ᠪᠠᠭᠠᠷᠢᠨ ᠪᠠᠷᠠᠭᠤᠨ ᠬᠤᠰᠢᠭᠤᠨ ᠤ ᠠᠷᠠᠳ ᠤᠨ ᠪᠠᠶᠢᠴᠠᠭᠠᠬᠤ ᠬᠤᠷᠢᠶᠠᠠᠷᠪᠠᠨ ᠳᠤᠯᠤᠳᠤᠭᠠᠷ ᠤᠳᠠᠭᠠᠨ ᠤ ︽ᠢᠯᠡᠴᠢᠯᠡᠨ ᠵᠠᠭᠠᠯᠳᠤᠬᠤ ᠤᠬᠠᠭᠤᠯᠭ᠎ᠠ ᠶᠢᠨ ᠭᠠᠷᠠᠭ︾ ᠤᠨ ᠠᠵᠢᠯᠯᠠᠭᠠᠨ ᠢ ᠢᠳᠡᠪᠬᠢᠲᠠᠢ ᠦᠷᠨᠢᠭᠦᠯᠵᠡᠢ
6 ᠰᠠᠷ᠎ᠠ ᠶᠢᠨ 23 ᠠᠴᠠ 26 ᠤ ᠡᠳᠦᠷ ᠪᠤᠯᠲᠠᠯ᠎ᠠ᠂ ᠪᠠᠭᠠᠷᠢᠨ ᠪᠠᠷᠠᠭᠤᠨ ᠬᠤᠰᠢᠭᠤᠨ ᠤ ᠪᠠᠶᠢᠴᠠᠭᠠᠬᠤ ᠬᠤᠷᠢᠶ᠎ᠠ ᠨᠢ ︽ᠢᠯᠡᠴᠢᠯᠡᠨ ᠵᠠᠭᠠᠯᠳᠤᠬᠤ ᠲᠤᠭᠲᠠᠭᠠᠯ ᠢ ᠨᠠᠶᠢᠳᠠᠪᠤᠷᠢᠵᠢᠭᠤᠯᠵᠦ᠂ ᠢᠯᠵᠡᠷᠡᠯ ᠢ ᠡᠰᠡᠷᠭᠦᠴᠡᠨ᠂ ᠠᠷᠢᠭᠤᠨ ᠴᠢᠭᠡᠴᠢ ᠶᠢ ᠡᠷᠬᠢᠮᠯᠡᠬᠦ ᠪᠠ ᠬᠠᠤᠯᠢ ᠬᠡᠷᠡᠭᠵᠢᠭᠦᠯᠬᠦ ᠶᠢ ᠳᠦᠷᠢᠮᠵᠢᠭᠦᠯᠬᠦ ᠶᠢ ᠲᠦᠯᠬᠢᠨ ᠠᠬᠢᠭᠤᠯᠬᠤ︾ ᠪᠠᠷ ᠭᠤᠤᠯ ᠰᠡᠳᠦᠪ ᠪᠤᠯᠭᠠᠭᠰᠡᠨ ᠪᠦᠬᠦ ᠤᠯᠤᠰ ᠤᠨ ᠪᠠᠶᠢᠴᠠᠭᠠᠬᠤ ᠪᠠᠶᠢᠭᠤᠯᠭ᠎ᠠ ᠶᠢᠨ ᠠᠷᠪᠠᠨ ᠳᠤᠯᠤᠳᠤᠭᠠᠷ ᠤᠳᠠᠭᠠᠨ ᠤ ︽ᠢᠯᠡᠴᠢᠯᠡᠨ ᠵᠠᠭᠠᠯᠳᠤᠬᠤ ᠤᠬᠠᠭᠤᠯᠭ᠎ᠠ ᠶᠢᠨ ᠭᠠᠷᠠᠭ︾ ᠤᠨ ᠠᠵᠢᠯᠯᠠᠭᠠᠨ ᠢ ᠦᠷᠨᠢᠭᠦᠯᠵᠦ᠂ ᠵᠤᠬᠢᠶᠠᠨ ᠪᠠᠶᠢᠭᠤᠯᠤᠯᠲᠠ᠂ ᠬᠦᠮᠦᠨ ᠤ ᠬᠦᠴᠦᠨ᠂ ᠠᠷᠭ᠎ᠠ ᠪᠤᠳᠤᠯᠭ᠎ᠠ᠂ ᠠᠵᠢᠯ ᠤᠨ ᠪᠠᠳᠤᠯᠠᠭ᠎ᠠ ᠵᠡᠷᠭᠡ ᠲᠦᠷᠪᠡᠨ ᠲᠠᠯ᠎ᠠ ᠶᠢ ᠬᠦᠢᠴᠡᠳ ᠪᠠᠳᠤᠯᠠᠵᠦ᠂ ᠢᠯᠭᠤᠮ ᠠᠮᠵᠢᠯᠲᠠ ᠤᠯᠤᠭᠰᠡᠨ ᠪᠠᠶᠢᠨ᠎ᠠ᠃
