ᠲᠡᠷᠢᠭᠦᠨ ᠨᠢᠭᠤᠷ  -  ᠪᠠᠶᠢᠴᠠᠭᠠᠬᠤ ᠬᠥᠳᠡᠯᠦᠯ ᠪᠠᠶᠢᠳᠠᠯ

ᠠᠷᠤ ᠬᠤᠷᠴᠢᠨ ᠬᠤᠰᠢᠭᠤᠨ ᠤ ᠬᠦᠳᠡᠭᠡ ᠲᠤᠰᠬᠤᠨ ᠤ ᠦᠨᠳᠦᠰᠦᠨ ᠱᠠᠳᠤᠨ ᠤ ᠵᠤᠬᠢᠶᠠᠨ‌‍ᠪᠠᠶᠢᠭᠤᠯᠤᠯᠳᠠ ᠶᠢᠨ ᠬᠦᠮᠦᠰ ᠤᠨ ᠲᠤᠰᠢᠶᠠᠯ ᠤᠨ ᠶᠠᠯᠠᠲᠦ ᠬᠡᠷᠡᠭ ᠤᠨ ᠲᠤᠭ᠎ᠠ ᠨᠡᠮᠡᠭᠳᠡᠬᠦ ᠢᠯᠡᠷᠡᠯ ᠲᠠᠢ

2015-11-25 16:57:28
ᠵᠣᠬᠢᠶᠠᠭᠴᠢ

        2013 ᠤᠨ ᠠᠴᠠ 2015 ᠤᠨ ᠤ 5 ᠰᠠᠷ᠎ᠠ ᠪᠤᠯᠳᠠᠯ᠎ᠠ᠂ ᠠᠷᠤ ᠬᠤᠷᠴᠢᠨ ᠬᠤᠰᠢᠭᠤᠨ ᠤ ᠠᠷᠠᠳ ᠤᠨ ᠪᠠᠶᠢᠴᠠᠭᠠᠬᠤ ᠬᠤᠷᠢᠶ᠎ᠠ ᠱᠠᠮᠰᠢᠵᠤ ᠬᠡᠬᠡᠯᠢ ᠬᠠᠭ᠋ᠤᠤᠯᠢ ᠢᠳᠡᠭᠰᠡᠨ ᠲᠤᠰᠢᠶᠠᠯ ᠤᠨ ᠶᠠᠯᠠᠲᠦ ᠬᠡᠷᠡᠭ 14 ᠬᠡᠷᠡᠭ 33 ᠬᠦᠮᠦᠨ ᠢ ᠪᠠᠶᠢᠴᠠᠭᠠᠨ ᠰᠢᠳᠭᠡᠪᠡ᠃ ᠡᠭᠦᠨ ᠳᠤ᠂ ᠬᠦᠳᠡᠭᠡ ᠲᠤᠰᠬᠤᠨ ᠤ ᠦᠨᠳᠦᠰᠦᠨ ᠱᠠᠳᠤᠨ ᠤ ᠵᠤᠬᠢᠶᠠᠨ ᠪᠠᠶᠢᠭᠤᠯᠤᠯᠳᠠ ᠶᠢᠨ ᠬᠦᠮᠦᠨ ᠲᠠᠢ ᠬᠤᠯᠪᠤᠬᠳᠠᠬᠰᠠᠨ ᠶᠠᠯᠠᠳᠤ ᠬᠡᠷᠡᠭ 9 ᠪᠠᠶᠢᠵᠤ᠂26 ᠬᠦᠮᠦᠨ ᠲᠠᠢ ᠬᠤᠯᠪᠤᠬᠳᠠᠵᠤ᠂ ᠲᠤᠰᠪᠤᠷᠢ ᠪᠦᠬᠦ ᠶᠠᠯᠠᠳᠤ ᠬᠡᠷᠡᠭ ᠪᠤᠯᠤᠨ ᠶᠠᠯ᠎ᠠ ᠬᠢᠭᠰᠡᠨ ᠬᠦᠮᠦᠨ ᠤ 64.3% ᠪᠠ 78.8% ᠢ ᠡᠵᠡᠯᠡᠨ᠎ᠠ᠃
        2013 ᠤᠨ ᠳᠤ᠂ ᠠᠷᠤ ᠬᠤᠷᠴᠢᠨ ᠬᠤᠰᠢᠭᠤᠨ ᠤ ᠠᠷᠠᠳ ᠤᠨ ᠪᠠᠶᠢᠴᠠᠭᠠᠬᠤ ᠬᠤᠷᠢᠶ᠎ᠠ ᠱᠠᠮᠰᠢᠵᠤ ᠬᠡᠬᠡᠯᠢ ᠬᠠᠭ᠋ᠤᠤᠯᠢ ᠢᠳᠡᠭᠰᠡᠨ ᠲᠤᠰᠢᠶᠠᠯ ᠤᠨ ᠶᠠᠯᠠᠲᠦ ᠬᠡᠷᠡᠭ 4 ᠬᠡᠷᠡᠭ 9 ᠬᠦᠮᠦᠨ ᠢ ᠰᠢᠳᠭᠡᠵᠤ᠂ ᠡᠭᠦᠨ ᠳᠤ᠂ ᠬᠦᠳᠡᠭᠡ ᠲᠤᠰᠬᠤᠨ ᠤ ᠦᠨᠳᠦᠰᠦᠨ ᠱᠠᠳᠤᠨ ᠤ ᠵᠤᠬᠢᠶᠠᠨ ᠪᠠᠶᠢᠭᠤᠯᠤᠯᠳᠠ ᠶᠢᠨ ᠬᠦᠮᠦᠨ ᠲᠠᠢ ᠬᠤᠯᠪᠤᠬᠳᠠᠬᠰᠠᠨ ᠶᠠᠯᠠᠳᠤ ᠬᠡᠷᠡᠭ 3 ᠪᠠᠶᠢᠵᠤ᠂ 6 ᠬᠦᠮᠦᠨ ᠲᠠᠢ ᠬᠤᠯᠪᠤᠬᠳᠠᠵᠤ᠂ ᠲᠤᠰᠪᠤᠷᠢ ᠪᠦᠬᠦ ᠶᠠᠯᠠᠳᠤ ᠬᠡᠷᠡᠭ ᠪᠤᠯᠤᠨ ᠶᠠᠯ᠎ᠠ ᠬᠢᠭᠰᠡᠨ ᠬᠦᠮᠦᠨ ᠤ 75% ᠪᠠ 66.7% ᠢ ᠡᠵᠡᠯᠡᠵᠤ᠂ ᠲᠤᠮᠤ ᠬᠡᠷᠡᠭ 1 ᠪᠠᠶᠢᠵᠤ 4 ᠬᠦᠮᠦᠨ ᠲᠠᠢ ᠬᠤᠯᠪᠤᠬᠳᠠᠵᠤ᠂ 66.7% ᠢ ᠡᠵᠡᠯᠡᠨ᠂ ᠶᠠᠯ᠎ᠠ ᠲᠠᠢ ᠪᠠᠶᠢᠬᠤ ᠰᠢᠭᠦᠨ ᠲᠠᠰᠤᠯᠤᠯᠲᠠ ᠶᠢᠨ ᠨᠤᠷᠮ᠎ᠠ100% ᠬᠦᠷᠪᠡ᠃

        2014 ᠤᠨ ᠳᠤ᠂ ᠠᠷᠤ ᠬᠤᠷᠴᠢᠨ ᠬᠤᠰᠢᠭᠤᠨ ᠤ ᠠᠷᠠᠳ ᠤᠨ ᠪᠠᠶᠢᠴᠠᠭᠠᠬᠤ ᠬᠤᠷᠢᠶ᠎ᠠ ᠱᠠᠮᠰᠢᠵᠤ ᠬᠡᠬᠡᠯᠢ ᠬᠠᠭ᠋ᠤᠤᠯᠢ ᠢᠳᠡᠭᠰᠡᠨ ᠲᠤᠰᠢᠶᠠᠯ ᠢᠶᠠᠨ ᠠᠰᠢᠬᠯᠠᠬᠰᠠᠨ6 ᠶᠠᠯᠠᠳᠤ ᠬᠡᠷᠡᠭ11 ᠬᠦᠮᠦᠨ ᠢ ᠰᠢᠳᠭᠡᠵᠤ᠂ ᠡᠭᠦᠨ ᠳᠤ᠂ ᠬᠦᠳᠡᠭᠡ ᠲᠤᠰᠬᠤᠨ ᠤ ᠦᠨᠳᠦᠰᠦᠨ ᠱᠠᠳᠤᠨ ᠤ ᠵᠤᠬᠢᠶᠠᠨ ᠪᠠᠶᠢᠭᠤᠯᠤᠯᠳᠠ ᠶᠢᠨ ᠬᠦᠮᠦᠨ ᠲᠠᠢ ᠬᠤᠯᠪᠤᠬᠳᠠᠬᠰᠠᠨ ᠶᠠᠯᠠᠳᠤ ᠬᠡᠷᠡᠭ 2 ᠪᠠᠶᠢᠵᠤ᠂ 7 ᠬᠦᠮᠦᠨ ᠲᠠᠢ ᠬᠤᠯᠪᠤᠬᠳᠠᠵᠤ᠂ ᠲᠤᠰᠪᠤᠷᠢ ᠪᠦᠬᠦ ᠶᠠᠯᠠᠳᠤ ᠬᠡᠷᠡᠭ ᠪᠤᠯᠤᠨ ᠶᠠᠯ᠎ᠠ ᠬᠢᠭᠰᠡᠨ ᠬᠦᠮᠦᠨ ᠤ 33.3% ᠪᠠ 63.6% ᠢ ᠡᠵᠡᠯᠡᠵᠤ᠂ 2013 ᠤᠨ ᠲᠠᠢ ᠠᠳᠠᠯᠢᠳᠬᠠᠪᠠᠯ᠂ 41.7% ᠪᠤᠯᠤᠨ 3.1% ᠢᠶᠠᠷ ᠲᠤᠷᠤᠬᠰᠢᠯᠠᠵᠤ᠂ ᠲᠤᠮᠤ ᠬᠡᠷᠡᠭ 1 ᠪᠠᠶᠢᠵᠤ 3 ᠬᠦᠮᠦᠨ ᠲᠠᠢ ᠬᠤᠯᠪᠤᠬᠳᠠᠵᠤ᠂ 42.9% ᠢ ᠡᠵᠡᠯᠡᠨ᠂ ᠠᠳᠠᠯᠢ ᠬᠤᠭᠤᠴᠠᠭ᠎ᠠ ᠲᠠᠢ ᠠᠳᠠᠯᠢᠳᠬᠠᠪᠠᠯ 23.8% ᠢᠶᠠᠷ ᠲᠤᠷᠤᠬᠰᠢᠯᠠᠵᠤ᠂ ᠶᠠᠯ᠎ᠠ ᠲᠠᠢ ᠪᠠᠶᠢᠬᠤ ᠰᠢᠭᠦᠨ ᠲᠠᠰᠤᠯᠤᠯᠲᠠ ᠶᠢᠨ ᠨᠤᠷᠮ᠎ᠠ100% ᠬᠦᠷᠪᠡ᠃                                          
