ᠲᠡᠷᠢᠭᠦᠨ ᠨᠢᠭᠤᠷ  -  ᠪᠠᠶᠢᠴᠠᠭᠠᠬᠤ ᠬᠥᠳᠡᠯᠦᠯ ᠪᠠᠶᠢᠳᠠᠯ

ᠪᠣᠭᠤᠲᠣ ᠬᠤᠳᠠ ᠶᠢᠨ ᠪᠠᠶᠢᠴᠠᠭᠠᠬᠠᠣ ᠪᠠᠶᠢᠭᠤᠯᠭ᠎ᠠ ᠳᠥᠷᠪᠡᠨ ᠵᠥᠢᠯ ᠤᠨ ᠠᠷᠭ᠎ᠠ ᠬᠡᠮᠵᠢᠶ᠎ᠡ ᠠᠪᠴᠣ ︽ᠬᠤᠶᠠᠷ ᠬᠠᠷᠢᠭᠤᠴᠠᠯᠭ᠎ᠠ︾ ᠶᠢ ᠨᠠᠶᠢᠳᠠᠪᠣᠷᠢᠵᠢᠭᠤᠯᠬᠤ ᠶᠢ ᠪᠥᠬᠦ ᠲᠠᠯ᠎ᠠ ᠪᠠᠷ ᠲᠥᠯᠬᠢᠨ ᠠᠬᠢᠭᠤᠯᠪᠠ

2015-11-11 10:57:30
ᠵᠣᠬᠢᠶᠠᠭᠴᠢ

     ᠪᠥᠬᠦ ᠬᠤᠳᠠ ᠶᠢᠨ ᠪᠠᠶᠢᠴᠠᠭᠠᠬᠤ ᠪᠠᠶᠢᠭᠤᠯᠭ᠎ᠠ ᠶᠢᠨ ᠨᠠᠮ ᠤᠨ ᠰᠣᠷᠳᠠᠯ᠂ ᠴᠢᠭᠡᠴᠢ ᠵᠠᠰᠠᠭ ᠤᠨ ᠪᠠᠶᠢᠭᠤᠯᠣᠯᠲᠠ ᠪᠠ ᠢᠯᠵᠠᠷᠠᠯ ᠢ ᠡᠰᠡᠷᠭᠦᠴᠡᠬᠦ ᠠᠵᠢᠯ ᠢ ᠣᠯᠠᠮ ᠨᠢᠭᠡ ᠠᠯᠬᠤᠮ ᠯᠠᠪᠳᠠᠭᠤᠨ ᠪᠠᠲᠣᠲᠠᠢ ᠲᠥᠯᠬᠢᠨ ᠠᠬᠢᠭᠤᠯᠬᠤ ᠶᠢᠨ ᠲᠥᠯᠥᠭᠡ᠂ ᠪᠣᠭᠤᠲᠣ ᠬᠤᠳᠠ ᠶᠢᠨ ᠪᠠᠶᠢᠴᠠᠭᠠᠬᠤ ᠬᠤᠷᠢᠶ᠎ᠠ ᠳᠥᠷᠪᠡᠨ ᠵᠥᠢᠯ ᠤᠨ ᠠᠷᠭ᠎ᠠ ᠬᠡᠮᠵᠢᠶ᠎ᠡ ᠠᠪᠴᠣ᠂ ︽ᠬᠤᠶᠠᠷ ᠬᠠᠷᠢᠭᠤᠴᠠᠯᠭ᠎ᠠ︾ ᠶᠢ ᠨᠠᠶᠢᠳᠠᠪᠣᠷᠢᠵᠢᠭᠤᠯᠬᠤ ᠶᠢ ᠣᠯᠠᠮ ᠨᠢᠭᠡ ᠠᠯᠬᠤᠮ ᠲᠥᠯᠬᠢᠨ ᠠᠬᠢᠭᠤᠯᠪᠠ᠃
