︽ ᠪᠠᠶᠢᠴᠠᠭᠠᠬᠤ ᠡᠳᠦᠷ ᠦᠨ ᠰᠣᠨᠢᠨ ︾ ᠄ ᠫᠠᠨ ᠭᠤᠸᠠᠶ ︽ᠥᠲᠡᠯᠦᠭᠰᠡᠨ ᠥᠬᠡᠶ ︾
8 ᠰᠠᠷ᠎ᠠ ᠶᠢᠨ 14 ᠦ ᠡᠳᠦᠷ ᠦᠨ︽ ᠪᠠᠶᠢᠴᠠᠭᠠᠬᠤ ᠡᠳᠦᠷ ᠦᠨ ᠰᠣᠨᠢᠨ ︾ ᠤ 8 ᠳ᠋ᠤᠭᠠᠷ ᠨᠢᠭᠤᠷ ᠄ ᠫᠠᠨ ᠭᠤᠸᠠᠶ ︽ᠥᠲᠡᠯᠦᠭᠰᠡᠨ ᠥᠬᠡᠶ ︾
ᠫᠠᠨ ᡁᠢ ᠷᠦᠩ ︵ ᠵᠡᠭᠦᠨᠳᠡᠬᠢ ︶ᠮᠠᠨᠲᠤᠯᠠ ᠪᠣᠭᠣᠮᠲᠠ ᠳᠤ ᠨᠡᠶᠢᠲᠡ ᠶᠢᠨ ᠠᠰᠢᠭᠲᠤ ᠵᠠᠷᠭᠤ ᠶᠢ ᠤᠬᠠᠭᠤᠯᠵᠤ ᠪᠠᠶᠢᠭ᠎ᠠ ᠨᠢ
︽ᠲᠠᠯ᠎ᠠ ᠨᠤᠲᠤᠭ ᠪᠣᠯ ᠮᠠᠨ ᠤ ᠭᠡᠷ ᠮᠦᠨ ᠰᠢᠦ ᠂ ᠥᠪᠡᠷ ᠦᠨ ᠭᠡᠷ ᠢᠶᠡᠨ ᠬᠠᠮᠠᠭᠠᠯᠠᠬᠤ ᠳᠤ ᠪᠢ ᠶᠠᠳᠠᠷᠠᠬᠤ ᠦᠭᠡᠢ︕︾
︱ ᠨᠠᠮ ᠤᠨ ᠠᠷᠪᠠ ᠶᠢᠰᠦᠳᠦᠭᠡᠷ ᠶᠡᠬᠡ ᠬᠤᠷᠠᠯ ᠤᠨ ᠲᠥᠯᠥᠭᠡᠯᠡᠭᠴᠢ ᠂ ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠪᠤᠭᠤᠲᠤ ᠬᠣᠲᠠ ᠶᠢᠨ ᠳᠠᠷᠬᠠᠨ ᠮᠤᠸᠮᠢᠩᠭᠠᠨ ᠬᠣᠰᠢᠭᠤᠨ ᠤ ᠪᠠᠶᠢᠴᠠᠭᠠᠬᠤ ᠬᠣᠷᠢᠶᠠᠨ ᠤ ᠪᠠᠶᠢᠴᠠᠭᠠᠬᠤ ᠺᠣᠮᠢᠰ ᠤᠨ ᠲᠤᠰᠬᠠᠶ ᠲᠤᠰᠢᠶᠠᠯᠲᠤ ᠭᠡᠰᠢᠭᠦᠨ ᠂ ᠭᠤᠷᠪᠠᠳᠤᠭᠠᠷ ᠪᠠᠶᠢᠴᠠᠭᠠᠬᠤ ᠬᠡᠯᠲᠡᠰ ᠦᠨ ᠡᠷᠬᠢᠯᠡᠭᠴᠢ ᠫᠠᠨ ᡁᠢ ᠷᠦᠩ
ᠲᠡᠷᠡ ᠪᠡᠶ᠎ᠡ ᠳᠦ ᠪᠡᠨ ᠮᠠᠰᠢ ᠤᠯᠠᠨ ᠢᠷᠠᠭᠤ ᠠᠯᠳᠠᠷ ᠢ ᠲᠥᠪᠯᠡᠷᠡᠭᠦᠯᠵᠡᠢ᠄ ᠨᠠᠮ ᠤᠨ ᠠᠷᠪᠠ ᠶᠢᠰᠦᠳᠦᠭᠡᠷ ᠶᠡᠬᠡ ᠬᠤᠷᠠᠯ ᠤᠨ ᠲᠥᠯᠥᠭᠡᠯᠡᠭᠴᠢ᠂ ᠪᠦᠬᠦ ᠤᠯᠤᠰ ᠤᠨ ᠰᠢᠯᠢᠳᠡᠭ ᠡᠪ ᠬᠠᠮᠲᠤ ᠨᠠᠮ ᠤᠨ ᠭᠡᠰᠢᠭᠦᠨ᠂ ︽ᠪᠦᠬᠦ ᠤᠯᠤᠰ ᠤᠨ ᠵᠢᠱᠢᠶᠡᠴᠢ ᠪᠠᠶᠢᠴᠠᠭᠠᠬᠤ ᠲᠤᠰᠢᠶᠠᠯᠲᠠᠨ︾ ᠂ ᠪᠦᠬᠦ ᠤᠯᠤᠰ ᠤᠨ︽ᠠᠷᠠᠳ ᠲᠦᠮᠡᠨ ᠳᠦ ᠲᠠᠭᠠᠰᠢᠶᠠᠭᠳᠠᠭᠰᠠᠨ ᠠᠯᠪᠠᠲᠠᠨ︾᠂ ᠤᠮᠠᠷᠠᠲᠤ ᠬᠢᠯᠢ ᠶᠢᠨ ᠵᠢᠱᠢᠶᠡᠴᠢ ᠁
ᠲᠡᠷᠡ ᠪᠣᠯ ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠪᠤᠭᠤᠲᠤ ᠬᠤᠳᠠ ᠶᠢᠨ ᠳᠠᠷᠬᠠᠨ ᠮᠤᠸᠮᠢᠩᠭᠠᠨ ᠬᠣᠰᠢᠭᠤᠨ ᠤ ᠪᠠᠶᠢᠴᠠᠭᠠᠬᠤ ᠬᠣᠷᠢᠶᠠᠨ ᠤ ᠪᠠᠶᠢᠴᠠᠭᠠᠬᠤ ᠺᠣᠮᠢᠰ ᠤᠨ ᠲᠤᠰᠬᠠᠢ ᠲᠤᠰᠢᠶᠠᠯᠳᠦ ᠭᠡᠰᠢᠭᠦᠨ᠂ ᠭᠤᠷᠪᠠᠳᠤᠭᠠᠷ ᠪᠠᠶᠢᠴᠠᠭᠠᠬᠤ ᠬᠡᠯᠲᠡᠰ ᠦᠨ ᠡᠷᠬᠢᠯᠡᠭᠴᠢ ᠫᠠᠨ ᡁᠢ ᠷᠦᠩ ᠪᠣᠯᠤᠨ᠎ᠠ᠃
ᠡᠨᠡ ᠵᠢᠯ 58 ᠨᠠᠰᠤᠲᠠᠶ ᠫᠠᠨ ᡁᠢ ᠷᠦᠩ ᠳᠠᠷᠬᠠᠨ ᠮᠤᠸᠮᠢᠩᠭᠠᠨ ᠲᠠᠯ᠎ᠠ ᠨᠤᠲᠤᠭ ᠳᠡᠭᠡᠷ᠎ᠡ 34 ᠵᠢᠯ ᠶᠠᠭᠠᠷᠠᠯᠲᠠᠢ ᠠᠵᠢᠯᠯᠠᠵᠤ ᠂ ᠫᠠᠨ ᠣᠪᠣᠭᠲᠤ ᠴᠤ ᠫᠠᠨ ᠭᠤᠸᠠᠶ ᠴᠢᠨᠠᠭᠰᠢᠯᠠᠪᠠᠯ ᠫᠠᠨ ᠡᠪᠦᠭᠡ ᠪᠣᠯᠵᠤ ᠂ ᠭᠡᠪᠡᠴᠦ ᠮᠠᠯᠴᠢᠳ ᠲᠡᠭᠦᠨ ᠢ ᠬᠡᠵᠢᠶᠡᠳᠡ ᠮᠤᠩᠭᠤᠯ ᠵᠠᠯᠠᠭᠤ ᠪᠡᠷ ᠦᠵᠡᠵᠦ ᠂ ᠲᠡᠷᠡ ᠥᠪᠡᠷ ᠢᠶᠡᠨ ᠴᠦ ᠬᠡᠵᠢᠶᠡᠳᠡ ︽ ᠪᠢ ᠥᠲᠡᠯᠦᠭᠰᠡᠨ ᠥᠬᠡᠶ ᠂ ᠪᠢ ᠶᠠᠳᠠᠷᠠᠵᠤ ᠦᠭᠡᠢ ᠂ ᠪᠢ ᠪᠣᠯᠤᠨ᠎ᠠ︾ ᠭᠡᠵᠦ ᠤᠮᠤᠭ ᠲᠠᠢ ᠶᠠᠷᠢᠲᠠᠭ ᠪᠠᠶᠢᠨ᠎ᠠ ᠃
ᠲᠠᠯ᠎ᠠ ᠨᠤᠲᠤᠭ ᠤᠨ ᠫᠠᠨ ᠭᠤᠸᠠᠢ ᠶᠡᠷᠦ ᠨᠢ ᠦᠲᠡᠯᠦᠭᠡ ᠦᠭᠡᠢ᠂ ᠦᠲᠡᠯᠦᠭᠡ ᠪᠤᠰᠤ ᠫᠠᠨ ᠭᠤᠸᠠᠢ ᠲᠠᠯ᠎ᠠ ᠨᠤᠲᠤᠭ ᠢᠶᠠ ᠰᠠᠬᠢᠨ ᠬᠠᠮᠠᠭᠠᠯᠠᠵᠤ ᠪᠠᠶᠢᠨ᠎ᠠ ᠃
ᠲᠡᠷᠡ ᠲᠠᠯ᠎ᠠ ᠨᠤᠲᠤᠭ ᠲᠤ ᠭᠦᠨ ᠵᠤᠵᠠᠭᠠᠨ ᠬᠠᠶᠢᠷᠠᠲᠠᠢ
