ᠲᠡᠷᠢᠭᠦᠨ ᠨᠢᠭᠤᠷ  -  ᠪᠠᠶᠢᠴᠠᠭᠠᠬᠤ ᠬᠥᠳᠡᠯᠦᠯ ᠪᠠᠶᠢᠳᠠᠯ

ᠶᠡᠬᠡ ᠪᠠᠶᠢᠴᠠᠭᠠᠬᠤ ᠲᠤᠰᠢᠶᠠᠯᠲᠠᠨ ᠤ ᠨᠢᠭᠡᠳᠦᠭᠡᠷ ᠹᠷᠣᠨᠲ᠋ ᠳ᠋ᠡᠬᠢ ︽ ᠪᠠᠶᠢᠴᠠᠭᠠᠨ ᠰᠤᠳᠤᠯᠤᠯᠲᠠ + ᠭᠣᠸᠯ ᠰᠡᠳᠦᠪᠲᠦ ᠨᠠᠮ ᠤᠨ ᠡᠳᠦᠷ ᠦᠨ ᠠᠵᠢᠯᠯᠠᠭ᠎ᠠ ︾

2020-10-30 19:31:35
ᠵᠣᠬᠢᠶᠠᠭᠴᠢ
ᠨᠠᠪᠴᠢ


1.jpg


10 ᠰᠠᠷ᠎ᠠ ᠶᠢᠨ 25 ᠤ ᠡᠳᠦᠷ ᠂ ᠥᠪᠡᠷᠲᠡᠭᠡᠨ ᠵᠠᠰᠠᠬᠤ ᠣᠷᠣᠨ ᠤ ᠪᠠᠶᠢᠴᠠᠭᠠᠬᠤ ᠬᠣᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠂ ᠪᠠᠶᠢᠴᠠᠭᠠᠬᠤ ᠳᠠᠷᠤᠭ᠎ᠠ ᠯᠢ ᠴᠢ ᠯᠢᠨ ᠴᠠᠬᠠᠷ ᠪᠠᠷᠠᠭᠤᠨ ᠭᠠᠷᠤᠨ ᠳᠤᠮᠳᠠᠳᠤ ᠬᠣᠰᠢᠭᠤᠨ ᠳᠤ ᠬᠦᠷᠴᠦ ᠶᠠᠳᠠᠭᠤ ᠶᠢ ᠲᠡᠳᠬᠦᠬᠦ ᠠᠵᠢᠯ ᠢ ᠪᠠᠶᠢᠴᠠᠭᠠᠨ ᠰᠤᠳᠤᠯᠬᠤ ᠶᠢᠨ ᠬᠠᠮᠲᠤ ᠵᠢᠷ ᠦᠨ ᠨᠢᠭᠡᠨ ᠨᠠᠮ ᠤᠨ ᠭᠡᠰᠢᠭᠦᠨ ᠦ ᠬᠤᠪᠢ ᠪᠠᠷ ᠲᠤᠰ ᠨᠠᠮ ᠤᠨ ᠡᠭᠦᠷ ᠲᠦ ᠶᠠᠪᠤᠭᠳᠠᠭᠰᠠᠨ ︽ ᠰᠤᠷᠭᠠᠨ ᠬᠥᠮᠦᠵᠢᠯ ᠢᠶᠡᠷ ᠶᠠᠳᠠᠭᠤ ᠶᠢ ᠲᠡᠳᠬᠦᠬᠦ ᠨᠠᠮ ᠤᠨ ᠭᠡᠰᠢᠭᠦᠨ ᠦ ᠠᠵᠢᠯᠯᠠᠭ᠎ᠠ ︾ ᠵᠢᠨ ᠭᠣᠸᠯ ᠰᠡᠳᠦᠪᠲᠦ ᠨᠠᠮ ᠤᠨ ᠡᠳᠦᠷ ᠦᠨ ᠠᠵᠢᠯᠯᠠᠭ᠎ᠠ ᠳᠤ ᠣᠷᠣᠯᠴᠠᠪᠠ ᠃ ᠠᠵᠢᠯᠯᠠᠭ᠎ᠠ ᠳᠤᠮᠳᠠ᠂ ᠪᠠᠶᠠᠨ ᠰᠢᠶᠠᠩ ᠤᠨ ᠪᠠᠭ᠎ᠠ ᠰᠤᠷᠭᠠᠭᠤᠯᠢ ᠶᠢᠨ ᠰᠤᠷᠤᠭᠴᠢᠳ ᠲᠤ ᠪᠢᠴᠢᠭ ᠦᠨ ᠪᠣᠭᠴᠣ᠂ ᠡᠯ᠎ᠡ ᠲᠥᠷᠥᠯ ᠦᠨ ᠰᠤᠷᠤᠯᠭ᠎ᠠ ᠵᠢᠨ ᠬᠡᠷᠡᠭᠰᠡᠯ ᠵᠢᠴᠢ ︽ᠪᠠᠶᠢᠴᠠᠭᠠᠬᠤ ᠲᠤᠰᠢᠶᠠᠯᠲᠠᠨ ᠠᠴᠠ ᠦᠭᠭᠦᠭᠰᠡᠨ ᠥᠪᠡᠷ ᠦᠨ ᠪᠡᠶ᠎ᠡ ᠪᠡᠨ ᠰᠠᠶᠢᠲᠤᠷ ᠬᠠᠮᠠᠭᠠᠯᠠᠬᠤ  ᠰᠠᠨᠠᠭᠤᠯᠤᠮᠵᠢ︾᠂︽ᠰᠤᠷᠭᠠᠭᠤᠯᠢ ᠶᠢᠨ ᠬᠦᠷᠢᠶᠡᠨ ᠦ ᠬᠦᠴᠦᠷᠬᠡᠭᠯᠡᠯ ᠡᠴᠡ  ᠵᠠᠢᠳᠠᠬᠤ ︾ ᠵᠡᠷᠭᠡ ᠡᠯ᠎ᠡ ᠲᠦᠷᠦᠯ ᠦᠨ ᠨᠣᠮ ᠪᠢᠴᠢᠭ 100 ᠭᠠᠷᠤᠢ ᠢᠵᠢ ︵ᠳᠡᠪᠲᠡᠷ︶ ᠬᠠᠨᠳᠢᠪᠯᠠᠪᠠ᠃ ᠯᠢ ᠴᠢ ᠯᠢᠨ ᠬᠡᠸᠬᠡᠳ  ᠤᠳ  ᠲᠦ ᠠᠯᠤᠰ ᠬᠡᠲᠦ ᠶᠢᠨ ᠬᠦᠰᠡᠯᠡᠩ  ᠢ ᠪᠤᠢ ᠪᠤᠯᠭᠠᠵᠤ᠂ ᠰᠤᠷᠤᠯᠴᠠᠬᠤ ᠲᠣᠬᠢᠶᠠᠯ  ᠢᠶᠡᠨ ᠨᠠᠳᠢᠩᠨᠠᠨ ᠬᠠᠢᠷᠠᠯᠠᠵᠤ᠂ ᠂  ᠰᠠᠢᠢᠳᠤᠷ ᠴᠢᠷᠮᠠᠶᠢᠨ ᠰᠤᠷᠤᠯᠴᠠᠵᠤ ᠂ ᠨᠢᠳᠦᠨ  ᠬᠠᠷᠠᠴᠠ ᠪᠠᠨ ᠥᠷᠭᠡᠳᠬᠡᠵᠦ ᠂ ᠠᠪᠢᠶᠠᠰ ᠴᠢᠳᠠᠪᠤᠷᠢ ᠪᠠᠨ ᠨᠡᠮᠡᠭᠳᠡᠭᠦᠯᠵᠦ ᠂ ᠨᠡᠶᠢᠭᠡᠮ ᠳᠦ ᠬᠡᠷᠡᠭᠴᠡᠭᠡ ᠲᠡᠶ ᠴᠢᠳᠠᠪᠤᠷᠢᠲᠠᠨ ᠪᠤᠯᠤᠭᠠᠷᠠᠢ ᠭᠡᠵᠦ ᠵᠠᠬᠢᠭᠰᠠᠨ ᠪᠠᠢᠢᠨ᠎ᠠ᠃

 

2.jpg 

 

  ᠬᠠᠨᠳᠢᠪᠯᠠᠬᠤ ᠶᠣᠰᠣᠯᠠᠯ ᠤᠨ ᠳᠠᠷᠠᠭ᠎ᠠ ᠂ ᠯᠢ ᠴᠢ ᠯᠢᠨ ᠪᠠᠶᠠᠨ ᠰᠢᠶᠠᠩ ᠤᠨ ᠤᠯᠠᠭᠠᠨ ᠯᠤᠸᠪᠠᠩ ᠳᠠᠷᠢᠬᠤ ᠵᠢᠴᠢ ᠰᠢᠨ᠎ᠡ ᠰᠣᠷᠭᠣᠭ  ᠢᠶᠠᠷ ᠬᠠᠳᠠᠭᠠᠯᠠᠬᠤ ᠂ ᠴᠠᠬᠠᠷ ᠪᠠᠷᠠᠭᠤᠨ ᠭᠠᠷᠤᠨ ᠳᠤᠮᠳᠠᠳᠤ ᠬᠣᠰᠢᠭᠤᠨ ᠤ ᠡᠯᠧᠺᠲ᠋ᠷᠣᠨ ᠬᠤᠳᠠᠯᠳᠤᠭᠠᠨ ᠤ ᠶᠠᠪᠤᠳᠠᠯ ᠢ ᠬᠥᠳᠡᠭᠡ ᠲᠣᠰᠬᠣᠨ ᠳᠤ ᠣᠷᠣᠭᠤᠯᠬᠤ ᠂ ᠲᠦᠮᠡᠨ ᠲᠣᠯᠣᠭᠠᠶ ᠠᠯᠠᠰᠢᠨ ᠦᠬᠡᠷ ᠲᠡᠵᠢᠭᠡᠨ ᠦᠷᠡᠵᠢᠭᠦᠯᠬᠦ ᠵᠢᠴᠢ ᠬᠣᠯᠪᠣᠭᠳᠠᠯ ᠪᠥᠬᠥᠶ ᠶᠠᠳᠠᠭᠤ ᠶᠢ ᠲᠡᠳᠬᠦᠬᠦ ᠲᠥᠷᠥᠯ ᠵᠦᠶᠯ ᠳᠦ ᠪᠠᠶᠢᠴᠠᠭᠠᠨ ᠰᠤᠳᠤᠯᠤᠯᠲᠠ  ᠬᠢᠨ ᠵᠢᠭᠠᠨ ᠵᠢᠯᠣᠭᠣᠳᠴᠤ ᠂ ᠴᠠᠬᠠᠷ ᠪᠠᠷᠠᠭᠤᠨ ᠭᠠᠷᠤᠨ ᠳᠤᠮᠳᠠᠳᠤ ᠬᠣᠰᠢᠭᠤᠨ ᠤ ᠶᠠᠳᠠᠭᠤ ᠶᠢ ᠲᠡᠳᠬᠦᠬᠦ ᠠᠵᠤ ᠦᠶᠯᠡᠰ ᠪᠣᠯᠤᠨ ᠲᠥᠷᠥᠯ ᠵᠦᠶᠯ ᠦᠨ  ᠣᠯᠤᠭᠰᠠᠨ ᠠᠮᠵᠢᠯᠲᠠ ᠶᠢ ᠨᠤᠲᠠᠯᠠᠪᠠ ᠃ ᠲᠡᠷᠡ ᠂ ᠠᠵᠤ ᠦᠢᠯᠡᠰ ᠢᠶᠡᠷ ᠶᠠᠳᠠᠭᠤ ᠶᠢ ᠲᠡᠳᠬᠦᠬᠦ ᠪᠡᠷ ᠭᠠᠷᠳᠠᠴᠠ ᠪᠣᠯᠭᠠᠬᠤ ᠶᠢ ᠪᠠᠷᠢᠮᠲᠠᠯᠠᠵᠤ ᠂ ᠤᠸᠯ  ᠤᠨ ᠪᠠᠶᠢᠭᠰᠠᠨ ᠠᠵᠤ ᠦᠶᠯᠡᠰ  ᠢ ᠪᠡᠬᠢᠵᠢᠭᠦᠯᠦᠭᠰᠡᠨ ᠰᠠᠭᠤᠷᠢᠨ ᠳᠡᠭᠡᠷ᠎ᠡ᠂ ᠲᠤᠬᠠᠶ  ᠶᠢᠨ ᠭᠠᠵᠠᠷ ᠣᠷᠣᠨ  ᠤ ᠪᠠᠶᠢᠳᠠᠯ  ᠳᠤᠨᠢ ᠲᠣᠬᠢᠷᠠᠭᠤᠯᠤᠨ ᠣᠨᠴᠠᠯᠢᠭᠲᠤ ᠲᠥᠷᠥᠯ ᠵᠦᠶᠯ  ᠢ ᠬᠠᠶᠢᠨ ᠰᠦᠪᠡᠭᠴᠢᠯᠡᠵᠦ᠂ ᠣᠯᠠᠨ ᠲᠥᠷᠥᠯ  ᠦᠨ ᠡᠵᠡᠩᠨᠡᠯᠲᠡ  ᠶᠢᠨ ᠬᠡᠪ ᠵᠠᠭᠪᠤᠷ  ᠢ ᠶᠡᠷᠦᠩᠬᠡᠶᠢᠯᠡᠨ ᠬᠡᠷᠡᠭᠯᠡᠵᠦ᠂ ᠶᠠᠳᠠᠭᠤ ᠬᠦᠴᠢᠷᠳᠡᠯᠲᠡᠶ ᠣᠯᠠᠨ ᠲᠦᠮᠡᠨ ᠦ ᠶᠠᠳᠠᠭᠤ ᠠᠴᠠ ᠠᠩᠭᠢᠵᠢᠷᠠᠨ ᠴᠢᠨᠡᠭᠡᠯᠢᠭᠵᠢᠬᠦ ᠢᠳᠡᠪᠬᠢᠵᠢᠯ ᠪᠠ  ᠴᠢᠳᠠᠪᠬᠢ ᠴᠢᠨᠠᠷ ᠢ ᠭᠦᠶᠴᠡᠳ ᠳᠠᠶᠢᠴᠢᠯᠠᠬᠤ ᠬᠡᠷᠡᠭᠲᠡᠶ ᠭᠡᠵᠡᠢ᠃ 2020  ᠤᠨ ᠪᠣᠯ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠰᠢᠶᠳᠪᠦᠷᠢᠲᠦ ᠢᠯᠠᠯᠲᠠ ᠶᠢ ᠣᠯᠬᠤ ᠂ ᠶᠠᠳᠠᠭᠤ ᠠᠴᠠ ᠠᠩᠭᠢᠵᠢᠷᠠᠭᠤᠯᠬᠤ ᠪᠣᠭᠣᠮᠲᠠ ᠰᠢᠪᠲᠤᠯᠬᠤ ᠰᠢᠶᠳᠪᠦᠷᠢᠲᠦ ᠢᠯᠠᠯᠲᠠ ᠶᠢ ᠣᠯᠬᠤ ᠵᠢᠯ ᠪᠣᠯᠤᠨ᠎ᠠ ᠂ ᠬᠥᠭᠵᠢᠯᠲᠡ ᠶᠢᠨ ᠤᠭᠢ ᠰᠠᠶᠢᠨ ᠬᠠᠨᠳᠤᠰᠢ ᠶᠢ ᠦᠷᠭᠦᠯᠵᠢᠯᠡᠨ ᠪᠠᠲᠤᠯᠠᠵᠤ ᠂ ᠶᠠᠳᠠᠭᠤ ᠠᠴᠠ ᠠᠩᠭᠢᠵᠢᠷᠠᠭᠤᠯᠬᠤ ᠪᠣᠭᠣᠮᠲᠠ ᠰᠢᠪᠲᠤᠯᠬᠤ ᠪᠠ ᠬᠥᠳᠡᠭᠡ ᠲᠣᠰᠬᠣᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠶ ᠵᠣᠯᠭᠠᠭᠤᠯᠬᠤ ᠶᠢ ᠠᠬᠢᠭᠤᠯᠵᠤ ᠂ ᠭᠣᠸᠯᠳᠠᠯᠭ᠎ᠠ  ᠲᠠᠶ ᠠᠵᠤ ᠦᠶᠯᠡᠰ  ᠢᠶᠡᠷ ᠳᠠᠶᠢᠴᠢᠯᠠᠬᠤ᠂ ᠳᠠᠭᠠᠭᠤᠯᠤᠭᠴᠢ ᠠᠵᠤ ᠠᠬᠤᠶᠢᠯᠠᠯ  ᠢ ᠪᠣᠶᠢᠵᠢᠭᠤᠯᠬᠤ᠂ ᠣᠶᠤᠨ ᠤᠬᠠᠭᠠᠨ  ᠪᠠ ᠡᠷᠴᠢ ᠵᠤᠷᠢᠭ ᠢᠶᠠᠷ  ᠬᠠᠮᠲᠤᠪᠠᠷ ᠲᠡᠳᠬᠦᠬᠦ ᠵᠡᠷᠭᠡ ᠲᠠᠯ᠎ᠠ  ᠪᠠᠷ ᠬᠦᠴᠦ  ᠲᠠᠯᠪᠢᠵᠦ᠂ ᠶᠠᠳᠠᠭᠤ ᠠᠴᠠ ᠠᠩᠭᠢᠵᠢᠷᠠᠭᠤᠯᠬᠤ ᠪᠣᠭᠣᠮᠲᠠ ᠰᠢᠪᠲᠤᠯᠬᠤ ᠳᠠᠶᠢᠯᠠᠯᠳᠤᠭᠠᠨ ᠢ ᠴᠢᠨᠠᠷ ᠰᠠᠶᠢᠲᠠᠢ ᠬᠢᠵᠦ ᠢᠯᠠᠯᠲᠠ ᠤᠯᠬᠤ ᠶᠢ ᠪᠠᠲᠤᠯᠠᠵᠤ᠂ ᠶᠠᠳᠠᠭᠤ ᠠᠴᠠ ᠠᠩᠭᠢᠵᠢᠷᠠᠭᠤᠯᠬᠤ ᠪᠣᠭᠣᠮᠲᠠ ᠰᠢᠪᠲᠤᠯᠬᠤ ᠳᠠᠶᠢᠯᠠᠯᠳᠤᠭᠠᠨ ᠤ ᠪᠦᠬᠦ ᠲᠠᠯ᠎ᠠ ᠶᠢᠨ ᠢᠯᠠᠯᠲᠠ ᠶᠢ ᠡᠷᠡᠰ ᠲᠡᠮᠡᠴᠡᠨ ᠣᠯᠤᠨ᠎ᠠ᠃