     ᠨᠢᠭᠡ ᠳᠤ᠂ ᠬᠤᠳᠠ ᠶᠢᠨ ᠪᠠᠶᠢᠴᠠᠭᠠᠬᠤ ᠬᠤᠷᠢᠶ᠎ᠠ ᠶᠢᠨ ᠨᠠᠮ ᠤᠨ ᠳᠣᠭᠤᠶᠢᠯᠠᠩ ︽2015 ᠣᠨ ᠤ ᠪᠥᠬᠦ ᠬᠤᠳᠠ ᠶᠢᠨ ᠪᠠᠶᠢᠴᠠᠭᠠᠬᠤ ᠪᠠᠶᠢᠭᠤᠯᠭ᠎ᠠ ᠶᠢᠨ ᠨᠠᠮ ᠤᠨ ᠰᠣᠷᠳᠠᠯ᠂ ᠴᠢᠭᠡᠴᠢ ᠵᠠᠰᠠᠭ ᠤᠨ ᠪᠠᠶᠢᠭᠤᠯᠣᠯᠲᠠ ᠪᠠ ᠢᠯᠵᠠᠷᠠᠯ ᠢ ᠡᠰᠡᠷᠭᠦᠴᠡᠬᠦ ᠠᠵᠢᠯ ᠤᠨ ᠭᠤᠣᠯᠳᠠᠯᠭ᠎ᠠ︾ ᠶᠢ ᠰᠣᠳᠣᠯᠣᠨ ᠲᠣᠭᠲᠠᠭᠠᠪᠠ᠃ ᠲᠣᠰ ︽ᠠᠵᠢᠯ ᠤᠨ ᠭᠤᠣᠯᠳᠠᠯᠭ᠎ᠠ︾ ᠨᠢ ᠨᠠᠮ ᠤᠨ ᠰᠠᠬᠢᠯᠭ᠎ᠠ ᠪᠠᠲᠣ ᠶᠢ ᠴᠢᠩᠭᠠᠳᠬᠠᠬᠤ᠂ ᠰᠠᠬᠢᠯᠭ᠎ᠠ ᠪᠠᠲᠣ ᠶᠢ ᠬᠡᠷᠡᠭᠵᠢᠭᠦᠯᠥᠭᠰᠡᠨ ᠪᠠᠶᠢᠳᠠᠯ ᠤᠨ ᠬᠢᠨᠡᠨ ᠪᠠᠶᠢᠴᠠᠭᠠᠯᠲᠠ ᠶᠢ ᠴᠢᠩᠭᠠᠳᠬᠠᠬᠤ᠂ ︽ᠬᠤᠶᠠᠷ ᠬᠠᠷᠢᠭᠤᠴᠠᠯᠭ᠎ᠠ︾ ᠶᠢ ᠭᠥᠨᠵᠡᠭᠡᠢ ᠨᠠᠶᠢᠳᠠᠪᠤᠷᠢᠵᠢᠭᠤᠯᠬᠤ᠂ ᠨᠠᠮ ᠤᠨ ᠰᠣᠷᠳᠠᠯ ᠴᠢᠭᠡᠴᠢ ᠵᠠᠰᠠᠭ ᠤᠨ ᠪᠠᠶᠢᠭᠤᠯᠤᠯᠳᠠ‌‍ᠢᠢ ᠬᠥᠴᠥᠯᠡᠨ ᠠᠬᠢᠭᠤᠯᠬᠤ᠂ ︽ᠳᠥᠷᠪᠡᠨ ᠰᠣᠷᠳᠠᠯ︾ ᠳᠤ ᠣᠷᠣᠰᠢᠵᠣ ᠪᠠᠶᠢᠭ᠎ᠠ ᠲᠣᠪᠣᠶᠢᠮ᠎ᠠ ᠠᠰᠠᠭᠤᠳᠠᠯ ᠢ ᠵᠠᠯᠠᠷᠠᠭᠤᠯᠬᠤ᠂ ᠣᠪᠣᠷ ᠰᠣᠷᠲᠠᠯ ᠤᠨ ᠪᠠᠶᠢᠭᠤᠯᠣᠯᠲᠠ ᠶᠢ ᠪᠠᠶᠢᠩᠭᠤᠵᠢᠭᠤᠯᠬᠤ ᠪᠠ ᠣᠳᠠᠭᠠᠨ ᠲᠠᠭᠠᠭᠠᠮᠠᠶᠢᠵᠢᠭᠤᠯᠬᠤ ᠶᠢ ᠲᠥᠯᠬᠢᠨ ᠠᠬᠢᠭᠤᠯᠬᠤ᠂ ᠬᠢᠨᠠᠯᠲᠠ ᠲᠠᠯᠪᠢᠯᠲᠠ ᠶᠢᠨ ᠨᠥᠬᠦᠴᠡᠯᠳᠥᠬᠦ ᠶᠢ ᠴᠢᠩᠭᠠᠳᠬᠠᠵᠣ ᠪᠠᠶᠢᠴᠠᠭᠠᠬᠤ ᠡᠷᠬᠡ ᠶᠢᠨ ᠬᠡᠷᠡᠭᠵᠢᠭᠦᠯᠥᠯᠲᠡ ᠶᠢ ᠣᠯᠠᠮ ᠨᠢᠭᠡ ᠠᠯᠬᠤᠮ ᠳᠥᠷᠢᠮᠵᠢᠭᠦᠯᠬᠦ᠂ ᠬᠡᠷᠡᠭ ᠪᠠᠶᠢᠴᠠᠭᠠᠨ ᠰᠢᠳᠭᠡᠬᠦ ᠶᠢ ᠴᠢᠩᠭᠠᠳᠬᠠᠵᠣ ᠪᠠᠶᠢᠴᠠᠭᠠᠬᠤ ᠡᠩᠨᠡᠭᠡ ᠶᠢᠨ ᠠᠷᠢᠭᠤᠨ ᠴᠢᠭᠡᠴᠢ ᠴᠢᠨᠠᠷ ᠢ ᠥᠨᠡᠨᠬᠦ ᠬᠠᠮᠠᠭᠠᠯᠠᠬᠤ᠂ ︽ᠭᠤᠷᠪᠠᠨ ᠬᠤᠪᠢᠷᠠᠭᠤᠯᠬᠤ︾ ᠥᠷ᠎ᠡ ᠪᠥᠲᠥᠮᠵᠢ ᠶᠢ ᠭᠦᠨᠵᠡᠭᠡᠶᠢᠷᠡᠭᠦᠯᠬᠦ᠂ ᠰᠠᠬᠢᠯᠭ᠎ᠠ ᠪᠠᠲᠣ ᠬᠢᠨᠡᠨ ᠪᠠᠶᠢᠴᠠᠭᠠᠬᠤ ᠪᠠᠶᠢᠭᠤᠯᠣᠮᠵᠢ ᠪᠠ ᠡᠩᠨᠡᠭᠡ ᠶᠢᠨ ᠪᠠᠶᠢᠭᠤᠯᠣᠯᠲᠠ ᠶᠢ ᠪᠥᠬᠦ ᠲᠠᠯ᠎ᠠ ᠪᠠᠷ ᠴᠢᠩᠭᠠᠳᠬᠠᠬᠤ ᠵᠡᠷᠭᠡ ᠵᠢᠷᠭᠤᠭᠠᠨ ᠲᠦᠷᠣᠯ ᠬᠤᠪᠢᠶᠠᠵᠣ᠂ ᠨᠠᠶᠢᠳᠠ 24 ᠵᠥᠢᠯ ᠤᠨ ᠠᠵᠢᠯ ᠤᠨ ᠡᠭᠦᠷᠭᠡ ᠶᠢ ᠪᠠᠶᠢᠷᠢᠰᠢᠭᠤᠯᠪᠠ᠃ ᠬᠥᠲᠥᠯᠪᠥᠷᠢ ᠪᠠᠷ ᠣᠳᠣᠷᠢᠳᠣᠭᠤᠯᠵᠣ ᠶᠡᠷᠦᠩᠬᠡᠶᠢᠯᠡᠨ ᠲᠤᠬᠢᠷᠠᠭᠤᠯᠵᠤ᠂ ᠪᠥᠬᠦ ᠵᠢᠯ ᠤᠨ ᠬᠠᠷᠠᠯᠲᠠ ᠪᠠᠨ ᠲᠣᠳᠣᠷᠬᠠᠢ ᠪᠣᠯᠭᠠᠵᠣ᠂ ᠵᠢᠷᠣᠮᠯᠠᠬᠤ ᠲᠦᠷᠢᠮ ᠲᠣᠭᠳᠠᠭᠠᠯ ᠪᠠᠶᠢᠬᠤ ᠶᠢ ᠥᠨᠡᠨᠬᠦ ᠪᠠᠲᠣᠯᠠᠪᠠ᠃
     ᠬᠤᠶᠠᠷ ᠲᠤ᠂ ᠬᠤᠷᠢᠶᠠᠨ ᠤ ᠨᠠᠮ ᠤᠨ ᠳᠤᠭᠤᠶᠢᠯᠠᠩ ᠤᠨ ᠱᠥᠵᠢ ᠪᠠᠶᠢᠴᠠᠭᠠᠬᠤ ᠳᠠᠷᠤᠭ᠎ᠠ ᠪᠠ ᠬᠤᠷᠢᠶᠠᠨ ᠤ ᠣᠳᠣᠷᠢᠳᠬᠤ ᠪᠠᠭ ᠤᠨ ᠭᠡᠰᠢᠭᠦᠳ᠂ ᠣᠳᠣᠷᠢᠳᠬᠤ ᠪᠠᠭ ᠤᠨ ᠭᠡᠰᠢᠭᠦᠳ ᠪᠠ ᠳᠣᠮᠳᠠ ᠱᠠᠲᠣᠨ ᠤ ᠺᠠᠳ᠋ᠷ ᠤᠨ ᠬᠤᠭᠤᠷᠣᠨᠳᠣ ︽ᠨᠠᠮ ᠤᠨ ᠰᠣᠷᠳᠠᠯ᠂ ᠴᠢᠭᠡᠴᠢ ᠵᠠᠰᠠᠭ ᠤᠨ ᠪᠠᠶᠢᠭᠤᠯᠣᠯᠲᠠ ᠪᠠ ᠢᠯᠵᠠᠷᠠᠯ ᠢ ᠡᠰᠡᠷᠭᠦᠴᠡᠬᠦ ᠠᠵᠢᠯ ᠤᠨ ᠬᠠᠷᠠᠯᠲᠠ ᠬᠠᠷᠢᠭᠤᠴᠠᠯᠭ᠎ᠠ ᠶᠢᠨ ᠪᠢᠴᠢᠭ︾ ᠢ ᠱᠠᠲᠣ ᠳᠠᠷᠠᠭᠠᠯᠠᠨ ᠲᠣᠭᠲᠠᠭᠠᠵᠣ᠂ ᠨᠠᠮ ᠤᠨ ᠰᠣᠷᠳᠠᠯ ᠴᠢᠭᠡᠴᠢ ᠵᠠᠰᠠᠭ ᠤᠨ ᠪᠠᠶᠢᠭᠤᠯᠣᠯᠲᠠ ᠪᠠ ᠢᠯᠵᠠᠷᠠᠯ ᠢ ᠡᠰᠡᠷᠭᠦᠴᠡᠬᠦ ᠠᠵᠢᠯ ᠤᠨ ᠬᠠᠷᠠᠯᠲᠠ‌ᠡᠭᠦᠷᠭᠡ ᠪᠠ ᠱᠠᠭᠠᠷᠳᠠᠨ ᠪᠠᠶᠢᠴᠠᠭᠠᠬᠤ ᠬᠠᠷᠢᠭᠤᠴᠠᠯᠭ᠎ᠠ ᠵᠢᠴᠢ ᠬᠢᠨᠡᠨ ᠰᠢᠯᠭᠠᠬᠤ ᠪᠠᠷᠢᠮᠵᠢᠶ᠎ᠠ ᠶᠢ ᠬᠥᠮᠥᠨ ᠪᠥᠷᠢ ᠳᠤ ᠬᠤᠪᠢᠶᠠᠨ ᠲᠠᠭᠠᠭᠠᠴᠢᠯᠠᠭᠤᠯᠪᠠ᠃
     ᠭᠤᠷᠪᠠ ᠳᠤ᠂ ᠭᠤᠣᠯᠳᠠᠯᠭ᠎ᠠ ᠲᠠᠢ ᠲᠣᠰᠬᠠᠢ ᠠᠵᠢᠯ ᠤᠨ ᠡᠭᠦᠷᠭᠡ ᠶᠢ ︽ᠡᠭᠦᠷᠭᠡ ᠬᠤᠪᠢᠶᠠᠷᠢᠯᠠᠬᠤ ᠬᠥᠰᠥᠨᠥᠭᠲᠥ︾ ᠪᠠᠭᠤᠯᠭᠠᠬᠤ ᠬᠡᠯᠪᠡᠷᠢ ᠪᠠᠷ ᠲᠤᠰᠬᠠᠶᠢᠯᠠᠨ ᠪᠠᠶᠢᠷᠢᠯᠠᠭᠤᠯᠪᠠ᠃ ᠨᠠᠮ ᠤᠨ ᠰᠣᠷᠳᠠᠯ ᠴᠢᠭᠡᠴᠢ ᠵᠠᠰᠠᠭ ᠤᠨ ᠪᠠᠶᠢᠭᠤᠯᠤᠯᠳᠠ‌‍ᠢᠢᠨ ︽ᠬᠤᠶᠠᠷ ᠬᠠᠷᠢᠭᠤᠴᠠᠯᠭ᠎ᠠ︾ ᠶᠢ ᠨᠠᠶᠢᠳᠠᠪᠣᠷᠢᠵᠢᠭᠤᠯᠬᠤ ᠡᠨᠡᠬᠦ ᠭᠤᠣᠯᠳᠠᠯᠭ᠎ᠠ ᠲᠠᠢ ᠠᠵᠢᠯ ᠳᠤ ᠴᠢᠭᠯᠡᠭᠦᠯᠵᠥ᠂ ᠬᠤᠳᠠ ᠶᠢᠨ ᠬᠤᠷᠢᠶᠠᠨ ᠤ ᠨᠠᠮ ᠤᠨ ᠳᠣᠭᠤᠶᠢᠯᠠᠩ ᠠᠴᠠ ︽2015ᠣᠨ ᠤ ᠪᠣᠭᠤᠲᠣ ᠬᠤᠳᠠ ᠶᠢᠨ ᠪᠠᠶᠢᠴᠠᠭᠠᠬᠤ ᠬᠤᠷᠢᠶ᠎ᠠ ᠶᠢᠨ ᠨᠠᠮ ᠤᠨ ᠰᠣᠷᠳᠠᠯ ᠴᠢᠭᠡᠴᠢ ᠵᠠᠰᠠᠭ ᠤᠨ ᠪᠠᠶᠢᠭᠤᠯᠣᠯᠲᠠ ᠶᠢᠨ ︿ᠬᠤᠶᠠᠷ ᠬᠠᠷᠢᠭᠤᠴᠠᠯᠭ᠎ᠠ﹀ ᠶᠢ ᠨᠠᠶᠢᠳᠠᠪᠣᠷᠢᠵᠢᠭᠤᠯᠬᠤ ᠠᠵᠢᠯ ᠤᠨ ᠡᠭᠦᠷᠭᠡ ᠶᠢᠨ ᠬᠤᠪᠢᠶᠠᠷᠢᠯᠠᠬᠤ ᠬᠥᠰᠥᠨᠥᠭᠲᠥ︾ ᠶᠢ ᠲᠠᠷᠬᠠᠭᠠᠵᠣ᠂ ᠬᠤᠳᠠ ᠶᠢᠨ ᠬᠤᠷᠢᠶ᠎ᠠ ᠶᠢᠨ ᠣᠳᠣᠷᠢᠳᠬᠤ ᠪᠠᠭ ᠤᠨ ᠭᠡᠰᠢᠭᠦᠨ ᠪᠠ ᠳᠣᠲᠣᠭᠠᠳᠣ ᠪᠠᠶᠢᠭᠤᠯᠣᠮᠵᠢ ᠶᠢᠨ ᠬᠠᠷᠢᠭᠤᠴᠠᠯᠭᠠᠲᠠᠨ ᠵᠡᠷᠭᠡ ᠬᠠᠷᠢᠭᠤᠴᠠᠯᠭ᠎ᠠ ᠶᠢᠨ ᠭᠤᠣᠯ ᠴᠣᠭᠴᠠ ᠶᠢᠨ ᠳᠥᠷᠢᠮ ᠳᠠᠩᠰᠠ ᠶᠢ ᠪᠠᠶᠢᠭᠤᠯᠵᠣ᠂ ᠬᠠᠮᠢᠶ᠎ᠠ ᠪᠥᠬᠦᠢ ᠠᠵᠢᠯ ᠤᠨ ᠪᠢᠴᠢᠭ ᠮᠠᠲ᠋ᠧᠷᠢᠶᠠᠯ ᠪᠠ ᠲᠡᠮᠳᠡᠭᠯᠡᠯ ᠢ ᠥᠯᠡᠳᠡᠭᠡᠨ ᠬᠠᠳᠠᠭᠠᠯᠠᠬᠤ ᠬᠡᠷᠡᠭᠲᠡᠢ ᠭᠡᠵᠥ ᠱᠠᠭᠠᠷᠳᠠᠪᠠ᠃
     ᠳᠥᠷᠪᠡ ᠳᠤ᠂ ᠴᠢᠩᠭ᠎ᠠ ᠱᠠᠭᠠᠷᠳᠠᠨ ᠪᠠᠶᠢᠴᠠᠭᠠᠬᠤ ᠳᠥᠷᠢᠮ ᠢ ᠪᠠᠶᠢᠭᠤᠯᠪᠠ᠃ ᠱᠠᠭᠠᠷᠳᠠᠨ ᠪᠠᠶᠢᠴᠠᠭᠠᠬᠤ ᠠᠵᠢᠯ ᠨᠢ ᠨᠠᠮ ᠤᠨ ᠰᠣᠷᠳᠠᠯ ᠴᠢᠭᠡᠴᠢ ᠵᠠᠰᠠᠭ ᠤᠨ ᠪᠠᠶᠢᠭᠤᠯᠣᠯᠲᠠ ᠪᠠ ᠢᠯᠵᠠᠷᠠᠯ ᠢ ᠡᠰᠡᠷᠭᠦᠴᠡᠬᠦ ᠠᠵᠢᠯ ᠤᠨ ᠴᠢᠬᠤᠯᠠ ᠡᠭᠦᠷᠭᠡ ᠪᠠᠷ ᠭᠤᠣᠯᠳᠠᠭᠤᠯᠵᠣ᠂ ︽ᠬᠠᠷᠢᠭᠤᠴᠠᠯᠭ᠎ᠠ ᠶᠢᠨ ᠪᠢᠴᠢᠭ︾ ᠪᠠ ︽ᠡᠭᠦᠷᠭᠡ ᠬᠤᠪᠢᠶᠠᠷᠢᠯᠠᠬᠤ ᠬᠥᠰᠥᠨᠥᠭᠲᠥ︾ ᠲᠠᠢ ᠬᠠᠷᠢᠴᠠᠭᠤᠯᠤᠨ ᠶᠠᠪᠤᠭᠳᠠᠭᠤᠯᠪᠠ᠃ ᠬᠢᠨᠠᠯᠲᠠ ᠲᠠᠯᠪᠢᠬᠤ ᠥᠢᠯᠡᠳᠥᠯ ᠢᠶᠠᠨ ᠪᠠᠳᠠᠷᠠᠭᠤᠯᠬᠤ ᠶᠢᠨ ᠬᠠᠮᠲᠣ ᠰᠢᠪᠳᠠᠭᠤᠯᠤᠨ‌‍ᠱᠠᠭᠠᠷᠳᠠᠬᠤ ᠠᠵᠢᠯ ᠢ ᠨᠡᠩ ᠰᠠᠶᠢᠨ ᠬᠢᠬᠦ ᠶᠢᠨ ᠲᠥᠯᠥᠭᠡ ᠰᠠᠬᠢᠯᠭ᠎ᠠ ᠪᠠᠲᠣ ᠬᠢᠨᠡᠨ ᠪᠠᠶᠢᠴᠠᠭᠠᠬᠤ ᠭᠠᠵᠠᠷ ᠪᠣᠯᠣᠨ ᠪᠠᠶᠢᠴᠠᠭᠠᠬᠤ ᠶᠠᠪᠣᠳᠠᠯ ᠤᠨ ᠱᠠᠭᠠᠷᠳᠠᠨ ᠪᠠᠶᠢᠴᠠᠭᠠᠬᠤ ᠭᠠᠵᠠᠷ ᠬᠠᠮᠲᠣᠷᠠᠨ‌‍ᠪᠡᠶᠡᠯᠡᠭᠦᠯᠵᠦ ᠪᠠᠶᠢᠨ᠎ᠠ᠃
   

ᠢᠷᠡᠯᠲᠡ
ᠪᠣᠭᠤᠲᠦ ᠬᠤᠲᠠ ᠶᠢᠨ ᠪᠠᠶᠢᠴᠠᠭᠠᠬᠤ ᠬᠤᠷᠢᠶ᠎ᠠ ᠶᠢᠨ ᠬᠠᠩᠭᠠᠭᠰᠠᠨ ᠮᠠᠲᠸ᠋ᠷᠢᠶᠠᠯ ᠠᠴᠠ ᠡᠮᠬᠢᠯᠡᠪᠡ
2014-2022 © ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠴᠠᠭᠠᠬᠤ ᠬᠣᠷᠢᠶ᠎ᠠ ᠥᠮᠴᠢᠯᠡᠯ ᠦᠨ ᠡᠷᠬᠡ ᠲᠠᠢ ᠵᠣᠬᠢᠶᠠᠯ ᠪᠦᠲᠦᠭᠡᠯ ᠦᠨ ᠡᠷᠬᠡ ᠶ᠋ᠢ ᠬᠠᠤᠯᠢ ᠪᠠᠷ ᠬᠠᠮᠠᠭᠠᠯᠠᠭᠰᠠᠨ ᠂ ᠵᠥᠪᠰᠢᠶᠡᠷᠡᠯ ᠦᠭᠡᠢ ᠪᠡᠷ ᠬᠠᠭᠤᠯᠪᠤᠷᠢᠯᠠᠬᠤ ᠶ᠋ᠢ ᠡᠷᠡᠰ ᠬᠣᠷᠢᠭᠯᠠᠨ᠎ᠠ ᠬᠠᠷᠢᠯᠴᠠᠬᠤ ᠤᠲᠠᠰᠤ ᠄ 0471-4628760 ᠢᠮᠧᠯ ᠄ eerhe@nm.pro