︽ᠫᠠᠨ ᠭᠤᠸᠠᠢ ᠪᠣᠯ ᠳᠠᠷᠬᠠᠨ ᠮᠤᠸᠮᠢᠩᠭᠠᠨ ᠲᠠᠯ᠎ᠠ ᠨᠤᠲᠤᠭ ᠤᠨ ᠠᠮᠢᠳᠤ ᠭᠠᠵᠠᠷ ᠤᠨ ᠵᠢᠷᠤᠭ ᠪᠣᠯᠤᠨ᠎ᠠ᠃ ︾ ᠨᠡᠶᠢᠲᠡ ᠶᠢᠨ ᠠᠰᠢᠭᠲᠤ ᠵᠠᠷᠭᠤ ᠶᠢᠨ ᠪᠠᠶᠢᠴᠠᠭᠠᠬᠤ ᠠᠵᠢᠯ ᠢ ᠥᠷᠨᠢᠭᠦᠯᠦᠭᠰᠡᠨ ᠡᠴᠡ ᠨᠠᠰᠢ ᠂ ᠳᠠᠷᠬᠠᠨ ᠮᠤᠸᠮᠢᠩᠭᠠᠨ ᠬᠣᠯᠪᠣᠭᠠᠲᠤ ᠬᠣᠰᠢᠭᠤᠨ ᠤ ᠪᠠᠶᠢᠴᠠᠭᠠᠬᠤ ᠬᠣᠷᠢᠶᠠᠨ ᠤ ᠬᠣᠶᠠᠳᠤᠭᠠᠷ ᠪᠠᠶᠢᠴᠠᠭᠠᠬᠤ ᠬᠡᠯᠲᠡᠰ ᠤᠨ ᠡᠷᠬᠢᠯᠡᠭᠴᠢ ᠸᠠᠩ ᠴᠦᠨ ᠰᠢᠶᠠ ᠦᠷᠭᠦᠯᠵᠢ ᠫᠠᠨ ᠭᠤᠸᠠᠶ ᠲᠠᠶ ᠬᠠᠮᠲᠤ ᠮᠠᠯᠵᠢᠬᠤ ᠣᠷᠣᠨ ᠳᠤ ᠪᠠᠭᠤᠳᠠᠭ ᠂ ᠲᠡᠷᠡ ᠭᠠᠵᠠᠷ ᠤᠨ ᠲᠡᠮᠳᠡᠭ ᠳᠤᠲᠠᠮᠠᠭ ᠂ ᠬᠥᠪᠡᠭᠡ ᠬᠢᠵᠠᠭᠠᠷ ᠥᠬᠡᠶ ᠲᠠᠯ᠎ᠠ ᠨᠤᠲᠤᠭ ᠲᠤ ᠫᠠᠨ ᠭᠤᠸᠠᠢ ᠶᠡᠷᠦ ᠨᠢ ᠣᠴᠢᠬᠤ ᠭᠡᠰᠡᠨ ᠭᠠᠵᠠᠷ ᠪᠣᠯᠭᠠᠨ ᠢ ᠰᠠᠶᠢᠨ ᠮᠡᠳᠡᠳᠡᠭ ᠶᠤᠮ ᠃
ᠫᠠᠨ ᠭᠤᠸᠠᠢ ︽ᠬᠦᠯ ᠦᠨ ᠤᠯᠠ ᠲᠡᠭᠡᠷᠡᠬᠢ ᠰᠢᠪᠡᠷ ᠬᠡᠳᠦᠢ ᠠᠷᠪᠢᠨ ᠪᠣᠯ ᠮᠠᠯᠴᠢᠳ ᠤᠨ ᠰᠡᠳᠬᠢᠯ ᠡᠴᠡ ᠬᠡᠳᠦᠢ ᠦᠢᠷ᠎ᠠ 》 ᠭᠡᠵᠦ 30 ᠭᠠᠷᠤᠢ ᠵᠢᠯ ᠦᠨ ᠪᠠᠶᠢᠴᠠᠭᠠᠬᠤᠠᠵᠢᠯ ᠤᠨ ᠲᠤᠮᠲᠠ ᠪᠠᠨ ᠂ ᠲᠡᠷᠡ ᠪᠦᠬᠦ ᠬᠣᠰᠢᠭᠤᠨ ᠤ 77 ᠭᠠᠴᠠᠭ᠎ᠠ ᠪᠠ ᠵᠠᠰᠠᠭ ᠵᠠᠬᠢᠷᠭᠠᠨ ᠤ ᠲᠣᠰᠬᠣᠨ ᠢᠶᠠᠷ ᠤᠯᠠᠨ ᠤᠳᠠᠭ᠎ᠠ ᠶᠠᠪᠤᠵᠤ ᠥᠩᠭᠡᠷᠡᠪᠡ᠃ 2011 ᠣᠨ ᠳᠤ ᠂ ᠳᠠᠷᠬᠠᠨ ᠮᠤᠸᠮᠢᠩᠭᠠᠨ ᠬᠣᠯᠪᠣᠭᠠᠲᠤ ᠬᠣᠰᠢᠭᠤᠨ ᠤ ᠪᠠᠶᠢᠴᠠᠭᠠᠬᠤ ᠬᠣᠷᠢᠶᠠᠨ ᠤ ᠮᠠᠨᠲᠤᠯᠠ ᠪᠠᠶᠢᠴᠠᠭᠠᠬᠤ ᠲᠠᠰᠤᠭ ᠤᠨ ᠡᠷᠬᠢᠯᠡᠭᠴᠢ ᠪᠥᠭᠡᠳ ᠱᠢ ᠪᠦᠦ ᠪᠠᠯᠭᠠᠰᠤᠨ ᠤ ᠪᠠᠶᠢᠴᠠᠭᠠᠬᠤ ᠲᠠᠰᠤᠭ ᠤᠨ ᠲᠣᠮᠢᠯᠠᠨ ᠰᠠᠭᠤᠯᠭᠠᠭᠰᠠᠨ ᠡᠷᠬᠢᠯᠡᠭᠴᠢ ᠶᠢᠨ ᠲᠤᠰᠢᠶᠠᠯ ᠢ ᠬᠠᠪᠰᠤᠷᠭᠠᠨ ᠡᠭᠦᠷᠭᠡᠯᠡᠬᠦ ᠡᠴᠡ ᠡᠬᠢᠯᠡᠨ᠂ ᠲᠡᠷᠡ ᠨᠡᠭᠦᠳᠡᠯ ᠮᠠᠯᠴᠢᠨ ᠤ ᠠᠵᠢᠯ ᠤᠨ ᠬᠡᠯᠪᠡᠷᠢ ᠶᠢ ᠪᠠᠷᠢᠮᠲᠠᠯᠠᠨ ᠂ ᠪᠦᠬᠦ ᠬᠣᠰᠢᠭᠤᠨ ᠤ 980 ᠭᠠᠷᠤᠶ ᠮᠠᠯᠵᠢᠯ ᠤᠨ ᠲᠠᠯᠠᠪᠠᠢ ᠶᠢᠨ ᠴᠡᠭ ᠪᠠ 3400 ᠭᠠᠷᠤᠶ ᠮᠠᠯᠴᠢᠨ ᠲᠠᠷᠢᠶᠠᠴᠢᠨ ᠢ ᠲᠣᠭᠣᠷᠢᠨ ᠰᠤᠷᠪᠤᠯᠵᠢᠯᠠᠵᠤ ᠂ 400 ᠭᠠᠷᠤᠶ ᠮᠠᠯᠴᠢᠳ ᠤᠨ ᠬᠠᠷᠢᠯᠴᠠᠬᠤ ᠤᠲᠠᠰᠤ ᠶᠢ ᠦᠯᠡᠳᠡᠭᠡᠵᠡᠶ ᠃ 2017 ᠣᠨ ᠤ ᠰᠡᠭᠦᠯᠴᠢ ᠪᠡᠷ᠂ ᠨᠡᠶᠢᠲᠡ ᠶᠢᠨ ᠠᠰᠢᠭᠲᠤ ᠵᠠᠷᠭᠤ ᠶᠢᠨ ᠪᠠᠶᠢᠴᠠᠭᠠᠬᠤ ᠠᠵᠢᠯ ᠢ ᠬᠢᠭᠰᠡᠨ ᠡᠴᠡ ᠨᠠᠰᠢ ᠂ ᠲᠡᠷᠡ ᠪᠠᠰᠠ ᠨᠤᠲᠤᠭ ᠪᠡᠯᠴᠢᠭᠡᠷ ᠢ ᠤᠳᠠᠭ᠎ᠠ ᠳᠠᠷᠠᠭᠠᠯᠠᠨ ᠡᠮᠬᠢᠯᠡᠵᠦ ᠡᠬᠢᠯᠡᠵᠡᠢ᠃ ᠲᠠᠯ᠎ᠠ ᠨᠤᠲᠤᠭ ᠤᠨ ᠨᠢᠭᠡ ᠴᠢᠯᠠᠭᠤ ᠨᠢᠭᠡ ᠮᠣᠳᠣ ᠨᠢ ᠪᠦᠷ ᠲᠡᠭᠦᠨ ᠦ ᠰᠡᠳᠬᠢᠯ ᠤᠨ ᠭᠦᠨ ᠳᠦ ᠬᠠᠲᠠᠩᠰᠢᠭᠰᠠᠨ ᠪᠠᠶᠢᠨ᠎ᠠ ᠃
ᠡᠬᠡ ᠤᠯᠤᠰ ᠤᠨ ᠬᠢᠯᠢ ᠶᠢᠨ ᠱᠤᠭᠤᠮ ᠳᠡᠭᠡᠷᠡᠬᠢ ᠮᠠᠨᠲᠤᠯᠠ ᠪᠣᠭᠣᠮᠲᠠ 10 ᠲᠦᠮᠡᠨ ᠲᠣᠨ ᠬᠠᠳᠠᠭᠠᠯᠠᠭᠳᠠᠴᠠ ᠲᠠᠶ 2 ᠬᠥᠮᠥᠷᠭᠡ ᠨᠢ 2 ᠰᠠᠷ᠎ᠠ ᠶᠢᠨ ᠳᠣᠲᠣᠷ᠎ᠠ ᠭᠠᠵᠠᠷ ᠰᠤᠭᠤᠯᠤᠨ ᠪᠣᠰᠴᠤ᠂ ᠬᠡᠳᠦᠨ ᠲᠦᠮᠡᠨ ᠲᠣᠨ ᠨᠤᠨᠲᠠᠭ ᠬᠡᠯᠪᠡᠷᠢ ᠶᠢᠨ ᠨᠡᠭᠦᠷᠡᠰᠦ ᠶᠢ ᠬᠥᠮᠥᠷᠭᠡ ᠳᠦ ᠣᠷᠣᠭᠤᠯᠵᠠᠶ᠃ 《 ᠬᠠᠷ᠎ᠠ ᠬᠣᠨᠢ 》 ᠴᠠᠭᠠᠨ ᠪᠣᠯᠵᠤ ᠂ ︽ ᠬᠠᠷ᠎ᠠ ᠰᠠᠯᠬᠢ ︾ ᠠᠯᠠᠭ᠎ᠠ ᠪᠣᠯᠵᠣ ᠂ ᠣᠭᠲᠠᠷᠭᠤᠶ ᠨᠠᠩ ᠴᠡᠯᠮᠡᠭ ᠪᠣᠯᠵᠣ ᠂ ᠲᠠᠯ᠎ᠠ ᠨᠤᠲᠤᠭ ᠨᠠᠩ ᠨᠤᠮᠢᠨ ᠨᠤᠭᠤᠭᠠᠨ ᠪᠣᠯᠪᠠ ︔
ᠠᠪᠠᠭᠠᠶ ᠭᠣᠸᠯ ᠪᠣᠯ ᠳᠠᠷᠬᠠᠨ ᠮᠤᠸᠮᠢᠩᠭᠠᠨ ᠠᠷᠠᠳ ᠲᠦᠮᠡᠨ ᠦ ᠡᠵᠢ ᠭᠣᠸᠯ ᠪᠣᠯᠤᠨ᠎ᠠ ᠂ 40 ᠭᠠᠷᠤᠶ ᠬᠡᠰᠡᠭ ᠤᠰᠤᠨ ᠬᠡᠮᠵᠢᠭᠦᠷ ᠢ ᠵᠠᠭᠠᠯᠳᠤᠬᠤ ᠠᠴᠠ ᠡᠮᠦᠨᠡᠬᠢ ᠪᠠᠶᠢᠴᠠᠭᠠᠬᠤ ᠰᠠᠨᠠᠭᠤᠯᠭ᠎ᠠ ᠭᠠᠷᠭᠠᠭᠰᠠᠨ ᠤ ᠳᠠᠷᠠᠭ᠎ᠠ ᠤᠳᠠᠯ ᠦᠭᠡᠢ ᠤᠰᠤ ᠬᠡᠷᠡᠭᠯᠡᠬᠦ ᠨᠢᠭᠡᠴᠢ ᠳᠦ ᠤᠭᠰᠠᠷᠠᠵᠤ ᠂ ᠤᠰᠤᠨ ᠤ ᠡᠬᠢ ᠪᠠᠶᠠᠯᠢᠭ ᠢ ᠦᠨᠡᠯᠡᠨ ᠵᠢᠱᠢᠬᠦ᠂ ᠭᠣᠸᠯ ᠮᠥᠷᠡᠨ ᠢ ᠶᠡᠷᠦᠩᠬᠡᠶᠢᠯᠡᠨ ᠵᠠᠰᠠᠬᠤ ᠠᠵᠢᠯ ᠶᠠᠭ ᠪᠠᠴᠢᠮ ᠶᠠᠭᠠᠷᠠᠯᠲᠠᠶ ᠶᠠᠪᠤᠭᠳᠠᠵᠤ ᠂ ᠠᠪᠠᠭᠠᠢ ᠭᠣᠣᠯ ᠤᠨ ᠤᠰᠤᠨ ᠤ ᠬᠡᠮᠵᠢᠶ᠎ᠡ ᠨᠡᠩ ᠠᠷᠪᠢᠨ᠂ ᠤᠰᠤᠨ ᠤ ᠴᠢᠨᠠᠷ ᠨᠡᠩ ᠲᠤᠩᠭᠠᠯᠠᠭ ᠪᠤᠯᠤᠭᠰᠠᠨ ᠪᠠᠶᠢᠨ᠎ᠠ ︔
ᠰᠢ ᠾᠧ ᠰᠢᠶᠠᠩ ᠤᠨ ᠳᠡᠯ ᠤᠨ ᠭᠤᠤ ᠭᠠᠴᠠᠭᠠᠨ ᠤ ᠠᠷᠠᠳ ᠤᠨ ᠵᠥᠪᠯᠡᠯ ᠦᠨ ᠭᠦᠩ ᠬᠦ᠋ ᠳ᠋ᠦᠩ ᠲᠣᠰᠬᠣᠨ ᠂ ᠠᠷᠪᠠ ᠭᠠᠷᠤᠶ ᠵᠢᠯ ᠬᠠᠸᠯᠢ ᠪᠤᠰᠤ ᠪᠠᠷ ᠡᠵᠡᠩᠨᠡᠭᠰᠡᠨ ᠡᠴᠡ ᠲᠡᠮᠦᠷ ᠦᠨ ᠨᠤᠨᠲᠠᠭ ᠲᠩᠷᠢ ᠪᠡᠷ ᠨᠢᠰᠦᠨ ᠂ ᠪᠣᠬᠢᠷ ᠤᠰᠤ ᠭᠠᠵᠠᠷ ᠪᠣᠯᠭᠠᠨ ᠤᠷᠤᠰᠤᠭᠰᠠᠨ ᠡᠴᠡ ᠬᠦᠳᠡᠷ ᠰᠢᠯᠢᠬᠦ ᠦᠶᠯᠡᠳᠪᠦᠷᠢ ᠶᠢ ᠬᠠᠭᠠᠵᠤ ᠬᠦᠴᠦᠨ ᠦᠭᠡᠶ ᠪᠤᠯᠭᠠᠵᠤ ᠂ ᠨᠢᠭᠡ ᠯᠡ ᠰᠥᠨᠢ ᠶᠢᠨ ᠬᠣᠭᠣᠷᠣᠨᠳᠣ ᠨᠤᠷᠠᠭᠰᠠᠨ ᠪᠠᠭᠤᠷᠢ ᠪᠣᠯᠪᠠ ᠃ ᠠᠮᠢ ᠠᠬᠤᠶ ᠶᠢᠨ ᠣᠷᠴᠢᠨ ᠲᠣᠭᠣᠷᠢᠨ ᠢ ᠰᠡᠷᠭᠦᠭᠡᠬᠦ ᠠᠵᠢᠯ ᠡᠮᠬᠢ ᠵᠢᠷᠤᠮ ᠲᠠᠶ ᠪᠠᠷ ᠠᠬᠢᠵᠤ᠂ ᠲᠣᠰᠬᠣᠨ ᠤ ᠠᠷᠠᠳ ᠤᠨ ᠰᠡᠳᠬᠢᠯ ᠰᠠᠨᠠᠭ᠎ᠠ ᠲᠣᠭᠲᠠᠭᠤᠨ ᠪᠤᠯᠵᠤ ᠂ ᠢᠨᠢᠶᠡᠮᠰᠦᠭ ᠳᠦᠷᠢ ᠨᠢ ᠨᠠᠩ ᠠᠷᠪᠢᠨ ᠪᠤᠯᠤᠭᠰᠠᠨ ᠪᠠᠶᠢᠨ᠎ᠠ ᠁
ᠫᠠᠨ ᡁᠢ ᠷᠦᠩ ᠨᠡᠢᠢᠲᠡ ᠶᠢᠨ ᠠᠰᠢᠭᠲᠤ ᠵᠠᠷᠭᠤ ᠶᠢᠨ ᠠᠯᠪᠠᠨ ᠭᠡᠷ ᠪᠠᠶᠢᠭᠤᠯᠤᠭᠳᠠᠭᠰᠠᠨ ᠠᠴᠠ ᠨᠠᠰᠢ ᠂ ᠲᠠᠯ᠎ᠠ ᠨᠤᠲᠤᠭ ᠲᠤ ᠶᠠᠪᠤᠬᠤ ᠲᠤᠲᠤᠮ ᠭᠣᠶᠣ ᠰᠠᠶᠢᠬᠠᠨ ᠪᠣᠯᠤᠭᠰᠠᠨ ᠦᠯᠢᠭᠡᠷ ᠲᠦ ᠮᠠᠯᠴᠢᠳ ᠶᠡᠷᠦ ᠨᠢ ᠰᠣᠨᠣᠰᠪᠤᠷᠢ ᠲᠠᠶ ᠪᠠᠶᠢᠵᠤ ᠂ ᠶᠠᠮᠠᠷ ᠴᠤ ᠤᠴᠢᠷ ᠭᠡᠳ ᠫᠠᠨ ᠭᠤᠸᠠᠶ ᠢ ᠲᠦᠪᠡᠭᠲᠡᠭᠦᠯᠵᠦ ᠲᠡᠶᠢᠯᠬᠦ ᠦᠭᠡᠢ ᠭᠡᠵᠦ ᠢᠲᠡᠭᠡᠵᠦ ᠪᠠᠶᠢᠪᠠ ᠃ ᠭᠡᠲᠡᠯ᠎ᠡ ᠫᠠᠨ ᠭᠤᠸᠠᠢ ᠡᠭᠦᠨ ᠦ ᠠᠷᠤ ᠳᠦ ᠬᠡᠲᠦᠢ ᠶᠡᠬᠡ ᠦᠷᠡᠭᠳᠡᠯ ᠭᠠᠷᠭᠠᠭᠰᠠᠨ ᠢ ᠲᠡᠳᠡ ᠰᠡᠷᠡᠵᠦ ᠮᠡᠲᠡᠭᠰᠡᠨ ᠦᠭᠡᠢ ᠪᠠᠶᠢᠬ᠎ᠠ ᠃
ᠨᠡᠢᠢᠲᠡ ᠶᠢᠨ ᠠᠰᠢᠭᠲᠤ ᠵᠠᠷᠭᠤ ᠶᠢᠨ ᠪᠠᠶᠢᠴᠠᠭᠠᠬᠤ ᠠᠵᠢᠯ ᠪᠣᠯ ᠴᠤ᠋ ᠰᠢᠨ᠎ᠡ ᠬᠦᠷᠢᠶ᠎ᠡ ᠮᠥᠨ ᠂ ᠯᠠᠪᠯᠠᠯᠲᠠ ᠪᠣᠯᠭᠠᠵᠤ ᠪᠣᠯᠬᠤ ᠠᠷᠭ᠎ᠠ ᠪᠠᠷᠢᠯ ᠂ ᠬᠡᠷᠡᠭ ᠦᠨ ᠵᠢᠱᠢᠶ᠎ᠡ ᠨᠢ ᠴᠥᠮ ᠬᠢᠵᠠᠭᠠᠷ ᠲᠠᠶ ᠪᠠᠶᠳᠠᠭ ᠂ ᠨᠡᠶᠢᠲᠡ ᠶᠢᠨ ᠠᠰᠢᠭᠲᠤ ᠵᠠᠷᠭᠤ ᠶᠢᠨ ᠬᠦᠷᠢᠶ᠎ᠡ ᠴᠠᠷᠠᠭ᠎ᠠ ᠶᠢ ᠲᠦᠷᠭᠡᠬᠡᠨ ᠣᠶᠢᠯᠠᠭᠠᠬᠤ ᠶᠢᠨ ᠲᠥᠯᠥᠭᠡ ᠂ ᠣᠷᠣᠢ ᠶᠢᠨ ᠬᠣᠭᠣᠯᠠᠨ ᠤ ᠳᠠᠷᠠᠭ᠎ᠠ ᠪᠠᠶᠢᠭᠤᠯᠭ᠎ᠠ ᠳᠠᠭᠠᠨ ᠪᠤᠴᠠᠵᠤ ᠬᠡᠷᠡᠭ ᠦᠨ ᠡᠪᠬᠡᠮᠡᠯ ᠢ ᠤᠷᠪᠠᠭᠤᠯᠤᠨ ᠦᠵᠡᠵᠦ ᠂ ᠬᠠᠸᠯᠢ ᠴᠠᠭᠠᠵᠠ ᠶᠢᠨ ᠲᠣᠭᠲᠠᠭᠠᠯ ᠢ ᠰᠤᠳᠤᠯᠤᠭᠰᠠᠨ ᠫᠠᠨ ᠭᠤᠸᠠᠶ ᠪᠠᠷᠤᠭ ᠡᠳᠦᠷ ᠪᠦᠷᠢ ᠰᠥᠨᠢ ᠳᠦᠯᠢ ᠪᠣᠯᠲᠠᠯ᠎ᠠ ᠠᠵᠢᠯᠯᠠᠳᠠᠭ ᠃ ᠡᠬᠡᠨᠡᠷ ᠶᠠᠩ ᠱᠣ᠋ ᠮᠧᠶ ᠵᠢᠷᠦᠬᠡ ᠰᠢᠮᠰᠢᠷᠡᠨ ᠄ 《 ᠪᠦᠷ ᠡᠪᠦᠭᠡ ᠠᠪᠤ ᠪᠣᠯᠤᠭᠰᠠᠨ ᠬᠥᠮᠦᠨ ᠂ ᠴᠢ ᠵᠢᠭᠠᠬᠠᠨ ᠠᠮᠠᠷᠠᠬᠤ ᠶᠢ ᠮᠡᠳᠡᠬᠦ ᠦᠭᠡᠢ ᠃︾ ᠫᠠᠨ ᠭᠤᠸᠠᠢ ᠬᠡᠵᠢᠶᠡᠳᠡ ᠢᠨᠢᠶᠡᠮᠰᠦᠭᠯᠡᠨ ᠄ 《ᠤᠳᠠᠬᠤ ᠦᠭᠡᠢ ᠪᠣᠯᠬᠤ ᠭᠡᠵᠦ ᠪᠠᠶᠢᠨ᠎ᠠ᠂ ᠡᠨᠡ ᠬᠡᠰᠡᠭ ᠢ ᠶᠠᠭᠠᠷᠠᠵᠤ ᠪᠠᠷᠠᠭᠠᠳ ᠪᠤᠯᠤᠶ᠎ᠠ ︕︾
ᠭᠡᠲᠡᠯ᠎ᠡ ᠡᠨᠡ ᠨᠢᠭᠡ ᠬᠡᠰᠡᠭ ᠨᠢ ᠡᠩ ᠦᠨ ᠤᠷᠳᠤ ᠪᠢᠰᠢ᠃ ᠰᠤᠷᠤᠯᠴᠠᠨ ᠲᠣᠯᠢᠯᠠᠬᠤ ᠪᠠᠷ ᠲᠠᠮᠵᠢᠨ᠂ ᠫᠠᠨ ᡁᠢ ᠷᠦᠩ ᠤᠨ ᠨᠡᠶᠢᠲᠡ ᠶᠢᠨ ᠠᠰᠢᠭᠲᠤ ᠵᠠᠷᠭᠤ ᠶᠢᠨ ᠠᠯᠪᠠᠨ ᠭᠡᠷ ᠤᠷᠢᠳ ᠬᠣᠵᠢᠳ ᠨᠡᠶᠢᠲᠡ ᠶᠢᠨ ᠠᠰᠢᠭᠲᠤ ᠵᠠᠷᠭᠤ ᠶᠢᠨ ᠡᠭᠡ ᠲᠠᠨᠭᠰᠠ ᠶᠢᠨ ᠲᠦᠷᠢᠮ᠂ ᠬᠠᠮᠲᠤᠷᠠᠭᠰᠠᠨ ᠬᠤᠷᠠᠯ ᠤᠨ ᠲᠦᠷᠢᠮ᠂ ᠮᠡᠳᠡᠭᠡ ᠵᠠᠩᠭᠢ ᠶᠢ ᠬᠠᠮᠲᠤ ᠪᠠᠷ ᠡᠳ᠋ᠯᠡᠬᠦ ᠲᠣᠭᠲᠠᠴᠠ ᠪᠠ ᠰᠡᠷᠭᠦᠭᠡᠯᠲᠡ ᠶᠢᠨ ᠴᠢᠨᠠᠷᠲᠠᠶ ᠬᠠᠸᠯᠢ ᠪᠠᠷᠢᠬᠤ ᠤᠷᠳᠤ ᠬᠤᠭᠤᠴᠠᠭᠠᠨ ᠤ ᠪᠦᠲᠦᠮᠵᠢᠲᠡᠶ ᠲᠣᠭᠲᠠᠴᠠ ᠵᠡᠷᠭᠡ ᠠᠯᠢ ᠤᠯᠠᠨ ᠠᠵᠢᠯ ᠤᠨ ᠲᠦᠷᠢᠮ ᠦᠨ ᠲᠣᠭᠲᠠᠴᠠ ᠶᠢ ᠪᠠᠶᠢᠭᠤᠯᠪᠠ᠃