3.jpg4.jpg5.jpg


ᠢᠷᠡᠯᠲᠡ
ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠠᠷᠠᠳ ᠤᠨ ᠪᠠᠢᠢᠴᠠᠭᠠᠬᠤ ᠬᠤᠷᠢᠶ᠎ᠠ ᠵᠢᠨ ᠤᠷᠴᠢᠭᠤᠯᠭ᠎ᠠ ᠵᠢᠨ ᠭᠠᠵᠠᠷ
2014-2022 © ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠴᠠᠭᠠᠬᠤ ᠬᠣᠷᠢᠶ᠎ᠠ ᠥᠮᠴᠢᠯᠡᠯ ᠦᠨ ᠡᠷᠬᠡ ᠲᠠᠢ ᠵᠣᠬᠢᠶᠠᠯ ᠪᠦᠲᠦᠭᠡᠯ ᠦᠨ ᠡᠷᠬᠡ ᠶ᠋ᠢ ᠬᠠᠤᠯᠢ ᠪᠠᠷ ᠬᠠᠮᠠᠭᠠᠯᠠᠭᠰᠠᠨ ᠂ ᠵᠥᠪᠰᠢᠶᠡᠷᠡᠯ ᠦᠭᠡᠢ ᠪᠡᠷ ᠬᠠᠭᠤᠯᠪᠤᠷᠢᠯᠠᠬᠤ ᠶ᠋ᠢ ᠡᠷᠡᠰ ᠬᠣᠷᠢᠭᠯᠠᠨ᠎ᠠ ᠬᠠᠷᠢᠯᠴᠠᠬᠤ ᠤᠲᠠᠰᠤ ᠄ 0471-4628760 ᠢᠮᠧᠯ ᠄ eerhe@nm.pro