ᠪᠦᠬᠦ ᠣᠷᠣᠨ ᠤ ᠵᠠᠯᠠᠭᠤ ᠪᠠᠶᠢᠴᠠᠭᠠᠬᠤ ᠠᠵᠢᠯᠲᠠᠨ ᠤ ᠪᠣᠯᠪᠠᠰᠤᠷᠠᠯ ᠤᠨ ᠠᠩᠭᠢ ᠠᠮᠵᠢᠯᠲᠠ ᠲᠠᠶ ᠲᠡᠭᠦᠰᠪᠡ
ᠶᠡᠷᠦᠩᠬᠡᠶ ᠱᠦᠵᠢ ᠰᠢ ᠶᠢᠨ ᠫᠢᠩ ᠦᠨ ᠴᠢᠬᠤᠯᠠ ᠰᠤᠷᠭᠠᠯ ᠦᠭᠡ ᠪᠠ ᠢᠳᠡᠷ ᠵᠠᠯᠠᠭᠤ ᠺᠠᠳ᠋ᠷᠴᠤᠳ ᠤᠨ ᠪᠣᠯᠪᠠᠰᠤᠷᠠᠯ ᠤᠨ ᠠᠩᠭᠢ ᠳ᠋ᠦ ᠬᠢᠭᠰᠡᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠨᠠᠩ ᠰᠠᠶᠢᠲᠤᠷ ᠨᠠᠶᠢᠳᠠᠪᠤᠷᠢᠵᠢᠭᠤᠯᠬᠤ ᠶᠢᠨ ᠲᠥᠯᠥᠭᠡ ᠂ 《ᠳᠥᠷᠪᠡᠨ ᠪᠡᠬᠢ ᠪᠠᠢᠢᠬᠤ》 ᠵᠠᠯᠠᠭᠤᠴᠤᠳ ᠤᠨ ᠪᠠᠶᠢᠴᠠᠭᠠᠬᠤ ᠡᠩᠨᠡᠭᠡ ᠶᠢ ᠳᠠᠪᠲᠠᠨ ᠪᠣᠯᠪᠠᠰᠤᠷᠠᠭᠤᠯᠵᠤ ᠂ ᠪᠠᠶᠢᠴᠠᠭᠠᠬᠤ ᠠᠵᠢᠯ ᠦᠨ ᠥᠨᠢᠳᠡ ᠶᠢᠨ ᠬᠥᠭᠵᠢᠯᠲᠡ ᠳᠦ ᠴᠢᠳᠠᠪᠤᠷᠢᠲᠠᠨ ᠤ ᠲᠤᠯᠭᠠᠭᠤᠷᠢ ᠬᠦᠴᠦ ᠶᠢ ᠬᠠᠩᠭᠠᠬᠤ ᠵᠢᠨ ᠲᠦᠯᠦᠭᠡ᠂ ᠥᠪᠡᠷᠲᠡᠭᠡᠨ ᠵᠠᠰᠠᠬᠤ ᠣᠷᠣᠨ ᠤ ᠪᠠᠶᠢᠴᠠᠭᠠᠬᠤ ᠬᠣᠷᠢᠶ᠎ᠠ ᠪᠥᠬᠥ ᠣᠷᠣᠨ ᠤ ᠪᠠᠶᠢᠴᠠᠭᠠᠬᠤ ᠪᠠᠶᠢᠭᠤᠯᠭ᠎ᠠ ᠶᠢᠨ ᠰᠢᠯᠢᠳᠡᠭ ᠵᠠᠯᠠᠭᠤ ᠺᠠᠳ᠋ᠷ ᠢ ᠰᠢᠯᠢᠨ ᠰᠣᠩᠭᠣᠵᠤ ᠬᠥᠮᠦᠵᠢᠭᠦᠯᠬᠦ ᠡᠷᠴᠢᠮ ᠢᠶᠡᠨ ᠦᠷᠭᠦᠯᠵᠢᠯᠡᠨ ᠴᠢᠩᠭ᠎ᠠ ᠠᠳᠬᠤᠭᠰᠠᠭᠠᠷ ᠪᠠᠢᠢᠨ᠎ᠠ᠃
10 ᠰᠠᠷ᠎ᠠ ᠶᠢᠨ 20 ᠤ ᠡᠳᠦᠷ ᠡᠴᠡ 25 ᠤ ᠡᠳᠦᠷ ᠪᠣᠯᠲᠠᠯ᠎ᠠ᠂ ᠪᠥᠬᠥ ᠣᠷᠣᠨ ᠤ ᠵᠠᠯᠠᠭᠤ ᠪᠠᠶᠢᠴᠠᠭᠠᠬᠤ ᠠᠵᠢᠯᠲᠠᠨ ᠤ ᠪᠤᠯᠪᠠᠰᠤᠷᠠᠯ ᠤᠨ ᠠᠩᠭᠢ ᠬᠥᠬᠡᠬᠣᠲᠠ ᠶᠢᠨ ᠲᠡᠮᠦᠷ ᠵᠠᠮ ᠤᠨ ᠲᠡᠭᠡᠭᠡᠪᠦᠷᠢ ᠶᠢᠨ ᠪᠠᠶᠢᠴᠠᠭᠠᠬᠤ ᠬᠤᠪᠢᠶᠠᠷᠢ ᠬᠣᠷᠢᠶ᠎ᠠ ᠳᠤ ᠶᠠᠪᠤᠭᠳᠠᠪᠠ ᠃ ᠪᠦᠬᠦ ᠣᠷᠣᠨ ᠤ ᠭᠤᠷᠪᠠᠨ ᠱᠠᠲᠤᠨ ᠤ ᠪᠠᠶᠢᠴᠠᠭᠠᠬᠤ ᠬᠣᠷᠢᠶ᠎ᠠ ᠠᠴᠠ ᠢᠷᠡᠭᠰᠡᠨ 75 ᠵᠠᠯᠠᠭᠤ ᠪᠠᠶᠢᠴᠠᠭᠠᠬᠤ ᠺᠠᠳ᠋ᠷ ᠴᠠᠭᠳᠠᠭ᠎ᠠ ᠬᠦᠬᠡᠬᠤᠲᠠᠨ᠎ᠠ ᠴᠤᠭᠯᠠᠷᠠᠵᠤ᠂ 5 ᠡᠳᠦᠷ ᠦᠨ ᠬᠤᠭᠤᠴᠠᠭ᠎ᠠ ᠲᠠᠶ ᠪᠣᠯᠪᠠᠰᠤᠷᠠᠯ ᠬᠦᠷᠲᠡᠪᠡ᠃
ᠥᠪᠡᠷᠲᠡᠭᠡᠨ ᠵᠠᠰᠠᠬᠤ ᠣᠷᠣᠨ ᠤ ᠪᠠᠶᠢᠴᠠᠭᠠᠬᠤ ᠬᠣᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠂ ᠪᠠᠶᠢᠴᠠᠭᠠᠬᠤ ᠳᠠᠷᠤᠭ᠎ᠠ ᠯᠢ ᠴᠢ ᠯᠢᠨ ︽ ᠶᠡᠷᠦᠩᠬᠡᠶ ᠱᠦᠵᠢ ᠰᠢ ᠶᠢᠨ ᠫᠢᠩ ᠦᠨ ᠴᠢᠬᠤᠯᠠ ᠰᠤᠷᠭᠠᠯ ᠦᠭᠡ ᠪᠠ ᠲᠡᠭᠦᠨ ᠦ ᠢᠳᠡᠷ ᠵᠠᠯᠠᠭᠤ ᠺᠠᠳ᠋ᠷᠴᠤᠳ ᠤᠨ ᠪᠣᠯᠪᠠᠰᠤᠷᠠᠯ ᠤᠨ ᠠᠩᠭᠢ ᠳ᠋ᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ ︽ᠬᠠᠸᠯᠢ ᠴᠠᠭᠠᠵᠠ ᠶᠢᠨ ᠬᠢᠨᠠᠯᠲᠠ ᠲᠠᠯᠪᠢᠬᠤ ᠴᠢᠳᠠᠪᠤᠷᠢ ᠶᠢᠨ ᠬᠢᠷᠢ ᠲᠦᠪᠰᠢᠨ ᠢ ᠪᠥᠬᠥ ᠲᠠᠯ ᠠ ᠪᠠᠷ ᠳᠡᠭᠡᠭᠰᠢᠯᠡᠭᠦᠯᠦᠶ᠎ᠡ ︾ ᠭᠡᠬᠦ ᠰᠡᠳᠦᠪ ᠢᠶᠡᠷ ᠲᠤᠰᠬᠠᠶ ᠰᠡᠳᠦᠪᠲᠦ ᠬᠠᠪᠰᠤᠷᠤᠨ ᠵᠢᠯᠣᠭᠣᠳᠬᠤ ᠲᠠᠶᠢᠯᠤᠮᠵᠢ ᠬᠢᠵᠦ᠂ ᠰᠤᠷᠤᠭᠴᠢᠳ ᠲᠠᠢ ᠲᠤᠬᠠᠶ ᠶᠢᠨ ᠲᠠᠯᠠᠪᠠᠶ ᠳᠤ ᠰᠠᠨᠠᠯ ᠢᠶᠠᠨ ᠰᠣᠯᠢᠯᠴᠠᠪᠠ ᠃ ᠥᠪᠡᠷᠲᠡᠭᠡᠨ ᠵᠠᠰᠠᠬᠤ ᠣᠷᠣᠨ ᠤ ᠪᠠᠶᠢᠴᠠᠭᠠᠬᠤ ᠬᠣᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ ᠂ ᠤᠯᠤᠰ ᠲᠥᠷᠥ ᠶᠢᠨ ᠬᠡᠯᠲᠡᠰ ᠦᠨ ᠡᠷᠬᠢᠯᠡᠭᠴᠢ ᠵᠧᠩ ᠵᠢᠶᠠ ᠮᠧᠶ ᠲᠤᠰᠬᠠᠶ ᠰᠡᠳᠦᠪᠲᠦ ᠲᠠᠶᠢᠯᠤᠮᠵᠢ ᠶᠢ ᠡᠷᠭᠢᠯᠡᠪᠡ ᠃
ᠯᠢ ᠴᠢ ᠯᠢᠨ ᠵᠠᠯᠠᠭᠤ ᠺᠠᠳ᠋ᠷ ᠴᠠᠭᠳᠠᠭ᠎ᠠ ᠨᠠᠷ ᠲᠤ ᠨᠠᠮ ᠳᠠᠭᠠᠨ ᠦᠨᠡᠨᠴᠢ ᠰᠢᠳᠤᠷᠭᠤ ᠪᠠᠢᠢᠬᠤ᠂ ᠤᠯᠤᠰ ᠲᠦᠷᠦ ᠶᠢᠨ ᠰᠠᠬᠢᠯᠭ᠎ᠠ ᠪᠠᠲᠤ ᠪᠠ ᠤᠯᠤᠰ ᠲᠦᠷᠦ ᠶᠢᠨ ᠶᠣᠰᠣ ᠲᠦᠷᠢᠮ ᠢ ᠴᠢᠩᠭ᠎ᠠ ᠰᠠᠬᠢᠬᠤ᠂ ᠠᠷᠠᠳ ᠲᠦᠮᠡᠨ ᠳᠦ ᠦᠢᠯᠡᠴᠢᠯᠡᠬᠦ ᠵᠡᠷᠭᠡ ᠲᠠᠯ᠎ᠠ ᠪᠡᠷ ᠱᠠᠭᠠᠷᠳᠠᠯᠭ᠎ᠠ ᠳᠤᠷᠠᠳᠪᠠ᠃