︽ᠫᠠᠨ ᠡᠷᠬᠢᠯᠡᠭᠴᠢ ᠡᠳᠦᠷ ᠰᠥᠨᠢ ᠦᠭᠡᠢ ᠬᠡᠷᠡᠭ ᠰᠢᠢᠳᠪᠦᠷᠢᠯᠡᠨ᠎ᠡ ᠃︾ ᠳᠠᠷᠬᠠᠨ ᠮᠤᠸᠮᠢᠩᠭᠠᠨ ᠬᠣᠯᠪᠣᠭᠠᠲᠤ ᠬᠣᠰᠢᠭᠤᠨ ᠤ ᠪᠠᠶᠢᠴᠠᠭᠠᠬᠤ ᠬᠣᠷᠢᠶᠠᠨ ᠤ ᠪᠢᠴᠢᠭᠡᠴᠢ ᠶᠠᠩ ᠴᠢᠶᠠᠩ ᠬᠡᠡᠯᠡᠬᠦ ᠳᠦ ᠪᠡᠨ ᠪᠠᠭᠰᠢ ᠳᠠᠭᠠᠨ ᠬᠦᠨᠳᠦᠳᠬᠡᠯ ᠪᠢᠰᠢᠷᠡᠯ ᠲᠡᠶ᠂ ᠨᠡᠩ ᠴᠤ ᠵᠢᠷᠦᠬᠡ ᠰᠢᠮᠰᠢᠷᠡᠯ ᠲᠠᠢ ᠃
︽ᠲᠠᠯ᠎ᠠ ᠨᠤᠲᠤᠭ ᠪᠣᠯ ᠮᠠᠨ ᠤ ᠭᠡᠷ ᠤᠷᠤᠨ ᠰᠢᠦ ᠃ ᠥᠪᠡᠷ ᠦᠨ ᠭᠡᠷ ᠢᠶᠡᠨ ᠰᠠᠬᠢᠨ ᠬᠠᠮᠠᠭᠠᠯᠠᠬᠤ ᠳᠤ ᠪᠢ ᠶᠠᠲᠠᠷᠠᠬᠤ ᠦᠭᠡᠢ ! ︾ ᠭᠡᠵᠦ ᠫᠠᠨ ᠭᠤᠸᠠᠢ ᠢᠨᠢᠶᠡᠵᠦ᠂ ᠬᠠᠴᠠᠷ ᠲᠡᠭᠡᠷᠡᠬᠢ ᠦᠷᠴᠢᠯᠡᠭᠡᠰᠦ ᠨᠢ ᠲᠠᠯᠪᠢᠭᠤᠷᠠᠪᠠ ᠁
ᠲᠡᠷᠡ ᠵᠣᠷᠢᠭᠲᠠᠶ ᠪᠠᠷ ᠬᠦᠨᠳᠦ ᠡᠭᠦᠷᠭᠡ ᠡᠭᠦᠷᠭᠡᠯᠡᠨ᠎ᠡ
ᠡᠨᠡ ᠵᠢᠯ ᠡᠴᠡ ᠨᠠᠰᠢ ᠂ ᠨᠢᠭᠡ ᠤᠳᠠᠭᠠᠨ ᠤ ᠭᠡᠨᠡᠳᠲᠡ ᠡᠭᠦᠰᠦᠭᠰᠡᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠦᠨ ᠬᠢᠵᠢᠭ ᠦᠨ ᠪᠠᠶᠢᠲᠠᠯ ᠂ ᠪᠦᠬᠦ ᠠᠶᠢᠵᠢᠮ ᠴᠣᠬᠢᠯᠭ᠎ᠠ ᠶᠢ ᠪᠦᠷ ᠰᠠᠮᠠᠭᠤᠷᠠᠭᠤᠯᠵᠠᠢ ᠃
ᠰᠢᠨ᠎ᠡ ᠶᠢᠨ ᠬᠣᠶᠠᠷ ᠲᠤ᠂ ᠫᠠᠨ ᠭᠤᠸᠠᠶ ᠬᠢᠵᠢᠭ ᠦᠨ ᠪᠠᠶᠢᠳᠠᠯ ᠯᠤᠭ᠎ᠠ ᠶᠢᠨ ᠲᠡᠮᠡᠴᠡᠯ ᠢᠶᠡᠨ ᠡᠬᠢᠯᠡᠭᠦᠯᠵᠡᠢ ᠃ ᠲᠡᠷᠡ ᠰᠠᠨᠠᠭᠠᠴᠢᠯᠠᠭ᠎ᠠ ᠠᠴᠠ ᠪᠠᠨ ᠵᠠᠯᠠᠭᠤ ᠺᠠᠳ᠋ᠷ ᠴᠠᠭᠳᠠᠭ᠎ᠠ ᠨᠠᠷ ᠲᠠᠶ ᠬᠠᠮᠲᠤ ᠵᠢᠵᠢᠭᠦᠷᠯᠡᠵᠦ ᠂ ᠰᠠᠭᠤᠭᠠᠯᠢ ᠡᠷᠦᠬᠡ ᠳᠦ ᠭᠦᠨᠵᠡᠭᠡᠶᠢᠷᠡᠨ ᠪᠠᠶᠢᠴᠠᠭᠠᠯᠲᠠ ᠬᠢᠵᠦ ᠂ ᠰᠠᠭᠤᠭᠠᠯᠢ ᠲᠣᠭᠣᠷᠢᠭ ᠤᠨ ᠣᠷᠣᠵᠤ ᠭᠠᠷᠬᠤ ᠲᠡᠷᠭᠡ ᠶᠢ ᠨᠠᠷᠢᠨ ᠬᠢᠨᠠᠮᠠᠭᠠᠶ ᠬᠢᠨᠠᠨ ᠪᠠᠶᠢᠴᠠᠭᠠᠵᠤ ᠂ ᠬᠢᠵᠢᠭ ᠰᠡᠷᠭᠡᠶᠢᠯᠡᠬᠦ ᠡᠳ᠋ ᠪᠣᠳᠠᠰ ᠢ ᠮᠡᠬᠡᠯᠡᠭᠰᠡᠨ ᠬᠡᠷᠡᠭ ᠲᠦ ᠰᠠᠨᠠᠭᠠᠴᠢᠯᠠᠭ᠎ᠠ ᠠᠴᠠ ᠪᠠᠨ ᠣᠷᠣᠯᠴᠠᠵᠤ᠂ ᠠᠷᠠᠳ ᠢᠷᠭᠡᠨ ᠦ ᠮᠡᠳᠡᠭᠡ ᠵᠠᠩᠭᠢ ᠶᠢᠨ ᠬᠠᠮᠠᠭᠠᠯᠠᠯᠲᠠ᠂ ᠬᠡᠭᠡᠷ᠎ᠡ ᠶᠢᠨ ᠠᠮᠢᠲᠠᠨ ᠤ ᠬᠠᠮᠠᠭᠠᠯᠠᠯᠲᠠ ᠵᠡᠷᠭᠡ ᠲᠠᠯ᠎ᠠ ᠪᠠᠷ ᠣᠷᠣᠰᠢᠵᠤ ᠪᠠᠶᠢᠭ᠎ᠠ ᠠᠰᠠᠭᠤᠳᠠᠯ ᠳᠤ ᠴᠢᠭᠯᠡᠭᠦᠯᠦᠨ ᠪᠠᠶᠢᠴᠠᠭᠠᠬᠤ ᠰᠠᠨᠠᠭᠤᠯᠭ᠎ᠠ ᠭᠠᠷᠭᠠᠪᠠ ᠃
ᠬᠢᠵᠢᠭ ᠦᠨ ᠪᠠᠶᠢᠲᠠᠯ ᠲᠣᠭᠲᠠᠭᠤᠨ ᠪᠣᠯᠤᠭᠰᠠᠨ ᠤ ᠳᠠᠷᠠᠭ᠎ᠠ ᠂ ᠫᠠᠨ ᠭᠤᠸᠠᠢ ᠭᠣᠣᠯ ᠬᠠᠷᠢᠭᠤᠴᠠᠯᠭ᠎ᠠ ᠭᠣᠣᠯ ᠠᠵᠢᠯ ᠳᠠᠭᠠᠨ ᠪᠤᠴᠠᠵᠤ ᠢᠷᠡᠭᠰᠡᠨ ᠪᠥᠭᠡᠳ ᠭᠣᠣᠯ ᠪᠣᠯᠬᠤ ᠲᠤᠬᠠᠶᠢᠯᠠᠭᠰᠠᠨ ᠠᠵᠢᠯ ᠤᠨ ᠲᠣᠭ᠎ᠠ ᠪᠠᠷᠢᠮᠲᠠ ᠰᠤᠲᠤᠯᠵᠤ ᠡᠬᠢᠯᠡᠭᠰᠡᠨ ᠪᠠᠶᠢᠨ᠎ᠠ ᠃ ᠬᠢᠵᠢᠭ ᠦᠨ ᠪᠠᠶᠢᠳᠠᠯ ᠤᠨ ᠨᠥᠯᠥᠭᠡᠯᠡᠯ ᠳᠣᠸᠷ᠎ᠠ ᠂ ᠭᠣᠸᠯ ᠪᠣᠯᠬᠤ ᠲᠤᠬᠠᠶᠢᠯᠠᠭᠰᠠᠨ ᠠᠵᠢᠯ ᠤᠨ ᠲᠣᠭ᠎ᠠ ᠪᠠᠷᠢᠮᠲᠠ ᠶᠢ ᠨᠡᠮᠡᠭᠳᠡᠭᠦᠯᠬᠦ ᠡᠴᠡ ᠪᠢᠰᠢ ᠪᠠᠭᠤᠷᠠᠭᠤᠯᠬᠤ ᠥᠬᠡᠶ ᠪᠠᠶᠢᠬᠤ ᠶᠢ ᠬᠡᠷᠬᠢᠨ ᠪᠠᠲᠤᠯᠠᠬᠤ ᠪᠣᠶ ︖ ᠬᠡᠷᠬᠢᠨ ᠨᠡᠩ ᠤᠯᠠᠨ ᠰᠢᠯᠢᠲᠡᠭ ᠬᠡᠷᠡᠭ ᠢ ᠰᠢᠶᠳᠪᠦᠷᠢᠯᠡᠵᠦ᠂ ᠪᠠᠶᠢᠴᠠᠭᠠᠬᠤ ᠲᠤᠬᠠᠶᠢᠯᠠᠭᠰᠠᠨ ᠠᠵᠢᠯ ᠤᠨ ᠭᠣᠸᠯ ᠲᠣᠭ᠎ᠠ ᠪᠠᠷᠢᠮᠲᠠ ᠶᠢᠨ 《ᠵᠢᠯᠤᠭᠤᠳᠤᠭᠴᠢ》 ᠶᠢᠨ ᠦᠶᠯᠡᠳᠦᠯ ᠢ ᠭᠦᠶᠴᠡᠳ ᠪᠠᠳᠠᠷᠠᠭᠤᠯᠬᠤ ᠪᠤᠢ︖ ᠫᠠᠨ ᠭᠤᠸᠠᠢ ᠶᠢᠨ ᠪᠣᠳᠣᠯᠬᠢᠯᠠᠬᠤ ᠶᠠᠪᠤᠳᠠᠯ ᠤᠯᠠᠮ ᠠᠴᠠ ᠤᠯᠠᠮ ᠣᠯᠠᠰᠢᠷᠠᠵᠤ ᠪᠠᠢᠨ᠎ᠠ ᠃
