ᠶᠡᠬᠡ ᠪᠠᠶᠢᠴᠠᠭᠠᠬᠤ ᠲᠤᠰᠢᠶᠠᠯᠲᠠᠨ ᠬᠥᠬᠡᠬᠣᠲᠠ ᠶᠢᠨ ᠰᠤᠷᠤᠭᠴᠢᠳ ᠲᠠᠢ ᠬᠠᠮᠲᠤᠪᠠᠷ ᠬᠠᠸᠯᠢ ᠪᠠᠷ ᠵᠠᠰᠠᠬᠤ ᠬᠠᠶᠢᠷ᠎ᠠ ᠰᠡᠳᠬᠢᠯᠭᠡ ᠂ ᠵᠠᠯᠠᠭᠤ ᠨᠠᠰᠤᠨ ᠤ ᠬᠦᠰᠡᠯ ᠵᠡᠭᠦᠳᠦ ᠪᠡᠨ ᠶᠠᠷᠢᠯᠴᠠᠭᠰᠠᠨ ᠨᠢ
2018 ᠣᠨ ᠤ 9 ᠰᠠᠷ᠎ᠠ ᠂ ᠥᠪᠡᠷᠲᠡᠭᠡᠨ ᠵᠠᠰᠠᠬᠤ ᠣᠷᠣᠨ ᠤ ᠪᠠᠶᠢᠴᠠᠭᠠᠬᠤ ᠬᠣᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠂ ᠪᠠᠶᠢᠴᠠᠭᠠᠬᠤ ᠳᠠᠷᠤᠭ᠎ᠠ ᠂ ᠬᠣᠶᠠᠳᠤᠭᠠᠷ ᠳᠡᠰ ᠤᠨ ᠶᠡᠬᠡ ᠪᠠᠶᠢᠴᠠᠭᠠᠬᠤ ᠲᠤᠰᠢᠶᠠᠯᠲᠠᠨ ᠯᠢ ᠴᠢ ᠯᠢᠨ ᠬᠥᠬᠡᠬᠣᠲᠠ ᠶᠢᠨ ᠬᠣᠶᠠᠳᠤᠭᠠᠷ ᠳᠤᠮᠳᠠᠳᠤ ᠰᠤᠷᠭᠠᠭᠤᠯᠢ ᠶᠢᠨ ᠬᠠᠸᠯᠢ ᠪᠠᠷ ᠵᠠᠰᠠᠬᠤ ᠳᠡᠳ᠋ ᠵᠠᠬᠢᠷᠤᠯ ᠢᠶᠠᠷ ᠤᠷᠢᠭᠳᠠᠭᠰᠠᠨ ᠪᠥᠭᠡᠳ ᠬᠠᠮᠲᠤ ᠰᠤᠷᠤᠭᠴᠢᠳ ᠲᠤ ᠠᠩᠬ᠎ᠠ ᠤᠳᠠᠭ᠎ᠠ ᠬᠠᠸᠯᠢ ᠪᠠᠷ ᠵᠠᠰᠠᠬᠤ ᠬᠢᠴᠢᠶᠡᠯ ᠤᠷᠤᠭᠰᠠᠨ ᠪᠠᠶᠢᠨ᠎ᠠ ᠃ 2019 ᠣᠨ ᠤ 9 ᠰᠠᠷ᠎ᠠ ᠳᠤ ᠂ ᠯᠢ ᠴᠢ ᠯᠢᠨ ᠬᠥᠬᠡᠬᠣᠲᠠ ᠶᠢᠨ ᠬᠣᠶᠠᠳᠤᠭᠠᠷ ᠳᠤᠮᠳᠠᠳᠤ ᠰᠤᠷᠭᠠᠭᠤᠯᠢ ᠳᠤ ᠨᠠᠮᠤᠷ ᠤᠨ ᠤᠯᠠᠷᠢᠯ ᠤᠨ ᠬᠠᠸᠯᠢ ᠪᠠᠷ ᠵᠠᠰᠠᠬᠤ ᠬᠢᠴᠢᠶᠡᠯ ᠣᠷᠣᠬᠤ ᠦᠶ᠎ᠡ ᠳᠦ ᠢᠷᠡᠬᠦ ᠵᠢᠯ ᠦᠨ ᠶᠢᠰᠦᠳᠦᠭᠡᠷ ᠰᠠᠷ᠎ᠠ ᠳᠤ ᠂ ᠤᠯᠠᠨ ᠢᠶᠠᠷ ᠢᠶᠠᠨ ᠥᠪᠡᠷᠲᠡᠭᠡᠨ ᠵᠠᠰᠠᠬᠤ ᠣᠷᠣᠨ ᠤ ᠪᠠᠶᠢᠴᠠᠭᠠᠬᠤ ᠬᠣᠷᠢᠢ᠎ᠠ ᠳᠤ ᠬᠦᠷᠴᠦ ᠲᠣᠭᠣᠷᠢᠨ ᠦᠵᠡᠵᠦ᠂ ᠳᠠᠬᠢᠨ ᠤᠯᠠᠨ ᠲᠠᠶ ᠬᠠᠸᠯᠢ ᠪᠠᠷ ᠵᠠᠰᠠᠬᠤ ᠬᠠᠶᠢᠷ᠎ᠠ ᠰᠡᠳᠬᠢᠯᠭᠡ᠂ ᠵᠠᠯᠠᠭᠤ ᠨᠠᠰᠤᠨ ᠤ ᠬᠦᠰᠡᠯ ᠵᠡᠭᠦᠳᠦ ᠪᠡᠨ ᠬᠠᠮᠲᠤᠪᠠᠷ ᠶᠠᠷᠢᠯᠴᠠᠬᠤ ᠪᠠᠷ ᠬᠠᠮᠲᠤ ᠰᠤᠷᠤᠭᠴᠢᠳ ᠲᠠᠢ ᠪᠠᠨ ᠪᠤᠯᠵᠤᠨ ᠲᠤᠭᠲᠠᠭᠰᠠᠨ ᠪᠠᠶᠢᠨ᠎ᠠ᠃ 2020 ᠣᠨ ᠤ 9 ᠰᠠᠷ᠎ᠠ ᠳᠤ᠂ ᠬᠣᠶᠠᠳᠤᠭᠠᠷ ᠳᠤᠮᠳᠠᠳᠤ ᠰᠤᠷᠭᠠᠭᠤᠯᠢ ᠶᠢᠨ ᠰᠤᠷᠤᠭᠴᠢᠳ ᠪᠣᠯᠵᠣᠭ᠎ᠠ ᠶᠤᠰᠤᠭᠠᠷ ᠬᠦᠷᠴᠦ ᠢᠷᠡᠯ᠎ᠡ ᠃
ᠥᠩᠭᠡᠷᠡᠭᠰᠡᠨ ᠦ ᠬᠢᠴᠢᠶᠡᠯ ᠦᠨ ᠲᠠᠩᠬᠢᠮ ᠠᠴᠠ ᠣᠳᠣ ᠶᠢᠨ ᠲᠤᠬᠠᠶ ᠶᠢᠨ ᠲᠠᠯᠠᠪᠠᠶ ᠶᠢᠨ ᠥᠩᠭᠡᠷᠡᠯᠲᠡ ᠪᠣᠯᠲᠠᠯ᠎ᠠ᠂ ᠥᠩᠭᠡᠷᠡᠭᠰᠡᠨ ᠦ ᠲᠠ ᠶᠠᠷᠢᠵᠤ ᠪᠢ ᠰᠤᠨᠤᠰᠬᠤ ᠠᠴᠠ ᠣᠳᠣ ᠶᠢᠨ ᠬᠠᠷᠢᠯᠴᠠᠨ ᠰᠤᠯᠢᠯᠴᠠᠬᠤ ᠪᠣᠯᠲᠠᠯ᠎ᠠ᠂ ᠥᠩᠭᠡᠷᠡᠭᠰᠡᠨ ᠦ ᠬᠠᠸᠯᠢ ᠪᠠᠷ ᠵᠠᠰᠠᠬᠤ ᠰᠤᠷᠭᠠᠭᠤᠯᠢ ᠶᠢᠨ ᠬᠦᠷᠢᠶᠡᠨ ᠳᠦ ᠤᠷᠤᠭᠰᠠᠨ ᠠᠴᠠ ᠣᠳᠣ ᠶᠢᠨ ᠪᠠᠶᠢᠴᠠᠭᠠᠬᠤ ᠬᠣᠷᠢᠶ᠎ᠠ ᠬᠠᠸᠯᠢ ᠪᠠᠷ ᠵᠠᠰᠠᠬᠤ ᠰᠤᠷᠭᠠᠨ ᠬᠥᠮᠦᠵᠢᠯ ᠦᠨ ᠰᠠᠭᠤᠷᠢᠨ ᠭᠠᠵᠠᠷ ᠪᠠᠶᠢᠭᠤᠯᠬᠤ ᠬᠦᠷᠲᠡᠯ᠎ᠡ᠂ ᠬᠠᠤᠯᠢ ᠪᠠᠷ ᠵᠠᠰᠠᠬᠤ ᠬᠥᠮᠦᠵᠢᠯ ᠦᠨ ᠶᠠᠰᠤ ᠴᠢᠨᠠᠷ ᠲᠡᠭᠡᠭᠰᠢᠯᠡᠨ ᠳᠡᠰ ᠲᠠᠪᠰᠢᠵᠤ ᠂ ᠰᠢᠨ᠎ᠡ ᠪᠠᠶᠢᠲᠠᠯ ᠢᠯᠡᠷᠡᠭᠰᠡᠨ ᠪᠠᠶᠢᠨ᠎ᠠ ᠃
9 ᠰᠠᠷ᠎ᠠ ᠶᠢᠨ 8 ᠤ ᠡᠳᠦᠷ᠂ ᠬᠥᠬᠡᠬᠣᠲᠠ ᠶᠢᠨ ᠬᠣᠶᠠᠳᠤᠭᠠᠷ ᠳᠤᠮᠳᠠᠳᠤ ᠰᠤᠷᠭᠠᠭᠤᠯᠢ ᠶᠢᠨ 26 ᠰᠤᠷᠤᠭᠴᠢ ᠥᠪᠡᠷᠲᠡᠭᠡᠨ ᠵᠠᠰᠠᠬᠤ ᠣᠷᠣᠨ ᠤ ᠪᠠᠶᠢᠴᠠᠭᠠᠬᠤ ᠬᠣᠷᠢᠶᠠᠨ ᠳᠤ ᠢᠷᠡᠵᠦ᠂ ᠲᠡᠳᠡᠨ ᠦ ᠬᠠᠸᠯᠢ ᠪᠠᠷ ᠵᠠᠰᠠᠬᠤ ᠳᠡᠳ᠋ ᠵᠠᠬᠢᠷᠤᠯ᠂ ᠥᠪᠡᠷᠲᠡᠭᠡᠨ ᠵᠠᠰᠠᠬᠤ ᠣᠷᠤᠨ ᠤ ᠪᠠᠶᠢᠴᠠᠭᠠᠬᠤ ᠬᠣᠷᠢᠶᠠᠨ ᠤ ᠪᠠᠶᠢᠴᠠᠭᠠᠬᠤ ᠳᠠᠷᠤᠭ᠎ᠠ ᠯᠢ ᠴᠢ ᠯᠢᠨ ᠲᠡᠶ ᠰᠢᠭᠦᠭᠦ ᠲᠢᠩᠬᠢᠮ ᠦᠨ ᠦᠵᠡᠭᠦᠯᠭᠡ ᠂ ᠲᠣᠭᠣᠷᠢᠨ ᠰᠠᠭᠤᠵᠤ ᠰᠣᠯᠢᠯᠴᠠᠬᠤ ᠵᠡᠷᠭᠡ ᠠᠷᠭ᠎ᠠ ᠬᠡᠯᠪᠡᠷᠢ ᠪᠡᠷ ᠳᠠᠮᠵᠢᠭᠤᠯᠤᠨ ᠨᠢᠭᠡ ᠤᠳᠠᠭᠠᠨ ᠤ ᠶᠡᠷᠦ ᠪᠤᠰᠤ ᠶᠢᠨ ᠬᠠᠤᠯᠢ ᠪᠠᠷ ᠵᠠᠰᠠᠬᠤ ᠦᠪᠡᠳᠡᠭᠰᠢ ᠨᠠᠶᠢᠷ ᠢ ᠬᠠᠮᠲᠤ ᠪᠠᠷ ᠡᠳ᠋ᠯᠡᠪᠡ᠃
