠᠭᠰᠠᠨ ᠠᠵᠢᠯ  ᠤᠨ ᠪᠣᠯᠪᠠᠰᠤᠷᠠᠯ ᠪᠣᠯᠤᠨ ᠲᠤᠷᠰᠢᠯᠭ᠎ᠠ  ᠪᠠᠨ ᠬᠤᠪᠢᠶᠠᠯᠴᠠᠬᠤ ᠵᠡᠷᠭᠡ ᠠᠵᠢᠯᠯᠠᠭ᠎ᠠ  ᠶᠢ ᠢᠳᠡᠪᠬᠢᠲᠡᠶ ᠵᠣᠬᠢᠶᠠᠨ ᠪᠠᠶᠢᠭᠤᠯᠤᠨ ᠦᠷᠨᠢᠭᠦᠯᠵᠦ ᠂ ᠰᠣᠯᠢᠯᠴᠠᠬᠤ ᠺᠠᠳ᠋ᠷ  ᠢ ᠪᠠᠭᠰᠢ ᠪᠣᠯᠭᠠᠵᠤ᠂ ᠰᠠᠨᠠᠭᠠᠴᠢᠯᠠᠭ᠎ᠠ ᠠᠴᠠ ᠪᠠᠨ ᠠᠰᠠᠭᠤᠵᠤ ᠰᠤᠷᠤᠯᠴᠠᠵᠤ᠂ ᠬᠠᠮᠲᠤ ᠶᠢᠨ ᠠᠵᠢᠯ ᠤᠨ ᠳᠤᠮᠳᠠ ᠪᠠᠨ ᠲᠤᠰᠬᠠᠶᠢᠵᠢᠭᠰᠠᠨ ᠬᠡᠷᠡᠭ ᠰᠢᠶᠳᠪᠦᠷᠢᠯᠡᠬᠦ ᠴᠢᠳᠠᠪᠤᠷᠢ ᠪᠠ ᠬᠢᠷᠢ ᠬᠡᠮᠵᠢᠶ᠎ᠡ ᠪᠡᠨ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠶ᠃ ᠠᠵᠢᠯ ᠰᠤᠷᠤᠯᠴᠠᠯᠭ᠎ᠠ ᠪᠣᠯᠤᠨ ᠠᠮᠢᠳᠤᠷᠠᠯ  ᠤᠨ ᠳᠤᠮᠳᠠ ᠺᠠᠳ᠋ᠷ  ᠢ ᠳᠡᠮᠵᠢᠬᠦ ᠂ ᠬᠠᠯᠠᠮᠵᠢᠯᠠᠬᠤ ᠭᠦᠨ ᠵᠤᠵᠠᠭᠠᠨ ᠠᠭᠤᠷ ᠠᠮᠢᠰᠬᠤᠯ  ᠢ ᠪᠣᠶ ᠪᠣᠯᠭᠠᠵᠤ ᠦᠢᠯᠡᠴᠢᠯᠡᠭᠡ ᠪᠠᠲᠤᠯᠠᠭ᠎ᠠ ᠶᠢᠨ ᠠᠵᠢᠯ ᠢ ᠪᠦᠬᠦ ᠬᠦᠴᠦᠨ ᠢᠶᠡᠷ ᠢᠶᠡᠨ ᠰᠠᠶᠢᠲᠤᠷ ᠬᠢᠵᠦ ᠂ ᠲᠤᠰᠢᠶᠠᠯ ᠡᠭᠦᠷᠭᠡᠯᠡᠬᠦ ᠺᠠᠳ᠋ᠷ  ᠲᠤ  ᠪᠡᠷ ᠵᠣᠷᠢᠭᠲᠠᠶ  ᠪᠠᠷ ᠬᠦᠨᠳᠦ ᠡᠭᠦᠷᠭᠡ ᠲᠠᠭᠠᠴᠢᠯᠠᠭᠤᠯᠵᠤ ᠂ ᠤᠯᠤᠰ ᠲᠥᠷᠥ  ᠶᠢᠨ ᠲᠠᠯ᠎ᠠ  ᠪᠠᠷ ᠬᠠᠯᠠᠮᠵᠢᠯᠠᠵᠤ᠂ ᠠᠵᠢᠯ  ᠤᠨ ᠲᠠᠯ᠎ᠠ  ᠪᠠᠷ ᠳᠡᠮᠵᠢᠵᠦ᠂ ᠠᠮᠢᠳᠤᠷᠠᠯ  ᠤᠨ ᠲᠠᠯ᠎ᠠ  ᠪᠠᠷ ᠬᠠᠯᠠᠮᠵᠢᠯᠠᠨ᠎ᠠ᠃

0Q4A91~1.JPG

ᠵᠢᠶᠠ ᠢᠦᠶ ᠵᠢᠭᠠᠵᠤ ᠭᠠᠷᠭᠠᠭᠰᠠᠨ ᠨᠢ ᠂ ᠰᠤᠯᠢᠯᠴᠠᠵᠤ ᠲᠤᠰᠢᠶᠠᠯ ᠡᠭᠦᠷᠭᠡᠯᠡᠭᠰᠡᠨ ᠺᠠᠳ᠋ᠷ  ᠤᠨ ᠶᠠᠷᠢᠶ᠎ᠠ  ᠪᠠᠷ ᠳᠠᠮᠵᠢᠨ ᠦᠵᠡᠵᠦ ᠭᠠᠷᠬᠤ ᠨᠢ ᠂ ᠥᠪᠥᠷ ᠮᠣᠩᠭᠣᠯ ᠤᠨ ᠪᠠᠶᠢᠴᠠᠭᠠᠬᠤ ᠪᠠᠶᠢᠭᠤᠯᠭ᠎ᠠ ᠨᠢ ᠬᠣᠶᠠᠷ ᠭᠠᠵᠠᠷ ᠤᠨ ᠪᠠᠶᠢᠴᠠᠭᠠᠬᠤ ᠪᠠᠶᠢᠭᠤᠯᠭ᠎ᠠ ᠶᠢᠨ ᠺᠠᠳ᠋ᠷ ᠰᠣᠯᠢᠯᠴᠠᠬᠤ ᠠᠵᠢᠯ ᠢ ᠮᠠᠰᠢ ᠬᠦᠨᠳᠦᠳᠬᠡᠨ ᠦᠵᠡᠵᠦ ᠂ ᠣᠯᠠᠨ ᠢ ᠭᠦᠢᠴᠡᠳ ᠢᠲᠡᠭᠡᠵᠦ ᠬᠥᠮᠦᠵᠢᠭᠦᠯᠵᠦ ᠂ ᠡᠨᠳᠡ ᠵᠧᠵᠢᠶᠠᠩ ᠮᠤᠵᠢ ᠶᠢᠨ ᠬᠣᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠡᠮᠦᠨ᠎ᠡ ᠡᠴᠡ ᠥᠪᠥᠷ ᠮᠣᠩᠭᠣᠯ ᠤᠨ ᠪᠠᠶᠢᠴᠠᠭᠠᠬᠤ ᠬᠣᠷᠢᠶᠠᠨ ᠳᠤ ᠲᠠᠯᠠᠷᠬᠠᠵᠤ ᠪᠠᠶᠢᠬᠤ ᠪᠠᠨ ᠢᠯᠡᠳᠬᠡᠪᠡ᠃ ᠰᠤᠯᠢᠯᠴᠠᠵᠤ ᠲᠤᠰᠢᠶᠠᠯ ᠡᠭᠦᠷᠭᠡᠯᠡᠭᠰᠡᠨ ᠺᠠᠳ᠋ᠷ ᠨᠤᠲᠤᠭ  ᠠᠴᠠ  ᠪᠠᠨ ᠬᠣᠯᠠᠳᠠᠵᠤ ᠂ ᠳᠦᠷᠢ  ᠶᠢᠨ ᠬᠤᠪᠢᠷᠠᠯᠲᠠ  ᠳᠤ ᠰᠠᠨᠠᠭᠠᠴᠢᠯᠠᠭ᠎ᠠ  ᠠᠴᠠ  ᠪᠠᠨ ᠵᠣᠬᠢᠴᠠᠵᠤ ᠂ ᠡᠯ᠎ᠡ ᠵᠦᠶᠯ  