︽ᠪᠦᠷ ᠰᠢᠢᠳᠪᠦᠷᠢᠯᠡᠬᠦ ᠴᠢᠬᠤᠯᠠᠲᠠᠢ ᠬᠦᠴᠢᠷ ᠠᠰᠠᠭᠤᠳᠠᠯ ᠪᠣᠯᠤᠨ᠎ᠠ︕ ᠬᠢᠨ᠎ᠡ ᠤᠤ ᠦᠭᠡᠢ ᠤᠤ ᠂ ᠶᠠᠭᠠᠬᠢᠵᠤ ᠬᠢᠨ᠎ᠡ ᠤᠤ ᠂ ᠮᠠᠰᠢ ᠣᠯᠠᠨ ᠬᠥᠮᠦᠨ ᠪᠦᠷ ᠫᠠᠨ ᠭᠤᠸᠠᠢ ᠶᠢ ᠦᠵᠡᠵᠦ ᠪᠠᠶᠢᠨ᠎ᠠ ᠃ ︾ ᠳᠠᠷᠬᠠᠨ ᠮᠤᠸᠮᠢᠩᠭᠠᠨ ᠬᠣᠯᠪᠣᠭᠠᠲᠤ ᠬᠣᠰᠢᠭᠤᠨ ᠤ ᠪᠠᠶᠢᠴᠠᠭᠠᠬᠤ ᠬᠣᠷᠢᠶᠠᠨ ᠤ ᠪᠠᠶᠢᠴᠠᠭᠠᠬᠤ ᠳᠠᠷᠤᠭ᠎ᠠ ᠶᠢᠨ ᠬᠦᠶ ᠵᠢᠶᠦ᠋ᠨ ᠬᠡᠯᠡᠬᠦ ᠳᠡᠭᠡᠨ ᠂ ︽ ᠫᠠᠨ ᠭᠤᠸᠠᠶ ᠬᠡᠵᠢᠶᠡᠳᠡ ᠨᠢᠭᠡᠨ ᠭᠡᠷᠡᠯᠲᠦ ᠴᠠᠮᠬᠠᠭ ᠰᠢᠭ᠋ ᠂ ᠪᠥᠬᠥ ᠬᠤᠷᠢᠶ᠎ᠠ ᠪᠠᠨ ᠳᠠᠭᠠᠭᠤᠯᠤᠨ ᠬᠠᠮᠲᠤ ᠪᠠᠷ ᠤᠷᠤᠭᠰᠢᠯᠠᠨ᠎ᠠ᠃︾
ᠠᠵᠢᠯ ᠢᠶᠠᠨ ᠰᠠᠶᠢᠲᠤᠷ ᠬᠢᠬᠦ ᠶᠢᠨ ᠲᠥᠯᠥᠭᠡ ᠫᠠᠨ ᠭᠤᠸᠠᠢ ᠮᠠᠰᠢ ᠤᠯᠠᠨ ᠳᠠᠪᠠᠭ᠎ᠠ ᠳᠠᠪᠠᠵᠠᠢ᠄ ᠮᠣᠩᠭᠣᠯ ᠬᠡᠯᠡᠨ ᠳᠦ ᠨᠡᠪᠲᠡᠷᠡᠬᠦ ᠡᠴᠡ ᠮᠣᠩᠭᠣᠯ ᠬᠢᠲᠠᠳ ᠬᠣᠣᠰ ᠬᠡᠯᠡᠨ ᠦ ᠲᠤᠬᠠᠶᠢᠯᠠᠭᠰᠠᠨ ᠠᠵᠢᠯ ᠤᠨ ᠮᠡᠷᠭᠡᠵᠢᠯᠲᠡᠨ ᠪᠣᠯᠪᠠ︔ ᠬᠠᠤᠯᠢ ᠶᠢᠨ ᠮᠡᠷᠭᠡᠵᠢᠯᠲᠡᠨ ᠪᠤᠰᠤ ᠪᠠᠶᠢᠭᠰᠠᠨ ᠡᠴᠡ ᠮᠠᠯᠴᠢᠳ ᠤᠨ ᠰᠣᠨᠣᠰᠴᠤ ᠲᠥᠬᠥᠭᠡᠷᠡᠬᠦ ᠬᠠᠤᠯᠢ ᠴᠠᠭᠠᠵᠠ ᠶᠢ ᠥᠭᠦᠯᠡᠬᠦ ᠪᠤᠯᠪᠠ ︔ ᠪᠠᠶᠢᠴᠠᠭᠠᠬᠤ ᠲᠠᠰᠤᠭ ᠠᠴᠠ ᠨᠡᠶᠢᠲᠡ ᠶᠢᠨ ᠠᠰᠢᠭᠲᠤ ᠵᠠᠷᠭᠤ ᠶᠢᠨ ᠪᠠᠶᠢᠴᠠᠭᠠᠬᠤ ᠠᠵᠢᠯ ᠤᠨ ᠰᠦᠪᠡᠭᠴᠢᠯᠡᠯᠳᠡ ᠬᠦᠷᠲᠡᠯ᠎ᠡ ᠃
ᠡᠨᠡ ᠵᠢᠯ ᠦᠨ ᠡᠬᠢ ᠪᠡᠷ ᠂ ᠪᠤᠭᠤᠲᠤ ᠬᠣᠲᠠ ᠶᠢᠨ ᠪᠠᠶᠢᠴᠠᠭᠠᠬᠤ ᠬᠣᠷᠢᠶ᠎ᠠ ᠲᠣᠭ᠎ᠠ ᠪᠠᠷᠢᠮᠲᠠ ᠪᠠᠷ ᠭᠣᠸᠯ ᠪᠣᠯᠭᠠᠭᠰᠠᠨ ᠲᠤᠬᠠᠶᠢᠯᠠᠭᠰᠠᠨ ᠠᠵᠢᠯ ᠤᠨ ᠵᠢᠯᠣᠭᠣᠳᠬᠤ ᠬᠠᠮᠢᠶᠠᠷᠤᠯᠲᠠ ᠶᠢᠨ ᠲᠣᠭᠲᠠᠴᠠ ᠶᠢ ᠪᠠᠶᠢᠭᠤᠯᠬᠤ ᠬᠡᠷᠡᠭᠲᠡᠶ ᠭᠡᠵᠦ ᠳᠤᠷᠠᠳᠤᠨ ᠭᠠᠷᠭᠠᠪᠠ ᠃ ᠰᠢᠨ᠎ᠡ ᠵᠣᠷᠢᠭ ᠰᠠᠨᠠᠭ᠎ᠠ ᠨᠢ ᠰᠢᠨ᠎ᠡ ᠠᠷᠭ᠎ᠠ ᠠᠪᠴᠠᠯ ᠪᠠᠶᠢᠬᠤ ᠬᠡᠷᠡᠭᠲᠡᠢ ᠂ ᠤᠤᠯ ᠨᠢ ᠦᠭᠡ ᠬᠡᠯᠡᠬᠦ ᠳᠤᠷ᠎ᠠ ᠦᠭᠡᠢ ᠫᠠᠨ ᠭᠤᠸᠠᠢ ᠶᠢᠨ ᠦᠭᠡ ᠨᠠᠩ ᠴᠥᠭᠡᠨ ᠪᠣᠯᠵᠠᠢ ᠃ ᠣᠯᠠᠨ ᠤ ᠮᠡᠳᠡᠭᠡᠵᠢ ᠪᠡᠷ ᠲᠡᠷᠡ ᠪᠠᠰᠠ ᠯᠠ ᠪᠤᠲᠤᠯᠬᠢᠯᠠᠵᠤ ᠰᠡᠳᠬᠢᠵᠦ ᠪᠠᠶᠢᠨ᠎ᠠ ᠂ ᠬᠡᠳᠦᠢ ᠶᠡᠬᠡ ᠬᠦᠴᠢᠷ ᠠᠰᠠᠭᠤᠳᠠᠯ ᠪᠠᠢᠭᠰᠠᠨ ᠴᠤ ᠂ ᠲᠡᠷᠡ ᠶᠡᠷᠦ ᠨᠢ ᠠᠷᠭ᠎ᠠ ᠪᠣᠳᠣᠵᠤ ᠣᠯᠤᠨ᠎ᠠ ᠃
ᠬᠠᠭᠠᠰ ᠵᠢᠯ ᠥᠩᠭᠡᠷᠡᠲᠡᠯ᠎ᠡ ᠲᠣᠭ᠎ᠠ ᠪᠠᠷᠢᠮᠲᠠ ᠪᠦᠷᠢᠳᠬᠡᠵᠦ ᠂ ᠫᠠᠨ ᠭᠤᠸᠠᠶ ᠶᠢᠨ ᠬᠡᠷᠡᠭ ᠰᠢᠶᠳᠪᠦᠷᠢᠯᠡᠬᠦ ᠪᠦᠯᠬᠦᠮ ᠦᠨ ᠬᠦᠯᠢᠶᠡᠨ ᠠᠪᠴᠤ ᠰᠢᠢᠳᠪᠦᠷᠢᠯᠡᠭᠰᠡᠨ ᠡᠯ᠎ᠡ ᠲᠥᠷᠥᠯ ᠦᠨ ᠨᠡᠶᠢᠲᠡ ᠶᠢᠨ ᠠᠰᠢᠭᠲᠤ ᠵᠠᠷᠭᠤ ᠶᠢᠨ ᠰᠦᠪᠡᠭᠴᠢ ᠠᠳᠠᠯᠢ ᠬᠤᠭᠤᠴᠠᠭᠠᠨ ᠤ ᠬᠢ ᠡᠴᠡ 80% ᠪᠡᠷ ᠨᠡᠮᠡᠭᠳᠡᠵᠦ ᠂ ᠬᠡᠷᠡᠭ ᠦᠨ ᠬᠡᠮᠵᠢᠶ᠎ᠡ ᠶᠡᠬᠡ ᠪᠡᠷ ᠨᠡᠮᠡᠭᠳᠡᠵᠦ ᠂ ᠬᠡᠷᠡᠭ ᠰᠢᠶᠳᠪᠦᠷᠢᠯᠡᠬᠦ ᠬᠦᠷᠢᠶ᠎ᠡ ᠲᠠᠰᠤᠷᠠᠯᠲᠠ ᠦᠭᠡᠢ ᠥᠷᠭᠡᠵᠢᠪᠡ᠃ ᠣᠲᠣ ᠪᠣᠯᠲᠠᠯ᠎ᠠ ᠂ ᠨᠡᠶᠢᠲᠡ ᠶᠢᠨ ᠠᠰᠢᠭᠲᠤ ᠵᠠᠷᠭᠤ ᠶᠢᠨ ᠪᠠᠶᠢᠴᠠᠭᠠᠬᠤ ᠠᠵᠢᠯ ᠨᠢᠭᠡᠨᠲᠡ ᠨᠢᠳᠤᠨᠤᠨ ᠤ ᠪᠥᠬᠥ ᠵᠢᠯ ᠦᠨ ᠬᠡᠷᠡᠭ ᠰᠢᠶᠳᠪᠦᠷᠢᠯᠡᠭᠰᠡᠨ ᠲᠣᠭ᠎ᠠ ᠳᠤ ᠭᠦᠷᠦᠭᠰᠡᠨ ᠪᠠᠶᠢᠨ᠎ᠠ ᠃ ᠮᠡᠲᠡᠭᠡᠵᠢ ᠪᠡᠷ ᠲᠡᠭᠦᠨ ᠦ ᠪᠠᠶᠢᠭ᠎ᠠ ᠰᠠᠯᠠᠭ᠎ᠠ ᠮᠥᠴᠢᠷ ᠦᠨ ᠡᠯ᠎ᠡ ᠲᠦᠷᠦᠯ ᠦᠨ ᠭᠣᠸᠯ ᠠᠵᠢᠯ ᠤᠨ ᠲᠤᠭ᠎ᠠ ᠪᠠᠷᠢᠮᠲᠠ ᠴᠦᠮ ᠲᠡᠭᠡᠭᠰᠢᠯᠡᠵᠦ ᠂ ᠪᠦᠬᠦ ᠬᠤᠷᠢᠶᠠᠨ ᠤ ᠠᠵᠢᠯ ᠨᠢᠲᠤᠨᠤᠨ ᠵᠢᠯ ᠡᠴᠡ ᠪᠡᠨ ᠰᠠᠶᠢᠵᠢᠷᠠᠵᠤ ᠂ ᠫᠠᠨ ᠭᠤᠸᠠᠢ ᠶᠢᠨ ᠴᠢᠷᠠᠢ ᠳᠦ ᠢᠨᠢᠶᠡᠲᠦ ᠲᠤᠲᠤᠷᠠᠭᠰᠠᠨ ᠪᠠᠶᠢᠨ᠎ᠠ ᠃