       2015 ᠤᠨ ᠤ1 ᠰᠠᠷ᠎ᠠ ᠠᠴᠠ 5 ᠰᠠᠷ᠎ᠠ ᠪᠤᠯᠳᠠᠯ᠎ᠠ᠂ ᠠᠷᠤ ᠬᠤᠷᠴᠢᠨ ᠬᠤᠰᠢᠭᠤᠨ ᠤ ᠠᠷᠠᠳ ᠤᠨ ᠪᠠᠶᠢᠴᠠᠭᠠᠬᠤ ᠬᠤᠷᠢᠶ᠎ᠠ ᠱᠠᠮᠰᠢᠵᠤ ᠬᠡᠬᠡᠯᠢ ᠬᠠᠭ᠋ᠤᠤᠯᠢ ᠢᠳᠡᠭᠰᠡᠨ ᠲᠤᠰᠢᠶᠠᠯ ᠤᠨ ᠶᠠᠯᠠᠲᠦ ᠬᠡᠷᠡᠭ 4 ᠬᠡᠷᠡᠭ 13 ᠬᠦᠮᠦᠨ ᠢ ᠰᠢᠳᠭᠡᠵᠤ᠂ ᠪᠦᠬᠦᠨ ᠢᠶᠠᠷ ᠢᠶᠠᠨ ᠬᠦᠳᠡᠭᠡ ᠲᠤᠰᠬᠤᠨ ᠤ ᠦᠨᠳᠦᠰᠦᠨ ᠱᠠᠳᠤᠨ ᠤ ᠵᠤᠬᠢᠶᠠᠨ ᠪᠠᠶᠢᠭᠤᠯᠤᠯᠳᠠ ᠶᠢᠨ ᠬᠦᠮᠦᠨ ᠲᠠᠢ ᠬᠤᠯᠪᠤᠬᠳᠠᠬᠰᠠᠨ ᠶᠠᠯᠠᠳᠤ ᠬᠡᠷᠡᠭ ᠪᠠᠶᠢᠵᠤ᠂ 2014 ᠤᠨ ᠲᠠᠢ ᠠᠳᠠᠯᠢᠳᠬᠠᠪᠠᠯ᠂ ᠪᠦᠬᠦ ᠶᠠᠯᠠᠳᠤ ᠬᠡᠷᠡᠭ ᠪᠤᠯᠤᠨ ᠶᠠᠯ᠎ᠠ ᠬᠢᠭᠰᠡᠨ ᠬᠦᠮᠦᠨ ᠨᠢ ᠲᠤᠰᠪᠤᠷᠢ 66.7% ᠪᠤᠯᠤᠨ 36.4% ᠢᠶᠠᠷ ᠨᠡᠮᠡᠭᠳᠡᠵᠤ᠂ ᠲᠤᠮᠤ ᠬᠡᠷᠡᠭ 3 ᠪᠠᠶᠢᠵᠤ 12 ᠬᠦᠮᠦᠨ ᠲᠠᠢ ᠬᠤᠯᠪᠤᠬᠳᠠᠵᠤ᠂ 92.3% ᠢ ᠡᠵᠡᠯᠡᠨ᠂ ᠠᠳᠠᠯᠢ ᠬᠤᠭᠤᠴᠠᠭ᠎ᠠ ᠲᠠᠢ ᠠᠳᠠᠯᠢᠳᠬᠠᠪᠠᠯ 49.4% ᠢᠶᠠᠷ ᠨᠡᠮᠡᠭᠳᠡᠪᠡ᠃ ᠤᠶᠢᠷ᠎ᠠ ᠶᠢᠨ ᠭᠤᠷᠪᠠᠨ ᠵᠢᠯ ᠳᠤ ᠬᠦᠳᠡᠭᠡ ᠲᠤᠰᠬᠤᠨ ᠤ ᠦᠨᠳᠦᠰᠦᠨ ᠱᠠᠳᠤᠨ ᠤ ᠵᠤᠬᠢᠶᠠᠨ ᠪᠠᠶᠢᠭᠤᠯᠤᠯᠳᠠ ᠶᠢᠨ ᠬᠦᠮᠤᠰ ᠤᠨ ᠶᠠᠯᠠᠳᠤ ᠬᠡᠷᠡᠭ ᠤᠨ ᠲᠤᠭ᠎ᠠ ᠨᠡᠮᠡᠭᠳᠡᠵᠤ ᠪᠠᠭᠤᠷᠠᠨ ᠲᠤᠬᠳᠠᠪᠤᠷᠢ ᠦᠭᠡᠢ ᠪᠤᠯᠪᠠᠴᠤ ᠪᠠᠶᠢᠴᠠᠭᠠᠨ ᠰᠢᠳᠭᠡᠭᠰᠡᠨ ᠬᠦᠮᠦᠨ ᠤ ᠲᠤᠭ᠎ᠠ ᠬᠠᠷᠢᠨ ᠨᠡᠮᠡᠭᠳᠡᠬᠦ ᠬᠠᠨᠳᠤᠰᠢ ᠢᠯᠡᠷᠡᠨ᠂ ᠬᠠᠮᠳᠤ ᠪᠠᠷ ᠶᠠᠯᠠᠳᠤ ᠬᠡᠷᠡᠭ ᠬᠢᠬᠦ᠂ ᠨᠢᠭᠤᠨ ᠲᠠᠯᠳᠠᠯᠠᠬᠤ᠂ ᠰᠦᠯᠪᠡᠭᠡᠯᠳᠦᠨ ᠬᠡᠷᠡᠭ ᠬᠢᠬᠦ ᠵᠡᠷᠭᠡ ᠦᠵᠡᠭᠳᠡᠯ ᠲᠤᠪᠤᠶᠢᠮ᠎ᠠ ᠪᠤᠯᠵᠤ᠂ ᠬᠦᠨᠳᠤ ᠶᠡᠭᠡ ᠬᠡᠷᠡᠭ ᠤᠯᠠᠨ ᠡᠭᠦᠰᠴᠤ ᠪᠠᠶᠢᠨ᠎ᠠ᠃

ᠢᠷᠡᠯᠲᠡ
ᠠᠷᠤ ᠬᠤᠷᠴᠢᠨ ᠬᠤᠰᠢᠭᠤᠨ ᠤ ᠪᠠᠶᠢᠴᠠᠭᠠᠬᠤ ᠬᠤᠷᠢᠶ᠎ᠠ ᠶᠢᠨ ᠬᠠᠩᠭᠠᠭᠰᠠᠨ ᠮᠡᠲᠸ᠋ᠷᠢᠶᠠᠯ ᠠᠴᠠ ᠡᠮᠬᠢᠯᠡᠪᠡ
2014-2022 © ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠴᠠᠭᠠᠬᠤ ᠬᠣᠷᠢᠶ᠎ᠠ ᠥᠮᠴᠢᠯᠡᠯ ᠦᠨ ᠡᠷᠬᠡ ᠲᠠᠢ ᠵᠣᠬᠢᠶᠠᠯ ᠪᠦᠲᠦᠭᠡᠯ ᠦᠨ ᠡᠷᠬᠡ ᠶ᠋ᠢ ᠬᠠᠤᠯᠢ ᠪᠠᠷ ᠬᠠᠮᠠᠭᠠᠯᠠᠭᠰᠠᠨ ᠂ ᠵᠥᠪᠰᠢᠶᠡᠷᠡᠯ ᠦᠭᠡᠢ ᠪᠡᠷ ᠬᠠᠭᠤᠯᠪᠤᠷᠢᠯᠠᠬᠤ ᠶ᠋ᠢ ᠡᠷᠡᠰ ᠬᠣᠷᠢᠭᠯᠠᠨ᠎ᠠ ᠬᠠᠷᠢᠯᠴᠠᠬᠤ ᠤᠲᠠᠰᠤ ᠄ 0471-4628760 ᠢᠮᠧᠯ ᠄ eerhe@nm.pro