ᠦᠨ ᠳᠥᠭᠥᠮ ᠦᠭᠡᠢ  ᠶᠢ ᠢᠯᠠᠨ ᠳᠠᠪᠠᠵᠤ ᠂ ᠪᠥᠬᠥ ᠰᠡᠳᠬᠢᠯ ᠪᠥᠬᠥ ᠵᠣᠷᠢᠭ ᠢᠶᠠᠷ ᠢᠶᠠᠨ ᠲᠤᠬᠠᠶ ᠶᠢᠨ ᠭᠠᠵᠠᠷ ᠤᠨ ᠪᠠᠶᠢᠴᠠᠭᠠᠬᠤ ᠠᠵᠢᠯ ᠳᠤ ᠣᠷᠣᠯᠴᠠᠵᠤ ᠂ ᠵᠧᠵᠢᠶᠠᠩ ᠤᠨ ᠪᠠᠶᠢᠴᠠᠭᠠᠬᠤ ᠠᠵᠢᠯ ᠤᠨ ᠰᠠᠶᠢᠨ ᠰᠠᠶᠢᠬᠠᠨ ᠳᠦᠷᠢ ᠲᠥᠷᠬᠦ ᠶᠢ ᠭᠦᠶᠴᠡᠳ ᠢᠯᠡᠷᠡᠭᠦᠯᠪᠡ ᠃ ᠣᠯᠠᠨ ᠢᠶᠠᠷ ᠢᠶᠠᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ ᠂ ᠬᠥᠭᠥᠷᠭᠡ ᠪᠠ ᠬᠣᠯᠪᠣᠭᠠᠰᠤ ᠪᠣᠯᠵᠤ ᠂ ᠵᠧᠵᠢᠶᠠᠩ ᠥᠪᠥᠷ ᠮᠣᠩᠭᠣᠯ ᠤᠨ ᠪᠠᠶᠢᠴᠠᠭᠠᠬᠤ ᠪᠠᠶᠢᠭᠤᠯᠭ᠎ᠠ ᠶᠢᠨ ᠰᠢᠯᠢᠳᠡᠭ ᠦᠷ᠎ᠡ ᠪᠦᠲᠦᠭᠡᠯ ᠦᠨ ᠬᠣᠣᠰ ᠴᠢᠭᠯᠡᠯᠳᠦ ᠰᠣᠯᠢᠯᠴᠠᠭ᠎ᠠ ᠶᠢ ᠠᠬᠢᠭᠤᠯᠵᠤ᠂ ᠲᠤᠰᠢᠶᠠᠯ ᠡᠭᠦᠷᠭᠡᠯᠡᠭᠰᠡᠨ ᠭᠠᠵᠠᠷ ᠣᠷᠣᠨ ᠤ ᠠᠵᠤ ᠠᠬᠤᠢ ᠨᠡᠶᠢᠭᠡᠮ ᠦᠨ ᠬᠥᠭᠵᠢᠯᠲᠡ ᠳᠦ ᠬᠤᠪᠢ ᠨᠡᠮᠡᠷᠢ ᠦᠵᠡᠭᠦᠯᠰᠦᠭᠡᠢ ᠃

ᠵᠢᠶᠠ ᠢᠦᠶ ᠴᠢᠬᠤᠯᠠᠴᠢᠯᠠᠭᠰᠠᠨ ᠨᠢ ᠂ ᠥᠪᠥᠷ ᠮᠣᠩᠭᠣᠯ ᠤᠨ ᠪᠠᠶᠢᠴᠠᠭᠠᠬᠤ ᠪᠠᠶᠢᠭᠤᠯᠭ᠎ᠠ ᠰᠢ ᠶᠢᠨ ᠫᠢᠩ ᠦᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠣᠳᠣᠯᠭ᠎ᠠ ᠪᠣᠯᠭᠠᠬᠤ ᠶᠢ ᠪᠠᠷᠢᠮᠲᠠᠯᠠᠵᠤ ᠂ ᠶᠡᠷᠦᠩᠬᠡᠶ ᠱᠦᠵᠢ ᠰᠢ ᠶᠢᠨ ᠫᠢᠩ ᠦᠨ ᠥᠪᠥᠷ ᠮᠣᠩᠭᠣᠯ ᠤᠨ ᠲᠤᠬᠠᠶ ᠴᠢᠬᠤᠯᠠ ᠵᠢᠭᠠᠪᠤᠷᠢ ᠴᠣᠬᠣᠯᠠᠪᠤᠷᠢ ᠶᠢᠨ ᠵᠣᠷᠢᠭ ᠰᠠᠨᠠᠭ᠎ᠠ ᠪᠣᠯᠤᠨ ᠨᠠᠮ ᠤᠨ ᠲᠥᠪ ᠬᠣᠷᠢᠶᠠᠨ ᠤ ᠰᠢᠶᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ ᠂ ᠥᠪᠥᠷ ᠮᠣᠩᠭᠣᠯ ᠤᠨ ᠪᠣᠳᠠᠲᠤ ᠪᠠᠶᠢᠲᠠᠯ  ᠳᠤ ᠰᠠᠭᠤᠷᠢᠯᠠᠵᠤ ᠂ ᠵᠠᠰᠠᠯᠲᠠ  ᠶᠢᠨ ᠰᠢᠰᠲ᠋ᠧᠮ ᠪᠣᠯᠤᠨ ᠵᠠᠰᠠᠯᠲᠠ  ᠶᠢᠨ ᠴᠢᠳᠠᠪᠤᠷᠢ  ᠶᠢᠨ ᠣᠳᠣᠬᠢᠴᠢᠯᠠᠯᠲᠠ  ᠶᠢ ᠠᠬᠢᠭᠤᠯᠬᠤ ᠶᠠᠪᠤᠴᠠ  ᠳᠤ ᠪᠠᠶᠢᠴᠠᠭᠠᠬᠤ ᠳᠦᠷᠢᠮ  ᠦᠨ ᠳᠠᠪᠠᠭᠤᠯᠢᠭ  ᠢ ᠪᠠᠳᠠᠷᠠᠭᠤᠯᠵᠤ᠂ ᠦᠵᠡᠰᠬᠦᠯᠡᠩᠲᠦ ᠰᠠᠶᠢᠬᠠᠨ ᠥᠪᠥᠷ ᠮᠣᠩᠭᠣᠯ  ᠢ ᠪᠦᠲᠦᠭᠡᠨ ᠪᠠᠶᠢᠭᠤᠯᠬᠤ  ᠶᠢ ᠪᠠᠲᠤᠯᠠᠵᠤ᠂ ᠠᠭᠤᠸ ᠶᠡᠬᠡ ᠳᠤᠮᠳᠠᠳᠤ  ᠶᠢᠨ ᠵᠡᠭᠦᠳᠦ  ᠶᠢ ᠬᠠᠮᠲᠤᠪᠠᠷ ᠲᠡᠷᠭᠡᠯᠰᠢᠭᠦᠯᠬᠦ  ᠳᠦ ᠯᠤᠲᠤ ᠶᠡᠬᠡ ᠴᠢᠷᠮᠠᠶᠢᠯᠭ᠎ᠠ ᠭᠠᠷᠭᠠᠵᠤ᠂ ᠲᠣᠪᠣᠶᠢᠮ᠎ᠠ ᠠᠮᠵᠢᠯᠲᠠ ᠤᠯᠤᠭᠰᠠᠨ ᠨᠢ ᠨᠠᠷᠢᠨ ᠬᠢᠨᠠᠮᠠᠭᠠᠢ ᠰᠤᠷᠤᠯᠴᠠᠭᠤᠰᠢᠲᠠᠢ ᠪᠠᠶᠢᠨ᠎ᠠ᠃

ᠵᠢᠶᠠ ᠢᠦᠶ ᠵᠧᠵᠢᠶᠠᠩ ᠮᠤᠵᠢ ᠶᠢᠨ ᠰᠣᠯᠢᠯᠴᠠᠬᠤ ᠺᠠᠳ᠋ᠷ  ᠢ  ᠱᠠᠭᠠᠷᠳᠠᠵᠤ ᠂ ᠰᠢᠨ᠎ᠡ ᠴᠠᠭ ᠦᠶ᠎ᠡ ᠶᠢᠨ ︽ ᠭᠤᠷᠪᠠᠨ ᠭᠠᠵᠠᠷ ᠨᠢᠭᠡ ᠴᠣᠩᠬᠣ ︾ ᠶᠢᠨ ᠡᠭᠦᠷᠭᠡ ᠬᠠᠷᠢᠭᠤᠴᠠᠯᠭ᠎ᠠ ᠶᠢ ᠤᠬᠠᠮᠰᠠᠷ ᠠᠴᠠ  ᠪᠠᠨ ᠡᠭᠦᠷᠭᠡᠯᠡᠵᠦ ᠂ ᠢᠳᠡᠪᠬᠢᠲᠡᠶ ᠵᠢᠳᠬᠦᠯ ᠴᠢᠷᠮᠠᠶᠢᠯᠭ᠎ᠠ ᠭᠠᠷᠭᠠᠵᠤ ᠂ ᠴᠤᠭ ᠵᠢᠪᠬᠤᠭ᠎ᠠ ᠪᠠᠨ ᠪᠠᠲᠠᠷᠠᠭᠤᠯᠤᠨ᠎ᠠ ︔ ᠥᠪᠥᠷ ᠮᠣᠩᠭᠣᠯ ᠢ ᠬᠣᠶᠠᠳᠤᠭᠠᠷ ᠡᠬᠡ ᠨᠤᠲᠤᠭ ᠢᠶᠠᠨ ᠪᠣᠯᠭᠠᠵᠤ᠂ ᠪᠣᠯᠭᠣᠮᠵᠢᠲᠠᠢ ᠲᠡᠭᠦᠰᠬᠡᠵᠦ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠬᠡᠷᠡᠭᠲᠡᠢ︔ ᠬᠥᠭᠥᠷᠭᠡ ᠬᠣᠯᠪᠣᠭᠠᠰᠤ ᠶᠢᠨ ᠦᠢᠯᠡᠳᠦᠯ ᠢ ᠰᠠᠶᠢᠲᠤᠷ ᠪᠠᠳᠠᠷᠠᠭᠤᠯᠵᠤ᠂ ᠨᠣᠮ ᠰᠤᠳᠤᠷ ᠤᠯᠠᠮᠵᠢᠯᠠᠨ ᠡᠷᠳᠡᠨᠢ ᠬᠦᠷᠭᠡᠵᠦ᠂ ᠰᠠᠨᠠᠭᠠᠴᠢᠯᠠᠭ᠎ᠠ ᠠᠴᠠ ᠪᠠᠨ ᠰᠤᠷᠤᠯᠴᠠᠬᠤ ᠬᠡᠷᠡᠭᠲᠡᠢ︔ ᠰᠣᠯᠢᠯᠴᠠᠭ᠎ᠠ ᠪᠣᠯᠪᠠᠰᠤᠷᠠᠯ  ᠤᠨ ᠲᠣᠬᠢᠶᠠᠯ  ᠢᠶᠠᠨ ᠨᠠᠨᠳᠢᠩᠨᠠᠵᠤ᠂ ᠠᠷᠢᠭᠤᠨ ᠴᠢᠬᠡᠴᠢ  ᠶᠢ ᠪᠠᠲᠤᠯᠠᠵᠤ᠂ ᠠᠷᠢᠭᠤᠨ ᠴᠢᠬᠡᠴᠢ  ᠪᠡᠷ ᠬᠥᠮᠦᠨ ᠪᠣᠯᠵᠤ ᠠᠵᠢᠯ ᠬᠢᠬᠦ ᠬᠡᠷᠡᠭᠲᠡᠶ᠂ ᠪᠡᠶ᠎ᠡ ᠪᠡᠨᠬᠢᠴᠢᠶᠡᠨ ᠭᠠᠮᠨᠠᠵᠤ᠂ᠠᠮᠤᠷ  ᠮᠡᠨᠳᠦ ᠪᠤᠴᠠᠨ᠎ᠠ ᠃