ᠳᠠᠷᠬᠠᠨ ᠮᠤᠸᠮᠢᠩᠭᠠᠨ ᠬᠣᠯᠪᠣᠭᠠᠲᠤ ᠬᠣᠰᠢᠭᠤᠨ ᠤ ᠪᠠᠶᠢᠴᠠᠭᠠᠬᠤ ᠬᠣᠷᠢᠶᠠᠨ ᠤ ᠳᠡᠳ᠋ ᠪᠠᠶᠢᠴᠠᠭᠠᠬᠤ ᠳᠠᠷᠤᠭ᠎ᠠ ᠪᠠᠶ ᠰᠠᠨ ᠬᠦ᠋ ᠰᠤᠷᠪᠤᠯᠵᠢᠯᠠᠭᠴᠢ ᠳᠤ ᠬᠡᠯᠡᠬᠦ ᠳᠡᠭᠡᠨ ᠂ ᠫᠠᠨ ᠭᠤᠸᠠᠢ ᠰᠢᠨ᠎ᠡ ᠬᠦᠷᠢᠶᠡᠨ ᠳᠦ ᠵᠣᠷᠢᠭᠲᠠᠢ ᠪᠠᠷ ᠦᠷᠢᠰᠦᠯᠳᠦᠵᠦ᠂ ᠰᠢᠨ᠎ᠡ ᠠᠮᠵᠢᠯᠲᠠ ᠪᠦᠲᠦᠮᠵᠢ ᠡᠭᠦᠳᠴᠡᠢ᠃ ᠬᠣᠶᠠᠷ ᠵᠢᠯ ᠦᠨ ᠬᠤᠭᠤᠴᠠᠭᠠᠨ ᠳᠤ ᠂ ᠫᠠᠨ ᡁᠢ ᠷᠦᠩ ᠨᠡᠶᠢᠲᠡ ᠶᠢᠨ ᠠᠰᠢᠭᠲᠤ ᠵᠠᠷᠭᠤ ᠶᠢᠨ ᠠᠯᠪᠠᠨ ᠭᠡᠷ ᠤᠷᠢᠳ ᠬᠣᠵᠢᠳ 139 ᠬᠡᠷᠡᠭ ᠢ ᠰᠢᠢᠳᠪᠦᠷᠢᠯᠡᠵᠦ ᠂ 4 ᠬᠤᠪᠢ ᠵᠠᠭᠠᠯᠳᠤᠯᠭ᠎ᠠ ᠭᠠᠷᠭᠠᠵᠤ ᠂ ᠰᠢᠭᠦᠨ ᠲᠠᠰᠤᠯᠤᠯᠲᠠ ᠨᠢ ᠴᠥᠮ ᠬᠦᠴᠦᠨ ᠲᠡᠶ ᠪᠤᠯᠤᠭᠰᠠᠨ ᠪᠠᠶᠢᠨ᠎ᠠ᠃ ᠡᠭᠦᠨ ᠳᠦ ᠂ ᠠᠪᠠᠭᠠᠶ ᠭᠣᠸᠯ ᠤᠨ ᠤᠰᠤᠨ ᠰᠤᠷᠪᠤᠯᠵᠢ ᠶᠢᠨ ᠭᠠᠵᠠᠷ ᠤᠨ ᠭᠠᠵᠠᠷ ᠳᠣᠸᠷᠠᠬᠢ ᠤᠰᠤ ᠶᠢ ᠬᠡᠲᠦᠷᠡᠲᠡᠯ᠎ᠡ ᠲᠠᠲᠠᠵᠤ ᠠᠮᠢ ᠠᠬᠤᠶ ᠶᠢᠨ ᠣᠷᠴᠢᠨ ᠲᠣᠭᠣᠷᠢᠨ ᠢ ᠡᠪᠳᠡᠭᠰᠡᠨ ᠬᠡᠷᠡᠭ ᠨᠢ ︽ ᠪᠥᠬᠥ ᠣᠷᠣᠨ ᠤ ᠭᠣᠸᠯ ᠨᠠᠭᠤᠷ ᠤᠨ ᠳᠥᠷᠪᠡᠨ ᠳᠤᠷ᠎ᠠ ᠪᠠᠷ ᠢᠶᠠᠨ ᠢ ᠠᠷᠢᠯᠭᠠᠬᠤ ︾ ᠲᠤᠰᠬᠠᠶ ᠠᠵᠢᠯᠯᠠᠭ᠎ᠠ ᠶᠢᠨ ᠨᠡᠶᠢᠲᠡᠯᠢᠭ ᠬᠡᠷᠡᠭ ᠦᠨ ᠵᠢᠱᠢᠶ᠎ᠡ ᠪᠡᠷ ᠰᠣᠩᠭᠣᠭᠳᠠᠪᠠ ᠃
ᠲᠡᠷᠡ ᠠᠰᠠᠭᠤᠳᠠᠯ ᠳᠤ ᠰᠢᠭᠤᠳ ᠨᠢᠭᠤᠷᠳᠠᠵᠤ ᠥᠪᠡᠷ ᠢ ᠪᠡᠨ ᠥᠷᠢᠰᠦᠯᠳᠦᠬᠦ ᠳᠡᠭᠡᠨ ᠴᠢᠳᠠᠮᠠᠭᠠᠶ
ᠨᠢᠭᠡᠨᠲᠡ ᠮᠣᠩᠭᠣᠯ ᠬᠢᠲᠠᠳ ᠬᠣᠸᠰ ᠬᠡᠯᠡᠨ ᠦ ᠵᠠᠷᠭᠤ ᠶᠢᠨ ᠲᠤᠰᠬᠠᠶ ᠮᠡᠷᠭᠡᠵᠢᠯᠲᠡᠨ ᠪᠣᠯᠤᠭᠰᠠᠨ ᠫᠠᠨ ᠭᠤᠸᠠᠶ ᠳᠤ ᠲᠤᠰᠬᠠᠶ ᠮᠡᠷᠭᠡᠵᠢᠯᠲᠡᠨ ᠦ ᠯᠠᠷᠵᠢᠶ᠎ᠠ ᠤᠭᠲᠤ ᠪᠠᠶᠢᠬᠤ ᠦᠭᠡᠢ ᠃ ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠪᠠᠶᠢᠴᠠᠭᠠᠬᠤ ᠬᠣᠷᠢᠶᠠᠨ ᠤ ᠨᠡᠶᠢᠲᠡ ᠶᠢᠨ ᠠᠰᠢᠭᠲᠤ ᠵᠠᠷᠭᠤ ᠶᠢᠨ ᠲᠤᠰᠬᠠᠶ ᠠᠩᠭᠢ ᠪᠠᠶᠢᠭᠤᠯᠤᠭᠳᠠᠭᠰᠠᠨ ᠤ ᠳᠠᠷᠠᠭ᠎ᠠ ᠂ ᠫᠠᠨ ᠭᠤᠸᠠᠶ ᠬᠠᠮᠤᠭ ᠣᠯᠠᠨ ᠠᠰᠠᠭᠤᠯᠲᠠ ᠠᠰᠠᠭᠤᠵᠤ ᠂ ᠬᠠᠮᠤᠭ ᠣᠯᠠᠨ ᠠᠰᠠᠭᠤᠨ ᠯᠠᠪᠯᠠᠭᠰᠠᠨ ᠦᠨᠳᠦᠰᠦᠨ ᠱᠠᠲᠤᠨ ᠤ ᠪᠠᠶᠢᠴᠠᠭᠠᠬᠤ ᠲᠤᠰᠢᠶᠠᠯᠲᠠᠨ ᠪᠣᠯᠪᠠ ᠃
︽ᠬᠤᠷᠴᠠ ᠰᠡᠷᠭᠡᠭ ᠪᠥᠭᠡᠳ ᠰᠤᠷᠤᠯᠴᠠᠬᠤ ᠳᠤᠷᠠᠲᠠᠢ᠂ ᠯᠠᠪᠳᠠᠭᠤᠨ ᠪᠠᠲᠤᠲᠠᠢ ᠴᠢᠩᠭ᠎ᠠ ᠨᠢᠮᠪᠠᠢ ᠪᠠᠶᠢᠲᠠᠭ ︕ ︾ ᠵᠠᠯᠠᠭᠤ ᠪᠠᠶᠢᠴᠠᠭᠠᠬᠤ ᠲᠤᠰᠢᠶᠠᠯᠲᠠᠨ ᠪᠠᠶ ᠵᠢᠩ ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠪᠠᠶᠢᠴᠠᠭᠠᠬᠤ ᠬᠣᠷᠢᠶᠠᠨ ᠤ ᠪᠠᠶᠢᠴᠠᠭᠠᠨ ᠬᠠᠷᠢᠭᠤᠯᠬᠤ ᠰᠦᠯᠵᠢᠶ᠎ᠡ ᠶᠢᠨ ᠬᠠᠷᠢᠭᠤᠯᠲᠠ ᠥᠭᠬᠦ ᠲᠤᠰᠬᠠᠶ ᠮᠡᠷᠭᠡᠵᠢᠯᠲᠡᠨ ᠪᠣᠯᠤᠭᠰᠠᠨ ᠤ ᠬᠤᠪᠢ ᠳᠤ ᠂ ᠦᠷᠭᠦᠯᠵᠢ ᠰᠦᠯᠵᠢᠶᠡᠨ ᠳᠡᠭᠡᠷ᠎ᠡ ᠫᠠᠨ ᠭᠤᠸᠠᠶ ᠶᠢᠨ ᠠᠰᠠᠭᠤᠯᠲᠠ ᠶᠢ ᠬᠠᠷᠢᠭᠤᠯᠳᠠᠭ ᠃ ︽ᠫᠠᠨ ᠡᠷᠬᠢᠯᠡᠭᠴᠢ ᠬᠡᠷᠡᠭ ᠰᠢᠢᠳᠪᠦᠷᠢᠯᠡᠬᠦ ᠲᠤᠷᠰᠢᠯᠭ᠎ᠠ ᠡᠯᠪᠡᠭ ᠂ ᠰᠡᠳᠬᠢᠬᠦ ᠳᠤᠷᠠᠲᠠᠢ ᠂ ᠰᠤᠷᠤᠯᠴᠠᠬᠤ ᠳᠤᠷᠠᠲᠠᠢ᠂ ᠦᠷᠭᠦᠯᠵᠢ ᠪᠣᠳᠣᠯᠬᠢᠯᠠᠵᠤ ᠠᠰᠠᠭᠤᠯᠲᠠ ᠠᠰᠠᠭᠤᠳᠠᠭ ᠂ ᠪᠢᠳᠡ ᠪᠠᠰᠠ ᠮᠠᠰᠢ ᠣᠯᠠᠨ ᠲᠤᠰᠠ ᠬᠦᠷᠲᠡᠵᠡᠢ ᠃︾