ᠨᠢᠭᠡ ᠳᠤ᠂ ᠵᠤᠬᠢᠶᠠᠨ ᠪᠠᠶᠢᠭᠤᠯᠤᠯᠲᠠ ᠶᠢᠨ ᠲᠠᠯ᠎ᠠ ᠠᠴᠠ ᠠᠵᠢᠯ ᠢᠶᠠᠨ ᠨᠠᠶᠢᠳᠠᠪᠤᠷᠢᠵᠢᠭᠤᠯᠵᠡᠢ᠃ ᠬᠤᠷᠢᠶᠠᠨ ᠤ ᠨᠠᠮ ᠤᠨ ᠲᠤᠭᠤᠶᠢᠯᠠᠩ ᠠᠴᠠ ᠲᠤᠰᠬᠠᠢ ᠬᠤᠷᠠᠯ ᠬᠤᠷᠠᠯᠳᠤᠵᠦ᠂ ︽ᠪᠠᠭᠠᠷᠢᠨ ᠪᠠᠷᠠᠭᠤᠨ ᠬᠤᠰᠢᠭᠤᠨ ᠤ ᠠᠷᠠᠳ ᠤᠨ ᠪᠠᠶᠢᠴᠠᠭᠠᠬᠤ ᠬᠤᠷᠢᠶ᠎ᠠ ᠶᠢᠨ 2015 ᠤᠨ ᠤ ︿ᠢᠯᠡᠴᠢᠯᠡᠨ ᠵᠠᠭᠠᠯᠳᠤᠬᠤ ᠤᠬᠠᠭᠤᠯᠭ᠎ᠠ ᠶᠢᠨ ᠭᠠᠷᠠᠭ﹀ ᠤᠨ ᠠᠵᠢᠯᠯᠠᠭᠠᠨ ᠢ ᠬᠡᠷᠡᠭᠵᠢᠭᠦᠯᠬᠦ ᠲᠦᠰᠦᠯ︾ ᠢ ᠲᠤᠭᠲᠠᠭᠠᠵᠦ᠂ ᠠᠵᠢᠯᠯᠠᠭᠠᠨ ᠤ ᠭᠤᠤᠯ ᠰᠡᠳᠦᠪ᠂ ᠠᠭᠤᠯᠭ᠎ᠠ᠂ ᠬᠡᠯᠪᠡᠷᠢ᠂ ᠵᠤᠬᠢᠶᠠᠨ ᠪᠠᠶᠢᠭᠤᠯᠤᠯᠲᠠ ᠪᠠ ᠴᠠᠭ ᠬᠤᠭᠤᠴᠠᠭ᠎ᠠ ᠵᠡᠷᠭᠡ ᠶᠢ ᠪᠤᠲᠠᠳᠠᠶᠢᠵᠢᠭᠤᠯᠵᠡᠢ᠃ ᠬᠠᠤᠯᠢ ᠬᠡᠷᠡᠭᠵᠢᠭᠦᠯᠬᠦ ᠦᠢᠯᠡ ᠠᠵᠢᠯᠯᠠᠭ᠎ᠠ ᠶᠢ ᠲᠦᠷᠢᠮᠵᠢᠭᠦᠯᠬᠦ ᠲᠤᠰᠬᠠᠢ ᠦᠭᠡᠷᠡᠴᠢᠯᠡᠨ ᠵᠠᠰᠠᠬᠤ ᠠᠵᠢᠯ ᠲᠠᠢ ᠤᠷᠭᠠᠨᠢᠭ ᠤᠶᠠᠯᠳᠤᠭᠤᠯᠵᠤ᠂ ᠠᠭᠤᠯᠭ᠎ᠠ ᠪᠠᠶᠠᠯᠢᠭ᠂ ᠬᠡᠯᠪᠡᠷᠢ ᠠᠮᠢᠳᠤᠯᠢᠭ᠂ ᠤᠯᠠᠨ ᠲᠦᠮᠡᠨ ᠲᠠᠢ ᠦᠢᠷᠠᠳᠤᠭᠰᠡᠨ᠂ ᠲᠦᠷᠢᠮᠵᠢᠯ ᠢ ᠬᠦᠭᠡᠭᠡᠴᠡᠯᠳᠦᠭᠰᠡᠨ᠂ ᠬᠠᠷᠠᠯᠲᠠ ᠵᠤᠷᠢᠯᠲᠠ ᠲᠤᠳᠤ ᠠᠵᠢᠯᠯᠠᠭᠠᠨ ᠤ ᠤᠳᠤᠷᠢᠳᠬᠤ ᠳᠤᠭᠤᠶᠢᠯᠠᠩ ᠢ ᠪᠠᠶᠢᠭᠤᠯᠵᠦ᠂ ︽ᠢᠯᠡᠴᠢᠯᠡᠨ ᠵᠠᠭᠠᠯᠳᠤᠬᠤ ᠤᠬᠠᠭᠤᠯᠭ᠎ᠠ ᠶᠢᠨ ᠭᠠᠷᠠᠭ︾ ᠤᠨ ᠠᠵᠢᠯᠯᠠᠭᠠᠨ ᠢ ᠪᠤᠲᠠᠲᠠᠢ ᠵᠢᠯᠤᠳᠤᠭᠤᠯᠵᠡᠢ᠃
ᠬᠤᠶᠠᠷ ᠲᠤ᠂ ᠬᠦᠮᠦᠨ ᠤ ᠬᠦᠴᠦᠨ ᠢ ᠬᠦᠢᠴᠡᠳ ᠬᠠᠨᠭ᠍ᠭᠠᠵᠠᠢ᠃ ᠬᠡᠭᠡᠯᠢ ᠬᠠᠭ᠋ᠤᠤᠯᠢ ᠢᠳᠡᠵᠤ ᠱᠠᠮᠰᠢᠬᠤ ᠶᠢ ᠡᠰᠡᠷᠭᠦᠴᠡᠬᠦ ᠲᠤᠪᠴᠢᠶ᠎ᠠ᠂ ᠲᠤᠰᠢᠶᠠᠯ ᠢᠶᠠᠨ ᠭᠤᠳᠤᠭᠠᠵᠤ ᠡᠷᠬᠡ ᠳᠤ ᠬᠠᠯᠳᠠᠭᠰᠡᠨ ᠢ ᠡᠰᠡᠷᠭᠦᠴᠡᠬᠦ ᠲᠤᠪᠴᠢᠶ᠎ᠠ᠂ ᠲᠤᠰᠢᠶᠠᠯ ᠢᠶᠠᠨ ᠠᠰᠢᠭᠯᠠᠨ ᠶᠠᠯ᠎ᠠ ᠬᠢᠬᠦ ᠶᠢ ᠤᠷᠢᠳᠴᠢᠯᠠᠨ ᠰᠡᠷᠭᠡᠶᠢᠯᠡᠬᠦ ᠲᠤᠪᠴᠢᠶ᠎ᠠ᠂ ᠢᠯᠡᠴᠢᠯᠡᠨ ᠵᠠᠭᠠᠯᠳᠤᠬᠤ᠂ ᠭᠤᠮᠤᠳᠠᠯ ᠵᠠᠭᠠᠯᠳᠤᠯᠭ᠎ᠠ ᠪᠠᠶᠢᠴᠠᠭᠠᠬᠤ ᠰᠠᠯᠠᠭ᠎ᠠ᠂ ᠭᠢᠨᠳᠠᠨ ᠬᠤᠷᠢᠭᠤᠯ ᠪᠠᠶᠢᠴᠠᠭᠠᠬᠤ ᠰᠠᠯᠠᠭ᠎ᠠ᠂ ᠢᠷᠭᠡᠨ ᠤ ᠪᠠ ᠵᠠᠰᠠᠭ ᠵᠠᠬᠢᠷᠭᠠᠨ ᠤ ᠬᠡᠷᠡᠭ ᠪᠠᠶᠢᠴᠠᠭᠠᠬᠤ ᠰᠠᠯᠠᠭ᠎ᠠ᠂ ᠦᠨᠳᠦᠰᠦᠨ ᠱᠠᠳᠤᠨ ᠤ ᠪᠠᠶᠢᠴᠠᠭᠠᠬᠤ ᠲᠠᠰᠤᠭ᠂ ᠬᠢᠨᠠᠨ ᠪᠠᠶᠢᠴᠠᠭᠠᠬᠤ ᠲᠠᠰᠤᠭ ᠵᠡᠷᠭᠡ ᠰᠠᠯᠠᠭ᠎ᠠ ᠲᠠᠰᠤᠭ ᠠᠴᠠ ᠬᠤᠷᠢ ᠭᠠᠷᠤᠢ ᠺᠠᠳ᠋ᠷ ᠴᠠᠭᠳᠠᠭ᠎ᠠ ᠶᠢ ᠵᠤᠬᠢᠶᠠᠨ ᠪᠠᠶᠢᠭᠤᠯᠵᠦ᠂ ᠤᠬᠠᠭᠤᠯᠭ᠎ᠠ ᠶᠢᠨ ᠲᠤᠭᠤᠶᠢᠯᠠᠩ ᠢ ᠪᠦᠷᠢᠯᠳᠦᠭᠦᠯᠵᠦ᠂ ᠬᠤᠰᠢᠭᠤᠨ ᠤ ᠡᠯ᠎ᠡ ᠰᠤᠮᠤ ᠪᠠᠯᠭᠠᠰᠤᠨ ᠳᠤ ᠬᠦᠷᠴᠦ᠂ ᠲᠦᠪᠯᠡᠷᠡᠩᠭᠦᠢ ᠤᠬᠠᠭᠤᠯᠭ᠎ᠠ ᠬᠢᠵᠡᠢ᠃ ᠠᠯᠪᠠᠨ ᠭᠡᠷ᠂ ᠬᠠᠤᠯᠢ ᠶᠢᠨ ᠴᠠᠭᠳᠠᠭ᠎ᠠ ᠶᠢᠨ ᠠᠩᠬᠢ ᠶᠢᠨ 8 ᠺᠠᠳ᠋ᠷ ᠴᠠᠭᠳᠠᠭ᠎ᠠ ᠠᠷᠦ ᠲᠠᠯ᠎ᠠ ᠶᠢᠨ ᠠᠵᠢᠯ ᠪᠠ ᠠᠮᠦᠷ ᠲᠦᠪᠰᠢᠨ ᠤ ᠳᠤᠭᠤᠶᠢᠯᠠᠩ ᠤᠨ ᠭᠡᠰᠢᠭᠦᠨ ᠪᠤᠯᠵᠦ᠂ ᠠᠷᠦ ᠲᠠᠯ᠎ᠠ ᠶᠢᠨ ᠤᠬᠠᠭᠤᠯᠭ᠎ᠠ ᠶᠢᠨ ᠠᠵᠢᠯ ᠳᠤ ᠪᠠᠳᠤᠯᠠᠭ᠎ᠠ ᠬᠠᠨᠭ᠍ᠭᠠᠵᠡᠢ᠃ ᠤᠯᠤᠰ ᠲᠦᠷᠦ ᠶᠢᠨ ᠠᠵᠢᠯ ᠤᠨ ᠰᠠᠯᠠᠭ᠎ᠠ᠂ ᠮᠡᠷᠭᠡᠵᠢᠯ ᠤᠨ ᠰᠠᠯᠠᠭ᠎ᠠ ᠶᠢᠨ 3 ᠴᠠᠭᠳᠠᠭ᠎ᠠ ᠠᠵᠢᠯᠯᠠᠭᠠᠨ ᠤ ᠤᠬᠠᠭᠤᠯᠭ᠎ᠠ ᠮᠡᠳᠡᠭᠡᠯᠡᠯ ᠤᠨ ᠠᠵᠢᠯ ᠢ ᠬᠠᠷᠢᠭᠤᠴᠠᠵᠦ᠂ ᠲᠤᠰᠢᠶᠠᠯ ᠢᠶᠠᠨ ᠠᠰᠢᠭᠯᠠᠨ ᠶᠠᠯ᠎ᠠ ᠬᠢᠬᠦ ᠵᠢᠤᠷᠢᠳᠴᠢᠯᠠᠨ ᠰᠡᠷᠭᠡᠶᠢᠯᠡᠬᠦ ᠲᠤᠪᠴᠢᠶ᠎ᠠ ᠵᠡᠷᠭᠡ ᠶᠢᠨ 4 ᠴᠠᠭᠳᠠᠭ᠎ᠠ ᠰᠡᠷᠡᠮᠵᠢᠭᠦᠯᠦᠯ ᠤᠨ ᠰᠤᠷᠭᠠᠨ ᠬᠦᠮᠦᠵᠢᠯ ᠤᠨ ᠠᠵᠢᠯ ᠢ ᠬᠠᠷᠢᠭᠤᠴᠠᠵᠦ᠂ ᠬᠦᠮᠦᠨ ᠤ ᠬᠦᠴᠦᠨ ᠭᠦᠢᠴᠡᠳ ᠮᠦᠷᠲᠡᠭᠡᠨ ᠲᠤᠬᠢᠲᠠᠢ ᠲᠤᠬᠢᠷᠠᠭᠤᠯᠤᠯᠲᠠ ᠬᠢᠭᠰᠡᠨ ᠪᠠᠶᠢᠨ᠎ᠠ᠃
ᠭᠤᠷᠪᠠ ᠳᠤ᠂ ᠠᠷᠭ᠎ᠠ ᠪᠤᠳᠤᠯᠭ᠎ᠠ ᠪᠠᠨ ᠪᠤᠲᠠᠲᠠᠢ ᠲᠠᠢ ᠤᠶᠠᠯᠳᠤᠭᠤᠯᠵᠦ᠂ ᠤᠬᠠᠭᠤᠯᠭ᠎ᠠ ᠶᠢᠨ ᠦᠨᠡᠨᠬᠦ ᠦᠷ᠎ᠡ ᠠᠰᠢᠭ ᠢ ᠪᠠᠳᠤᠯᠠᠵᠡᠢ᠃ ᠬᠤᠷᠢᠶᠠᠨ ᠤ ᠸᠠᠩ ᠶᠤᠸᠠᠨ ᠴᠢᠩ ᠪᠠᠶᠢᠴᠠᠭᠠᠬᠤ ᠲᠠᠷᠤᠭ᠎ᠠ ᠦᠪᠡᠷ ᠢᠶᠠᠨ ᠺᠠᠳ᠋ᠷ ᠴᠠᠭᠳᠠᠭ᠎ᠠ ᠨᠠᠷ ᠢᠶᠠᠨ ᠳᠠᠶᠢᠴᠢᠯᠠᠨ᠂ ᠳ᠋ᠠᠪᠠᠨ ᠪᠠᠯᠭᠠᠰᠤ᠂ ᠪᠣᠷᠤᠤᠰᠤ ᠪᠠᠯᠭᠠᠰᠤᠨ ᠤ ᠵᠠᠭᠡᠯᠢ ᠭᠤᠳᠤᠮᠵᠢ᠂ ᠵᠠᠬ᠎ᠠ ᠳᠡᠯᠭᠡᠭᠦᠷ ᠲᠤ ᠤᠬᠠᠭᠤᠯᠭ᠎ᠠ ᠶᠢᠨ ᠮᠠᠲᠸ᠋ᠷᠢᠶᠠᠯ ᠲᠠᠷᠬᠠᠭᠠᠵᠤ᠂ ᠤᠬᠠᠭᠤᠯᠭ᠎ᠠ ᠶᠢᠨ ᠬᠦᠨᠳᠡᠯᠡᠨ ᠪᠢᠴᠢᠭᠡᠰᠦ ᠡᠯᠬᠦᠨ᠂ ᠭᠤᠤᠯ ᠰᠡᠲᠦᠪᠲᠦ ᠤᠷᠢᠶ᠎ᠠ ᠲᠤᠷᠠᠳᠴᠤ᠂ ᠲᠤᠰᠢᠶᠠᠯ ᠤᠨ ᠶᠠᠯᠠᠳᠦ ᠬᠡᠷᠡᠭ ᠤᠨ ᠨᠡᠶᠢᠲᠡᠯᠢᠭ ᠵᠢᠱᠢᠶ᠎ᠡ ᠶᠢᠨ ᠦᠵᠡᠭᠦᠯᠭᠡ ᠶᠢ ᠳᠡᠯᠭᠡᠨ ᠦᠵᠡᠭᠦᠯᠬᠦ ᠵᠡᠷᠭᠡ ᠠᠷᠭ᠎ᠠ ᠪᠠᠷᠢᠯ ᠢᠶᠠᠷ ᠤᠬᠠᠭᠤᠯᠭ᠎ᠠ ᠬᠢᠵᠡᠢ᠃ ᠤᠬᠠᠭᠤᠯᠭ᠎ᠠ ᠶᠢᠨ ᠮᠠᠲᠸ᠋ᠷᠢᠶᠠᠯ ᠨᠡᠶᠢᠲᠡ 830 ᠭᠠᠷᠤᠢ ᠬᠤᠪᠢ᠂ ᠤᠬᠠᠭᠤᠯᠭ᠎ᠠ ᠶᠢᠨ ᠭᠠᠷ ᠳᠡᠪᠲᠡᠷ 700 ᠢᠯᠡᠭᠦᠦ ᠬᠤᠪᠢ ᠶᠢ ᠲᠠᠷᠬᠠᠭᠠᠵᠦ᠂ ᠬᠠᠤᠯᠢ ᠴᠠᠭᠠᠵᠠ ᠶᠢᠨ ᠠᠰᠠᠭᠤᠨ ᠯᠠᠪᠯᠠᠯᠲᠠ 15 ᠬᠦᠮᠦᠨ ᠤᠳᠠᠭ᠎ᠠ ᠶᠢ ᠬᠦᠯᠢᠶᠡᠵᠡᠢ᠃ 6 ᠰᠠᠷ᠎ᠠ ᠶᠢᠨ 24 ᠤ ᠡᠳᠦᠷ᠂ ᠬᠤᠰᠢᠭᠤᠨ ᠤ ᠰᠠᠬᠢᠯᠭ᠎ᠠ ᠪᠠᠳᠦ ᠪᠠᠶᠢᠴᠠᠭᠠᠬᠤ ᠬᠤᠷᠢᠶ᠎ᠠ ᠪᠠ ᠡᠮᠡᠭᠳᠠᠶᠢᠴᠤᠳ ᠤᠨ ᠬᠤᠯᠪᠤᠭ᠎ᠠ ᠲᠠᠢ ᠬᠠᠮᠳᠤᠷᠠᠵᠦ᠂ ︽ᠬᠢᠷᠢ ᠲᠡᠩᠴᠡᠭᠰᠡᠨ ᠬᠠᠤᠯᠢ ᠵᠢᠷᠦᠮᠴᠢ ᠭᠡᠷ ᠤᠨ ᠡᠵᠡᠭᠲᠡᠢ ᠪᠤᠯᠵᠤ᠂ ᠬᠢᠷᠢ ᠲᠡᠩᠴᠡᠭᠰᠡᠨ ᠴᠢᠭᠡᠴᠢ ᠵᠢᠷᠦᠮᠯᠡᠭᠴᠢ ᠶᠢᠨ ᠲᠤᠰᠠᠯᠠᠭᠴᠢ ᠪᠤᠯᠬᠤ︾ ᠰᠠᠳᠦᠪ ᠪᠦᠬᠦᠢ ᠭᠡᠷ ᠪᠦᠯᠢ ᠶᠢᠨ ᠴᠢᠭᠡᠴᠢ ᠵᠢᠷᠦᠮ ᠤᠨ ᠲᠤᠰᠠᠯᠠᠮᠵᠢ ᠶᠢᠨ ᠤᠬᠠᠭᠤᠯᠭ᠎ᠠ ᠶᠢᠨ ᠠᠵᠢᠯᠯᠠᠭᠠᠨ ᠢ ᠦᠷᠨᠢᠭᠦᠯᠵᠦ᠂ ᠬᠤᠰᠢᠭᠤᠨ ᠤ ᠰᠠᠯᠠᠭᠠᠨ ᠳᠡᠰ ᠠᠴᠠ ᠳᠡᠭᠡᠭᠰᠢᠬᠢ ᠺᠠᠳ᠋ᠷ ᠤᠨ ᠭᠡᠷ ᠤᠨ ᠬᠦᠮᠦᠨ 105 ᠬᠦᠮᠦᠨ ᠳᠤ ᠰᠡᠷᠡᠮᠵᠢᠭᠦᠯᠦᠯ ᠤᠨ ᠰᠤᠷᠭᠠᠨ ᠬᠦᠮᠦᠵᠢᠯ ᠬᠦᠷᠲᠡᠭᠡᠵᠦ᠂ ᠭᠡᠷ ᠪᠦᠯᠢ ᠶᠢᠨ ᠴᠢᠭᠡᠴᠢ ᠵᠢᠷᠦᠮ ᠤᠨ ᠰᠠᠶᠢᠨ ᠲᠤᠰᠠᠯᠠᠭᠴᠢ ᠪᠤᠯᠬᠤ ᠲᠠᠩᠭᠠᠷᠢᠭ ᠤᠨ ᠪᠢᠴᠢᠭ ᠲᠤ ᠨᠡᠷ᠎ᠡ ᠶᠢ ᠨᠢ ᠳᠡᠮᠳᠡᠭᠯᠡᠬᠦᠯᠵᠦ᠂ ᠴᠢᠭᠡᠴᠢ ᠵᠢᠷᠦᠮᠳᠦ ᠭᠡᠷ ᠪᠦᠯᠢ ᠶᠢ ᠬᠠᠮᠲᠤ ᠪᠠᠨ ᠪᠠᠶᠢᠭᠤᠯᠬᠤ ᠦᠵᠡᠯ ᠤᠬᠠᠮᠰᠠᠷ ᠢ ᠪᠤᠢ ᠪᠤᠯᠭᠠᠵᠠᠢ᠃ 6 ᠰᠠᠷ᠎ᠠ ᠶᠢᠨ 25 ᠤ ᠡᠳᠦᠷ᠂ ᠪᠠᠭᠠᠷᠢᠨ ᠪᠠᠷᠠᠭᠤᠨ ᠬᠤᠰᠢᠭᠤᠨ ᠤ ᠡᠯ᠎ᠡ ᠭᠠᠴᠠᠭ᠎ᠠ ᠲᠤᠰᠬᠤᠨ ᠤ 85 ᠺᠠᠳ᠋ᠷ ᠢ ᠵᠤᠬᠢᠶᠠᠨ ᠪᠠᠶᠢᠭᠤᠯᠤᠨ᠂ ᠬᠤᠷᠢᠶᠠᠨ ᠤ ᠰᠡᠷᠡᠮᠵᠢᠭᠦᠯᠦᠯ ᠤᠨ ᠰᠤᠷᠭᠠᠨ ᠬᠦᠮᠦᠵᠢᠯ ᠤᠨ ᠰᠠᠭᠤᠷᠢᠨ ᠭᠠᠵᠠᠷ ᠢ ᠲᠤᠭᠤᠷᠢᠨ ᠦᠵᠡᠬᠦᠯᠵᠦ᠂ ᠭᠠᠴᠠᠭᠠᠨ ᠵᠦᠪᠯᠡᠯ ᠤᠨ ᠬᠤᠭᠤᠴᠠᠭ᠎ᠠ ᠰᠤᠯᠢᠬᠤ ᠰᠤᠩᠭᠤᠭᠤᠯᠢ ᠶᠢᠨ ᠠᠵᠢᠯ ᠳᠤ ᠴᠢᠭᠯᠡᠬᠦᠯᠦᠨ᠂ ᠲᠤᠰᠬᠠᠢ ᠰᠡᠲᠤᠪᠲᠦ ᠰᠡᠷᠡᠮᠵᠢᠬᠦᠯᠦᠯ ᠤᠨ ᠰᠤᠷᠭᠠᠨ ᠬᠦᠮᠦᠵᠢᠯ ᠪᠠ ᠢᠯᠡᠴᠢᠯᠡᠨ ᠵᠠᠭᠠᠯᠳᠤᠬᠤ ᠤᠬᠠᠭᠤᠯᠭ᠎ᠠ ᠬᠢᠵᠦ᠂ ᠠᠷᠭ᠎ᠠ ᠠᠮᠢᠳᠤᠯᠢᠭ᠂ ᠠᠰᠢᠭ ᠦᠨᠳᠦᠷ ᠪᠤᠯᠬᠤ ᠶᠢ ᠪᠠᠳᠤᠯᠡᠵᠦ ᠴᠢᠳᠠᠵᠠᠢ᠃
ᠲᠦᠷᠪᠠ ᠳᠤ᠂ ᠠᠷᠦ ᠲᠠᠯ᠎ᠠ ᠶᠢᠨ ᠪᠠᠳᠤᠯᠠᠭ᠎ᠠ ᠶᠢᠨ ᠠᠵᠢᠯ ᠢ ᠰᠠᠶᠢᠳᠦᠷ ᠬᠦᠢᠴᠡᠳᠭᠡᠵᠡᠢ᠃ ᠬᠤᠷᠢᠶᠠᠨ ᠤ ᠠᠯᠪᠠᠨ ᠭᠡᠷ ᠠᠴᠠ 4 ᠴᠠᠭᠳᠠᠭᠠᠨ ᠲᠡᠷᠬᠡ ᠶᠢ ᠲᠤᠬᠢᠷᠠᠭᠤᠯᠤᠨ᠂ ᠲᠤᠰᠬᠠᠢ ᠵᠢᠯᠤᠭᠤᠳᠤᠭᠴᠢ ᠲᠤᠮᠢᠯᠠᠵᠤ ᠦᠭᠴᠡᠢ︔ 4 ᠬᠠᠤᠯᠢ ᠶᠢᠨ ᠴᠠᠭᠳᠠᠭ᠎ᠠ ᠤᠬᠠᠭᠤᠯᠭ᠎ᠠ ᠪᠠ ᠠᠮᠤᠷ ᠲᠦᠪᠰᠢᠨ ᠤ ᠬᠠᠮᠠᠭᠠᠯᠠᠯᠲᠠ ᠶᠢᠨ ᠠᠵᠢᠯ ᠳᠤ ᠤᠷᠤᠯᠴᠠᠵᠠᠢ︔ ᠠᠵᠢᠯᠯᠠᠭᠠᠨ ᠳᠤ ᠤᠷᠤᠯᠴᠠᠭᠰᠠᠨ ᠺᠠᠳ᠋ᠷ ᠴᠠᠭᠳᠠᠭ᠎ᠠ ᠨᠠᠷ ᠨᠢᠭᠡᠳᠦᠯᠲᠡᠢ ᠪᠠᠶᠢᠴᠠᠭᠠᠬᠤ ᠬᠤᠪᠴᠠᠰᠤ ᠪᠠᠨ ᠡᠮᠤᠰᠴᠦ᠂ ᠪᠤᠯᠪᠠᠰᠤᠨ ᠶᠤᠰᠤᠷᠬᠠᠭ᠂ ᠬᠠᠯᠠᠭᠤᠨ ᠲᠤᠳᠤᠨᠤ ᠪᠠᠷ ᠠᠵᠢᠯ ᠢᠶᠠᠨ ᠦᠷᠨᠢᠭᠦᠯᠵᠡᠢ︔ ᠬᠢᠨᠠᠨ ᠪᠠᠶᠢᠴᠠᠭᠠᠬᠤ ᠲᠠᠰᠤᠭ ᠤᠨ ᠬᠢᠨ ᠤᠬᠠᠭᠤᠯᠭ᠎ᠠ ᠶᠢᠨ ᠠᠵᠢᠯ ᠳᠤ ᠤᠷᠤᠯᠴᠠᠭᠰᠠᠨ ᠮᠦᠷᠲᠡᠭᠡᠨ ᠺᠠᠳ᠋ᠷ ᠴᠠᠭᠳᠠᠭ᠎ᠠ ᠶᠢᠨ ᠠᠵᠢᠯ ᠤᠨ ᠰᠤᠷᠲᠠᠯ ᠲᠦᠷᠢᠮᠵᠢᠯ ᠤᠨ ᠪᠠᠶᠢᠳᠠᠯ ᠳᠤ ᠬᠢᠨᠠᠯᠲᠠ ᠲᠠᠯᠪᠢᠵᠠᠢ︔ ᠪᠠᠭᠠᠷᠢᠨ ᠪᠠᠷᠠᠭᠤᠨ ᠬᠤᠰᠢᠭᠤᠨ ᠤ ᠷᠠᠳᠢᠤ᠋ ᠲᠸ᠋ᠯᠸᠢᠰ ᠬᠤᠷᠢᠶ᠎ᠠ ᠶᠢᠨ ᠠᠵᠢᠯᠲᠡᠨ ᠠᠴᠠ ᠪᠦᠬᠦ ᠶᠠᠪᠤᠴᠠ ᠳᠤ ᠲᠦᠷᠰᠦ ᠰᠢᠩᠭᠡᠭᠡᠯᠲᠠ ᠬᠢᠵᠦ᠂ ᠲᠤᠰᠬᠠᠢ ᠮᠡᠳᠡᠭᠡᠯᠡᠵᠤ᠂ ᠦᠷᠭᠡᠨ ᠤᠯᠠᠨ ᠲᠦᠮᠡᠨ ᠤ ᠢᠯᠡᠴᠢᠯᠡᠨ ᠵᠠᠭᠠᠯᠳᠤᠬᠤ᠂ ᠭᠤᠮᠤᠳᠠᠯ ᠲᠤᠭᠠᠴᠢᠬᠤ᠂ ᠵᠠᠭᠠᠯᠳᠤᠬᠤ ᠠᠷᠭ᠎ᠠ ᠵᠠᠮ᠂ ᠶᠠᠪᠤᠴᠠ ᠵᠡᠷᠭᠡ ᠬᠠᠮᠢᠶ᠎ᠠ ᠪᠦᠬᠦᠢ ᠲᠤᠭᠳᠠᠭᠠᠯ ᠢ ᠰᠠᠶᠢᠨ ᠤᠶᠢᠯᠠᠭᠠᠵᠤ ᠮᠡᠳᠡᠬᠦ ᠳᠤ ᠲᠦᠬᠦᠮ ᠨᠦᠬᠦᠴᠡᠯ ᠬᠠᠩᠭᠠᠭᠰᠠᠨ ᠮᠦᠷᠲᠡᠭᠡᠨ ᠪᠠᠭᠠᠷᠢᠨ ᠪᠠᠷᠠᠭᠤᠨ ᠬᠤᠰᠢᠭᠤᠨ ᠤ ᠪᠠᠶᠢᠴᠠᠭᠠᠬᠤ ᠠᠵᠢᠯ᠂ ᠬᠠᠤᠯᠢ ᠲᠦᠷᠢᠮᠵᠢᠬᠦᠯᠦᠯ ᠤᠨ ᠪᠠᠶᠢᠳᠠᠯ ᠢ ᠳᠡᠯᠭᠡᠨ ᠦᠵᠡᠬᠦᠯᠵᠦ᠂ ᠲᠤᠩ ᠰᠠᠶᠢᠠ ᠨᠡᠶᠢᠭᠡᠮ ᠤᠨ ᠪᠠ ᠬᠠᠤᠯᠢ ᠴᠠᠭᠠᠵᠠ ᠶᠢᠨ ᠦᠷ᠎ᠡ ᠠᠰᠢᠭ ᠢ ᠤᠯᠤᠭᠰᠠᠨ ᠪᠠᠶᠢᠨ᠎ᠡ᠃