ᠲᠤᠰ ᠤᠳᠠᠭᠠᠨ ᠤ ᠪᠣᠯᠪᠠᠰᠤᠷᠠᠯ ᠤᠨ ᠠᠩᠭᠢ ᠨᠢ《 ᠲᠠᠪᠤᠨ ᠴᠠᠭᠠᠷᠠᠭᠰᠠᠨ 》 《 ᠳᠥᠷᠪᠡᠨ ᠪᠡᠬᠢ ᠪᠠᠢᠬᠤ》 ᠪᠠᠶᠢᠴᠠᠭᠠᠬᠤ ᠡᠩᠨᠡᠭᠡ ᠶᠢ ᠪᠠᠶᠢᠭᠤᠯᠬᠤ ᠱᠠᠭᠠᠷᠳᠠᠯᠭ᠎ᠠ ᠶᠢᠨ ᠲᠣᠭᠣᠷᠢᠨ ᠳᠤ ᠂ ᠡᠮᠦᠨᠡᠬᠢ ᠬᠤᠭᠤᠴᠠᠭᠠᠨ ᠤ ᠪᠣᠯᠪᠠᠰᠤᠷᠠᠯ ᠤᠨ ᠬᠡᠷᠡᠭᠴᠡᠭᠡ ᠱᠠᠭᠠᠷᠳᠠᠯᠭ᠎ᠠ ᠶᠢᠨ ᠪᠠᠶᠢᠴᠠᠭᠠᠨ ᠰᠤᠳᠤᠯᠤᠯᠲᠠ ᠪᠠᠷ ᠳᠠᠮᠵᠢᠭᠤᠯᠤᠨ ᠂ ᠵᠠᠯᠠᠭᠤ ᠺᠠᠳ᠋ᠷ ᠴᠠᠭᠳᠠᠭ᠎ᠠ ᠶᠢᠨ ᠡᠭᠦᠷᠭᠡ ᠲᠤᠰᠢᠶᠠᠯ ᠢᠶᠠᠨ ᠭᠦᠢᠴᠡᠳᠬᠡᠬᠦ ᠪᠠ ᠪᠡᠶ᠎ᠡ ᠰᠡᠳᠬᠢᠯ ᠦᠨ ᠣᠨᠴᠠᠯᠢᠭ ᠲᠠᠶ ᠨᠢᠭᠲᠠ ᠤᠶᠠᠯᠳᠤᠭᠤᠯᠵᠤ ᠂ ᠪᠣᠯᠪᠠᠰᠤᠷᠠᠯ ᠤᠨ ᠬᠢᠴᠢᠶᠡᠯ ᠢ ᠨᠠᠷᠢᠨ ᠨᠢᠮᠪᠠᠶ ᠰᠢᠨᠵᠢᠯᠡᠬᠦ ᠤᠬᠠᠭᠠᠨᠴᠢ ᠪᠠᠷ ᠲᠣᠬᠢᠷᠠᠭᠤᠯᠵᠤ ᠂ ᠰᠢ ᠶᠢᠨ ᠫᠢᠩ ᠦᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠶ ᠨᠡᠶᠢᠭᠡᠮ ᠵᠢᠷᠤᠮ ᠤᠨ ᠦᠵᠡᠯ ᠰᠠᠨᠠᠭᠠᠨ ᠤ ᠲᠠᠶᠢᠯᠤᠮᠵᠢ ᠂ ᠣᠲᠣ ᠦᠶ᠎ᠡ ᠶᠢᠨ ᠪᠠᠶᠢᠴᠠᠭᠠᠬᠤ ᠲᠦᠷᠢᠮ ᠦᠨ ᠣᠶᠢᠯᠠᠭᠠᠭᠳᠠᠬᠤᠨ ᠂ ᠤᠯᠤᠰ ᠤᠨ ᠵᠠᠰᠠᠯᠲᠠ ᠢᠨ ᠰᠢᠰᠲ᠋ᠧᠮ ᠦᠨ ᠣᠳᠣᠬᠢᠴᠢᠯᠠᠯᠲᠠ ᠳᠣᠸᠷᠠᠬᠢ ︽ ᠳᠥᠷᠪᠡᠨ ᠶᠡᠬᠡ ᠪᠠᠶᠢᠴᠠᠭᠠᠬᠤ ︾ ᠵᠢᠨ ᠲᠠᠶᠢᠯᠤᠮᠵᠢ ᠂ ᠶᠠᠯ᠎ᠠ ᠪᠠᠨ ᠮᠡᠳᠡᠷᠡᠵᠦ ᠰᠢᠶᠳᠬᠡᠯ ᠢ ᠬᠦᠯᠢᠶᠡᠭᠰᠡᠳ ᠢ ᠠᠭᠤᠴᠢᠯᠠᠨ ᠰᠢᠳᠬᠡᠬᠦ ᠲᠦᠷᠢᠮ ᠦᠨ ︽ ᠵᠠᠭᠠᠯᠳᠤᠬᠤ ᠂ ᠮᠠᠷᠭᠤᠬᠤ᠂ ᠰᠢᠭᠦᠬᠦ ︾ ᠂ ᠰᠢᠭᠦᠯᠲᠡ ᠳᠦ ᠣᠷᠣᠯᠴᠠᠵᠤ ᠠᠯᠪᠠᠨ ᠵᠠᠭᠠᠯᠳᠤᠯᠭ᠎ᠠ ᠬᠢᠬᠦ ᠴᠢᠳᠠᠪᠤᠷᠢ ᠶᠢ ᠳᠡᠭᠡᠭᠰᠢᠯᠡᠭᠦᠯᠬᠦ ᠂ ᠪᠡᠶ᠎ᠡ ᠮᠠᠬᠠᠪᠣᠳ ᠦᠨ ᠪᠣᠯᠪᠠᠰᠤᠷᠠᠯ ᠪᠠ ᠰᠡᠳᠬᠢᠴᠡ ᠶᠢᠨ ᠬᠡᠪ ᠴᠢᠨᠠᠷ ᠤᠨ ᠪᠠᠶᠢᠭᠤᠯᠤᠯᠲᠠ ᠵᠡᠷᠭᠡ ᠲᠠᠯ᠎ᠠ ᠪᠠᠷ ᠠᠭᠤᠯᠭ᠎ᠠ ᠲᠤᠬᠢᠷᠠᠭᠤᠯᠵᠤ ᠂ ᠣᠯᠠᠨ ᠳᠤ ︽ ᠦᠨᠡᠨ ᠡᠷᠳᠡᠮ ᠪᠦᠷᠢᠳᠦᠭᠰᠡᠨ︾ ᠲᠣᠮᠣ ᠪᠡᠯᠡᠭ ᠬᠦᠷᠭᠡᠵᠡᠢ ᠃ ᠥᠪᠡᠷᠲᠡᠭᠡᠨ ᠵᠠᠰᠠᠬᠤ ᠣᠷᠣᠨ ᠤ ᠪᠠᠶᠢᠴᠠᠭᠠᠬᠤ ᠬᠣᠷᠢᠶᠠᠨ ᠤ ᠳᠡᠳ᠋ ᠪᠠᠶᠢᠴᠠᠭᠠᠬᠤ ᠳᠠᠷᠤᠭ᠎ᠠ ᠵᠧᠩ ᠵᠢᠨ ᠴᠦᠨ ᠂ ᠥᠪᠡᠷᠲᠡᠭᠡᠨ ᠵᠠᠰᠠᠬᠤ ᠣᠷᠣᠨ ᠤ ᠪᠠᠶᠢᠴᠠᠭᠠᠬᠤ ᠬᠣᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ ᠂ ᠰᠠᠬᠢᠯᠭ᠎ᠠ ᠪᠠᠲᠤ ᠬᠢᠨᠠᠨ ᠪᠠᠶᠢᠴᠠᠭᠠᠬᠤ ᠳᠤᠭᠤᠶᠢᠯᠠᠩ ᠤᠨ ᠳᠠᠷᠤᠭ᠎ᠠ ᠰᠦᠶ ᠯᠢ ᠪᠣᠯᠤᠨ ᠪᠦᠬᠦ ᠤᠯᠤᠰ ᠤᠨ ᠨᠡᠷᠡᠲᠦ ᠲᠤᠰᠬᠠᠶ ᠮᠡᠷᠭᠡᠵᠢᠯᠲᠡᠨ ᠂ ᠳᠤᠮᠳᠠᠳᠤ ᠤᠯᠤᠰ ᠤᠨ ᠤᠯᠤᠰ ᠲᠥᠷᠥ ᠬᠠᠸᠯᠢ ᠴᠠᠭᠠᠵᠠ ᠶᠢᠨ ᠶᠡᠬᠡ ᠰᠤᠷᠭᠠᠭᠤᠯᠢ ᠶᠢᠨ ᠳ᠋ᠤᠺᠲ᠋ᠤᠷ ᠤᠨ ᠵᠢᠯᠣᠭᠣᠳᠣᠭᠴᠢ ᠪᠠᠭᠰᠢ ᠱᠢ ᠫᠧᠩ ᠫᠧᠩ ᠂ ᠪᠡᠭᠡᠵᠢᠩ ᠬᠣᠲᠠ ᠶᠢᠨ ᠪᠠᠶᠢᠴᠠᠭᠠᠬᠤ ᠬᠣᠷᠢᠶᠠᠨ ᠤ ᠭᠤᠷᠪᠠᠳᠤᠭᠠᠷ ᠬᠤᠪᠢᠶᠠᠷᠢ ᠬᠣᠷᠢᠶᠠᠨ ᠤ ᠭᠤᠷᠪᠠᠳᠤᠭᠠᠷ ᠪᠠᠶᠢᠴᠠᠭᠠᠬᠤ ᠲᠠᠰᠤᠭ ᠤᠨ ᠡᠷᠬᠢᠯᠡᠭᠴᠢ ᠯᠢ ᠺᠠᠶ ᠂ ᠤᠯᠤᠰ ᠤᠨ ᠪᠠᠶᠢᠴᠠᠭᠠᠬᠤ ᠲᠤᠰᠢᠶᠠᠯᠲᠠᠨ ᠤ ᠳᠡᠭᠡᠳᠦ ᠰᠤᠷᠭᠠᠭᠤᠯᠢ ᠶᠢᠨ ᠪᠣᠯᠪᠠᠰᠤᠷᠠᠯ ᠤᠨ ᠬᠡᠯᠲᠡᠰ ᠦᠨ ᠳᠠᠷᠤᠭ᠎ᠠ ᠶᠠᠩ ᠷᠦᠩ ᠨᠠᠷ ᠤᠯᠠᠨ ᠳᠤ ᠬᠢᠴᠢᠶᠡᠯ ᠤᠷᠤᠪᠠ᠃ ᠲᠤᠰ ᠤᠳᠠᠭᠠᠨ ᠤ ᠪᠤᠯᠪᠠᠰᠤᠷᠠᠯ ᠨᠢ《 ᠵᠢᠭᠠᠨ ᠰᠤᠷᠭᠠᠬᠤ ᠂ ᠰᠤᠷᠤᠯᠴᠠᠬᠤ ᠂ ᠪᠣᠯᠪᠠᠰᠤᠷᠠᠭᠤᠯᠬᠤ ᠂ ᠶᠠᠷᠢᠯᠴᠠᠬᠤ 》 ᠶᠢ ᠨᠢᠭᠡ ᠴᠣᠭᠴᠠᠵᠢᠭᠤᠯᠤᠭᠰᠠᠨ ᠪᠤᠯᠪᠠᠰᠤᠷᠠᠯ ᠤᠨ ᠠᠷᠭ᠎ᠠ ᠮᠠᠶ᠋ᠢᠭ ᠢᠶᠠᠷ ᠳᠠᠮᠵᠢᠭᠤᠯᠤᠨ ᠂ ᠪᠤᠯᠪᠠᠰᠤᠷᠠᠯ ᠤᠨ ᠪᠣᠳᠠᠲᠤ ᠦᠷ᠎ᠡ ᠪᠦᠲᠦᠮᠵᠢ ᠶᠢ ᠬᠦᠴᠦᠯᠡᠨ ᠳᠡᠭᠡᠭᠰᠢᠯᠡᠭᠦᠯᠪᠡ᠃
ᠡᠭᠦᠨ ᠦ ᠬᠠᠮᠲᠤ ᠂ ᠲᠤᠰ ᠤᠳᠠᠭᠠᠨ ᠤ ᠪᠤᠯᠪᠠᠰᠤᠷᠠᠯ ᠨᠢ ᠬᠢᠵᠢᠭ ᠦᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠪᠦᠬᠦ ᠬᠦᠴᠦᠨ ᠢᠶᠡᠷ ᠢᠶᠡᠨ ᠰᠠᠶᠢᠲᠤᠷ ᠬᠢᠵᠦ ᠂ ᠪᠤᠯᠪᠠᠰᠤᠷᠠᠯ ᠤᠨ ᠠᠮᠤᠷ ᠲᠦᠪᠰᠢᠨ ᠢ ᠦᠨᠡᠨᠬᠦ ᠪᠠᠲᠤᠯᠠᠪᠠ᠃