ᠡᠨᠡ ᠵᠢᠯ ᠂ ᠪᠤᠭᠤᠲᠤ ᠬᠣᠲᠠ ᠶᠢᠨ ᠪᠠᠶᠢᠴᠠᠭᠠᠬᠤ ᠬᠣᠷᠢᠶ᠎ᠠ ᠪᠥᠬᠥ ᠲᠠᠯ᠎ᠠ ᠂ ᠠᠯᠤᠰ ᠬᠡᠲᠦ ᠶᠢᠨ ᠬᠠᠷᠠᠭᠠᠰᠤ ᠠᠴᠠ ᠂ ︽ ᠵᠠᠬᠢᠶᠠᠯᠠᠭ᠎ᠠ ᠶᠢᠨ ᠬᠡᠯᠪᠡᠷᠢ ︾ ᠶᠢᠨ ᠳᠣᠷᠣᠭᠰᠢ ᠵᠢᠯᠣᠭᠣᠳᠬᠤ ᠠᠵᠢᠯ ᠤᠨ ᠵᠠᠭᠪᠤᠷ ᠢ ᠪᠥᠬᠥ ᠲᠠᠯ᠎ᠠ ᠪᠠᠷ ᠬᠡᠷᠡᠭᠵᠢᠭᠦᠯᠪᠡ ᠃ ᠦᠨᠳᠦᠰᠦᠨ ᠱᠠᠲᠤᠨ ᠤ ᠪᠠᠶᠢᠴᠠᠭᠠᠬᠤ ᠬᠣᠷᠢᠶᠠᠨ ᠳᠤ ᠴᠢ ᠶᠠᠭᠤ ᠬᠡᠷᠡᠭᠰᠡᠪᠡᠯ ᠪᠢ ᠶᠠᠭᠤ ᠬᠠᠩᠭᠠᠬᠤ《ᠵᠠᠬᠢᠶᠠᠯᠠᠭ᠎ᠠ ᠶᠢᠨ ᠬᠡᠯᠪᠡᠷᠢ》 ᠶᠢᠨ ᠦᠶᠯᠡᠴᠢᠯᠡᠭᠡ ᠬᠠᠩᠭᠠᠵᠤ᠂ ᠦᠨᠳᠦᠰᠦᠨ ᠱᠠᠲᠤᠨ ᠤ ᠪᠠᠶᠢᠴᠠᠭᠠᠬᠤ ᠬᠣᠷᠢᠶᠠᠨ ᠤ ᠬᠡᠷᠡᠭ ᠰᠢᠶᠳᠪᠦᠷᠢᠯᠡᠬᠦ ᠬᠦᠴᠢᠷ ᠠᠰᠠᠭᠤᠳᠠᠯ ᠢ ᠰᠢᠶᠳᠪᠦᠷᠢᠯᠡᠪᠡ᠃
ᠫᠠᠨ ᠭᠤᠸᠠᠢ ᠲᠣᠬᠢᠶᠠᠯ ᠢ ᠠᠳᠬᠤᠵᠤ ᠂ ᠲᠠᠪᠴᠠᠩ ᠢ ᠠᠰᠢᠭᠯᠠᠨ ᠲᠤᠰ ᠬᠣᠷᠢᠶᠠᠨ ᠤ ᠪᠡᠨ ᠴᠢᠳᠠᠪᠤᠷᠢᠲᠠᠨ ᠢ ᠢᠳᠡᠪᠬᠢᠲᠡᠢ ᠲᠠᠨᠢᠯᠴᠠᠭᠤᠯᠵᠤ᠂ ᠵᠠᠯᠠᠭᠤᠴᠤᠳ ᠢ ︽ᠨᠢᠲᠦ ᠨᠡᠬᠡᠭᠡᠵᠦ ᠶᠠᠭᠤᠮ᠎ᠠ ᠦᠵᠡᠬᠦ︾ ᠶᠢ ᠵᠤᠷᠢᠭᠵᠢᠭᠤᠯᠤᠨ ᠣᠲᠣ ᠪᠣᠯᠲᠠᠯ᠎ᠠ ᠤᠷᠢᠳ ᠬᠣᠵᠢᠳ 20 ᠭᠠᠷᠤᠶ ᠬᠥᠮᠦᠨ ᠤᠳᠠᠭ᠎ᠠ ᠲᠤᠮᠢᠯᠠᠨ ᠪᠤᠭᠤᠲᠤ ᠬᠣᠲᠠ ᠶᠢᠨ ᠪᠠᠶᠢᠴᠠᠭᠠᠬᠤ ᠬᠣᠷᠢᠶ᠎ᠠ ᠂ ᠪᠤᠰᠤᠳ ᠭᠠᠵᠠᠷ ᠣᠷᠣᠨ ᠤ ᠪᠠᠶᠢᠴᠠᠭᠠᠬᠤ ᠬᠣᠷᠢᠶ᠎ᠠ ᠳᠤ ᠬᠦᠷᠴᠦ ᠰᠣᠯᠢᠯᠴᠠᠨ ᠰᠤᠷᠤᠯᠴᠠᠭᠤᠯᠪᠠ ᠃ ᠡᠭᠦᠨ ᠦ ᠳᠦ ᠬᠠᠮᠲᠤ ᠂ ᠲᠡᠷᠡ ᠳᠠᠷᠤᠸ ᠬᠢᠴᠢᠶᠡᠩᠭᠦᠶ ᠪᠡᠷ ᠡᠷᠲᠡᠮ ᠮᠡᠲᠡᠯᠭᠡ ᠬᠦᠰᠡᠵᠦ ᠂ ᠰᠦᠯᠵᠢᠶᠡᠨ ᠳᠡᠭᠡᠷ᠎ᠡ ᠪᠤᠶᠤ ᠰᠦᠯᠵᠢᠶᠡᠨ ᠳᠣᠣᠷ᠎ᠠ ᠭᠡᠰᠡᠨ ᠦᠭᠡᠢ ᠂ ᠲᠣᠬᠢᠶᠠᠯ ᠣᠯᠳᠠᠳᠠᠭ ᠯᠠ ᠶᠤᠮ ᠪᠣᠯ ᠫᠠᠨ ᠭᠤᠸᠠᠶ ᠯᠠᠪᠯᠠᠵᠤ ᠠᠰᠠᠭᠤᠨ᠎ᠠ ᠃ ᠠᠯᠢ ᠨᠢᠭᠡ ᠨᠥᠬᠥᠷ ᠬᠠᠷᠢᠵᠤ ᠢᠷᠡᠮᠡᠭᠴᠡ ᠫᠠᠨ ᠭᠤᠸᠠᠢ ᠥᠪᠡᠷ ᠦᠨ ᠠᠯᠪᠠᠨ ᠭᠡᠷ ᠲᠡᠬᠡᠨ ᠵᠠᠯᠡᠵᠤ ︽ ᠪᠠᠭᠰᠢ ᠪᠠᠷᠢᠵᠤ ᠡᠷᠳᠡᠮ ᠰᠤᠷᠲᠠᠭ ︾ ᠪᠠᠶᠢᠨ᠎ᠠ ᠃
︽ᠡᠭᠦᠨ ᠡᠴᠡ ᠪᠢ ᠫᠠᠨ ᠭᠤᠸᠠᠶ ᠶᠢᠨ ᠮᠠᠯᠴᠢᠨ ᠲᠠᠷᠢᠶᠠᠴᠢᠨ ᠤ ᠬᠡᠷ ᠦᠨ ᠶᠡᠬᠡ ᠪᠠᠭ᠎ᠠ ᠤᠴᠢᠷ ᠂ ᠬᠡᠷᠡᠭ ᠰᠢᠶᠳᠪᠦᠷᠢᠯᠡᠬᠦ ᠠᠬᠢᠴᠠ ᠶᠢᠨ ᠪᠠᠶᠢᠳᠠᠯ ᠢ ᠲᠡᠮᠳᠡᠭᠯᠡᠭᠰᠡᠨ 10 ᠲᠦᠮᠡ ᠭᠠᠷᠤᠢ ᠶᠢᠨ ᠦᠰᠦᠭ ᠲᠠᠢ ︿ ᠠᠷᠠᠳ ᠤᠨ ᠪᠠᠶᠢᠳᠠᠯ ᠤᠨ ᠡᠳᠦᠷ ᠦᠨ ᠲᠡᠮᠳᠡᠭᠯᠡᠯ﹀ ᠢ ᠪᠤᠳᠤᠵᠤ ᠣᠯᠵᠠᠶ ᠃ ᠬᠡᠷᠪᠡ ᠲᠡᠷᠡ ᠨᠢ ᠮᠠᠯᠴᠢᠨ ᠲᠠᠷᠢᠶᠠᠴᠢᠨ ᠤ ︿ ᠲᠤᠩᠭᠠᠯᠠᠭ ᠪᠣᠷᠣᠭᠠᠨ ᠤ ᠬᠡᠮᠵᠢᠭᠦᠷ ﹀ ᠮᠥᠨ ᠭᠡᠵᠦ ᠬᠡᠯᠡᠬᠦ ᠳᠦ ᠬᠦᠷᠪᠡᠯ ᠂ ᠥᠨᠥᠳᠦᠷ ᠫᠠᠨ ᠭᠤᠸᠠᠢ ᠶᠢᠨ ᠲᠡᠮᠳᠡᠭᠯᠡᠭᠰᠡᠨ ᠪᠣᠯ ᠳᠠᠷᠤᠢ ᠪᠠᠶᠢᠴᠠᠭᠠᠬᠤ ᠠᠵᠢᠯ ᠤᠨ ︿ ᠰᠡᠳᠬᠢᠯ ᠦᠨ ᠨᠣᠮ ﹀ ᠪᠣᠯᠤᠨ᠎ᠠ ᠃ ︾ ᠭᠡᠵᠦ ᠳᠠᠷᠬᠠᠨ ᠮᠤᠸᠮᠢᠩᠭᠠᠨ ᠬᠣᠯᠪᠣᠭᠠᠲᠤ ᠬᠣᠰᠢᠭᠤᠨ ᠤ ᠪᠠᠶᠢᠴᠠᠭᠠᠬᠤ ᠬᠣᠷᠢᠶᠠᠨ ᠤ ᠳᠡᠳ᠋ ᠪᠠᠶᠢᠴᠠᠭᠠᠬᠤ ᠳᠠᠷᠤᠭ᠎ᠠ ᠯᠢᠦ ᠹᠸᠩ ᠬᠡᠯᠡᠵᠡᠶ ᠃
ᠲᠦᠷᠦᠭᠦᠬᠡᠨ ᠂ ᠫᠠᠨ ᠭᠤᠸᠠᠶ《 ᠳᠡᠭᠡᠳᠦ ᠰᠢᠨᠵᠢᠯᠡᠬᠦ ᠤᠬᠠᠭᠠᠨ ᠮᠡᠷᠭᠡᠵᠢᠯ 》 ᠳᠦ ᠰᠡᠳᠬᠢᠯ ᠲᠠᠯᠪᠢᠬᠤ ᠪᠤᠯᠵᠠᠢ ᠃ ᠤᠤᠯ ᠨᠢ ᠬᠢᠵᠢᠭ ᠦᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠬᠤᠭᠤᠴᠠᠭᠠᠨ ᠳᠤ ᠂ ᠬᠡᠷᠡᠭ ᠰᠢᠢᠳᠭᠡᠭᠴᠢ ᠬᠤᠷᠢᠭᠤᠯ ᠤᠨ ᠭᠠᠵᠠᠷ ᠲᠤ ᠣᠷᠣᠵᠤ ᠶᠠᠯ᠎ᠠ ᠬᠢᠭᠰᠡᠨ ᠰᠡᠵᠢᠭᠳᠡᠨ ᠢ ᠰᠢᠭᠦᠨ ᠠᠰᠠᠭᠤᠵᠤ ᠪᠣᠯᠬᠤ ᠦᠭᠡᠢ ᠂ ᠶᠠᠯ᠎ᠠ ᠬᠢᠭᠰᠡᠨ ᠰᠡᠵᠢᠭᠳᠡᠨ ᠴᠦ ᠲᠢᠩᠬᠢᠮ ᠦᠨ ᠰᠢᠭᠦᠯᠲᠡ ᠶᠢᠨ ᠲᠤᠬᠠᠢ ᠶᠢᠨ ᠲᠠᠯᠠᠪᠤᠷ ᠲᠤ ᠬᠦᠷᠴᠦ ᠰᠢᠭᠦᠭᠳᠡᠵᠦ ᠪᠣᠯᠬᠤ ᠦᠭᠡᠢ ᠃ ᠫᠠᠨ ᠭᠤᠸᠠᠶ ᠶᠢᠨ ᠨᠢᠭᠡ ᠬᠡᠷᠡᠭ ᠤᠳᠠᠯ ᠦᠭᠡᠢ ᠬᠤᠭᠤᠴᠠᠭ᠎ᠠ ᠲᠤᠯᠬᠤ ᠭᠡᠵᠦ ᠪᠠᠶᠢᠨ᠎ᠠ ᠂ ᠲᠡᠷᠡ ᠰᠠᠨᠠᠭᠠᠴᠢᠯᠠᠭ᠎ᠠ ᠠᠴᠠ ᠪᠠᠨ ᠤᠳᠤᠷᠢᠳᠤᠯᠭ᠎ᠠ ᠳᠤ ᠠᠯᠤᠰ ᠡᠵᠡᠮᠰᠢᠯᠲᠦ ᠭᠠᠷᠭᠠᠨ ᠠᠰᠠᠭᠤᠬᠤ ᠰᠢᠰᠲ᠋ᠧᠮ ᠂ ᠠᠯᠤᠰ ᠡᠵᠡᠮᠰᠢᠯᠲᠦ ᠲᠢᠩᠬᠢᠮ ᠤᠨ ᠰᠢᠭᠦᠯᠲᠡ ᠶᠢᠨ ᠰᠢᠰᠲ᠋ᠧᠮ ᠢ ᠠᠰᠢᠭᠯᠠᠨ ᠶᠠᠯ᠎ᠠ ᠬᠢᠭᠰᠡᠨ ᠰᠡᠵᠢᠭᠳᠡᠨ ᠢ ᠭᠠᠷᠭᠠᠨ ᠠᠰᠠᠭᠤᠵᠤ ᠂ ᠬᠡᠷᠡᠭ ᠢ ᠰᠢᠭᠦᠨ ᠰᠢᠶᠳᠪᠦᠷᠢᠯᠡᠵᠦ ᠂ ᠭᠤᠷᠪᠠᠨ ᠲᠠᠯ᠎ᠠ ᠪᠠᠷ ᠢᠶᠠᠨ ᠰᠦᠯᠵᠢᠶ᠎ᠡ ᠪᠡᠷ ᠲᠢᠩᠬᠢᠮ ᠨᠡᠭᠡᠭᠡᠵᠦ ᠂ ᠡᠯ᠎ᠡ ᠭᠣᠭᠴᠣᠭ᠎ᠠ ᠶᠢᠨ ᠤᠷᠤᠭᠰᠢᠲᠠᠶ ᠶᠠᠪᠤᠭᠳᠠᠬᠤ ᠶᠢ ᠪᠠᠲᠤᠯᠠᠪᠠ ᠃
