ᠲᠡᠷᠢᠭᠦᠨ ᠨᠢᠭᠤᠷ  -  ᠪᠠᠶᠢᠴᠠᠭᠠᠬᠤ ᠬᠥᠳᠡᠯᠦᠯ ᠪᠠᠶᠢᠳᠠᠯ

ᠪᠥᠬᠥ ᠣᠷᠣᠨ ᠤ ᠪᠠᠶᠢᠴᠠᠭᠠᠬᠤ ᠪᠠᠶᠢᠭᠤᠯᠭ᠎ᠠ ᠶᠢᠨ ᠤᠶᠤᠨᠴᠢᠯᠠᠭᠰᠠᠨ 12309 ᠪᠠᠶᠢᠴᠠᠭᠠᠬᠤ ᠦᠶᠯᠡᠴᠢᠯᠡᠭᠡᠨ ᠦ ᠬᠠᠯᠠᠭᠤᠨ ᠤᠲᠠᠰᠤ ᠵᠢᠩᠬᠢᠨᠢ ᠪᠡᠷ ᠨᠡᠪᠲᠡᠷᠡᠪᠡ

2020-08-28 09:13:16
ᠵᠣᠬᠢᠶᠠᠭᠴᠢ
ᠭᠡᠭᠡᠷᠡᠯ

8 ᠰᠠᠷ᠎ᠠ ᠶᠢᠨ 24 ᠦ ᠡᠳᠦᠷ᠂ ᠴᠤ᠋ ᠰᠢᠨ᠎ᠡ ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠪᠠᠶᠢᠴᠠᠭᠠᠬᠤ ᠪᠠᠶᠢᠭᠤᠯᠭ᠎ᠠ  ᠶᠢᠨ 12309 ᠪᠠᠶᠢᠴᠠᠭᠠᠬᠤ ᠦᠶᠯᠡᠴᠢᠯᠡᠭᠡᠨ ᠦ ᠬᠠᠯᠠᠭᠤᠨ ᠤᠲᠠᠰᠤᠨ ᠤ ᠰᠢᠰᠲ᠋ᠧᠮ ᠵᠢᠩᠬᠢᠨᠢ ᠪᠡᠷ ᠠᠰᠢᠭᠯᠠᠯᠲᠠ ᠳᠤ ᠣᠷᠣᠵᠤ ᠂ ᠥᠪᠡᠷᠲᠡᠭᠡᠨ ᠵᠠᠰᠠᠬᠤ ᠣᠷᠣᠨ ᠤ ᠪᠠᠶᠢᠴᠠᠭᠠᠬᠤ ᠬᠣᠷᠢᠶ᠎ᠠ ᠵᠢᠴᠢ 15 ᠠᠶᠢᠮᠠᠭ ᠬᠣᠲᠠ ᠶᠢᠨ ᠭᠠᠵᠠᠷ ᠣᠷᠣᠨ ︵ ᠬᠤᠪᠢᠶᠠᠷᠢ ︶ ᠤ ᠬᠣᠷᠢᠶᠠᠨ ᠤ 12309 ᠪᠠᠶᠢᠴᠠᠭᠠᠬᠤ ᠦᠶᠯᠡᠴᠢᠯᠡᠭᠡᠨ ᠦ ᠳᠠᠭᠤᠳᠠᠯᠲᠠ ᠶᠢᠨ ᠲᠥᠪ ᠵᠡᠷᠭᠡ ᠪᠡᠷ ᠰᠦᠯᠵᠢᠶᠡᠨ ᠳᠦ ᠭᠠᠷᠴᠤ ᠠᠵᠢᠯᠯᠠᠪᠠ ᠃ ᠠᠷᠠᠳ ᠤᠯᠠᠨ ᠳᠤ 《ᠬᠠᠸᠯᠢ ᠴᠠᠭᠠᠵᠠ ᠶᠢᠨ ᠵᠥᠪᠯᠡᠯᠭᠡ ᠥᠭᠬᠦ᠂ ᠵᠢᠷᠤᠮ ᠢ ᠬᠥᠲᠥᠯᠥᠨ ᠵᠢᠯᠣᠭᠣᠳᠬᠤ᠂ ᠰᠢᠶᠳᠪᠦᠷᠢᠯᠡᠬᠦ ᠠᠬᠢᠴᠠ ᠶᠢ ᠪᠠᠶᠢᠴᠠᠭᠠᠨ ᠯᠠᠪᠯᠠᠬᠤ᠂ ᠢᠯᠡᠴᠢᠯᠡᠨ ᠵᠠᠭᠠᠯᠳᠤᠬᠤ ᠭᠣᠮᠣᠳᠠᠯ ᠲᠣᠭᠠᠴᠢᠬᠤ》ᠵᠡᠷᠭᠡ ᠪᠠᠶᠢᠴᠠᠭᠠᠬᠤ ᠦᠶᠯᠡᠴᠢᠯᠡᠭᠡ ᠬᠠᠩᠭᠠᠵᠤ ᠪᠣᠯᠤᠨ᠎ᠠ᠃

W020200826345895019763.jpg

12309 ᠪᠠᠶᠢᠴᠠᠭᠠᠬᠤ ᠦᠶᠯᠡᠴᠢᠯᠡᠭᠡᠨ ᠦ ᠬᠠᠯᠠᠭᠤᠨ ᠤᠲᠠᠰᠤ ᠪᠣᠯ ᠤᠯᠠᠨ ᠲᠦᠮᠡᠨ ᠦ ᠪᠠᠶᠢᠴᠠᠭᠠᠬᠤ ᠪᠠᠶᠢᠭᠤᠯᠭ᠎ᠠ ᠳᠤ ᠱᠠᠭᠠᠷᠲᠠᠯᠭ᠎ᠠ  ᠪᠠᠨ ᠲᠤᠰᠬᠠᠬᠤ ᠂ ᠢᠯᠡᠴᠢᠯᠡᠨ ᠵᠠᠭᠠᠯᠳᠤᠬᠤ᠂ ᠭᠣᠮᠣᠳᠠᠯ ᠲᠣᠭᠠᠴᠢᠬᠤ ᠳᠤ ᠬᠠᠮᠤᠭ ᠤᠨ ᠳᠥᠭᠥᠮ ᠳᠥᠲᠡ ᠲᠦᠷᠭᠡᠨ ᠠᠷᠭ᠎ᠠ ᠵᠠᠮ ᠮᠥᠨ᠃ ᠣᠯᠠᠨ ᠲᠦᠮᠡᠨ ᠳᠦ ᠥᠨᠳᠥᠷ ᠪᠦᠲᠦᠮᠵᠢᠲᠡᠶ ᠂ ᠳᠥᠭᠥᠮ ᠳᠥᠲᠡ ᠪᠠᠶᠢᠴᠠᠭᠠᠬᠤ ᠦᠢᠯᠡᠴᠢᠯᠡᠭᠡᠨ ᠦ ᠦᠢᠯᠡᠳᠬᠦᠨ ᠬᠠᠩᠭᠠᠬᠤ ᠳᠤ ᠂ ᠠᠷᠠᠳ ᠤᠨ ᠲᠡᠭᠡᠲᠦ ᠪᠠᠶᠢᠴᠠᠭᠠᠬᠤ ᠬᠣᠷᠢᠶ᠎ᠠ ᠠᠴᠠ ᠪᠦᠬᠦ ᠤᠯᠤᠰ ᠤᠨ  ᠭᠤᠷᠪᠠᠨ ᠮᠣᠵᠢ ᠂ ᠥᠪᠡᠷᠲᠡᠭᠡᠨ ᠵᠠᠰᠠᠬᠤ ᠣᠷᠣᠨ ᠳᠤ 12309 ᠪᠠᠶᠢᠴᠠᠭᠠᠬᠤ ᠦᠶᠯᠡᠴᠢᠯᠡᠭᠡᠨ ᠦ ᠬᠠᠯᠠᠭᠤᠨ ᠤᠲᠠᠰᠤ ᠶᠢ ᠳᠡᠰ ᠳᠡᠪᠰᠢᠭᠦᠯᠬᠦ ᠲᠤᠷᠰᠢᠯᠲᠠ ᠶᠢᠨ ᠠᠵᠢᠯ ᠢ ᠥᠷᠨᠢᠭᠦᠯᠵᠦ ᠂ ᠥᠪᠡᠷᠲᠡᠭᠡᠨ ᠵᠠᠰᠠᠬᠤ ᠣᠷᠣᠨ ᠤ ᠪᠠᠶᠢᠴᠠᠭᠠᠬᠤ ᠬᠣᠷᠢᠶ᠎ᠠ ᠨᠢ ᠠᠷᠠᠳ ᠤᠨ ᠲᠡᠭᠡᠲᠦ ᠪᠠᠶᠢᠴᠠᠭᠠᠬᠤ ᠬᠣᠷᠢᠶᠠᠨ ᠤ ᠲᠣᠭᠲᠠᠭᠠᠭᠰᠠᠨ ᠲᠤᠷᠰᠢᠯᠲᠠ ᠶᠢᠨ ᠴᠢᠭ  ᠦᠨ ᠨᠢᠭᠡ ᠪᠣᠯᠤᠭᠰᠠᠨ ᠤ ᠬᠤᠪᠢ ᠳᠤ ᠂ ᠪᠥᠬᠥ ᠣᠷᠣᠨ ᠤ 15 ᠬᠤᠪᠢᠶᠠᠷᠢ ᠬᠣᠲᠠ ᠶᠢᠨ ᠬᠣᠷᠢᠶ᠎ᠠ ᠶᠢ ᠪᠦᠬᠦᠨ ᠢ ᠲᠤᠷᠰᠢᠯᠲᠠ ᠶᠢᠨ ᠬᠡᠪᠴᠢᠶᠡᠨ ᠳᠦ ᠣᠷᠣᠭᠤᠯᠤᠨ᠎ᠠ ᠃ ᠥᠪᠡᠷᠲᠡᠭᠡᠨ ᠵᠠᠰᠠᠬᠤ ᠣᠷᠣᠨ ᠤ ᠪᠠᠶᠢᠴᠠᠭᠠᠬᠤ ᠬᠣᠷᠢᠶᠠᠨ ᠤ ᠠᠷᠪᠠᠳᠤᠭᠠᠷ ᠪᠠᠶᠢᠴᠠᠭᠠᠬᠤ ᠬᠡᠯᠲᠡᠰ ᠬᠡᠷᠡᠭᠯᠡᠭᠡᠨ ᠦ ᠱᠠᠭᠠᠷᠳᠠᠯᠭ᠎ᠠ ᠳᠤᠷᠠᠳᠴᠤ ᠂ ᠮᠡᠳᠡᠭᠡ ᠵᠠᠩᠭᠢᠴᠢᠯᠠᠯᠲᠠ  ᠶᠢᠨ ᠪᠦᠲᠦᠭᠡᠨ ᠪᠠᠶᠢᠭᠤᠯᠤᠯᠲᠠ  ᠶᠢᠨ ᠬᠠᠮᠢᠶᠠᠷᠤᠯᠲᠠ  ᠶᠢᠨ ᠭᠠᠵᠠᠷ ᠪᠦᠲᠦᠭᠡᠨ ᠪᠠᠶᠢᠭᠤᠯᠤᠯᠲᠠ  ᠶᠢᠨ ᠲᠥᠰᠦᠯ  ᠢ ᠨᠠᠶᠢᠷᠠᠭᠤᠯᠤᠨ ᠵᠣᠬᠢᠶᠠᠬᠤ ᠪᠠ ᠰᠢᠰᠲ᠋ᠧᠮ  ᠢ ᠰᠤᠳᠤᠯᠤᠨ ᠨᠡᠭᠡᠭᠡᠬᠦ  ᠶᠢ ᠵᠣᠬᠢᠶᠠᠨ ᠪᠠᠶᠢᠭᠤᠯᠵᠤ᠂ ᠨᠢᠭᠡᠳᠦᠭᠡᠷ ᠳᠡᠰ  ᠤᠨ ᠪᠠᠶᠢᠷᠢᠯᠠᠭᠤᠯᠤᠯᠲᠠ᠂ ᠪᠦᠬᠦ ᠣᠷᠣᠨ  ᠤ ᠬᠡᠷᠡᠭᠯᠡᠭᠡᠨ  ᠦ ᠪᠦᠲᠦᠭᠡᠨ ᠪᠠᠶᠢᠭᠤᠯᠤᠯᠲᠠ  ᠶᠢᠨ ᠬᠠᠷᠠᠯᠲᠠ  ᠶᠢ ᠪᠡᠶᠡᠯᠡᠭᠦᠯᠪᠡ᠃

W020200826345895890491.jpg

ᠴᠤ᠋ ᠰᠢᠨ᠎ᠡ 12309 ᠪᠠᠶᠢᠴᠠᠭᠠᠬᠤ ᠦᠶᠯᠡᠴᠢᠯᠡᠭᠡᠨ ᠦ ᠬᠠᠯᠠᠭᠤᠨ ᠤᠲᠠᠰᠤᠨ ᠤ ᠳᠠᠭᠤᠳᠠᠯᠲᠠ ᠶᠢᠨ ᠰᠢᠰᠲ᠋ᠧᠮ ᠨᠢ ᠠᠵᠢᠯᠯᠠᠬᠤ ᠴᠠᠭ ᠢᠶᠠᠷ ᠣᠯᠠᠨ ᠲᠦᠮᠡᠨ ᠦ ᠤᠲᠠᠰᠤ ᠶᠢ ᠬᠥᠮᠦᠨ ᠦ ᠬᠦᠴᠦ ᠪᠡᠷ ᠲᠤᠰᠴᠤ ᠠᠪᠬᠤ ᠂ ᠠᠵᠢᠯ  ᠤᠨ ᠪᠤᠰᠤ ᠴᠠᠭ  ᠲᠤ ᠦᠭᠡ ᠦᠯᠡᠳᠡᠭᠡᠬᠦ ᠂ ᠹᠠᠺᠰ ᠢ ᠠᠦ᠋ᠲ᠋ᠣ᠋ ᠭᠥᠯᠢᠶᠡᠨ ᠠᠪᠬᠤ ᠂ ᠣᠬᠣᠷ ᠮᠡᠳᠡᠭᠡ ᠢᠯᠡᠭᠡᠬᠦ ᠵᠡᠷᠭᠡ ᠴᠢᠳᠠᠮᠵᠢ ᠶᠢ ᠪᠡᠶᠡᠯᠡᠭᠦᠯᠬᠦ  ᠶᠢᠨ ᠤᠯᠠᠮ ᠠᠴᠠ ᠤᠶᠤᠨᠴᠢᠯᠠᠭᠰᠠᠨ 24 ᠴᠠᠭ ᠤᠨ ᠦᠢᠯᠡᠴᠢᠯᠡᠭᠡ ᠶᠢ ᠪᠡᠶᠡᠯᠡᠭᠦᠯᠵᠡᠢ᠃ ᠲᠤᠰ ᠰᠢᠰᠲ᠋ᠧᠮ ᠨᠢ ᠠᠷᠠᠳ ᠣᠯᠠᠨ  ᠤ ᠳᠠᠭᠤᠳᠠᠵᠤ ᠣᠷᠣᠭᠤᠯᠤᠭᠰᠠᠨ ᠤᠲᠠᠰᠤᠨ  ᠤ ᠪᠦᠬᠦ ᠶᠠᠪᠤᠴᠠ  ᠳᠤ ᠠᠦ᠋ᠲ᠋ᠣ᠋ ᠳᠠᠭᠤ ᠰᠢᠩᠭᠡᠭᠡᠵᠦ ᠂ ᠬᠦᠯᠢᠶᠡᠨ ᠰᠣᠨᠣᠰᠬᠤ᠂ ᠰᠢᠩᠭᠡᠭᠡᠨ ᠣᠷᠣᠭᠤᠯᠬᠤ᠂ ᠰᠢᠢᠳᠪᠦᠷᠢᠯᠡᠬᠦ ᠂ ᠬᠠᠷᠢᠭᠤ ᠲᠤᠰᠬᠠᠬᠤ ᠵᠡᠷᠭᠡ ᠪᠦᠬᠦ ᠶᠠᠪᠤᠴᠠ ᠶᠢᠨ ᠲᠡᠮᠳᠡᠭᠯᠡᠯ ᠢ ᠪᠡᠶᠡᠯᠡᠭᠦᠯᠪᠡ᠃ ᠰᠢᠨ᠎ᠡ ᠰᠢᠰᠲ᠋ᠧᠮ ᠨᠢ ᠪᠠᠰᠠ ᠲᠤᠬᠠᠶ ᠶᠢᠨ ᠬᠥᠮᠦᠨ ᠡᠴᠡ ᠳᠠᠭᠠᠭᠠᠨ ᠠᠪᠴᠤ ᠰᠢᠶᠳᠪᠦᠷᠢᠯᠡᠬᠦ ᠪᠠᠶᠢᠴᠠᠭᠠᠬᠤ ᠲᠤᠰᠢᠶᠠᠯᠲᠠᠨ ᠬᠦᠷᠲᠡᠯᠡᠬᠢ ᠬᠣᠸᠰ ᠴᠢᠭᠯᠡᠯᠲᠦ ᠠᠪᠢᠶ᠎ᠠ ᠶᠢ ᠳᠠᠮᠵᠢᠭᠤᠯᠤᠨ ᠵᠠᠯᠭᠠᠬᠤ ᠴᠢᠳᠠᠮᠵᠢ ᠶᠢ ᠪᠡᠶᠡᠯᠡᠭᠦᠯᠵᠦ ᠂ ᠲᠤᠬᠠᠶ ᠶᠢᠨ ᠬᠥᠮᠦᠨ ᠬᠢᠭᠡᠳ ᠳᠠᠭᠠᠭᠠᠨ ᠠᠪᠴᠤ ᠰᠢᠶᠳᠪᠦᠷᠢᠯᠡᠬᠦ ᠪᠠᠶᠢᠴᠠᠭᠠᠬᠤ ᠲᠤᠰᠢᠶᠠᠯᠲᠠᠨ ᠤ ᠨᠡᠪᠲᠡᠷᠡᠯᠴᠡᠬᠦ ᠠᠷᠭ᠎ᠠ ᠵᠠᠮ ᠢ ᠤᠯᠠᠮ ᠨᠢᠭᠡ ᠠᠯᠬᠤᠮ ᠰᠠᠭᠠᠳ ᠦᠭᠡᠢ ᠨᠡᠪᠲᠡᠷᠡᠭᠦᠯᠵᠦ᠂ ᠪᠠᠶᠢᠴᠠᠭᠠᠬᠤ ᠪᠠᠶᠢᠭᠤᠯᠭ᠎ᠠ ᠬᠢᠭᠡᠳ ᠠᠷᠠᠳ ᠤᠯᠠᠨ ᠤ ᠬᠣᠭᠣᠷᠣᠨᠳᠣᠬᠢ ᠵᠠᠶ ᠶᠢ ᠣᠶᠢᠷᠠᠲᠤᠭᠤᠯᠪᠠ᠃