AM0I04~1.JPG

ᠬᠤᠷᠠᠯ ᠳᠡᠭᠡᠷ᠎ᠡ ᠂ ᠪᠠᠰᠠ ︽ ᠢᠷᠭᠡᠨ ᠦ ᠬᠡᠷᠡᠭ ᠦᠨ ᠬᠢᠨᠠᠨ ᠰᠢᠭᠦᠯᠲᠠ  ᠶᠢᠨ ᠪᠢᠴᠢᠭ ᠬᠠᠷ᠎ᠠ ᠳᠤ ᠣᠶᠤᠨᠴᠢ ᠬᠢᠨᠠᠯᠲᠠ ᠲᠠᠯᠪᠢᠬᠤ ᠰᠢᠰᠲ᠋ᠧᠮ ︾ ᠢ ᠬᠦᠷᠭᠡᠬᠦ ᠶᠣᠰᠣᠯᠠᠯ ᠶᠠᠪᠤᠭᠤᠯᠵᠤ ᠂ ᠵᠧᠵᠢᠶᠠᠩ ᠮᠤᠵᠢ ᠶᠢᠨ ᠠᠷᠠᠳ ᠤᠨ ᠪᠠᠶᠢᠴᠠᠭᠠᠬᠤ ᠬᠣᠷᠢᠶᠠᠨ ᠤ ᠪᠠᠶᠢᠴᠠᠭᠠᠬᠤ ᠺᠣᠮᠢᠰ ᠤᠨ ᠲᠤᠰᠬᠠᠶ ᠲᠤᠰᠢᠶᠠᠯᠲᠤ ᠭᠡᠰᠢᠭᠦᠨ ᠴᠢᠶᠠᠨ ᠬᠤᠸᠠ ᠥᠪᠡᠷᠲᠡᠭᠡᠨ ᠵᠠᠰᠠᠬᠤ ᠣᠷᠣᠨ ᠤ ᠠᠷᠠᠳ  ᠤᠨ  ᠪᠠᠶᠢᠴᠠᠭᠠᠬᠤ ᠬᠣᠷᠢᠶᠠᠨ ᠤ ᠳᠡᠳ᠋ ᠪᠠᠶᠢᠴᠠᠭᠠᠬᠤ ᠳᠠᠷᠤᠭ᠎ᠠ ᠵᠢᠶᠠᠨ ᠰᠢᠶᠤᠤ ᠸᠸᠨ ᠳ᠋ᠤ ᠬᠡᠷᠡᠭᠯᠡᠬᠦ ᠦᠨᠡᠮᠯᠡᠯ ᠢᠶᠡᠨ ᠭᠠᠷᠳᠠᠭᠤᠯᠪᠠ ᠃ ︽ ᠢᠷᠭᠡᠨ ᠦ ᠬᠡᠷᠡᠭ ᠦᠨ ᠬᠢᠨᠠᠨ ᠰᠢᠭᠦᠯᠲᠠ  ᠶᠢᠨ ᠪᠢᠴᠢᠭ ᠬᠠᠷ᠎ᠠ ᠳᠤ ᠣᠶᠤᠨᠴᠢ ᠬᠢᠨᠠᠯᠲᠠ ᠲᠠᠯᠪᠢᠬᠤ ᠰᠢᠰᠲ᠋ᠧᠮ ︾ ᠨᠢ ᠵᠧᠵᠢᠶᠠᠩ ᠮᠤᠵᠢ ᠶᠢᠨ ᠪᠠᠶᠢᠴᠠᠭᠠᠬᠤ ᠪᠠᠶᠢᠭᠤᠯᠭ᠎ᠠ ᠶᠢᠨ ᠪᠡᠶ᠎ᠡ ᠪᠡᠨ ᠳᠠᠭᠠᠭᠠᠵᠤ ᠰᠤᠳᠤᠯᠤᠨ ᠨᠡᠭᠡᠭᠡᠭᠰᠡᠨ ᠬᠡᠷᠡᠭ ᠰᠢᠶᠳᠪᠦᠷᠢᠯᠡᠬᠦ ᠲᠤᠰᠠᠯᠠᠬᠤ ᠵᠥᠭᠡᠯᠡᠨ ᠲᠣᠨᠣᠭ ᠪᠣᠯᠤᠭᠰᠠᠨ ᠤ ᠬᠤᠪᠢ ᠳᠤ ᠂ ᠪᠠᠶᠢᠭᠠᠯᠢ ᠶᠢᠨ ᠬᠡᠯᠡ  ᠶᠢ ᠰᠢᠶᠳᠪᠦᠷᠢᠯᠡᠬᠦ ᠂ ᠲᠣᠮᠣ ᠳ᠋ᠠᠶᠢᠲ᠋ᠠ ᠶᠢᠨ ᠵᠠᠳᠠᠯᠤᠯᠲᠠ ᠵᠡᠷᠭᠡ ᠮᠡᠷᠭᠡᠵᠢᠯ ᠢ ᠬᠡᠷᠡᠭᠯᠡᠵᠦ ᠂ ᠺᠣᠮᠫᠢᠦ᠋ᠲ᠋ᠧᠷ ᠡᠴᠡ ᠬᠢᠨᠠᠨ ᠰᠢᠭᠦᠯᠲᠠ  ᠶᠢᠨ ᠪᠢᠴᠢᠭ ᠬᠠᠷ᠎ᠠ ᠶᠢ ᠠᠦ᠋ᠲ᠋ᠣ᠋ ᠭᠦᠶᠦᠯᠭᠡᠨ ᠦᠵᠡᠵᠦ ᠂ ᠢᠷᠭᠡᠨ ᠦ ᠵᠠᠷᠭᠤ ᠳᠤ ᠬᠣᠯᠪᠣᠭᠳᠠᠭᠰᠠᠨ ᠬᠠᠤᠯᠢ ᠵᠥᠷᠢᠴᠡᠭᠰᠡᠨ ᠶᠠᠯᠠᠲᠤ ᠠᠵᠢᠯᠯᠠᠭ᠎ᠠ ᠂ ᠪᠤᠷᠤᠭᠤ ᠬᠢᠨᠠᠨ ᠰᠢᠭᠦᠯᠲᠠ ᠵᠡᠷᠭᠡ ᠣᠨᠴᠠᠯᠢᠭ ᠪᠦᠬᠦᠢ ᠮᠡᠳᠡᠭᠡ ᠵᠠᠩᠭᠢ ᠶᠢ ᠵᠠᠳᠠᠯᠤᠨ ᠪᠠᠶᠢᠴᠠᠭᠠᠵᠤ ᠂ ᠠᠶᠤᠯ ᠲᠦᠭᠰᠢᠭᠦᠷᠢ ᠶᠢᠨ ᠬᠡᠷᠡᠭ ᠢ ᠣᠶᠤᠨᠴᠢ ᠪᠠᠷ ᠲᠦᠯᠬᠢᠨ ᠬᠦᠷᠭᠡᠵᠦ ᠂ ᠪᠠᠶᠢᠴᠠᠭᠠᠬᠤ ᠲᠤᠰᠢᠶᠠᠯᠲᠠᠨ ᠢ ᠬᠠᠪᠰᠤᠷᠤᠨ ᠬᠢᠨᠠᠯᠲᠠ ᠲᠠᠯᠪᠢᠬᠤ ᠰᠦᠪᠡᠭᠴᠢ ᠶᠢ ᠪᠦᠲᠦᠮᠵᠢᠲᠡᠶ ᠢᠯᠡᠷᠡᠭᠦᠯᠵᠦ ᠂ ᠢᠷᠭᠡᠨ ᠦ ᠬᠡᠷᠡᠭ ᠦᠨ ᠬᠢᠨᠠᠨ ᠰᠢᠭᠦᠯᠲᠠ  ᠳᠤ ᠬᠢᠨᠠᠯᠲᠠ ᠲᠠᠯᠪᠢᠬᠤ ᠶᠠᠰᠤ ᠴᠢᠨᠠᠷ ᠪᠠ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠥᠪᠥᠷ ᠮᠣᠩᠭᠣᠯ ᠤᠨ ᠢᠷᠭᠡᠨ ᠦ ᠬᠡᠷᠡᠭ ᠦᠨ ᠪᠠᠶᠢᠴᠠᠭᠠᠬᠤ ᠠᠵᠢᠯ ᠳᠤ ᠬᠦᠴᠦᠨ ᠨᠡᠮᠡᠷᠢᠯᠡᠬᠦ ᠳᠦ ᠤᠶᠤᠨᠴᠢ ᠲᠤᠰᠠᠯᠠᠬᠤ ᠦᠢᠯᠡᠳᠦᠯ ᠦᠵᠡᠭᠦᠯᠪᠡ᠃

AM0I01~2.JPG

ᠬᠤᠷᠠᠯ ᠠᠴᠠ ᠡᠮᠦᠨ᠎ᠡ᠂ ᠵᠢᠶᠠ ᠢᠦᠢ ᠨᠡᠷ 12309 ᠪᠠᠶᠢᠴᠠᠭᠠᠬᠤ ᠦᠢᠯᠡᠴᠢᠯᠡᠭᠡᠨ ᠦ ᠲᠥᠪ᠂ ᠲᠤᠮᠤ ᠳ᠋ᠠᠶᠢᠲ᠋ᠠ ᠶᠢᠨ ᠲᠥᠪ᠂ ᠨᠠᠮ ᠤᠨ ᠪᠠᠶᠢᠭᠤᠯᠤᠯᠲᠠ ᠶᠢᠨ ᠠᠵᠢᠯᠯᠠᠭᠠᠨ ᠤ ᠲᠥᠪ᠂ ᠬᠠᠮ ᠵᠠᠭᠤᠴᠢᠯᠠᠭᠤᠷ ᠤᠨ ᠲᠥᠪ᠂ ᠤᠯᠤᠰ ᠤᠨ ᠠᠯᠪᠠᠨ ᠵᠠᠭᠠᠯᠳᠤᠯᠭ᠎ᠠ᠂ ᠪᠡᠶ᠎ᠡ ᠲᠠᠮᠢᠷ  ᠤᠨ ᠪᠤᠯᠪᠠᠰᠤᠷᠠᠯ ᠤᠨ ᠲᠥᠪ᠂ ᠪᠠᠶᠢᠴᠠᠭᠠᠬᠤ ᠨᠤᠮ  ᠤᠨ ᠦᠷᠦᠭᠡ ᠵᠡᠷᠭᠡ ᠭᠠᠵᠠᠷ ᠢᠶᠠᠷ ᠲᠣᠭᠣᠷᠢᠨ ᠦᠵᠡᠪᠡ᠃


ᠢᠷᠡᠯᠲᠡ
ᠥᠪᠡᠷᠲᠡᠭᠡᠨ ᠵᠠᠰᠠᠬᠤ ᠣᠷᠤᠨ ᠤ ᠪᠠᠶᠢᠴᠠᠭᠠᠬᠤ ᠬᠣᠷᠢᠶ᠎ᠠ ᠶᠢᠨ ᠣᠷᠴᠢᠭᠤᠯᠭ᠎ᠠ ᠶᠢᠨ ᠭᠠᠵᠠᠷ
2014-2022 © ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠴᠠᠭᠠᠬᠤ ᠬᠣᠷᠢᠶ᠎ᠠ ᠥᠮᠴᠢᠯᠡᠯ ᠦᠨ ᠡᠷᠬᠡ ᠲᠠᠢ ᠵᠣᠬᠢᠶᠠᠯ ᠪᠦᠲᠦᠭᠡᠯ ᠦᠨ ᠡᠷᠬᠡ ᠶ᠋ᠢ ᠬᠠᠤᠯᠢ ᠪᠠᠷ ᠬᠠᠮᠠᠭᠠᠯᠠᠭᠰᠠᠨ ᠂ ᠵᠥᠪᠰᠢᠶᠡᠷᠡᠯ ᠦᠭᠡᠢ ᠪᠡᠷ ᠬᠠᠭᠤᠯᠪᠤᠷᠢᠯᠠᠬᠤ ᠶ᠋ᠢ ᠡᠷᠡᠰ ᠬᠣᠷᠢᠭᠯᠠᠨ᠎ᠠ ᠬᠠᠷᠢᠯᠴᠠᠬᠤ ᠤᠲᠠᠰᠤ ᠄ 0471-4628760 ᠢᠮᠧᠯ ᠄ eerhe@nm.pro