ᠰᠤᠷᠤᠭᠴᠢᠳ ᠥᠪᠡᠷᠲᠡᠭᠡᠨ ᠵᠠᠰᠠᠬᠤ ᠣᠷᠣᠨ ᠤ ᠪᠠᠶᠢᠴᠠᠭᠠᠬᠤ ᠬᠣᠷᠢᠶᠠᠨ ᠳᠤ ᠢᠷᠡᠭᠰᠡᠨ ᠦ ᠳᠠᠷᠠᠭ᠎ᠠ ᠶᠠᠭᠤᠨ ᠤ ᠤᠷᠢᠳ 12309 ᠪᠠᠶᠢᠴᠠᠭᠠᠬᠤ ᠦᠢᠯᠡᠴᠢᠯᠡᠭᠡᠨ ᠦ ᠲᠥᠪ ᠢ ᠲᠣᠭᠣᠷᠢᠨ ᠦᠵᠡᠵᠦ ᠂ ᠪᠠᠶᠢᠴᠠᠭᠠᠬᠤ ᠪᠠᠶᠢᠭᠤᠯᠭ᠎ᠠ ᠣᠯᠠᠨ ᠲᠦᠮᠡᠨ ᠳᠦ ᠦᠶᠯᠡᠴᠢᠯᠡᠬᠦ ᠶᠠᠪᠤᠴᠠ ᠶᠢ ᠣᠶᠢᠯᠠᠭᠠᠵᠤ ᠂ 12309 ᠪᠠᠶᠢᠴᠠᠭᠠᠬᠤ ᠦᠶᠯᠡᠴᠢᠯᠡᠭᠡᠨ ᠦ ᠲᠥᠪ ᠦᠨ ᠵᠠᠬᠢᠳᠠᠯ ᠂ ᠰᠤᠷᠪᠤᠯᠵᠢᠯᠠᠭ᠎ᠠ ᠂ ᠰᠦᠯᠵᠢᠶ᠎ᠡ ᠂ ᠴᠠᠬᠢᠯᠭᠠᠨ ᠳᠥᠷᠪᠡ ᠶᠢ ᠨᠢᠭᠡ ᠴᠣᠭᠴᠠᠵᠢᠭᠤᠯᠤᠭᠰᠠᠨ ᠠᠷᠠᠳ ᠲᠤ ᠲᠥᠬᠥᠮ ᠦᠵᠡᠭᠦᠯᠬᠦ ᠠᠵᠢᠯ ᠤᠨ ᠵᠠᠭᠪᠤᠷ ᠢ ᠪᠡᠶᠡᠴᠢᠯᠡᠨ ᠣᠶᠢᠯᠠᠭᠠᠵᠠᠶ ᠃ ᠳᠠᠷᠠᠭ᠎ᠠ ᠨᠢ ᠥᠪᠥᠷ ᠮᠣᠩᠭᠣᠯ ᠤᠨ ᠪᠠᠶᠢᠴᠠᠭᠠᠬᠤ ᠲᠡᠦᠬᠡ ᠶᠢᠨ ᠳᠡᠯᠭᠡᠨ ᠦᠵᠡᠭᠦᠯᠬᠦ ᠣᠷᠳᠣᠨ ᠢ ᠲᠣᠭᠣᠷᠢᠨ ᠦᠵᠡᠵᠦ ᠂ ᠮᠠᠨ ᠤ ᠤᠯᠤᠰ ᠤᠨ ᠠᠩᠬᠠᠳᠠᠭᠴᠢ ᠦᠨᠳᠦᠰᠦᠲᠡᠨ ᠦ ᠥᠪᠡᠷᠲᠡᠭᠡᠨ ᠵᠠᠰᠠᠬᠤ ᠣᠷᠣᠨ ᠪᠠᠶᠢᠭᠤᠯᠤᠭᠳᠠᠵᠤ᠂ ᠥᠪᠡᠷᠲᠡᠭᠡᠨ ᠵᠠᠰᠠᠬᠤ ᠣᠷᠣᠨ ᠤ ᠪᠠᠶᠢᠴᠠᠭᠠᠬᠤ ᠵᠠᠬᠢᠷᠭ᠎ᠠ ᠶᠢᠨ ᠨᠡᠷ᠎ᠡ ᠶᠢ ᠥᠪᠡᠷᠲᠡᠭᠡᠨ ᠵᠠᠰᠠᠬᠤ ᠣᠷᠣᠨ ᠤ ᠪᠠᠶᠢᠴᠠᠭᠠᠬᠤ ᠬᠣᠷᠢᠶ᠎ᠠ ᠭᠡᠵᠦ ᠬᠠᠯᠠᠭᠰᠠᠨ ᠵᠢᠴᠢ ᠪᠦᠬᠦ ᠣᠷᠣᠨ ᠤ ᠪᠠᠶᠢᠴᠠᠭᠠᠬᠤ ᠪᠠᠶᠢᠭᠤᠯᠭ᠎ᠠ 1978 ᠤᠨ ᠳᠤ ᠰᠡᠷᠭᠦᠭᠡᠨ ᠳᠠᠬᠢᠨ ᠪᠠᠶᠢᠭᠤᠯᠤᠭᠰᠠᠨ ᠠᠴᠠ ᠰᠢᠨ᠎ᠡ ᠴᠠᠭ ᠦᠶ᠎ᠡ ᠶᠢᠨ ᠥᠷᠨᠢᠭᠦᠨ ᠬᠥᠭᠵᠢᠯᠲᠡ ᠳᠦ ᠤᠷᠤᠭᠰᠠᠨ ᠲᠡᠸᠬᠡᠨ ᠠᠬᠢᠴᠠ ᠶᠢ ᠣᠶᠢᠯᠠᠭᠠᠵᠠᠶ᠃ ᠥᠪᠥᠷ ᠮᠣᠩᠭᠣᠯ ᠤᠨ ᠬᠡᠳᠦᠨ ᠦᠶ᠎ᠡ ᠶᠢᠨ ᠪᠠᠶᠢᠴᠠᠭᠠᠬᠤ ᠬᠥᠮᠦᠰ ᠦᠨ ᠦᠶ᠎ᠡ ᠤᠯᠠᠮᠵᠢᠯᠠᠵᠤ ᠂ ᠦᠷᠭᠦᠯᠵᠢᠯᠡᠨ ᠲᠡᠮᠡᠴᠡᠬᠦ ᠡᠭᠦᠷᠭᠡ ᠬᠠᠷᠢᠭᠤᠴᠠᠯᠭ᠎ᠠ ᠂ ᠪᠦᠬᠦ ᠰᠡᠳᠬᠢᠯ ᠪᠦᠬᠦ ᠵᠣᠷᠢᠭ ᠢᠶᠠᠷ ᠢᠶᠠᠨ ᠠᠷᠠᠳ ᠲᠦᠮᠡᠨ ᠳᠦ ᠦᠶᠯᠡᠴᠢᠯᠡᠬᠦ᠂ ᠠᠵᠤ ᠠᠬᠤᠶ ᠨᠡᠶᠢᠭᠡᠮ ᠦᠨ ᠬᠥᠭᠵᠢᠯᠲᠡ ᠶᠢᠨ ᠶᠡᠬᠡ ᠲᠠᠯ᠎ᠠ ᠶᠢᠨ ᠲᠥᠯᠥᠭᠡ ᠲᠤᠰᠢᠶᠠᠯ ᠬᠠᠷᠢᠭᠤᠴᠠᠯᠭ᠎ᠠ ᠪᠠᠨ ᠭᠦᠶᠴᠡᠳᠬᠡᠬᠦ ᠪᠠᠶᠢᠴᠠᠭᠠᠬᠤ ᠤᠬ ᠰᠠᠨᠠᠭ᠎ᠠ ᠶᠢ ᠮᠡᠲᠡᠷᠡᠭᠰᠡᠨ ᠪᠠᠶᠢᠨ᠎ᠠ ᠃
ᠰᠤᠷᠤᠭᠴᠢᠳ ᠥᠪᠥᠷ ᠮᠣᠩᠭᠣᠯ ᠤᠨ ᠪᠠᠶᠢᠴᠠᠭᠠᠬᠤ ᠠᠵᠢᠯ ᠤᠨ ᠲᠣᠮᠣ ᠳ᠋ᠠᠶᠢᠲ᠋ᠠ ᠶᠢᠨ ᠲᠥᠪ ᠲᠦ ᠢᠷᠡᠭᠰᠡᠨ ᠦ ᠳᠠᠷᠠᠭ᠎ᠠ ᠂ ᠬᠠᠸᠯᠢ ᠴᠠᠭᠠᠵᠠ ᠶᠢᠨ ᠠᠵᠢᠯ ᠮᠡᠷᠭᠡᠵᠢᠯ ᠂ ᠪᠠᠶᠢᠴᠠᠭᠠᠬᠤ ᠠᠵᠢᠯ ᠮᠡᠷᠭᠡᠵᠢᠯ ᠦᠨ ᠨᠠᠪᠴᠢᠨ ᠣᠷᠣᠬᠤ ᠮᠠᠶ᠋ᠢᠭ ᠤᠨ ᠪᠡᠶᠡᠴᠢᠯᠡᠨ ᠣᠶᠢᠯᠠᠭᠠᠬᠤ ᠠᠶᠠᠯᠠᠯ ᠢᠶᠠᠨ ᠡᠬᠢᠯᠡᠭᠦᠯᠪᠡ ᠃ ᠲᠣᠮᠣ ᠳ᠋ᠠᠶᠢᠲ᠋ᠠ ᠶᠢᠨ ᠲᠥᠪ ᠪᠣᠯ ᠬᠡᠷᠡᠭ ᠰᠢᠶᠳᠪᠦᠷᠢᠯᠡᠬᠦ ᠂ ᠵᠢᠯᠣᠭᠣᠳᠬᠤ ᠂ ᠰᠣᠯᠢᠯᠴᠠᠬᠤ ᠂ ᠳᠡᠯᠭᠡᠨ ᠦᠵᠡᠭᠦᠯᠬᠦ ᠂ ᠤᠬᠠᠭᠤᠯᠬᠤ ᠶᠢ ᠨᠢᠭᠡ ᠴᠣᠭᠴᠠᠵᠢᠭᠤᠯᠤᠭᠰᠠᠨ ᠣᠯᠠᠨ ᠴᠢᠳᠠᠮᠵᠢᠲᠤ ᠂ ᠣᠳᠣᠬᠢᠴᠢᠯᠠᠭᠰᠠᠨ ᠬᠡᠷᠡᠭᠯᠡᠭᠡᠨ ᠦ ᠦᠶᠯᠡᠴᠢᠯᠡᠭᠡᠨ ᠦ ᠲᠥᠪ ᠪᠠᠶᠢᠵᠤ ᠂ ᠱᠠᠲᠤ ᠳᠡᠰ ᠠᠯᠤᠰᠯᠠᠭᠰᠠᠨ᠂ ᠰᠢᠰᠲ᠋ᠧᠮ ᠠᠯᠤᠰᠯᠠᠭᠰᠠᠨ᠂ ᠲᠤᠬᠠᠶᠢᠯᠠᠭᠰᠠᠨ ᠠᠵᠢᠯ ᠠᠯᠤᠰᠯᠠᠭᠰᠠᠨ ᠲᠣᠭ᠎ᠠ ᠪᠠᠷᠢᠮᠲᠠ ᠶᠢ ᠬᠠᠮᠲᠤ ᠪᠠᠷ ᠡᠳ᠋ᠯᠡᠬᠦ ᠪᠠ ᠰᠣᠯᠢᠯᠴᠠᠬᠤ ᠶᠢ ᠪᠡᠶᠡᠯᠡᠭᠦᠯᠵᠦ᠂ ᠨᠢᠭᠡᠳᠦᠯᠲᠡᠶ ᠬᠠᠮᠢᠶᠠᠷᠬᠤ᠂ ᠨᠢᠭᠡᠳᠦᠯᠲᠡᠶ ᠲᠣᠬᠢᠷᠠᠭᠤᠯᠬᠤ᠂ ᠨᠢᠭᠡᠳᠦᠯᠲᠡᠶ ᠵᠢᠯᠣᠭᠣᠳᠬᠤ ᠶᠢ ᠪᠡᠶᠡᠯᠡᠭᠦᠯᠦᠭᠰᠡᠨ ᠪᠠᠶᠢᠨ᠎ᠠ ᠃ ᠣᠯᠠᠨ ᠢᠶᠠᠷ ᠢᠶᠠᠨ ᠬᠡᠷᠡᠭ ᠰᠢᠶᠳᠪᠦᠷᠢᠯᠡᠬᠦ ᠪᠠ ᠬᠠᠪᠰᠤᠷᠤᠨ ᠬᠡᠷᠡᠭ ᠰᠢᠶᠳᠪᠦᠷᠢᠯᠡᠬᠦ ᠰᠢᠰᠲ᠋ᠧᠮ ᠢᠶᠡᠷ ᠳᠠᠮᠵᠢᠭᠤᠯᠤᠨ ᠪᠠᠶᠢᠴᠠᠭᠠᠬᠤ ᠲᠤᠰᠢᠶᠠᠯᠲᠠᠨ ᠤ ᠬᠡᠷᠡᠭ ᠰᠢᠶᠳᠪᠦᠷᠢᠯᠡᠬᠦ ᠶᠠᠪᠤᠴᠠ ᠶᠢ ᠠᠩᠬ᠎ᠠ ᠠᠯᠬᠤᠮ ᠣᠶᠢᠯᠠᠭᠠᠵᠤ ᠂ ᠲᠣᠮᠣ ᠳ᠋ᠠᠶᠢᠲ᠋ᠠ ᠪᠣᠯᠤᠨ ᠬᠡᠷᠡᠭ ᠰᠢᠶᠳᠪᠦᠷᠢᠯᠡᠬᠦ ᠭᠦᠨᠵᠡᠭᠡᠶ ᠠᠭᠤᠰᠤᠯᠴᠠᠯ ᠤᠨ ᠠᠪᠴᠢᠷᠠᠭᠰᠠᠨ ᠲᠥᠬᠥᠮ ᠨᠥᠬᠥᠴᠡᠯ ᠢ ᠪᠡᠶ᠎ᠡ ᠪᠡᠷ ᠢᠶᠡᠨ ᠮᠡᠳᠡᠷᠡᠪᠡ ᠃ ᠳᠠᠷᠠᠭ᠎ᠠ ᠨᠢ ᠂ ᠲᠣᠮᠣ ᠳ᠋ᠠᠶᠢᠲ᠋ᠠ ᠶᠢᠨ ᠲᠥᠪ ᠢ ᠲᠢᠩᠬᠢᠮ ᠦᠨ ᠰᠢᠭᠦᠯᠲᠡ ᠶᠢᠨ ᠲᠤᠬᠠᠶ ᠶᠢᠨ ᠲᠠᠯᠠᠪᠠᠶ ᠳᠤ ᠵᠠᠯᠭᠠᠵᠤ ᠰᠤᠷᠤᠭᠴᠢᠳ ᠡᠷᠡᠭᠦᠸ ᠶᠢᠨ ᠬᠡᠷᠡᠭ ᠢ ᠢᠯᠡ ᠪᠡᠷ ᠰᠢᠭᠦᠭᠰᠡᠨ ᠲᠢᠩᠬᠢᠮ ᠦᠨ ᠰᠢᠭᠦᠯᠲᠡ ᠶᠢᠨ ᠠᠬᠤᠶ ᠪᠠᠶᠢᠳᠠᠯ ᠢ ᠦᠵᠡᠭᠰᠡᠨ ᠪᠠᠶᠢᠨ᠎ᠠ ᠃ ᠪᠠᠶᠢᠴᠠᠭᠠᠬᠤ ᠲᠤᠰᠢᠶᠠᠯᠲᠠᠨ ᠪᠣᠳᠠᠲᠠᠶ ᠬᠡᠷᠡᠭ ᠢ ᠰᠢᠶᠳᠪᠦᠷᠢᠯᠡᠬᠦ ᠪᠡᠷ ᠳᠠᠮᠵᠢᠭᠤᠯᠤᠨ ᠂ ᠣᠯᠠᠨ ᠳᠤ ᠡᠷᠡᠭᠦᠸ ᠶᠢᠨ ᠬᠡᠷᠡᠭ ᠦᠨ ᠰᠢᠭᠦᠯᠲᠡ ᠶᠢᠨ ᠶᠠᠪᠤᠴᠠ᠂ ᠡᠷᠡᠭᠦᠸ ᠶᠢᠨ ᠵᠠᠷᠭᠤ ᠶᠢᠨ ᠵᠢᠷᠤᠮ᠂ ᠵᠠᠭᠠᠯᠳᠤᠭᠳᠠᠭᠴᠢ ᠶᠢᠨ ᠡᠳ᠋ᠯᠡᠬᠦ ᠶᠣᠰᠣᠲᠠᠶ ᠵᠠᠷᠭᠤ ᠶᠢᠨ ᠡᠷᠬᠡ ᠶᠢ ᠲᠠᠶᠢᠯᠪᠤᠷᠢᠯᠠᠵᠤ᠂ ᠪᠠᠶᠢᠴᠠᠭᠠᠬᠤ ᠲᠤᠰᠢᠶᠠᠯᠲᠠᠨ ᠬᠡᠷᠡᠭ ᠰᠢᠶᠳᠪᠦᠷᠢᠯᠡᠬᠦ ᠶᠢ ᠬᠡᠷᠬᠢᠨ ᠬᠢᠨᠠᠨ ᠪᠠᠶᠢᠴᠠᠭᠠᠬᠤ ᠂ ᠬᠠᠸᠯᠢ ᠴᠠᠭᠠᠵᠠ ᠶᠢ ᠨᠠᠷᠢᠯᠢᠭ ᠣᠨᠣᠴᠠᠲᠠᠶ ᠲᠤᠬᠢᠷᠠᠭᠤᠯᠤᠨ ᠬᠡᠷᠡᠭᠯᠡᠵᠦ ᠨᠡᠬᠡᠮᠵᠢᠯᠡᠨ ᠵᠠᠭᠠᠯᠳᠤᠬᠤ᠂ ᠶᠠᠯᠠᠲᠤ ᠠᠵᠢᠯᠯᠠᠭ᠎ᠠ ᠶᠢ ᠵᠠᠯᠬᠠᠭᠠᠨ ᠰᠢᠢᠳᠭᠡᠬᠦ ᠵᠣᠷᠢᠯᠭ᠎ᠠ ᠳᠤ ᠬᠦᠷᠬᠦ ᠵᠡᠷᠭᠡ ᠠᠭᠤᠯᠭ᠎ᠠ ᠶᠢ ᠲᠠᠶᠢᠯᠪᠤᠷᠢᠯᠡᠭ᠌ᠰᠠᠨ ᠪᠠᠶᠢᠨ᠎ᠠ᠃
ᠥᠪᠡᠷᠲᠡᠭᠡᠨ ᠵᠠᠰᠠᠬᠤ ᠣᠷᠣᠨ ᠤ ᠪᠠᠶᠢᠴᠠᠭᠠᠬᠤ ᠬᠣᠷᠢᠶᠠᠨ ᠤ ᠵᠠᠯᠠᠭᠤᠴᠤᠳ ᠤᠨ ᠠᠵᠢᠯᠯᠠᠭᠠᠨ ᠤ ᠭᠡᠷ ᠲᠤ ᠂ ᠯᠢ ᠴᠢ ᠯᠢᠨ ᠪᠣᠯᠤᠨ ᠬᠥᠬᠡᠬᠣᠲᠠ ᠶᠢᠨ ᠬᠣᠶᠠᠳᠤᠭᠠᠷ ᠳᠤᠮᠳᠠᠳᠤ ᠰᠤᠷᠭᠠᠭᠤᠯᠢ ᠶᠢᠨ ᠵᠠᠬᠢᠷᠤᠯ ᠸᠠᠩ ᠸᠧᠨ ᠮᠧᠶ ᠬᠠᠮᠲᠤᠪᠠᠷ ᠵᠠᠯᠠᠭᠤᠴᠤᠳ ᠪᠠᠭᠠᠴᠤᠳ ᠤᠨ ᠬᠠᠸᠯᠢ ᠪᠠᠷ ᠵᠠᠰᠠᠬᠤ ᠰᠤᠷᠭᠠᠨ ᠬᠥᠮᠦᠵᠢᠯ ᠦᠨ ᠰᠠᠭᠤᠷᠢᠨ ᠳᠤ ᠫᠠᠶᠢᠰᠠ ᠡᠯᠭᠦᠵᠦ ᠂ ᠡᠭᠦᠨ ᠡᠴᠡ ᠨᠠᠰᠤᠨ ᠳᠤ ᠦᠯᠦ ᠬᠦᠷᠦᠭᠰᠡᠳ ᠦᠨ ᠪᠠᠶᠢᠴᠠᠭᠠᠬᠤ ᠠᠵᠢᠯ ᠤᠨ ᠣᠯᠠᠨ ᠴᠢᠲᠠᠮᠵᠢᠲᠤ ᠬᠠᠸᠯᠢ ᠪᠠᠷ ᠵᠠᠰᠠᠬᠤ ᠰᠤᠷᠭᠠᠨ ᠬᠥᠮᠦᠵᠢᠯ ᠦᠨ ᠲᠢᠩᠬᠢᠮ ᠂ ᠥᠪᠥᠷ ᠮᠣᠩᠭᠣᠯ ᠤᠨ ᠪᠠᠶᠢᠴᠠᠭᠠᠬᠤ ᠲᠡᠸᠬᠡ ᠶᠢᠨ ᠳᠡᠯᠭᠡᠨ ᠦᠵᠡᠭᠦᠯᠬᠦ ᠣᠷᠳᠣᠨ ᠂ ᠰᠢᠭᠦᠭᠦ ᠲᠢᠩᠬᠢᠮ ᠦᠨ ᠪᠣᠳᠠᠲᠠᠶ ᠪᠤᠯᠪᠠᠰᠤᠷᠠᠯ ᠤᠨ ᠬᠢᠴᠢᠶᠡᠯ ᠦᠨ ᠲᠠᠩᠬᠢᠮ ᠢᠶᠠᠷ ᠲᠦᠰᠢᠭ ᠪᠣᠯᠭᠠᠭᠰᠠᠨ ᠭᠤᠷᠪᠠᠨ ᠵᠦᠶᠯ ᠣᠯᠠᠨ ᠲᠠᠯ᠎ᠠ ᠶᠢ ᠨᠢᠭᠡ ᠴᠣᠭᠴᠠᠵᠢᠭᠤᠯᠤᠭᠰᠠᠨ ᠵᠠᠯᠠᠭᠤᠴᠤᠳ ᠪᠠᠭᠠᠴᠤᠳ ᠤᠨ ᠬᠠᠸᠯᠢ ᠪᠠᠷ ᠵᠠᠰᠠᠬᠤ ᠰᠤᠷᠭᠠᠨ ᠬᠥᠮᠦᠵᠢᠯ ᠦᠨ ᠰᠠᠭᠤᠷᠢᠨ ᠭᠠᠵᠠᠷ ᠢ ᠵᠢᠩᠬᠢᠨᠢ ᠪᠡᠷ ᠡᠬᠢᠯᠡᠨ ᠬᠡᠷᠡᠭᠯᠡᠭᠲᠡᠪᠡ ᠃ ᠡᠨᠡ ᠨᠢ ᠮᠥᠨ ᠴᠦ ᠪᠠᠶᠢᠴᠠᠭᠠᠬᠤ ᠰᠤᠷᠭᠠᠭᠤᠯᠢ ᠶᠢᠨ ᠬᠠᠮᠲᠤ ᠶᠢᠨ ᠪᠦᠲᠦᠭᠡᠨ ᠪᠠᠶᠢᠭᠤᠯᠤᠯᠲᠠ ᠳᠤ ᠳᠠᠬᠢᠨᠲᠠ ᠡᠯᠪᠡᠭ ᠠᠮᠵᠢᠯᠲᠠ ᠨᠡᠮᠡᠷᠢᠯᠡᠭᠰᠡᠨ ᠪᠠᠶᠢᠨ᠎ᠠ᠃ ᠬᠣᠶᠢᠰᠢᠳᠠ ᠂ ᠰᠠᠭᠤᠷᠢᠨ ᠭᠠᠵᠠᠷ ᠨᠠᠩ ᠣᠯᠠᠨ ᠦᠶ ᠲᠦᠮᠡᠨ ᠰᠤᠷᠤᠭᠴᠢᠳ ᠲᠤ ᠠᠰᠢᠭ ᠬᠦᠷᠲᠡᠭᠡᠬᠦ ᠪᠣᠯᠤᠨ᠎ᠠ ᠃ ᠲᠦᠷᠦᠭᠦᠴᠢ ᠭᠠᠯᠠᠭᠤ ᠳᠠᠭᠠᠭᠤᠯᠤᠨ ᠠᠶᠠᠯᠠᠵᠤ ᠂ ᠰᠡᠳᠬᠢᠯ ᠨᠢᠭᠡᠳᠦᠨ ᠬᠦᠴᠦ ᠪᠡᠨ ᠬᠠᠮᠲᠤᠳᠬᠠᠪᠠ ᠃ ᠪᠦᠬᠦ ᠣᠷᠣᠨ ᠤ ᠪᠠᠶᠢᠴᠠᠭᠠᠬᠤ ᠪᠠᠶᠢᠭᠤᠯᠭ᠎ᠠ ᠨᠠᠰᠤᠨ ᠳᠤ ᠦᠯᠦ ᠬᠦᠷᠦᠭᠰᠡᠳ ᠦᠨ ᠬᠡᠷᠡᠭ ᠢ ᠰᠢᠢᠳᠪᠦᠷᠢᠯᠡᠬᠦ ᠳᠦ ᠲᠦᠰᠢᠭᠯᠡᠨ ᠂ ᠮᠠᠨ ᠤ ᠣᠷᠣᠨ ᠤ ᠬᠢᠯᠢ ᠬᠢᠵᠠᠭᠠᠷ ᠤᠨ ᠴᠥᠭᠡᠨ ᠲᠣᠭᠠᠲᠤ ᠦᠨᠳᠦᠰᠦᠲᠡᠨ ᠦ ᠭᠠᠵᠠᠷ ᠣᠷᠣᠨ ᠤ ᠣᠨᠴᠠᠯᠢᠭ ᠲᠠᠶ ᠤᠶᠠᠯᠳᠤᠭᠤᠯᠵᠤ ᠂ ᠨᠠᠰᠤᠨ ᠳᠤ ᠦᠯᠦ ᠬᠦᠷᠦᠭᠰᠡᠳ ᠦᠨ ᠬᠠᠸᠯᠢ ᠪᠠᠷ ᠵᠠᠰᠠᠬᠤ ᠰᠤᠷᠭᠠᠨ ᠬᠥᠮᠦᠵᠢᠯ ᠪᠣᠯᠤᠨ ᠶᠠᠯ᠎ᠠ ᠬᠢᠬᠦ ᠶᠢ ᠰᠡᠷᠭᠡᠶᠢᠯᠡᠬᠦ ᠠᠵᠢᠯ ᠢ ᠭᠦᠨᠵᠡᠭᠡᠶ ᠥᠷᠨᠢᠭᠦᠯᠵᠦ᠂ 3100 ᠭᠠᠷᠤᠶ ᠰᠤᠷᠭᠠᠭᠤᠯᠢ ᠶᠢ ᠬᠠᠮᠤᠷᠴᠤ᠂ 170 ᠭᠠᠷᠤᠶ ᠲᠦᠮᠡᠨ ᠪᠠᠭᠰᠢ ᠰᠤᠷᠤᠭᠴᠢᠳ ᠭᠡᠷ ᠦᠨ ᠠᠬᠠᠮᠠᠳ ᠲᠤ ᠦᠶᠯᠡᠴᠢᠯᠡᠪᠡ᠃ 《 ᠬᠠᠤᠯᠢ ᠪᠠᠷ ᠵᠠᠰᠠᠬᠤ ᠶᠢ ᠰᠤᠷᠭᠠᠭᠤᠯᠢ ᠶᠢᠨ ᠬᠦᠷᠢᠶᠡᠨ ᠳᠦ ᠣᠷᠣᠭᠤᠯᠬᠤ 》 ᠠᠵᠢᠯ ᠤᠨ ᠳᠤᠮᠳᠠ ᠂ ᠪᠦᠬᠦ ᠣᠷᠣᠨ ᠤ ᠭᠤᠷᠪᠠᠨ ᠳᠡᠰ ᠤᠨ ᠬᠣᠷᠢᠶᠠᠨ ᠤ ᠪᠠᠶᠢᠴᠠᠭᠠᠬᠤ ᠳᠠᠷᠤᠭ᠎ᠠ ᠲᠦᠷᠦᠭᠦᠯᠡᠨ ᠬᠠᠤᠯᠢ ᠪᠠᠷ ᠵᠠᠰᠠᠬᠤ ᠳᠡᠳ᠋ ᠵᠠᠬᠢᠷᠤᠯ ᠤᠨ ᠡᠭᠦᠷᠭᠡ ᠪᠡᠨ ᠭᠦᠢᠴᠡᠳᠬᠡᠵᠦ ᠂ 《 ᠭᠠᠷᠴᠤ ᠶᠠᠪᠤᠬᠤ 》 ᠂ 《 ᠤᠷᠢᠵᠤ ᠠᠪᠴᠢᠷᠠᠬᠤ 》 ᠂ ᠤᠯᠠᠨ ᠵᠦᠶᠯ ᠦᠨ ᠬᠡᠯᠪᠡᠷᠢ ᠪᠡᠷ ᠬᠠᠸᠯᠢ ᠪᠠᠷ ᠵᠠᠰᠠᠬᠤ ᠶᠢ ᠤᠬᠠᠭᠤᠯᠤᠨ ᠲᠠᠶᠢᠯᠪᠤᠷᠢᠯᠠᠬᠤ ᠶᠠᠪᠤᠳᠠᠯ ᠨᠢ ᠰᠤᠷᠤᠭᠴᠢᠳ ᠤᠨ ᠬᠦᠷᠢᠶᠡᠯᠡᠯ ᠢ ᠤᠯᠪᠠ᠃
ᠲᠤᠭᠤᠶᠢᠯᠠᠨ ᠰᠠᠭᠤᠵᠤ ᠰᠤᠯᠢᠯᠴᠠᠬᠤ ᠦᠶ᠎ᠡ ᠳᠦ ᠂ ᠬᠠᠮᠲᠤ ᠰᠤᠷᠤᠭᠴᠢᠳ ᠤᠨ ᠰᠡᠳᠬᠢᠯ ᠳᠣᠲᠣᠷᠠᠬᠢ ᠵᠢᠵᠢᠭ ᠠᠰᠠᠭᠤᠯᠲᠠ ᠡᠴᠦᠰ ᠲᠡᠬᠡᠨ ᠭᠠᠷᠬᠤ ᠵᠠᠮ ᠲᠠᠶ ᠪᠤᠯᠵᠤ᠂ ᠲᠡᠳᠡ 《ᠯᠢ ᠪᠠᠭᠰᠢ》 ᠠᠴᠠ ᠢᠳᠡᠪᠬᠢᠲᠡᠶ ᠠᠰᠠᠭᠤᠵᠤ᠄《ᠲᠠ ᠬᠠᠸᠯᠢ ᠶᠤᠰᠤ ᠤ ᠬᠠᠷᠢᠴᠠᠭ᠎ᠠ ᠶᠢ ᠬᠡᠷᠬᠢᠨ ᠦᠵᠡᠬᠦ ᠪᠤᠢ ︖︾ ︽ ᠵᠦᠶ ᠶᠣᠰᠣᠨ ᠤ ᠬᠠᠮᠠᠭᠠᠯᠠᠯᠲᠠ ᠶᠢᠨ ᠵᠠᠭᠠᠭ ᠱᠤᠭᠤᠮ ᠢ ᠬᠡᠷᠬᠢᠨ ᠲᠣᠭᠲᠠᠭᠠᠬᠤ ᠪᠣᠶ ︖ ︾ ︽ ᠨᠠᠰᠤᠨ ᠳᠤ ᠥᠯᠥ ᠭᠦᠷᠦᠭᠰᠡᠳ ᠦᠨ ᠡᠷᠡᠭᠦᠸ ᠶᠢᠨ ᠬᠠᠷᠢᠭᠤᠴᠠᠯᠭ᠎ᠠ ᠶᠢᠨ ᠨᠠᠰᠤ ᠶᠢ ᠪᠠᠭᠤᠷᠠᠭᠤᠯᠵᠤ ᠮᠡᠳᠡᠨ᠎ᠡ ᠤᠤ ︖ ︾《ᠬᠢᠯᠢᠰ ᠬᠤᠳᠠᠯ ᠪᠤᠷᠤᠭᠤ ᠬᠡᠷᠡᠭ ᠢ ᠬᠡᠷᠬᠢᠨ ᠰᠢᠶᠳᠪᠦᠷᠢᠯᠡᠬᠦ ᠪᠤᠢ︖ ︾ ︽ ᠰᠦᠯᠵᠢᠶᠡᠨ ᠳᠡᠭᠡᠷ᠎ᠡ ᠣᠷᠣᠰᠢᠵᠤ ᠪᠠᠶᠢᠭ᠎ᠠ ᠬᠥᠮᠦᠨ ᠦ ᠪᠠᠶ᠎ᠡ ᠶᠢᠨ ᠬᠠᠶᠢᠯᠲᠠ ᠪᠠ ᠰᠦᠯᠵᠢᠶᠡᠨ ᠦ ᠬᠦᠴᠦᠷᠬᠡᠭᠯᠡᠯ ᠳᠦ ᠴᠢᠭᠯᠡᠭᠦᠯᠦᠨ ᠂ ᠬᠠᠸᠯᠢ ᠴᠠᠭᠠᠵᠠ ᠬᠤᠪᠢ ᠬᠥᠮᠦᠨ ᠦ ᠨᠢᠭᠤᠴᠠ ᠶᠢ ᠬᠡᠷᠬᠢᠨ ᠬᠠᠮᠠᠭᠠᠯᠠᠬᠤ ᠪᠣᠶ ︖ ︾ ︽ ᠬᠠᠸᠯᠢ ᠴᠠᠭᠠᠵᠠ ᠶᠠᠭᠠᠬᠢᠭᠠᠳ ᠨᠠᠩ ᠥᠨᠳᠥᠷ ᠶᠣᠰᠣ ᠰᠤᠷᠲᠠᠬᠤᠨ ᠤ ᠪᠠᠷᠢᠮᠵᠢᠶ᠎ᠠ ᠪᠣᠯᠵᠣ ᠪᠣᠯᠬᠤ ᠥᠬᠡᠶ ᠪᠣᠶ ︖︾ ᠁
ᠯᠢ ᠴᠢ ᠯᠢᠨ ᠂ ᠥᠪᠡᠷᠲᠡᠭᠡᠨ ᠵᠠᠰᠠᠬᠤ ᠣᠷᠣᠨ ᠤ ᠪᠠᠶᠢᠴᠠᠭᠠᠬᠤ ᠬᠣᠷᠢᠶᠠᠨ ᠤ ᠪᠠᠶᠢᠴᠠᠭᠠᠬᠤ ᠺᠣᠮᠢᠰ ᠤᠨ ᠲᠤᠰᠬᠠᠶ ᠲᠤᠰᠢᠶᠠᠯᠲᠤ ᠭᠡᠰᠢᠭᠦᠨ ᠮᠠ ᠶᠢᠩ ᠴᠦᠨ ᠪᠣᠯᠤᠨ ᠲᠤᠬᠠᠶ ᠶᠢᠨ ᠲᠠᠯᠠᠪᠠᠢ ᠳᠤ ᠪᠠᠶᠢᠭᠰᠠᠨ ᠪᠠᠶᠢᠴᠠᠭᠠᠬᠤ ᠲᠤᠰᠢᠶᠠᠯᠲᠠᠨ ᠣᠯᠠᠨ ᠵᠢᠯ ᠦᠨ ᠡᠷᠳᠡᠮ ᠰᠢᠨᠵᠢᠯᠡᠭᠡᠨ ᠦ ᠬᠤᠷᠠᠮᠳᠤᠯ ᠂ ᠡᠯᠪᠡᠭ ᠪᠠᠶᠠᠯᠢᠭ ᠪᠣᠳᠠᠲᠤ ᠶᠠᠪᠤᠳᠠᠯ ᠤᠨ ᠥᠩᠭᠡᠷᠡᠯᠲᠡ ᠪᠡᠷ ᠢᠶᠡᠨ ᠬᠠᠤᠯᠢ ᠵᠦᠶ ᠶᠢᠨ ᠤᠬᠠᠭᠠᠨ ᠂ ᠰᠠᠯᠠᠭ᠎ᠠ ᠮᠥᠴᠢᠷ ᠦᠨ ᠬᠠᠤᠯᠢ ᠠᠴᠠ ᠨᠡᠶᠢᠭᠡᠮ ᠦᠨ ᠶᠣᠰᠣ ᠰᠤᠷᠲᠠᠬᠤᠨ ᠬᠦᠷᠲᠡᠯ᠎ᠡ ᠂ ᠣᠳᠣᠬᠠᠨ ᠳᠤ ᠣᠷᠣᠰᠢᠵᠤ ᠪᠠᠶᠢᠭ᠎ᠠ ᠨᠡᠶᠢᠭᠡᠮ ᠦᠨ ᠠᠰᠠᠭᠤᠳᠠᠯ᠂ ᠬᠠᠸᠯᠢ ᠴᠠᠭᠠᠵᠠ ᠶᠢᠨ ᠠᠰᠠᠭᠤᠳᠠᠯ ᠳᠤ ᠰᠢᠭᠤᠳ ᠬᠠᠨᠳᠤᠵᠤ ᠶᠠᠷᠢᠭᠰᠠᠨ ᠪᠠᠶᠢᠨ᠎ᠠ ᠃
《 ᠬᠠᠸᠯᠢ ᠵᠦᠶ ᠪᠣᠯ ᠬᠠᠷᠢᠯᠴᠠᠨ ᠨᠡᠪᠲᠡᠷᠡᠯᠴᠡᠵᠦ ᠪᠠᠶᠢᠲᠠᠭ ᠂ ᠬᠠᠤᠯᠢ ᠪᠠᠷ ᠵᠠᠰᠠᠬᠤ ᠨᠢ ᠰᠠᠶᠢᠨ ᠬᠠᠤᠯᠢ ᠪᠣᠯᠤᠨ ᠰᠠᠶᠢᠨ ᠵᠠᠰᠠᠯᠲᠠ ᠶᠢᠨ ᠤᠶᠠᠯᠲᠤᠯ ᠪᠠᠶᠢᠬᠤ ᠶᠤᠰᠤᠲᠠᠢ ᠂ ᠬᠠᠸᠯᠢ ᠴᠠᠭᠠᠵᠠ ᠶᠢᠨ ᠶᠡᠬᠡ ᠲᠥᠯᠥᠪ ᠳᠣᠸᠷ᠎ᠠ ᠂ ᠬᠠᠸᠯᠢ ᠵᠦᠶ ᠨᠢᠭᠡᠳᠦᠯᠲᠡᠶ ᠪᠠᠶᠢᠬᠤ ᠶᠣᠰᠣᠲᠠᠶ ᠁ 》 ᠭᠡᠪᠡ ᠃
︽ᠤᠢᠢᠷ᠎ᠠ ᠳᠤ᠂ ᠦᠨᠲᠦᠷ ᠲᠡᠭᠡᠲᠦ ᠬᠤᠶᠠᠷ ᠬᠤᠷᠢᠶ᠎ᠠ ᠵᠦᠶ ᠶᠣᠰᠣᠨ ᠤ ᠬᠠᠮᠠᠭᠠᠯᠠᠯᠲᠠ ᠶᠢᠨ ᠳᠦᠷᠢᠮ ᠢ ᠬᠠᠸᠯᠢ ᠶᠣᠰᠣᠭᠠᠷ ᠲᠤᠬᠢᠷᠠᠭᠤᠯᠤᠨ ᠬᠡᠷᠡᠭᠯᠡᠬᠦ ᠵᠢᠯᠣᠭᠣᠳᠬᠤ ᠰᠠᠨᠠᠯ ᠢ ᠨᠡᠶᠢᠲᠡᠯᠡᠵᠦ ᠂ ᠵᠦᠶ ᠶᠣᠰᠣᠨ ᠤ ᠬᠠᠮᠠᠭᠠᠯᠠᠯᠲᠠ ᠪᠠᠶᠢᠭᠤᠯᠤᠭᠲᠠᠬᠤ ᠨᠥᠬᠥᠴᠡᠯ ᠳᠦ ᠨᠡᠶᠢᠴᠡᠭᠰᠡᠨ ᠪᠠᠶᠢᠪᠠᠯ ᠂ ᠬᠠᠤᠯᠢ ᠶᠣᠰᠣᠭᠠᠷ ᠡᠷᠡᠰ ᠮᠠᠭᠠᠳᠯᠠᠨ ᠲᠣᠭᠲᠠᠭᠠᠵᠤ ᠂ ︿ ᠬᠡᠨ ᠠᠭᠠᠰᠢᠯᠠᠪᠠᠯ ᠬᠡᠨ ᠶᠣᠰᠣ ᠲᠠᠶ ﹀ ︿ ᠬᠡᠨ ᠥᠭᠦᠵᠦ ᠰᠢᠷᠬᠠᠲᠤᠪᠠᠯ ᠬᠡᠨ ᠶᠣᠰᠣ ᠲᠠᠶ ﹀ ᠭᠡᠬᠦ ᠪᠤᠷᠤᠭᠤ ᠬᠡᠯᠪᠡᠷᠢᠯ ᠢ ᠦᠨᠡᠨ ᠬᠦ ᠵᠠᠯᠠᠷᠠᠭᠤᠯᠵᠤ ᠂ ︿ ᠬᠠᠸᠯᠢ ᠨᠢ ᠬᠠᠸᠯᠢ ᠪᠤᠰᠤ ᠳᠦ ᠨᠠᠶᠢᠷ ᠲᠠᠯᠪᠢᠵᠤ ᠪᠣᠯᠬᠤ ᠥᠬᠡᠶ ﹀ ᠭᠡᠬᠦ ᠬᠠᠸᠯᠢ ᠪᠠᠷ ᠵᠠᠰᠠᠬᠤ ᠵᠣᠷᠢᠭ ᠰᠠᠨᠠᠭ᠎ᠠ ᠶᠢ ᠡᠷᠡᠰ ᠬᠠᠮᠠᠭᠠᠯᠠᠨ᠎ᠠ ᠁ ︾
《 ᠶᠠᠯ᠎ᠠ ᠬᠢᠬᠦ ᠨᠠᠰᠤ ᠲᠤᠷᠤᠭᠰᠢᠯᠠᠬᠤ ᠬᠠᠨᠳᠤᠰᠢ ᠢᠯᠡᠷᠬᠡᠶ ᠪᠣᠯᠵᠤ ᠂ ᠵᠠᠷᠢᠮ ᠤᠯᠤᠰ ᠡᠷᠡᠭᠦᠸ ᠶᠢᠨ ᠬᠠᠷᠢᠭᠤᠴᠠᠯᠭ᠎ᠠ ᠶᠢᠨ ᠨᠠᠰᠤᠨ ᠳᠤ ᠲᠣᠬᠢᠷᠠᠭᠤᠯᠤᠯᠲᠠ ᠬᠢᠵᠦ ᠂ ᠮᠠᠨ ᠤ ᠤᠯᠤᠰ ᠪᠠᠰᠠ ᠰᠤᠳᠤᠯᠤᠨ ᠶᠠᠷᠢᠯᠴᠠᠵᠤ ᠪᠠᠶᠢᠨ᠎ᠠ ᠂ ᠭᠡᠪᠡᠴᠦ ᠡᠨᠡ ᠠᠵᠢᠯ ᠮᠠᠰᠢ ᠪᠤᠳᠤᠯᠢᠶᠠᠨᠲᠠᠶ ᠂ ᠡᠯ᠎ᠡ ᠲᠠᠯ᠎ᠠ ᠶᠢᠨ ᠶᠡᠷᠦᠩᠬᠡᠶᠢᠯᠡᠭᠰᠡᠨ ᠦᠨᠡᠯᠡᠯᠲᠡ ᠬᠢᠬᠦ ᠬᠡᠷᠡᠭ ᠲᠡᠶ ᠁ 》 ᠭᠡᠪᠡ ᠃
《 ᠬᠢᠯᠢᠰ ᠬᠤᠳᠠᠯ ᠪᠤᠷᠤᠭᠤ ᠬᠡᠷᠡᠭ ᠦᠨ ᠰᠢᠯᠲᠠᠭᠠᠨ ᠮᠠᠰᠢ ᠣᠯᠠᠨ ᠂ ᠪᠤᠷᠤᠭᠤ ᠣᠶᠢᠯᠠᠭᠠᠭᠳᠠᠬᠤᠨ᠂ ᠬᠠᠸᠯᠢ ᠴᠠᠭᠠᠵᠠ ᠶᠢᠨ ᠲᠠᠨᠢᠯᠲᠠ ᠂ ᠬᠡᠷᠡᠭ ᠰᠢᠶᠳᠪᠦᠷᠢᠯᠡᠬᠦ ᠠᠵᠢᠯᠳᠠᠨ ᠤ ᠬᠡᠪ ᠴᠢᠨᠠᠷ ᠤᠨ ᠠᠰᠠᠭᠤᠳᠠᠯ ᠲᠠᠶ᠂ ᠪᠠᠰᠠ ᠬᠠᠷᠢᠴᠠᠭ᠎ᠠ ᠲᠠᠶ ᠬᠡᠷᠡᠭ ᠰᠢᠶᠳᠪᠦᠷᠢᠯᠡᠬᠦ᠂ ᠨᠠᠶᠢᠷ ᠲᠠᠯ᠎ᠠ ᠪᠠᠷ ᠬᠡᠷᠡᠭ ᠰᠢᠶᠳᠪᠦᠷᠢᠯᠡᠬᠦ᠂ ᠵᠣᠭᠣᠰ ᠮᠥᠩᠭᠥ ᠪᠡᠷ ᠬᠡᠷᠡᠭ ᠰᠢᠶᠳᠪᠦᠷᠢᠯᠡᠬᠦ ᠰᠢᠯᠲᠠᠭᠠᠨ ᠪᠠᠶᠢᠳᠠᠭ᠃ ᠭᠡᠪᠡᠴᠦ ᠬᠣᠵᠢᠮᠳᠠᠵᠤ ᠢᠷᠡᠭᠰᠡᠨ ᠰᠢᠳᠤᠷᠭᠤ ᠶᠣᠰᠣ ᠴᠤ ᠮᠥᠨ ᠰᠢᠳᠤᠷᠭᠤ ᠶᠣᠰᠣ ᠮᠥᠨ᠃ ᠪᠢᠳᠡ ᠬᠢᠯᠢᠰ ᠬᠤᠳᠠᠯ ᠪᠤᠷᠤᠭᠤ ᠬᠡᠷᠡᠭ ᠭᠠᠷᠭᠠᠵᠤ ᠶᠠᠯ᠎ᠠ ᠪᠣᠯᠵᠤ ᠪᠦᠷᠢᠯᠳᠦᠭᠰᠡᠨ ᠪᠠᠶᠢᠪᠠᠯ ᠨᠡᠬᠡᠮᠵᠢᠯᠡᠬᠦ ᠬᠡᠷᠡᠭᠲᠡᠶ ᠁ 》 ᠭᠡᠪᠡ ᠃
ᠠᠬᠤᠶ ᠲᠠᠯᠠᠪᠠᠢ ᠶᠢᠨ ᠠᠭᠤᠷ ᠠᠮᠢᠰᠬᠤᠯ ᠬᠥᠷ ᠬᠥᠭᠵᠢᠶᠡᠨ ᠲᠡᠶ ᠂ ᠰᠤᠷᠤᠭᠴᠢᠳ ᠨᠠᠷᠢᠨ ᠨᠢᠮᠪᠠᠶ ᠰᠣᠨᠣᠰᠴᠤ ᠂ ᠨᠠᠷᠢᠨ ᠬᠢᠨᠠᠮᠠᠭᠠᠶ ᠲᠡᠮᠳᠡᠭᠯᠡᠵᠦ ᠂ ᠬᠠᠶᠠ ᠬᠠᠯᠠᠭᠤᠨ ᠠᠯᠠᠭ᠎ᠠ ᠲᠠᠰᠢᠵᠤ᠂ ᠵᠠᠷᠢᠮ ᠳᠠᠭᠠᠨ ᠰᠡᠳᠬᠢᠯ ᠦᠨ ᠤᠭ ᠠᠴᠠ ᠪᠠᠨ ᠢᠨᠢᠶᠡᠬᠦ ᠳᠠᠭᠤᠨ ᠭᠠᠷᠤᠨ᠎ᠠ ᠃ ᠶᠠᠷᠢᠯᠴᠠᠭ᠎ᠠ 90 ᠮᠢᠨᠦ᠋ᠲ ᠰᠢᠬᠠᠮ ᠪᠣᠯᠵᠤ ᠂ ᠰᠤᠷᠤᠭᠴᠢᠳ ᠪᠠᠰᠠ ᠰᠠᠨᠠᠭ᠎ᠠ ᠬᠠᠨᠤᠭ᠎ᠠ ᠦᠭᠡᠢ ᠪᠠᠶᠢᠯ᠎ᠠ ᠃
ᠠᠵᠢᠯᠯᠠᠭ᠎ᠠ ᠶᠢᠨ ᠬᠠᠮᠤᠭ ᠰᠡᠭᠦᠯ ᠳᠦ ᠂ ᠯᠢ ᠴᠢ ᠯᠢᠨ ᠂ ᠰᠢᠨ᠎ᠡ ᠰᠤᠷᠤᠯᠭ᠎ᠠ ᠶᠢᠨ ᠬᠤᠭᠤᠴᠠᠭ᠎ᠠ ᠂ ᠰᠢᠨ᠎ᠡ ᠡᠬᠢᠯᠡᠯᠲᠡ ᠪᠤᠯᠤᠨ᠎ᠠ ᠭᠡᠵᠦ ᠢᠯᠡᠷᠬᠡᠶᠢᠯᠡᠪᠡ ᠃ ᠠᠵᠢᠯᠯᠠᠭ᠎ᠠ ᠳᠤᠮᠳᠠ ᠂ ᠰᠤᠷᠤᠭᠴᠢᠳ ᠤᠨ ᠵᠠᠯᠠᠭᠤ ᠨᠠᠰᠤᠨ ᠤ ᠢᠨᠢᠶᠡᠮᠰᠦᠭᠯᠡᠯ ᠪᠢᠯᠬᠠᠭᠰᠠᠨ ᠴᠢᠷᠠᠶ ᠶᠢ ᠬᠠᠷᠠᠭᠠᠳ᠂ ᠪᠢ ᠣᠯᠠᠨ ᠤ ᠢᠳᠡᠪᠬᠢᠲᠡᠢ ᠥᠭᠡᠳᠡᠯᠡᠨ ᠳᠠᠪᠰᠢᠬᠤ ᠴᠤᠭ ᠵᠢᠪᠬᠤᠭ᠎ᠠ ᠶᠢ ᠰᠡᠷᠡᠵᠦ ᠮᠡᠳᠡᠵᠡᠢ ᠂ ᠪᠠᠰᠠ ᠤᠯᠤᠰ ᠣᠷᠣᠨ ᠤ ᠢᠷᠡᠭᠡᠳᠦᠢ ᠶᠢᠨ ᠬᠦᠰᠡᠯ ᠡᠷᠡᠮᠡᠯᠵᠡᠯ ᠢ ᠣᠯᠵᠤ ᠬᠠᠷᠠᠵᠠᠢ ᠃ ᠡᠨᠡ ᠵᠢᠯ ᠡᠴᠡ ᠨᠠᠰᠢ ᠂ ᠰᠤᠷᠤᠭᠴᠢᠳ ᠪᠥᠬᠥ ᠤᠯᠤᠰ ᠤᠨ ᠠᠷᠠᠳ ᠲᠦᠮᠡᠨ ᠲᠡᠶ ᠠᠳᠠᠯᠢ ᠪᠠᠷ ᠴᠥᠮ ᠰᠢᠨ᠎ᠡ ᠲᠢᠲᠢᠮᠯᠢᠭ ᠠᠭᠤᠰᠬᠢᠨ ᠦᠷᠪᠢᠰᠦᠯ ᠦᠨ ᠬᠢᠵᠢᠭ ᠦᠨ ᠰᠢᠯᠭᠠᠯᠲᠠ ᠶᠢ ᠬᠠᠮᠲᠤ ᠪᠠᠷ ᠥᠩᠭᠡᠷᠡᠭᠦᠯᠵᠡᠶ ᠃ ᠪᠠᠭᠠᠴᠤᠳ ᠬᠦᠴᠦᠷᠬᠡᠭᠵᠢᠪᠡᠯ ᠤᠯᠤᠰ ᠬᠦᠴᠦᠷᠬᠡᠭᠵᠢᠨ᠎ᠡ᠂ ᠪᠠᠭᠠᠴᠤᠳ ᠬᠥᠭᠵᠢᠪᠡᠯ ᠦᠨᠳᠦᠰᠦᠲᠡᠨ ᠬᠥᠭᠵᠢᠨ᠎ᠡ᠃ ᠰᠤᠷᠤᠭᠴᠢᠳ ᠳᠤᠮᠳᠠᠳᠤ ᠶᠢᠨ ᠦᠨᠳᠦᠰᠦᠲᠡᠨ ᠦ ᠠᠭᠤᠤ ᠶᠡᠬᠡ ᠰᠡᠷᠭᠦᠨ ᠮᠠᠨᠳᠤᠯᠲᠠ ᠶᠢᠨ ᠬᠦᠨᠳᠦ ᠡᠭᠦᠷᠭᠡ ᠶᠢ ᠡᠭᠦᠷᠭᠡᠯᠡᠵᠦ ᠂ ᠤᠯᠤᠰ ᠣᠷᠣᠨ ᠤ ᠢᠷᠡᠭᠡᠳᠦᠢ ᠪᠠ ᠦᠨᠳᠦᠰᠦᠲᠡᠨ ᠦ ᠬᠦᠰᠡᠯ ᠡᠷᠡᠮᠡᠯᠵᠡᠯ ᠢ ᠲᠥᠯᠥᠭᠡᠯᠡᠵᠦ ᠂ ᠬᠣᠶᠠᠳᠤᠭᠠᠷ ᠵᠠᠭᠤᠨ ᠵᠢᠯ ᠦᠨ ᠲᠡᠮᠡᠴᠡᠬᠦ ᠬᠠᠷᠠᠯᠲᠠ ᠶᠢ ᠪᠡᠶᠡᠯᠡᠭᠦᠯᠬᠦ ᠶᠢᠨ ᠲᠤᠯᠭᠠᠭᠤᠷᠢ ᠬᠦᠴᠦᠨ ᠮᠥᠨ᠃ ᠦᠪᠦᠷ ᠮᠤᠩᠭᠤᠯ ᠳᠤ ᠠᠮᠢᠲᠤᠷᠠᠵᠤ ᠦᠰᠦᠨ ᠪᠣᠶᠢᠵᠢᠭᠰᠠᠨ ᠵᠠᠯᠠᠭᠤ ᠰᠤᠷᠤᠭᠴᠢᠳ ᠪᠣᠯᠤᠭᠰᠠᠨ ᠤ ᠬᠤᠪᠢ ᠳᠤ ᠂ ᠲᠠ ᠨᠠᠷ ᠢᠷᠡᠭᠡᠳᠦᠶ ᠳᠦ ᠬᠠᠮᠢᠭ᠎ᠠ ᠪᠠᠶᠢᠭᠰᠠᠨ ᠴᠤ ᠡᠬᠡ ᠤᠯᠤᠰ ᠤᠨ ᠤᠮᠠᠷᠠᠲᠤ ᠬᠢᠯᠢ ᠶᠢᠨ ᠡᠨᠡ ᠬᠦ ᠨᠣᠮᠢᠨ ᠨᠣᠭᠣᠭᠠᠨ ᠂ ᠡᠨᠡ ᠬᠡᠰᠡᠭ ᠴᠡᠩᠬᠡᠷ ᠂ ᠡᠨᠡ ᠬᠦ ᠴᠡᠪᠡᠷ ᠴᠡᠮᠴᠡᠭᠡᠷ ᠢ ᠰᠠᠶᠢᠲᠤᠷ ᠰᠠᠬᠢᠨ ᠬᠠᠮᠠᠭᠠᠯᠠᠬᠤ ᠬᠠᠷᠢᠭᠤᠴᠠᠯᠭ᠎ᠠ ᠲᠠᠶ ᠶᠤᠮ ᠃︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠋ ᠤ ᠡᠷᠬᠢᠮ ᠳᠡᠭᠡᠳᠦ ᠢᠷᠠᠭᠤ ᠠᠯᠳᠠᠷ ᠢ ᠰᠠᠶᠢᠲᠤᠷ ᠬᠠᠮᠠᠭᠠᠯᠠᠬᠤ ᠡᠭᠦᠷᠭᠡ ᠲᠡᠶ᠃ ᠪᠢ ᠦᠨᠡᠨ ᠰᠡᠳᠬᠢᠯ ᠡᠴᠡ ᠪᠡᠨ ᠬᠠᠮᠲᠤ ᠰᠤᠷᠤᠯᠭᠠᠲᠠᠳ ᠤᠨ ᠢᠶᠠᠨ ᠡᠨᠡ ᠨᠠᠰᠤᠨ ᠤ ᠬᠠᠮᠤᠭ ᠤᠨ ᠰᠠᠢᠢᠨ ᠰᠠᠶᠢᠬᠠᠨ ᠨᠠᠰᠤᠨ ᠳᠠᠭᠠᠨ ᠵᠥᠪ ᠠᠮᠢᠳᠤᠷᠠᠬᠤᠢ ᠶᠢᠨ ᠦᠵᠡᠯᠲᠡ ᠂ ᠥᠷᠲᠡᠭ ᠦᠨ ᠦᠵᠡᠯᠲᠡ ᠪᠤᠢ ᠪᠣᠯᠭᠠᠵᠤ ᠂ ᠬᠦᠰᠡᠯᠡᠩ ᠢᠲᠡᠭᠡᠯ ᠪᠢᠰᠢᠷᠡᠯ ᠢᠶᠡᠨ ᠪᠠᠲᠤᠳᠬᠠᠵᠤ ᠂ ᠰᠢᠨᠲᠠᠷᠠᠰᠢ ᠦᠭᠡᠢ ᠰᠤᠳᠤᠯᠵᠤ ᠂ ᠡᠷᠳᠡᠮ ᠴᠢᠳᠠᠪᠤᠷᠢ ᠪᠠᠨ ᠴᠢᠷᠮᠠᠶᠢᠨ ᠨᠡᠮᠡᠭᠳᠡᠭᠦᠯᠵᠦ ᠂ ᠡᠷᠬᠢᠮ ᠲᠡᠭᠡᠲᠦ ᠵᠠᠩ ᠴᠢᠨᠠᠷ ᠢᠶᠠᠨ ᠳᠠᠪᠲᠠᠨ ᠪᠣᠯᠪᠠᠰᠤᠷᠠᠭᠤᠯᠵᠤ ᠂ ᠳᠤᠮᠳᠠᠳᠤ ᠶᠢᠨ ᠦᠨᠳᠦᠰᠦᠲᠡᠨ ᠦ ᠬᠠᠮᠲᠤ ᠶᠢᠨ ᠴᠣᠭᠴᠠ ᠶᠢᠨ ᠤᠬᠠᠮᠰᠠᠷ ᠢ ᠴᠢᠩᠭᠠᠳᠬᠠᠵᠤ ᠂ 《 ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠬᠤ 》 ᠣᠶᠢᠯᠠᠭᠠᠭᠳᠠᠬᠤᠨ ᠢ ᠦᠶᠯᠡᠳᠦᠯᠭᠡᠵᠢᠭᠦᠯᠵᠦ ᠂ ᠤᠯᠤᠰ ᠣᠷᠣᠨ ᠪᠠ ᠨᠡᠶᠢᠭᠡᠮ ᠦᠨ ᠬᠡᠷᠡᠭᠴᠡᠭᠡ ᠲᠡᠶ ᠴᠢᠳᠠᠪᠤᠷᠢᠲᠠᠨ ᠂ ᠲᠤᠯᠭᠠᠭᠤᠷᠢ ᠴᠢᠳᠠᠪᠤᠷᠢᠲᠠᠨ ᠪᠣᠯᠬᠤ ᠪᠠᠷ ᠴᠢᠷᠮᠠᠶᠢᠵᠤ ᠂ ᠦᠵᠡᠰᠬᠦᠯᠡᠩᠲᠦ ᠰᠠᠶᠢᠬᠠᠨ ᠥᠪᠥᠷ ᠮᠣᠩᠭᠣᠯ ᠢᠶᠠᠨ ᠪᠦᠲᠦᠭᠡᠨ ᠪᠠᠶᠢᠭᠤᠯᠵᠤ ᠂ ᠠᠭᠤᠤ ᠶᠡᠬᠡ ᠳᠤᠮᠳᠠᠳᠤ ᠶᠢᠨ ᠵᠡᠭᠦᠳᠦ ᠪᠡᠨ ᠬᠠᠮᠲᠤᠪᠠᠷ ᠲᠡᠷᠭᠡᠯᠰᠢᠭᠦᠯᠬᠦ ᠠᠮᠢᠳᠤᠯᠢᠭ ᠦᠢᠯᠡᠳᠦᠯᠭᠡ ᠳᠤᠮᠳᠠ ᠵᠠᠯᠠᠭᠤ ᠨᠠᠰᠤᠨ ᠤ ᠬᠦᠰᠡᠯ ᠵᠡᠭᠦᠳᠦ ᠪᠡᠨ ᠲᠡᠷᠭᠡᠯᠰᠢᠭᠦᠯᠵᠦ ᠂ ᠣᠶᠤᠨ ᠤᠬᠠᠭᠠᠨ ᠬᠦᠴᠦᠨ ᠴᠢᠳᠠᠯ ᠢᠶᠠᠨ ᠡᠷᠭᠦᠬᠦ ᠶᠢ ᠬᠦᠰᠡᠮᠵᠢᠯᠡᠵᠦ ᠪᠠᠶᠢᠨ᠎ᠠ !
ᠲᠣᠰ ᠤᠳᠠᠭᠠᠨ ᠤ ᠬᠠᠸᠯᠢ ᠪᠠᠷ ᠵᠠᠰᠠᠬᠤ ᠪᠡᠶᠡᠴᠢᠯᠡᠨ ᠣᠶᠢᠯᠠᠭᠠᠬᠤ ᠠᠵᠢᠯᠯᠠᠭ᠎ᠠ ᠶᠢᠨ ᠦᠷ᠎ᠡ ᠪᠦᠲᠦᠮᠵᠢ ᠨᠢ ᠶᠠᠮᠠᠷ ᠵᠡᠷᠭᠡ ᠪᠣᠶ ︖
ᠪᠠᠭᠰᠢ ᠪᠣᠯᠤᠨ ᠰᠤᠷᠤᠭᠴᠢᠳ ᠬᠠᠮᠤᠭ ᠠᠴᠠ ᠢᠯᠡᠭᠦᠦ ᠦᠭᠡ ᠬᠡᠯᠡᠬᠦ ᠡᠷᠬᠡ ᠲᠡᠶ᠄
ᠰᠣᠷᠣᠭᠴᠢ ᠵᠢᠶᠠᠩ ᠰᠧ ᠼᠦᠩ ᠢᠯᠡᠷᠬᠡᠶᠢᠯᠡᠬᠦ ᠳᠡᠭᠡᠨ ᠂ ᠥᠨᠥᠳᠦᠷ ᠦᠨ ᠠᠵᠢᠯᠯᠠᠭ᠎ᠠ ᠪᠠᠷ ᠳᠡᠮᠵᠢᠨ ᠂ ᠪᠢ ᠦᠨᠡᠨ ᠬᠦ ᠳᠣᠲᠣᠭᠠᠳᠤ ᠰᠡᠳᠬᠢᠯ ᠡᠴᠡ ᠪᠠᠨ ᠬᠠᠸᠯᠢ ᠴᠠᠭᠠᠵᠠ ᠪᠠ ᠬᠠᠸᠯᠢ ᠴᠠᠭᠠᠵᠠ ᠶᠢᠨ ᠵᠣᠷᠢᠭ ᠰᠠᠨᠠᠭ᠎ᠠ ᠶᠢ ᠪᠢᠰᠢᠷᠡᠨ ᠵᠢᠷᠦᠬᠡᠰᠢᠶᠡᠬᠦ ᠪᠣᠯᠵᠠᠶ ᠃ ᠡᠨᠡ ᠤᠳᠠᠭᠠᠨ ᠤ ᠬᠥᠳᠡᠯᠭᠡᠭᠡᠨ ᠨᠢ ᠦᠬᠦᠮᠡᠯ ᠬᠢᠴᠢᠶᠡᠯ ᠦᠨ ᠲᠠᠩᠬᠢᠮ ᠤᠨ ᠵᠢᠭᠠᠨ ᠰᠤᠷᠭᠠᠯᠲᠠ ᠰᠢᠭ᠋ ᠪᠢᠰᠢ ᠂ ᠬᠠᠷᠢᠨ ᠨᠢᠭᠡ ᠵᠦᠢᠯ ᠦᠨ ᠨᠡᠶᠢᠭᠡᠮ ᠦᠨ ᠦᠢᠯᠡᠳᠦᠯᠭᠡ ᠪᠣᠯᠤᠨ᠎ᠠ᠂ ᠪᠢᠳᠡᠨ ᠳᠦ ᠮᠡᠳᠡᠯᠭᠡ ᠤᠯᠭᠤᠭᠰᠠᠨ ᠪᠠᠷ ᠪᠠᠷᠠᠬᠤ ᠦᠭᠡᠢ ᠂ ᠪᠠᠰᠠ ᠨᠢᠭᠡ ᠵᠦᠢᠯ ᠦᠨ ᠪᠡᠶᠡᠴᠢ ᠤᠶᠢᠯᠠᠭᠠᠯᠲᠠ ᠦᠭᠴᠦ ᠂ ᠮᠥᠨ ᠴᠦ ᠬᠢᠴᠢᠶᠡᠯ ᠦᠨ ᠲᠠᠩᠬᠢᠮ ᠤᠨ ᠦᠷ᠎ᠡ ᠪᠦᠲᠦᠮᠵᠢᠲᠠᠢ ᠪᠠᠶᠢᠨ᠎ᠠ ᠃ ᠬᠣᠶᠢᠰᠢᠳᠠ ᠶᠢᠨ ᠠᠮᠢᠳᠤᠷᠠᠯ ᠳᠤᠮᠳᠠ ᠂ ᠪᠢᠳᠡ ᠨᠠᠩ ᠴᠤ ᠨᠡᠶᠢᠭᠡᠮ ᠦᠨ ᠲᠥᠪ ᠭᠣᠣᠯᠴᠢ ᠰᠢᠳᠤᠷᠭᠤ ᠶᠣᠰᠣ ᠶᠢ ᠬᠠᠮᠠᠭᠠᠯᠠᠵᠤ ᠂ ᠪᠢ ᠪᠠᠰᠠ ᠨᠡᠩ ᠤᠯᠠᠨ ᠬᠠᠤᠯᠢ ᠴᠠᠭᠠᠵᠠ ᠶᠢᠨ ᠮᠡᠳᠡᠯᠭᠡ ᠪᠠ ᠬᠠᠤᠯᠢ ᠴᠠᠭᠠᠵᠠ ᠶᠢᠨ ᠰᠣᠶᠣᠯ ᠢ ᠣᠶᠢᠯᠠᠭᠠᠵᠤ᠂ ᠥᠪᠡᠷ ᠦᠨ ᠤᠶᠤᠨ ᠰᠠᠨᠠᠭᠠᠨ ᠤ ᠶᠢᠷᠲᠢᠨᠴᠦ ᠪᠡᠨ ᠪᠠᠶᠠᠯᠢᠭᠵᠢᠭᠤᠯᠤᠶ᠎ᠠ ᠭᠡᠵᠦ ᠪᠤᠳᠤᠵᠤ ᠪᠠᠶᠢᠨ᠎ᠠ᠃
ᠰᠤᠷᠤᠭᠴᠢ ᠯᠢᠦ ᠬᠣᠩ ᠳ᠋ᠧ ᠄ ᠡᠨᠡ ᠬᠢᠴᠢᠶᠡᠯ ᠨᠢ ᠪᠡᠶᠡᠴᠢᠯᠡᠨ ᠣᠶᠢᠯᠠᠭᠠᠬᠤ ᠬᠢᠴᠢᠶᠡᠯ ᠪᠣᠯᠬᠤ ᠪᠠᠷ ᠪᠠᠷᠠᠬᠤ ᠦᠭᠡᠢ ᠂ ᠨᠠᠩ ᠴᠤ ᠪᠢᠳᠡᠨ ᠦ ᠠᠮᠢᠳᠤᠷᠠᠯ ᠤᠨ ᠵᠠᠪᠠᠯ ᠰᠤᠷᠬᠤ ᠬᠢᠴᠢᠶᠡᠯ ᠪᠣᠯᠤᠨ᠎ᠠ ᠃ ᠨᠠᠳᠠ ᠳᠤ ᠬᠠᠤᠯᠢ ᠴᠠᠭᠠᠵᠠ ᠠᠮᠢᠳᠤᠷᠠᠯ ᠳᠤᠮᠳᠠ ᠪᠠᠶᠢᠬᠤ ᠶᠢ ᠮᠡᠲᠡᠭᠦᠯᠵᠦ ᠂ ᠬᠠᠤᠯᠢ ᠴᠠᠭᠠᠵᠠ ᠶᠢ ᠡᠵᠡᠮᠰᠢᠬᠦ ᠪᠣᠯ ᠮᠠᠨ ᠤ ᠵᠠᠯᠠᠭᠤᠴᠤᠳ ᠤᠨ ᠡᠷᠬᠡᠪᠰᠢ ᠪᠠᠶᠢᠬᠤ ᠶᠤᠰᠤᠲᠠᠢ ᠴᠢᠳᠠᠪᠤᠷᠢ ᠮᠥᠨ ᠃ ᠪᠢᠳᠡ ᠬᠠᠤᠯᠢ ᠴᠠᠭᠠᠵᠠ ᠠᠴᠠ ᠳᠠᠪᠠᠵᠤ ᠪᠣᠯᠬᠤ ᠦᠭᠡᠢ ᠂ ᠬᠣᠷᠢᠭ᠎ᠠ ᠱᠤᠭᠤᠮ ᠠᠴᠠ ᠳᠠᠪᠠᠵᠤ ᠪᠣᠯᠬᠤ ᠦᠭᠡᠢ ᠂ ᠪᠢᠳᠡ ᠬᠠᠸᠯᠢ ᠴᠠᠭᠠᠵᠠ ᠶᠢᠨ ᠵᠡᠪᠰᠡᠭ ᠢ ᠠᠪᠴᠤ᠂ ᠥᠪᠡᠷ ᠦᠨ ᠵᠦᠶ ᠶᠣᠰᠣᠨ ᠤ ᠡᠷᠬᠡ ᠠᠰᠢᠭ ᠢᠶᠠᠨ ᠬᠠᠸᠯᠢ ᠶᠣᠰᠣᠭᠠᠷ ᠬᠠᠮᠠᠭᠠᠯᠠᠬᠤ ᠬᠡᠷᠡᠭᠲᠡᠶ᠃ ᠪᠢ ᠬᠠᠤᠯᠢ ᠪᠠᠷ ᠵᠠᠰᠠᠬᠤ ᠬᠡᠷᠡᠯ ᠭᠢᠯᠪᠠᠭ᠎ᠠ ᠪᠤᠯᠵᠤ᠂ ᠳᠤᠮᠳᠠᠳᠤ ᠤᠯᠤᠰ ᠤᠨ ᠬᠠᠤᠯᠢᠵᠢᠯ ᠤᠨ ᠲᠥᠯᠥᠭᠡ ᠬᠤᠪᠢ ᠨᠡᠮᠡᠷᠢ ᠦᠵᠡᠭᠦᠯᠬᠦ ᠶᠢ ᠬᠦᠰᠡᠵᠦ ᠪᠠᠶᠢᠨ᠎ᠠ ᠭᠡᠵᠦ ᠢᠯᠡᠳᠬᠡᠪᠡ᠃
ᠬᠣᠶᠠᠳᠤᠭᠠᠷ ᠳᠤᠮᠳᠠᠳᠤ ᠰᠤᠷᠭᠠᠭᠤᠯᠢ ᠶᠢᠨ ᠪᠠᠭᠰᠢ ᠵᠤᠤ ᠵᠢᠶᠠᠨ ᠭᠦᠸᠧ ᠢᠯᠡᠷᠬᠡᠶᠢᠯᠡᠬᠦ ᠳᠡᠭᠡᠨ ᠂ ᠥᠩᠭᠡᠷᠡᠭᠰᠡᠨ ᠦ ᠬᠠᠸᠯᠢ ᠪᠠᠷ ᠵᠠᠰᠠᠬᠤ ᠬᠥᠮᠦᠵᠢᠯ ᠨᠢ ᠴᠥᠮ ᠬᠢᠴᠢᠶᠡᠯ ᠳᠡᠭᠡᠷ᠎ᠡ ᠪᠠᠶᠢᠭᠰᠠᠨ ᠪᠤᠶᠤ ᠨᠣᠮ ᠪᠢᠴᠢᠭ ᠳᠡᠭᠡᠷ᠎ᠡ ᠪᠠᠶᠢᠭᠰᠠᠨ ᠶᠤᠮ᠃ ᠥᠨᠥᠳᠦᠷ ᠰᠤᠷᠤᠭᠴᠢᠳ ᠢ ᠳᠠᠭᠠᠭᠤᠯᠤᠨ ᠪᠠᠶᠢᠴᠠᠭᠠᠬᠤ ᠲᠤᠰᠢᠶᠠᠯᠲᠠᠨ ᠤ ᠬᠠᠵᠠᠭᠤ ᠳᠤ ᠰᠠᠭᠤᠵᠤ ᠂ ᠲᠡᠳᠡᠨ ᠦ ᠳᠡᠷᠭᠡᠳᠡ ᠡᠭᠦᠰᠦᠭᠰᠡᠨ ᠬᠠᠤᠯᠢ ᠴᠠᠭᠠᠵᠠ ᠶᠢᠨ ᠲᠤᠬᠠᠢ ᠶᠠᠷᠢᠶ᠎ᠠ ᠶᠢ ᠰᠣᠨᠣᠰᠪᠠᠯ ᠂ ᠰᠤᠷᠤᠭᠴᠢᠳ ᠨᠠᠩ ᠭᠦᠨ ᠲᠥᠷᠥᠭᠳᠡᠯ ᠲᠡᠶ ᠪᠣᠯᠤᠨ᠎ᠠ ᠂ ᠬᠠᠸᠯᠢ ᠴᠠᠭᠠᠵᠠ ᠶᠢᠨ ᠲᠤᠬᠠᠶ ᠣᠶᠢᠯᠠᠭᠠᠯᠲᠠ ᠴᠤ ᠨᠡᠩ ᠭᠦᠨᠵᠡᠭᠡᠶ ᠪᠣᠯᠬᠤ ᠶᠤᠮ᠂ ᠡᠶᠢᠮᠦᠷᠬᠦ ᠦᠶᠯᠡᠳᠦᠯᠭᠡ ᠶᠢᠨ ᠠᠵᠢᠯᠯᠠᠭ᠎ᠠ ᠨᠢ ᠲᠤᠶᠢᠯ ᠤᠨ ᠠᠴᠢ ᠬᠣᠯᠪᠣᠭᠳᠠᠯ ᠲᠠᠶ ᠶᠤᠮ᠃
ᠸᠠᠩ ᠸᠸᠨ ᠮᠧᠶ ᠢᠯᠡᠷᠬᠡᠶᠢᠯᠡᠬᠦ ᠳᠡᠭᠡᠨ ᠂ ᠲᠣᠰ ᠤᠳᠠᠭᠠᠨ ᠤ ᠪᠡᠶᠡᠴᠢᠯᠡᠨ ᠣᠶᠢᠯᠠᠭᠠᠬᠤ ᠠᠵᠢᠯᠯᠠᠭ᠎ᠠ ᠨᠢ ᠨᠢᠭᠤᠷᠲᠠᠨ ᠰᠠᠨᠠᠯ ᠢᠶᠠᠨ ᠰᠣᠯᠢᠯᠴᠠᠬᠤ ᠪᠠᠷ ᠳᠠᠮᠵᠢᠭᠤᠯᠤᠨ ᠬᠠᠮᠲᠤ ᠰᠤᠷᠤᠭᠴᠢᠳ ᠤᠨ ᠬᠠᠸᠯᠢ ᠴᠠᠭᠠᠵᠠ ᠶᠢᠨ ᠲᠤᠬᠠᠶ ᠲᠠᠨᠢᠯᠲᠠ ᠶᠢᠨ ᠲᠥᠭᠡᠷᠢᠭᠳᠡᠯ ᠢ ᠰᠢᠶᠳᠪᠦᠷᠢᠯᠡᠪᠡ ᠃ ᠬᠠᠸᠯᠢ ᠶᠢ ᠮᠡᠳᠡᠪᠡᠯ ᠰᠠᠶ᠋ᠢ ᠬᠠᠸᠯᠢ ᠶᠢ ᠬᠡᠷᠡᠭᠯᠡᠵᠦ ᠴᠢᠳᠠᠨ᠎ᠠ᠂ ᠨᠡᠩ ᠤᠯᠠᠨ ᠰᠤᠷᠤᠭᠴᠢᠳ ᠪᠠᠶᠢᠴᠠᠭᠠᠬᠤ ᠬᠣᠷᠢᠶᠠᠨ ᠳᠤ ᠣᠷᠣᠵᠤ ᠢᠷᠡᠬᠦ ᠶᠢ ᠬᠦᠰᠡᠵᠦ ᠪᠠᠶᠢᠨ᠎ᠠ᠃ ᠪᠠᠶᠢᠴᠠᠭᠠᠬᠤ ᠲᠤᠰᠢᠶᠠᠯᠲᠠᠨ ᠲᠠᠶ ᠰᠠᠨᠠᠯ ᠢᠶᠠᠨ ᠰᠣᠯᠢᠯᠴᠠᠵᠤ ᠂ ᠠᠰᠠᠭᠤᠯᠲᠠ ᠶᠢᠨ ᠲᠡᠮᠳᠡᠭ ᠢᠶᠡᠨ ᠠᠪᠴᠢᠷᠠᠵᠤ ᠂ ᠣᠯᠤᠯᠲᠠ ᠪᠠᠨ ᠠᠪᠴᠤ ᠶᠠᠪᠤᠬᠤ ᠳᠤ ᠬᠠᠮᠲᠤ ᠰᠤᠷᠤᠭᠴᠢᠳ ᠤᠨ ᠡᠷᠬᠢᠮ ᠨᠠᠨᠳᠢᠨ ᠰᠤᠷᠤᠯᠴᠠᠬᠤ ᠲᠣᠬᠢᠶᠠᠯ ᠢ ᠠᠳᠬᠤᠬᠤ ᠶᠢ ᠬᠦᠰᠡᠵᠦ ᠪᠠᠶᠢᠨ᠎ᠠ᠃ ᠰᠤᠷᠤᠭᠴᠢᠳ ᠤᠨ ᠬᠠᠸᠯᠢ ᠴᠠᠭᠠᠵᠠ ᠶᠢᠨ ᠬᠡᠪ ᠪᠣᠯᠪᠠᠰᠤᠷᠠᠯ ᠢ ᠨᠡᠮᠡᠭᠳᠡᠭᠦᠯᠵᠦ᠂ ᠬᠠᠸᠯᠢ ᠴᠠᠭᠠᠵᠠ ᠪᠠᠷ ᠥᠪᠡᠷ ᠢ ᠪᠡᠨ ᠬᠠᠮᠠᠭᠠᠯᠠᠵᠤ ᠰᠤᠷᠬᠤ ᠶᠢ ᠬᠦᠰᠡᠵᠦ ᠪᠠᠶᠢᠨ᠎ᠠ ᠭᠡᠪᠡ ᠃
ᠣᠶᠢᠯᠠᠭᠠᠭᠰᠠᠨ ᠢᠶᠠᠷ ᠂ ᠥᠪᠡᠷᠲᠡᠭᠡᠨ ᠵᠠᠰᠠᠬᠤ ᠣᠷᠣᠨ ᠤ ᠪᠠᠶᠢᠴᠠᠭᠠᠬᠤ ᠬᠣᠷᠢᠶ᠎ᠠ ᠂ ᠬᠥᠬᠡᠬᠣᠲᠠ ᠶᠢᠨ ᠪᠠᠶᠢᠴᠠᠭᠠᠬᠤ ᠬᠣᠷᠢᠶ᠎ᠠ ᠰᠤᠷᠭᠠᠭᠤᠯᠢ ᠶᠢᠨ ᠲᠠᠯ᠎ᠠ ᠲᠠᠶ ᠵᠥᠪᠳᠡᠯᠴᠡᠬᠦ ᠪᠡᠷ ᠳᠡᠮᠵᠢᠨ ᠂ ᠨᠢᠭᠡᠨᠲᠡ ᠬᠥᠬᠡᠬᠣᠲᠠ ᠶᠢᠨ ᠬᠣᠶᠠᠳᠤᠭᠠᠷ ᠳᠤᠮᠳᠠᠳᠤ ᠰᠤᠷᠭᠠᠭᠤᠯᠢ ᠶᠢᠨ ᠳᠡᠭᠡᠳᠦ ᠨᠢᠭᠡᠳᠦᠭᠡᠷ ᠣᠨ ᠳᠤ ᠬᠠᠸᠯᠢ ᠪᠠᠷ ᠵᠠᠰᠠᠬᠤ ᠰᠤᠩᠭᠤᠨ ᠰᠤᠷᠬᠤ ᠬᠢᠴᠢᠶᠠᠯ ᠨᠡᠬᠡᠭᠡᠬᠦ ᠪᠠᠷ ᠲᠣᠭᠲᠠᠪᠠ᠃