ᠬᠠᠯᠠᠭᠤᠨ ᠤᠲᠠᠰᠤᠨ  ᠤ ᠰᠢᠰᠲ᠋ᠧᠮ ᠨᠡᠪᠲᠡᠷᠡᠬᠦ ᠡᠴᠡ ᠡᠮᠦᠨ᠎ᠡ ᠂ ᠤᠲᠠᠰᠤᠨ  ᠤ ᠵᠠᠯᠭᠠᠯᠲᠠ ᠶᠢᠨ ᠶᠣᠰᠣᠯᠠᠯ ᠤᠨ ᠯᠧᠺᠲ᠋ᠣᠷ ᠨᠢ ᠠᠯᠤᠰ ᠡᠵᠡᠮᠰᠢᠯᠲᠦ ᠬᠠᠷᠠᠭᠠᠨ ᠳᠠᠪᠲᠠᠮᠵᠢ ᠶᠢᠨ ᠰᠢᠰᠲ᠋ᠧᠮ ᠢᠶᠡᠷ ᠳᠠᠮᠵᠢᠭᠤᠯᠤᠨ ᠪᠥᠬᠥ ᠣᠷᠣᠨ ᠤ ᠡᠯ᠎ᠡ ᠬᠤᠪᠢᠶᠠᠷᠢ ᠬᠣᠲᠠ ᠶᠢᠨ ᠬᠣᠷᠢᠶᠠᠨ ᠤ ᠤᠲᠠᠰᠤ ᠲᠤᠰᠬᠤ ᠠᠵᠢᠯᠲᠠᠨ  ᠳᠤ ᠰᠢᠰᠲ᠋ᠧᠮ ᠤᠨ ᠠᠵᠢᠯᠯᠠᠭ᠎ᠠ ᠪᠠ ᠤᠲᠠᠰᠤᠨ  ᠤ ᠵᠠᠯᠭᠠᠯᠲᠠ ᠶᠢᠨ ᠶᠣᠰᠣᠯᠠᠯ ᠤᠨ ᠪᠣᠯᠪᠠᠰᠤᠷᠠᠯ ᠬᠢᠵᠦ ᠂ ᠬᠠᠯᠠᠭᠤᠨ ᠤᠲᠠᠰᠤᠨ ᠤ ᠰᠢᠰᠲ᠋ᠧᠮ ᠨᠡᠪᠲᠡᠷᠡᠭᠰᠡᠨ ᠦ ᠳᠠᠷᠠᠭ᠎ᠠ ᠲᠣᠭᠲᠠᠭᠤᠨ ᠢᠶᠠᠷ ᠠᠵᠢᠯᠯᠠᠬᠤ ᠶᠢ ᠪᠠᠲᠤᠯᠠᠪᠠ ᠃ ᠳᠠᠷᠠᠭ᠎ᠠ ᠠᠯᠬᠤᠮ ᠳᠤ ᠂ ᠥᠪᠥᠷ ᠮᠣᠩᠭᠣᠯ ᠤᠨ ᠪᠠᠶᠢᠴᠠᠭᠠᠬᠤ ᠪᠠᠶᠢᠭᠤᠯᠭ᠎ᠠ  ᠶᠢᠨ 12309 ᠪᠠᠶᠢᠴᠠᠭᠠᠬᠤ ᠦᠶᠯᠡᠴᠢᠯᠡᠭᠡᠨ ᠦ ᠬᠠᠯᠠᠭᠤᠨ ᠤᠲᠠᠰᠤᠨ ᠤ ᠳᠠᠭᠤᠳᠠᠯᠲᠠ ᠶᠢᠨ ᠰᠢᠰᠲ᠋ᠧᠮ ᠨᠢ ᠠᠷᠠᠳ ᠤᠨ ᠳᠡᠭᠡᠳᠦ ᠪᠠᠶᠢᠴᠠᠭᠠᠬᠤ ᠬᠣᠷᠢᠶᠠᠨ ᠤ 12309 ᠪᠠᠶᠢᠴᠠᠭᠠᠬᠤ ᠦᠶᠯᠡᠴᠢᠯᠡᠭᠡᠨ ᠦ ᠬᠠᠯᠠᠭᠤᠨ ᠤᠲᠠᠰᠤᠨ ᠤ ᠰᠢᠰᠲ᠋ᠧᠮ ᠲᠡᠶ ᠵᠣᠯᠭᠠᠯᠴᠠᠬᠤ ᠶᠢ ᠪᠡᠶᠡᠯᠡᠭᠦᠯᠵᠦ ᠂ ᠪᠥᠬᠥ ᠤᠯᠤᠰ ᠤᠨ ᠳᠥᠷᠪᠡᠨ ᠱᠠᠲᠤᠨ ᠤ ᠪᠠᠶᠢᠴᠠᠭᠠᠬᠤ ᠪᠠᠶᠢᠭᠤᠯᠭ᠎ᠠ  ᠶᠢᠨ 12309 ᠪᠠᠶᠢᠴᠠᠭᠠᠬᠤ ᠦᠶᠯᠡᠴᠢᠯᠡᠭᠡᠨ ᠦ ᠬᠠᠯᠠᠭᠤᠨ ᠤᠲᠠᠰᠤᠨ ᠤ ᠮᠡᠳᠡᠭᠡ ᠵᠠᠩᠭᠢ ᠶᠢ ᠬᠠᠮᠲᠤ ᠪᠠᠷ ᠡᠳ᠋ᠯᠡᠬᠦ ᠂ ᠴᠤᠪᠤᠷᠠᠯ ᠢ ᠬᠢᠨᠠᠨ ᠡᠵᠡᠮᠳᠡᠬᠦ ᠂ ᠬᠢᠨᠠᠯᠲᠠ ᠲᠠᠯᠪᠢᠵᠤ ᠵᠢᠯᠣᠭᠣᠳᠬᠤ ᠵᠡᠷᠭᠡ ᠴᠢᠳᠠᠮᠵᠢ ᠶᠢ ᠪᠡᠶᠡᠯᠡᠭᠦᠯᠦᠨ᠎ᠡ ᠃

 


ᠢᠷᠡᠯᠲᠡ
ᠥᠪᠡᠷᠲᠡᠭᠡᠨ ᠵᠠᠰᠠᠬᠤ ᠣᠷᠤᠨ ᠤ ᠪᠠᠶᠢᠴᠠᠭᠠᠬᠤ ᠬᠣᠷᠢᠶ᠎ᠠ ᠶᠢᠨ ᠣᠷᠴᠢᠭᠤᠯᠭ᠎ᠠ ᠶᠢᠨ ᠭᠠᠵᠠᠷ
2014-2022 © ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠴᠠᠭᠠᠬᠤ ᠬᠣᠷᠢᠶ᠎ᠠ ᠥᠮᠴᠢᠯᠡᠯ ᠦᠨ ᠡᠷᠬᠡ ᠲᠠᠢ ᠵᠣᠬᠢᠶᠠᠯ ᠪᠦᠲᠦᠭᠡᠯ ᠦᠨ ᠡᠷᠬᠡ ᠶ᠋ᠢ ᠬᠠᠤᠯᠢ ᠪᠠᠷ ᠬᠠᠮᠠᠭᠠᠯᠠᠭᠰᠠᠨ ᠂ ᠵᠥᠪᠰᠢᠶᠡᠷᠡᠯ ᠦᠭᠡᠢ ᠪᠡᠷ ᠬᠠᠭᠤᠯᠪᠤᠷᠢᠯᠠᠬᠤ ᠶ᠋ᠢ ᠡᠷᠡᠰ ᠬᠣᠷᠢᠭᠯᠠᠨ᠎ᠠ ᠬᠠᠷᠢᠯᠴᠠᠬᠤ ᠤᠲᠠᠰᠤ ᠄ 0471-4628760 ᠢᠮᠧᠯ ᠄ eerhe@nm.pro