︽ ᠬᠦᠯ ᠲᠤᠤᠷᠠᠬᠢ︾
ᠠᠷᠠᠳ ᠤᠨ ᠳᠡᠭᠡᠳᠦ ᠪᠠᠶᠢᠴᠠᠭᠠᠬᠤ ᠬᠤᠷᠢᠶᠠᠨ ᠤ ︿︿ᠳᠦᠷᠪᠡᠳᠦᠭᠡᠷ ᠪᠠᠶᠢᠴᠠᠭᠠᠬᠤ ᠰᠠᠨᠠᠭᠤᠯᠭ᠎ᠠ﹀﹀ ᠶᠢ ᠭᠦᠨᠵᠡᠭᠡᠢ ᠲᠤᠤᠱᠯᠠᠭᠤᠯᠤᠨ ᠨᠠᠶᠢᠳᠠᠪᠦᠷᠢᠵᠢᠭᠤᠯᠵᠦ᠂ ᠤᠯᠠᠨ ᠨᠡᠶᠢᠲᠡ ᠶᠢᠨ ᠠᠮᠦᠷ ᠲᠦᠪᠰᠢᠨ ᠤ ᠭᠡᠮ ᠰᠤᠭᠤᠭ ᠢ ᠦᠨᠡᠨ ᠬᠦ ᠠᠷᠢᠯᠭᠠᠵᠦ᠂ ᠵᠠᠰᠠᠯᠭ᠎ᠠ ᠵᠢᠨ ᠬᠤᠳᠳᠤᠭ ︿︿ᠬᠦᠮᠦᠨ ᠢᠳᠡᠬᠦ﹀﹀ ᠭᠤᠨᠢᠭᠲᠤ ᠵᠦᠴᠦᠭᠡ ᠭᠠᠷᠬᠤ ᠶᠢ ᠰᠡᠷᠭᠡᠶᠢᠯᠡᠬᠦ ᠶᠢᠨ ᠲᠦᠯᠦᠭᠡ᠂ ᠤᠷᠴᠢᠮ ᠤᠨ ᠡᠳᠦᠷ ᠳ᠋ᠧᠩᠺᠸᠤ ᠰᠢᠶᠠᠨ ᠤ ᠠᠷᠠᠳ ᠤᠨ ᠪᠠᠶᠢᠴᠠᠭᠠᠬᠤ ᠬᠤᠷᠢᠶ᠎ᠠ ᠵᠠᠰᠠᠯᠭ᠎ᠠ ᠵᠢᠨ ᠬᠤᠳᠳᠤᠭ ᠢ ᠵᠠᠰᠠᠬᠤ ᠪᠠᠶᠢᠴᠠᠭᠠᠬᠤ ᠰᠠᠨᠠᠭᠤᠯᠭ᠎ᠠ ᠶᠢ ᠢᠯᠡ ᠢᠶᠠᠷ ᠵᠠᠷᠯᠠᠨ ᠬᠦᠷᠭᠡᠬᠦ ᠠᠵᠢᠯᠯᠠᠭ᠎ᠠ ᠶᠠᠪᠤᠭᠳᠠᠭᠤᠯᠤᠭᠰᠠᠨ ᠪᠠᠶᠢᠨ᠎ᠠ᠃ ᠡᠭᠦᠨ ᠳᠦ ᠪᠦᠬᠦ ᠰᠢᠶᠠᠨ ᠤ ᠵᠠᠰᠠᠯᠭ᠎ᠠ ᠵᠢᠨ ᠬᠤᠳᠳᠤᠭ ᠤᠨ ᠡᠷᠬᠡ ᠵᠢᠨ ᠬᠠᠷᠢᠶᠠᠯᠠᠯ ᠤᠨ ᠨᠢᠭᠡᠴᠢ ᠪᠦᠷ ᠤᠷᠤᠯᠴᠠᠭᠰᠠᠨ ᠪᠠᠶᠢᠨ᠎ᠠ᠃ ᠬᠤᠷᠠᠯᠳᠤᠭᠠᠨ ᠢ ᠬᠤᠷᠢᠶᠠᠨ ᠤ ᠲᠡᠳ᠋ ᠪᠠᠶᠢᠴᠠᠭᠠᠬᠤ ᠳᠠᠷᠤᠭ᠎ᠠ ᠰᠢᠤᠢ ᠰᠢᠶᠠᠨ ᠴᠧᠩ ᠡᠷᠬᠢᠯᠡᠪᠡ᠃
ᠡᠨᠡ ᠵᠢᠯ ᠤᠨ 3 ᠰᠠᠷ᠎ᠠ ᠳᠤ᠂ ᠠᠷᠠᠳ ᠤᠨ ᠳᠡᠭᠡᠳᠦ ᠪᠠᠶᠢᠴᠠᠭᠠᠬᠤ ᠬᠤᠷᠢᠶ᠎ᠠ ᠪᠤᠯᠤᠨ ᠠᠷᠠᠳ ᠤᠨ ᠳᠡᠭᠡᠳᠦ ᠰᠢᠬᠦᠬᠦ ᠬᠤᠷᠢᠶ᠎ᠠ᠂ ᠳᠤᠳᠤᠭᠠᠲᠦ ᠶᠢ ᠬᠠᠮᠠᠭᠠᠯᠠᠬᠤ ᠶᠠᠮᠤᠨ ᠬᠠᠮᠳᠤᠷᠠᠨ ︿︿ᠵᠠᠰᠠᠯᠭ᠎ᠠ ᠵᠢᠨ ᠬᠤᠳᠳᠤᠭ ᠲᠤ ᠬᠤᠯᠪᠤᠭᠳᠠᠭᠰᠠᠨ ᠡᠷᠡᠬᠦᠦ ᠶᠢᠨ ᠬᠡᠷᠡᠭ ᠢ ᠰᠡᠶᠢᠳᠪᠦᠷᠢᠯᠡᠬᠦ ᠲᠤᠬᠠᠢ ᠵᠢᠯᠤᠭᠤᠳᠬᠤ ᠰᠠᠨᠠᠯ﹀﹀ ᠢ ᠳᠠᠷᠤᠮᠯᠠᠨ ᠲᠠᠷᠬᠠᠭᠠᠪᠠ᠃ 4 ᠰᠠᠷ᠎ᠠ ᠳᠤ᠂ ᠠᠷᠠᠳ ᠤᠨ ᠳᠡᠭᠡᠳᠦ ᠪᠠᠶᠢᠴᠠᠭᠠᠬᠤ ᠬᠤᠷᠢᠶ᠎ᠠ ᠠᠴᠠ ᠤᠷᠤᠨ ᠰᠠᠭᠤᠴᠠ ᠪᠠ ᠬᠤᠲᠠ ᠬᠦᠲᠡᠭᠡ ᠶᠢᠨ ᠪᠦᠲᠦᠭᠡᠨ ᠪᠠᠶᠢᠭᠤᠯᠤᠯᠲᠠ ᠵᠢᠨ ᠪᠠᠶᠢᠭᠤᠯᠭ᠎ᠠ ᠳᠤ ᠵᠠᠰᠠᠯᠭ᠎ᠠ ᠵᠢᠨ ᠬᠤᠳᠳᠤᠭ ᠤᠨ ᠬᠠᠪᠬᠠᠭᠠᠰᠦ ᠢ ᠬᠠᠮᠢᠶᠠᠷᠬᠤ ᠠᠰᠠᠭᠤᠳᠠᠯ ᠤᠨ ᠲᠤᠬᠠᠢ ︿︿ᠠᠷᠠᠳ ᠤᠨ ᠳᠡᠭᠡᠲᠦ ᠪᠠᠶᠢᠴᠠᠭᠠᠬᠤ ᠬᠤᠷᠢᠶᠠᠨ ᠤ ᠪᠠᠶᠢᠴᠠᠭᠠᠬᠤ ᠰᠠᠨᠠᠭᠤᠯᠭ᠎ᠠ ᠵᠢᠨ ᠪᠢᠴᠢᠭ﹀﹀ ᠭᠠᠷᠭᠠᠭᠰᠠᠨ ᠪᠠᠶᠢᠨ᠎ᠠ᠃ ᠡᠶᠢᠮᠦᠷᠬᠦ ᠠᠬᠤᠢ ᠪᠠᠶᠢᠳᠠᠯ ᠳᠤᠤᠷ᠎ᠠ᠂ ᠮᠠᠨ ᠤᠨ ᠰᠢᠶᠠᠨ ᠤ ᠵᠠᠰᠠᠯᠭ᠎ᠠ ᠵᠢᠨ ᠬᠤᠳᠳᠤᠭ ᠤᠨ ᠠᠮᠦᠷ ᠲᠦᠪᠰᠢᠨ ᠢ ᠤᠮᠳᠤᠭᠠᠶᠢᠯᠠᠵᠦ ᠪᠤᠯᠬᠤ ᠦᠭᠡᠢ᠃ ᠤᠶᠢᠯᠠᠭᠠᠭᠰᠠᠨ ᠢᠶᠠᠷ᠂2019 ᠤᠨ ᠠᠴᠠ ᠡᠬᠢᠯᠡᠨ ᠮᠠᠨ ᠤ ᠰᠢᠶᠠᠨ ᠤ ᠰᠠᠭᠤᠭᠠᠯᠢ ᠠᠷᠠᠳᠤᠯᠠᠨ ᠤᠳᠠᠭ᠎ᠠ ᠬᠤᠳᠳᠤᠭ ᠤᠨ ᠬᠠᠪᠬᠠᠭᠠᠰᠤ ᠡᠪᠳᠡᠷᠡᠵᠦ᠂ ᠬᠡᠭᠡᠭᠳᠡᠵᠦ ᠤᠷᠬᠢᠭᠳᠠᠭᠰᠠᠨ ᠦᠵᠡᠭᠳᠡᠯ ᠢ ᠲᠤᠰᠬᠠᠭᠰᠠᠨ ᠪᠠᠶᠢᠨ᠎ᠠ᠂ ᠭᠡᠪᠡᠴᠦ ᠮᠠᠰᠢ ᠤᠯᠠᠨ ᠵᠠᠰᠠᠯᠭ᠎ᠠ ᠵᠢᠨ ᠬᠤᠳᠳᠤᠭ ᠬᠠᠮᠢᠶᠠᠷᠬᠤ ᠨᠢᠭᠡᠴᠢ ᠦᠭᠡᠢ᠂ ᠡᠨᠡᠬᠦ ᠦᠵᠡᠭᠳᠡᠯ ᠮᠠᠨ ᠤ ᠰᠢᠶᠠᠨ ᠤ ᠵᠠᠰᠠᠯᠭ᠎ᠠ ᠵᠢᠨ ᠬᠤᠳᠳᠤᠭ ᠤᠨ ᠬᠠᠪᠬᠠᠭᠠᠰᠦ ᠶᠢᠨ ᠬᠠᠮᠢᠶᠠᠷᠤᠯᠲᠠ᠂ ᠪᠠᠷᠢᠯᠭ᠎ᠠ ᠶᠢᠨ ᠠᠵᠢᠯ᠂ ᠠᠷᠠᠴᠢᠯᠠᠨ ᠬᠠᠮᠠᠭᠠᠯᠠᠬᠤ ᠵᠡᠷᠭᠡ ᠲᠠᠯ᠎ᠠ ᠪᠠᠷ ᠤᠷᠤᠰᠢᠵᠦ ᠪᠠᠶᠢᠭ᠎ᠠ ᠤᠮᠳᠤᠭᠠᠶᠢᠯᠠᠵᠦ ᠪᠤᠯᠤᠰᠢ ᠦᠭᠡᠢ ᠠᠰᠠᠭᠤᠳᠠᠯ ᠢ ᠢᠯᠡᠷᠡᠭᠦᠯᠦᠭᠰᠡᠨ ᠪᠠᠶᠢᠨ᠎ᠠ᠃
ᠠᠷᠠᠳ ᠤᠨ ᠳᠡᠭᠡᠲᠦ ᠪᠠᠶᠢᠴᠠᠭᠠᠬᠤ ᠬᠤᠷᠢᠶ᠎ᠠ ︿︿ᠳᠦᠷᠪᠡᠳᠦᠭᠡᠷ ᠪᠠᠶᠢᠴᠠᠭᠠᠬᠤ ᠰᠠᠨᠠᠭᠤᠯᠭ᠎ᠠ﹀﹀ ᠨᠡᠶᠢᠲᠡᠯᠡᠭᠰᠡᠨ ᠤ ᠳᠠᠷᠠᠭ᠎ᠠ᠂ ᠳ᠋ᠧᠩᠺᠸᠤ ᠰᠢᠶᠠᠨᠤ ᠪᠠᠶᠢᠴᠠᠭᠠᠬᠤ ᠬᠤᠷᠢᠶ᠎ᠠ ᠲᠡᠷᠡ ᠳᠠᠷᠤᠢ ᠬᠦᠳᠡᠯᠵᠦ᠂ ᠪᠦᠬᠦ ᠰᠢᠶᠠᠨ ᠲᠤᠳᠤᠷᠠᠬᠢ ᠬᠦᠮᠦᠨ ᠨᠡᠯᠢᠶᠡᠳ ᠲᠦᠪᠯᠡᠷᠡᠵᠦ ᠪᠠᠶᠢᠭ᠎ᠠ ᠳᠠᠯᠠᠪᠤᠷ ᠪᠠ ᠵᠠᠮ ᠢ ᠪᠤᠰᠢᠭᠤᠬᠠᠨ ᠪᠠᠶᠢᠴᠠᠭᠠᠵᠦ᠂ ᠳ᠋ᠧᠩᠺᠸᠤ ᠰᠢᠶᠠᠨ ᠤᠨ ᠤᠷᠤᠨ ᠰᠠᠭᠤᠴᠠ ᠪᠤᠯᠤᠨᠬᠤᠲᠠ ᠬᠦᠳᠡᠭᠡ ᠶᠢᠨ ᠪᠦᠳᠦᠭᠡᠨ ᠪᠠᠶᠢᠭᠤᠯᠤᠯᠲᠠ ᠶᠢᠨ ᠲᠤᠪᠴᠢᠶ᠎ᠠ᠂ ᠪᠠᠶᠠᠨ ᠭᠤᠤᠯ ᠪᠠᠯᠭᠠᠰᠦ ᠵᠡᠷᠭᠡ ᠬᠤᠯᠪᠤᠭᠳᠠᠯ ᠪᠦᠬᠦᠢ ᠨᠢᠭᠡᠴᠢ ᠲᠠᠢ ᠤᠯᠠᠨ ᠤᠳᠠᠭ᠎ᠠ ᠶᠠᠷᠢᠯᠴᠠᠵᠦ᠂ ᠵᠠᠰᠠᠯᠭ᠎ᠠ ᠵᠢᠨ ᠬᠤᠳᠳᠤᠭ ᠤᠨ ᠬᠠᠪᠬᠠᠭᠠᠰᠤ ᠶᠢ ᠴᠠᠭ ᠲᠤᠬᠠᠢ ᠳᠤᠨᠢ ᠦᠯᠦ ᠵᠠᠰᠠᠵᠦ ᠨᠦᠬᠦᠪᠦᠷᠢᠯᠡᠭᠰᠡᠨ ᠵᠡᠷᠭᠡ ᠠᠰᠠᠭᠤᠳᠠᠯ ᠢ ᠬᠠᠮᠳᠦ ᠳ᠋ᠤᠨᠢ ᠰᠶᠢᠳᠪᠦᠷᠢᠯᠡᠭᠰᠡᠨ ᠪᠠᠶᠢᠨ᠎ᠠ᠃