ᠳᠠᠷᠬᠠᠨ ᠮᠤᠸᠮᠢᠩᠭᠠᠨ ᠬᠣᠯᠪᠣᠭᠠᠲᠤ ᠬᠣᠰᠢᠭᠤᠨ ᠤ ᠪᠠᠶᠢᠴᠠᠭᠠᠬᠤ ᠬᠣᠷᠢᠶᠠᠨ ᠤ 《ᠡᠭᠦᠯᠡᠨ 》 ᠬᠡᠷᠡᠭ ᠰᠢᠢᠳᠪᠦᠷᠢᠯᠡᠬᠦ ᠲᠡᠷᠢᠭᠦᠨ ᠤ ᠬᠥᠮᠦᠨ ᠪᠣᠯᠤᠭᠰᠠᠨ ᠤ ᠬᠤᠪᠢ ᠳᠤ ᠂ ᠫᠠᠨ ᠭᠤᠸᠠᠢ ᠪᠤᠰᠤᠳ ᠬᠥᠮᠦᠨ ᠳᠦ ᠦᠯᠢᠭᠡᠷ ᠳᠠᠭᠤᠷᠢᠶᠠᠯ ᠦᠵᠡᠭᠦᠯᠪᠡ᠃ ᠡᠨᠡ ᠵᠢᠯ ᠡᠴᠡ ᠨᠠᠰᠢ ᠂ ᠳᠠᠷᠬᠠᠨ ᠮᠤᠸᠮᠢᠩᠭᠠᠨ ᠬᠣᠯᠪᠣᠭᠠᠲᠤ ᠬᠣᠰᠢᠭᠤᠨ ᠤ ᠪᠠᠶᠢᠴᠠᠭᠠᠬᠤ ᠬᠣᠷᠢᠶ᠎ᠠ ᠠᠯᠤᠰ ᠠᠴᠠ ᠭᠠᠷᠭᠠᠨ ᠠᠰᠠᠭᠤᠬᠤ ᠰᠢᠰᠲ᠋ᠧᠮ ᠢ 83 ᠤᠳᠠᠭ᠎ᠠ ᠬᠡᠷᠡᠭᠯᠡᠵᠦ ᠂ ᠠᠯᠤᠰ ᠠᠴᠠ ᠰᠢᠭᠦᠬᠦ ᠲᠢᠩᠬᠢᠮ ᠦᠨ ᠰᠢᠭᠦᠯᠲᠡ ᠶᠢᠨ ᠰᠢᠰᠲ᠋ᠧᠮ ᠢ 21 ᠤᠳᠠᠭ᠎ᠠ ᠬᠡᠷᠡᠭᠯᠡᠵᠦ ᠂ ︽ᠤᠶᠤᠨᠲᠤ + ︾ ᠨᠢ ᠲᠠᠯ᠎ᠠ ᠨᠤᠲᠤᠭ ᠳᠡᠭᠡᠷ᠎ᠡ ᠪᠠᠶᠢᠴᠠᠭᠠᠬᠤ ᠠᠵᠢᠯ ᠤᠨ ︽ᠲᠦᠷᠭᠡᠳᠭᠡᠬᠦᠷ ︾ ᠪᠤᠯᠤᠭᠰᠠᠨ ᠪᠠᠶᠢᠨ᠎ᠠ ᠃
ᠤᠢᠢᠷ᠎ᠠ ᠳᠤ ᠫᠠᠨ ᠭᠤᠸᠠᠢ ᠪᠠᠰᠠ ᠨᠢᠭᠡ ᠤᠴᠢᠷ ᠢ ᠬᠦᠴᠦᠯᠡᠨ ᠰᠡᠳᠬᠢᠵᠦ ᠪᠠᠶᠢᠨ᠎ᠠ ᠄ ᠨᠡᠶᠢᠲᠡ ᠶᠢᠨ ᠠᠰᠢᠭᠲᠤ ᠵᠠᠷᠭᠤ ᠶᠢᠨ ᠠᠵᠢᠯ ᠢ ᠬᠡᠷᠬᠢᠨ ᠳᠠᠷᠬᠠᠨ ᠮᠤᠸᠮᠢᠩᠭᠠᠨ ᠬᠤᠰᠢᠭᠤᠨ ᠤ ᠬᠢᠯᠢ ᠬᠢᠵᠠᠭᠠᠷ ᠲᠤ ᠪᠠᠶᠢᠷᠢᠯᠠᠵᠤ᠂ ᠬᠢᠯᠢ ᠶᠢᠨ ᠪᠣᠭᠣᠮᠲᠠ ᠲᠠᠶ᠂ ᠬᠢᠯᠢ ᠶᠢᠨ ᠱᠤᠭᠤᠮ ᠲᠠᠶ ᠭᠠᠵᠠᠷ ᠣᠷᠣᠨ ᠤ ᠪᠠᠶᠢᠴᠠ ᠲᠠᠢ ᠤᠶᠠᠯᠳᠤᠭᠤᠯᠤᠨ ᠂《ᠨᠢᠭᠡ ᠪᠦᠰᠡ ᠨᠢᠭᠡ ᠵᠠᠮ》 ᠲᠠᠶ ᠤᠶᠠᠯᠳᠤᠭᠤᠯᠤᠨ᠂ ᠬᠢᠯᠢ ᠬᠢᠵᠠᠭᠠᠷ ᠤᠨ ᠣᠨᠴᠠᠯᠢᠭ ᠪᠦᠬᠦᠢ ᠨᠡᠶᠢᠲᠡ ᠶᠢᠨ ᠠᠰᠢᠭᠲᠤ ᠵᠠᠷᠭᠤ ᠶᠢᠨ ᠵᠠᠮ ᠢᠶᠠᠷ ᠵᠠᠮᠨᠠᠨ᠎ᠠ᠃ ︽ᠪᠢ ᠤᠳᠤ ᠨᠢᠭᠡᠨᠲᠡ ᠦᠨᠳᠦᠰᠦᠨ ᠳᠡᠭᠡᠨ ᠰᠡᠳᠬᠢᠴᠡ ᠲᠡᠶ ᠪᠣᠯᠵᠠᠢ᠃ ᠲᠡᠷᠡᠴᠢᠯᠡᠨ ᠬᠠᠮᠢᠶ᠎ᠠ ᠪᠦᠬᠦᠢ ᠠᠵᠢᠯ ᠢ ᠶᠠᠭ ᠰᠦᠪᠡᠭᠴᠢᠯᠡᠨ ᠠᠬᠢᠭᠤᠯᠵᠤ ᠪᠠᠶᠢᠨ᠎ᠠ᠂ ᠰᠠᠶᠢᠲᠤᠷ ᠪᠣᠳᠣᠯᠬᠢᠯᠠᠭᠰᠠᠨ ᠤ ᠳᠠᠷᠠᠭ᠎ᠠ ᠪᠢ ᠬᠠᠮᠢᠶ᠎ᠠ ᠪᠦᠬᠦᠢ ᠰᠠᠯᠠᠭ᠎ᠠ ᠮᠥᠴᠢᠷ ᠦᠨ ᠬᠠᠷᠢᠭᠤᠴᠠᠯᠭᠠᠲᠠᠨ ᠢ ᠡᠷᠢᠵᠦ ᠵᠢᠭᠠᠯᠭᠠᠨ᠎ᠠ᠃ ︾ ᠭᠡᠵᠦ ᠫᠠᠨ ᠭᠤᠸᠠᠢ ᠰᠤᠷᠪᠤᠯᠵᠢᠯᠠᠭᠴᠢ ᠳᠤ ᠬᠡᠯᠡᠪᠡ᠃
ᠫᠠᠨ ᠭᠤᠸᠠᠶ ᠬᠡᠳᠦᠶᠢᠪᠡᠷ ᠦᠲᠡᠯᠦᠭᠰᠡᠨ ᠪᠣᠯᠪᠠᠴᠤ ᠂ ᠭᠡᠪᠡᠴᠦ ᠲᠡᠷᠡ ᠬᠡᠵᠢᠶᠡᠳᠡ ᠡᠷᠡᠰ ᠰᠢᠭᠤᠷᠬᠠᠢ ᠪᠠᠷ ᠤᠷᠤᠭᠰᠢᠯᠠᠨ ᠳᠠᠪᠰᠢᠬᠤ ᠵᠣᠷᠢᠭ ᠰᠠᠨᠠᠭᠠᠨ ᠤ ᠳᠦᠷᠰᠦ ᠪᠠᠶᠢᠳᠠᠯ ᠢᠶᠠᠨ ᠬᠠᠲᠠᠭᠠᠯᠠᠭᠰᠠᠭᠠᠷ ᠪᠠᠶᠢᠨ᠎ᠠ ᠃ ᠲᠡᠷᠡ ᠮᠥᠨ ᠯᠡ ᠠᠵᠢᠯ ᠬᠢᠬᠦ ᠳᠤᠷᠠᠲᠠᠶ᠂ ᠴᠢᠭᠯᠡᠯ ᠨᠢ ᠲᠣᠳᠣᠷᠬᠠᠶ ᠂ ᠵᠣᠷᠢᠭᠲᠠᠶ ᠪᠠᠷ ᠰᠢᠨ᠎ᠡ ᠶᠢ ᠡᠭᠦᠳᠴᠦ ᠪᠠᠶᠢᠭ᠎ᠠ ᠫᠠᠨ ᠭᠤᠸᠠᠶ ᠂ ᠲᠠᠷᠡ ᠪᠣᠳᠠᠲᠤ ᠠᠵᠢᠯᠯᠠᠭ᠎ᠠ ᠪᠠᠷ ᠢᠶᠠᠨ ᠳᠡᠷᠭᠡᠳᠡᠬᠢ ᠬᠥᠮᠦᠨ ᠪᠣᠯᠭᠠᠨ ᠢ ᠨᠥᠯᠥᠭᠡᠯᠡᠵᠦ ᠂ ᠮᠦᠨ ᠯᠡ ᠶᠠᠳᠠᠷᠠᠯ ᠵᠦᠳᠡᠷᠡᠯ ᠢ ᠮᠡᠳᠡᠬᠦ ᠦᠭᠡᠢ 《 ᠨᠡᠭᠦᠳᠡᠯᠯᠡᠨ ᠮᠠᠯᠵᠢᠬᠤ ᠪᠠᠶᠢᠴᠠᠭᠠᠬᠤ ᠲᠤᠰᠢᠶᠠᠯᠲᠠᠨ 》ᠪᠠᠶᠢᠵᠤ ᠂ ᠲᠠᠯ᠎ᠠ ᠨᠤᠲᠤᠭ ᠳᠡᠭᠡᠷ᠎ᠡ ᠭᠡᠷᠡᠯ ᠪᠠ ᠢᠯᠴᠢ ᠰᠠᠴᠤᠵᠤ ᠪᠠᠶᠢᠨ᠎ᠠ ᠃