ᠬᠤᠷᠠᠯ ᠳᠤ᠂ ᠳ᠋ᠧᠩᠺᠸᠤ ᠰᠢᠶᠠᠨ ᠤ ᠠᠷᠠᠳ ᠤᠨ ᠪᠠᠶᠢᠴᠠᠭᠠᠬᠤ ᠬᠤᠷᠢᠶᠠᠨ ᠤ ᠪᠠᠶᠢᠴᠠᠭᠠᠬᠤ ᠲᠤᠰᠬᠠᠢ ᠲᠤᠰᠢᠶᠠᠯᠲᠠᠨ ᠮᠠ ᠱᠤᠤ ᠶᠦᠨ ᠲᠤᠬᠠᠢ ᠶᠢᠨ ᠲᠠᠯᠠᠪᠤᠷ ᠳᠤ ᠪᠠᠶᠢᠴᠠᠭᠠᠬᠤ ᠰᠠᠨᠠᠭᠤᠯᠭ᠎ᠠ ᠶᠢ ᠤᠩᠰᠢᠨ ᠨᠡᠶᠢᠲᠡᠯᠡᠬᠦ ᠶᠢᠨ ᠬᠠᠮᠲᠦ᠂ ᠬᠤᠯᠪᠤᠭᠳᠠᠭᠰᠠᠨ ᠨᠢᠭᠡᠴᠢ ᠶᠢᠨ ᠬᠠᠮᠢᠶ᠎ᠠ ᠪᠦᠬᠦᠢ ᠬᠠᠷᠢᠭᠤᠴᠠᠯᠭᠠᠳᠠᠨ ᠳᠤ ᠲᠤᠬᠠᠢ ᠶᠢᠨ ᠲᠠᠯᠠᠪᠠᠢ ᠳᠤ ᠪᠠᠶᠢᠴᠠᠭᠠᠬᠤ ᠰᠠᠨᠠᠭᠤᠯᠭ᠎ᠠ ᠶᠢᠨ ᠪᠢᠴᠢᠭ ᠢ ᠬᠦᠷᠭᠡᠵᠡᠢ᠃ ᠪᠠᠶᠢᠴᠠᠭᠠᠬᠤ ᠰᠠᠨᠠᠭᠤᠯᠭ᠎ᠠ ᠶᠢᠨ ᠪᠢᠴᠢᠭ ᠢ ᠤᠯᠤᠭᠰᠠᠨ ᠤ ᠳᠠᠷᠠᠭ᠎ᠠ᠂ ᠳ᠋ᠧᠩᠺᠸᠤ ᠰᠢᠶᠠᠨ ᠤᠨ ᠤᠷᠤᠨ ᠰᠠᠭᠤᠴᠠ ᠪᠤᠯᠤᠨᠬᠤᠲᠠ ᠬᠦᠳᠡᠭᠡ ᠶᠢᠨ ᠪᠦᠳᠦᠭᠡᠨ ᠪᠠᠶᠢᠭᠤᠯᠤᠯᠲᠠ ᠶᠢᠨ ᠲᠤᠪᠴᠢᠶᠠᠨ ᠤ ᠬᠤᠯᠪᠤᠭᠳᠠᠯ ᠪᠦᠬᠦᠢ ᠬᠠᠷᠢᠭᠤᠴᠠᠯᠭᠠᠳᠠᠨ ᠠᠴᠠ ᠪᠠᠶᠢᠴᠠᠭᠠᠬᠤ ᠪᠠᠶᠢᠭᠤᠯᠭ᠎ᠠ ᠰᠠᠨᠠᠭᠠᠴᠢᠯᠠᠭ᠎ᠠ ᠠᠴᠠ ᠪᠠᠨ ᠤᠷᠤᠯᠴᠠᠵᠦ᠂ ᠵᠠᠰᠠᠯᠭ᠎ᠠ ᠵᠢᠨ ᠬᠤᠳᠳᠤᠭ ᠢ ᠶᠡᠷᠦᠩᠬᠡᠶᠢᠯᠡᠨ ᠵᠠᠰᠠᠬᠤ ᠢ ᠲᠦᠯᠬᠢᠨ ᠠᠬᠢᠭᠤᠯᠵᠦ᠂ ᠡᠯ᠎ᠡ ᠰᠠᠯᠠᠭ᠎ᠠ ᠮᠦᠴᠢᠷ ᠤᠨ ᠬᠠᠤᠯᠢ ᠶᠤᠰᠤᠭᠠᠷ ᠵᠠᠰᠠᠭ ᠶᠠᠪᠤᠭᠤᠯᠬᠤ ᠢ ᠠᠬᠢᠭᠤᠯᠵᠦ᠂ ᠬᠤᠲᠠ ᠶᠢᠨ ᠬᠠᠮᠢᠶᠠᠷᠤᠯᠲᠠ ᠶᠢᠨ ᠲᠦᠪᠰᠢᠨ ᠢ ᠬᠠᠮᠲᠦ ᠪᠠᠷ ᠲᠡᠭᠡᠭᠰᠢᠯᠡᠬᠦᠯᠦᠭᠰᠡᠨ ᠪᠠᠶᠢᠨ᠎ᠠ ᠭᠡᠵᠦ ᠢᠯᠡᠷᠬᠡᠶᠢᠯᠡᠭᠰᠡᠨ ᠪᠠᠶᠢᠨ᠎ᠠ᠃ ᠬᠤᠷᠠᠯ ᠤᠨ ᠲᠠᠷᠠᠭ᠎ᠠ᠂ ᠡᠯ᠎ᠡ ᠬᠠᠷᠢᠶᠠᠲᠦ ᠨᠢᠭᠡᠴᠢ ︿︿ᠳ᠋ᠧᠩᠺᠸᠤ ᠰᠢᠶᠠᠨ ᠤ ᠵᠠᠰᠠᠯᠭ᠎ᠠ ᠵᠢᠨ ᠬᠤᠳᠳᠤᠭ ᠤᠨ ᠠᠮᠦᠷ ᠲᠦᠪᠰᠢᠨ ᠤ ᠬᠠᠮᠢᠶᠠᠷᠤᠯᠲᠠ ᠶᠢᠨ ᠬᠠᠷᠢᠭᠤᠴᠠᠯᠭ᠎ᠠ ᠶᠢᠨ ᠪᠢᠴᠢᠭ﹀﹀ ᠲᠤ ᠭᠠᠷ ᠤᠨ ᠦᠰᠦᠭ ᠵᠢᠷᠤᠪᠠ᠃
ᠡᠨᠡ ᠤᠳᠠᠭᠠᠨ ᠤ ᠵᠠᠷᠯᠠᠨ ᠬᠦᠷᠭᠡᠬᠦ ᠠᠵᠢᠯᠯᠠᠭ᠎ᠠ ᠪᠤᠯ ᠳ᠋ᠧᠩᠺᠸᠤ ᠰᠢᠶᠠᠨ ᠤ ᠠᠷᠠᠳ ᠤᠨ ᠪᠠᠶᠢᠴᠠᠭᠠᠬᠤ ᠬᠤᠷᠢᠶ᠎ᠠ ᠠᠩᠬ᠎ᠠ ᠤᠳᠠᠭ᠎ᠠ ᠵᠠᠷᠯᠠᠨ ᠬᠦᠷᠭᠡᠬᠦ ᠠᠷᠭ᠎ᠠ ᠬᠡᠮᠵᠢᠶ᠎ᠡ ᠪᠠᠷ ᠡᠯ᠎ᠡ ᠪᠠᠶᠢᠭᠤᠯᠭ᠎ᠠ ᠨᠢᠭᠡᠴᠢ ᠳᠤ ᠪᠠᠶᠢᠴᠠᠭᠠᠬᠤ ᠰᠠᠨᠠᠭᠤᠯᠭ᠎ᠠ ᠬᠦᠷᠭᠡᠭᠰᠡᠨ ᠶᠠᠪᠤᠳᠠᠯ ᠪᠤᠯᠤᠨ᠎ᠠ᠃ ᠡᠨᠡᠬᠦ ᠠᠵᠢᠯᠯᠠᠭ᠎ᠠ ᠨᠢ ᠬᠠᠤᠯᠢ ᠴᠠᠭᠠᠵᠠ ᠶᠢᠨ ᠬᠢᠨᠠᠯᠲᠠ ᠲᠠᠯᠪᠢᠯᠲᠠ ᠶᠢ ᠦᠵᠡᠭᠳᠡᠵᠦ ᠪᠦᠬᠦᠢ ᠠᠷᠭ᠎ᠠ ᠮᠠᠶ᠋ᠢᠭ ᠢᠶᠠᠷ ᠢᠯᠡᠷᠡᠭᠦᠯᠬᠦ ᠵᠢᠨ ᠬᠠᠮᠲᠦ᠂ ᠨᠡᠶᠢᠭᠡᠮ ᠤᠨ ᠡᠯ᠎ᠡ ᠡᠳᠡᠭᠡᠳ ᠤᠨ ᠠᠩᠬᠠᠷᠤᠯ ᠪᠠ ᠳᠡᠮᠵᠢᠯᠡᠭᠡ ᠶᠢ ᠤᠯᠬᠤ ᠳᠤ ᠠᠰᠢᠭᠲᠠᠢ ᠪᠠᠶᠢᠵᠤ᠂ ᠡᠯ᠎ᠡ ᠪᠠᠶᠢᠭᠤᠯᠭ᠎ᠠ ᠬᠠᠮᠲᠦᠷᠠᠨ᠂ ᠬᠦᠮᠦᠨ ᠪᠦᠬᠦᠨ ᠵᠠᠰᠠᠯᠭ᠎ᠠ ᠵᠢᠨ ᠬᠤᠳᠳᠤᠭ ᠢ ᠵᠠᠰᠠᠬᠤ ᠳᠤ ᠤᠷᠤᠯᠴᠠᠬᠤ ᠠᠵᠢᠯ ᠤᠨ ᠪᠠᠶᠢᠳᠠᠯ ᠢ ᠪᠤᠢ ᠪᠤᠯᠭᠠᠭᠰᠠᠨ ᠪᠠᠶᠢᠨ᠎ᠠ᠃
ᠳᠠᠷᠠᠭᠠᠴᠢ ᠶᠢᠨ ᠠᠯᠬᠤᠮ ᠳᠤ᠂ ᠳ᠋ᠧᠩᠺᠸᠤ ᠰᠢᠶᠠᠨᠤ ᠪᠠᠶᠢᠴᠠᠭᠠᠬᠤ ᠬᠤᠷᠢᠶ᠎ᠠ ᠪᠠᠶᠢᠴᠠᠭᠠᠬᠤ ᠰᠠᠨᠠᠭᠤᠯᠭ᠎ᠠ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠳᠤ ᠮᠦᠷᠳᠡᠨ ᠬᠢᠨᠠᠯᠲᠠ ᠲᠠᠯᠪᠢᠵᠦ᠂ ᠬᠠᠮᠢᠶ᠎ᠠ ᠪᠦᠬᠦᠢ ᠰᠠᠯᠠᠭ᠎ᠠ ᠮᠦᠴᠢᠷ ᠢ ᠴᠡᠭᠴᠡᠯᠡᠨ ᠦᠭᠡᠷᠡᠴᠢᠯᠡᠵᠦ ᠦᠷ᠎ᠡ ᠪᠦᠲᠦᠮᠵᠢ ᠤᠯᠬᠤ ᠪᠠᠷ ᠴᠢᠷᠮᠠᠶᠢᠨ᠎ᠠ᠃