ᠬᠤᠷᠴᠢᠨ ᠪᠠᠷᠠᠭᠤᠨ ᠭᠠᠷᠣᠨ ᠳᠣᠮᠳᠠᠲᠦ ᠬᠤᠰᠢᠭᠤᠨ ᠤ ᠠᠷᠠᠳ ᠤᠨ ᠪᠠᠶᠢᠴᠠᠭᠠᠬᠤ ᠬᠤᠷᠢᠶ᠎ᠠ ᠡᠭᠦᠷᠭᠡ ᠴᠢᠳᠠᠪᠬᠢ ᠳ᠋ᠦ ᠪᠠᠨ ᠰᠠᠭᠤᠷᠢᠯᠠᠵᠦ᠂ ᠦᠨᠳᠦᠰᠦᠲᠡᠨ ᠤ ᠪᠦᠯᠬᠦᠮᠳᠡᠯ ᠢ ᠠᠬᠢᠭᠤᠯᠣᠨ᠎ᠠ
ᠬᠤᠷᠴᠢᠨ ᠪᠠᠷᠠᠭᠤᠨ ᠭᠠᠷᠣᠨ ᠳᠣᠮᠳᠠᠲᠦ ᠬᠤᠰᠢᠭᠤᠨ ᠤ ᠠᠷᠠᠳ ᠤᠨ ᠪᠠᠶᠢᠴᠠᠭᠠᠬᠤ ᠬᠤᠷᠢᠶᠠᠨ ᠤ ᠰᠣᠶᠣᠯ ᠤᠨ ᠬᠤᠩᠬᠢᠯ ᠳ᠋ᠦ ᠠᠯᠬᠤᠨ ᠤᠷᠤᠬᠤ ᠳ᠋ᠦ ᠦᠨᠢᠷ ᠪᠢᠯᠬᠠᠮ᠎ᠠ ᠰᠣᠶᠣᠯ ᠤᠨ ᠠᠭᠤᠷ ᠠᠮᠢᠰᠬᠤᠯ ᠡᠯᠢᠭᠡᠳᠡᠨ ᠢᠷᠡᠵᠦ᠂ ᠳᠦᠭᠦᠮ ᠣᠶᠢᠯᠠᠭᠠᠮᠵᠢᠲᠠᠢ᠂ ᠪᠠᠶᠠᠯᠢᠭ ᠠᠭᠤᠯᠤᠭᠳᠠᠬᠤᠨ ᠲᠠᠢ᠂ ᠬᠦᠮᠦᠰ ᠤᠨ ᠰᠡᠳᠭᠢᠯ ᠢ ᠳᠤᠭᠳᠤᠭᠤᠯᠤᠮᠠ ᠠᠭᠤᠯᠭ᠎ᠠ ᠨᠢ ᠣᠯᠠᠨ ᠲᠦᠮᠡᠨ ᠳᠤ ᠦᠨᠳᠦᠰᠦᠲᠡᠨ ᠤ ᠲᠣᠬᠠᠢ ᠮᠡᠳᠡᠯᠭᠡ ᠪᠠ ᠦᠨᠳᠦᠰᠦᠲᠡᠨ ᠤ ᠲᠦᠷᠣ ᠶᠢᠨ ᠪᠣᠳᠣᠯᠭ᠎ᠠ ᠶᠢ ᠭᠦᠨᠵᠡᠭᠡᠢ ᠣᠬᠠᠭᠤᠯᠵᠦ ᠪᠠᠶᠢᠨ᠎ᠠ᠃ ᠮᠣᠩᠭᠤᠯ ᠦᠨᠳᠦᠰᠦᠲᠡᠨ ᠤ ᠣᠯᠠᠨ ᠲᠦᠮᠡᠨ ᠲᠠᠯᠠᠷᠬᠠᠯ ᠤᠨ ᠲᠤᠭ ᠬᠦᠷᠭᠡᠵᠦ ᠪᠠᠶᠢᠬᠤ᠂ ᠪᠠᠶᠢᠴᠠᠭᠠᠬᠤ ᠲᠣᠰᠢᠶᠠᠯᠲᠠᠨ ᠲᠣᠰᠠᠯᠠᠮᠵᠢ ᠬᠦᠷᠲᠡᠬᠦ ᠡᠲᠡᠭᠡᠳ ᠳᠤ ᠡᠳ᠋ ᠪᠣᠳᠠᠰ ᠬᠦᠷᠭᠡᠵᠦ ᠪᠠᠶᠢᠬᠤ᠂ ᠪᠠᠶᠢᠴᠠᠭᠠᠬᠤ ᠲᠣᠰᠢᠶᠠᠯᠲᠠᠨ ᠮᠣᠩᠭᠤᠯ ᠭᠡᠷ ᠲᠤ ᠵᠦᠷᠢᠴᠠᠯ ᠵᠢᠭᠤᠷᠭᠠᠨ ᠢ ᠡᠶᠡᠳᠡᠭᠦᠯᠵᠦ ᠪᠠᠶᠢᠬᠤ ᠵᠡᠷᠭᠡ ᠬᠦᠮᠦᠰ ᠤᠨ ᠰᠡᠳᠭᠢᠯ ᠢ ᠬᠦᠳᠡᠯᠭᠡᠮ᠎ᠡ ᠰᠡᠭᠦᠳᠡᠷ ᠵᠢᠷᠤᠭ ᠤᠳ ᠨᠢ ᠬᠤᠷᠴᠢᠨ ᠪᠠᠷᠠᠭᠤᠨ ᠳᠣᠮᠳᠠᠲᠦ ᠬᠤᠰᠢᠭᠤᠨ ᠤ ᠠᠷᠠᠳ ᠤᠨ ᠪᠠᠶᠢᠴᠠᠭᠠᠬᠤ ᠬᠤᠷᠢᠶᠠᠨ ᠤ ᠭᠠᠵᠠᠷ ᠣᠷᠣᠨ ᠤ ᠠᠮᠣᠷ ᠲᠦᠪᠰᠢᠨ ᠢ ᠪᠠᠲᠣᠯᠠᠵᠦ᠂ ᠨᠡᠶᠢᠭᠡᠮ ᠤᠨ ᠲᠣᠭᠲᠠᠭᠤᠨ ᠢ ᠬᠠᠮᠠᠭᠠᠯᠠᠵᠦ᠂ ᠡᠯ᠎ᠡ ᠦᠨᠳᠣᠰᠦᠲᠡᠨ ᠤ ᠪᠦᠯᠬᠦᠮᠳᠡᠯ ᠢ ᠠᠬᠢᠭᠤᠯᠵᠦ ᠪᠠᠶᠢᠭ᠎ᠠ ᠦᠯᠢᠭᠡᠷ ᠵᠢᠱᠢᠶ᠎ᠡ ᠶᠢ ᠦᠨᠡᠨ ᠪᠣᠳᠠᠲᠠᠢ ᠳᠡᠯᠭᠡᠨ ᠦᠵᠡᠭᠦᠯᠵᠦ ᠪᠠᠶᠢᠨ᠎ᠠ᠃
ᠬᠤᠷᠴᠢᠨ ᠨᠣᠲᠤᠭ ᠤᠨ ᠦᠷᠦᠴᠡᠨ ᠳᠤ ᠣᠷᠣᠰᠢᠵᠦ ᠪᠠᠶᠢᠭ᠎ᠠ ᠬᠤᠷᠴᠢᠨ ᠪᠠᠷᠠᠭᠤᠨ ᠭᠠᠷᠣᠨ ᠳᠣᠮᠳᠠᠲᠦ ᠬᠤᠰᠢᠭᠤᠨ ᠳᠤ ᠰᠠᠭᠤᠷᠢᠰᠢᠵᠤ ᠪᠠᠶᠢᠭ᠎ᠠ ᠮᠣᠩᠭᠤᠯ ᠦᠨᠳᠦᠰᠦᠲᠡᠨ ᠤ ᠬᠦᠮᠦᠨ ᠠᠮᠠ ᠪᠦᠬᠦ ᠬᠤᠰᠢᠭᠤᠨ ᠤ ᠬᠦᠮᠦᠨ ᠠᠮᠠ ᠵᠢᠨ 83.17% ᠶᠢ ᠡᠵᠡᠯᠡᠵᠦ ᠪᠠᠶᠢᠳᠠᠭ᠃ ᠬᠤᠷᠴᠢᠨ ᠪᠠᠷᠠᠭᠤᠨ ᠭᠠᠷᠣᠨ ᠳᠣᠮᠳᠠᠲᠦ ᠬᠤᠰᠢᠭᠤᠨ ᠤ ᠠᠷᠠᠳ ᠤᠨ ᠪᠠᠶᠢᠴᠠᠭᠠᠬᠤ ᠬᠤᠷᠢᠶ᠎ᠠ ᠢᠮᠬᠠᠲᠠ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠠᠵᠢᠯ ᠢ ᠪᠦᠬᠦ ᠲᠠᠯ᠎ᠠ ᠲᠠᠢ ᠬᠤᠯᠪᠣᠭᠳᠠᠬᠤ ᠲᠡᠷᠢᠭᠦᠨ ᠴᠢᠬᠤᠯᠠ ᠶᠠᠪᠣᠳᠠᠯ ᠪᠡᠷ ᠦᠵᠡᠵᠦ᠂ ᠪᠠᠶᠢᠴᠠᠭᠠᠬᠤ ᠲᠣᠬᠠᠶᠢᠯᠠᠭᠰᠠᠨ ᠠᠵᠢᠯ ᠲᠠᠢ ᠬᠠᠮᠲᠦ ᠳ᠋ᠤᠨᠢ ᠲᠦᠯᠦᠪᠯᠡᠨ ᠪᠠᠶᠢᠷᠢᠯᠠᠭᠤᠯᠵᠦ᠂ ᠭᠠᠵᠠᠷ ᠣᠷᠣᠨ ᠤ ᠠᠮᠣᠷ ᠲᠦᠪᠰᠢᠨ ᠢ ᠪᠠᠲᠣᠯᠠᠬᠤ᠂ ᠨᠡᠶᠢᠭᠡᠮ ᠤᠨ ᠲᠣᠭᠲᠠᠭᠤᠨ ᠢ ᠬᠠᠮᠠᠭᠠᠯᠠᠬᠤ᠂ ᠡᠯ᠎ᠡ ᠦᠨᠳᠦᠰᠦᠲᠡᠨ ᠤ ᠪᠦᠯᠬᠦᠮᠳᠡᠯ ᠢ ᠬᠠᠮᠠᠭᠠᠯᠠᠬᠤ᠂ ᠠᠷᠠᠳ ᠤᠨ ᠠᠮᠢᠳᠣᠷᠠᠯ ᠢ ᠰᠠᠶᠢᠵᠢᠷᠠᠭᠤᠯᠬᠤ ᠶᠢ ᠪᠠᠲᠣᠯᠠᠬᠤ ᠪᠠᠷ ᠬᠠᠷᠠᠯᠲᠠ ᠪᠣᠯᠭᠠᠨ᠂ ᠲᠣᠬᠠᠶᠢᠯᠠᠭᠰᠠᠨ ᠠᠵᠢᠯ ᠤᠨ ᠡᠭᠦᠷᠭᠡ ᠴᠢᠳᠠᠪᠦᠷᠢ ᠳᠠᠭᠠᠨ ᠰᠠᠭᠤᠷᠢᠯᠠᠵᠦ᠂ ᠡᠯ᠎ᠡ ᠦᠨᠳᠦᠰᠦᠲᠡᠨ ᠤ ᠣᠯᠠᠨ ᠲᠦᠮᠡᠨ ᠤ ᠬᠠᠦᠯᠢ ᠶᠣᠰᠣᠨ ᠤ ᠡᠷᠬᠡ ᠠᠰᠢᠭ ᠢ ᠪᠠᠲᠣᠯᠠᠨ ᠬᠠᠮᠠᠭᠠᠯᠠᠵᠦ᠂ ᠡᠩᠬᠡ ᠲᠠᠶᠢᠪᠣᠩ᠂ ᠡᠶ᠎ᠡ ᠵᠣᠬᠢᠴᠠᠩᠭᠤᠢ᠂ ᠪᠦᠯᠬᠦᠮᠳᠡᠯ ᠲᠠᠢ ᠨᠡᠶᠢᠭᠡᠮ ᠤᠨ ᠣᠷᠴᠢᠨ ᠠᠬᠤᠢ ᠶᠢ ᠠᠬᠢᠭᠤᠯᠬᠤ ᠳᠤ ᠪᠦᠲᠦᠮᠵᠢᠲᠠᠢ ᠬᠠᠦᠯᠢ ᠴᠠᠭᠠᠵᠠ ᠶᠢᠨ ᠪᠠᠲᠣᠯᠭ᠎ᠠ ᠬᠠᠩᠭᠠᠵᠦ ᠪᠠᠶᠢᠨ᠎ᠠ᠃
ᠬᠤᠷᠴᠢᠨ ᠪᠠᠷᠠᠭᠤᠨ ᠭᠠᠷᠣᠨ ᠳᠣᠮᠳᠠᠲᠦ ᠬᠤᠰᠢᠭᠤᠨ ᠤ ᠠᠷᠠᠳ ᠤᠨ ᠪᠠᠶᠢᠴᠠᠭᠠᠬᠤ ᠬᠤᠷᠢᠶ᠎ᠠ ᠲᠣᠰ ᠬᠤᠰᠢᠭᠤᠨ ᠤ ᠪᠠᠨ ᠮᠣᠩᠭᠤᠯ ᠦᠨᠳᠦᠰᠦᠲᠡᠨ ᠤ ᠬᠦᠮᠦᠨ ᠠᠮᠠ ᠶᠢᠨ ᠬᠠᠷᠢᠴᠠᠯ ᠦᠨᠳᠦᠷ ᠪᠠᠶᠢᠳᠠᠯ ᠢ ᠦᠨᠳᠦᠰᠦᠯᠡᠵᠦ᠂ ᠵᠠᠭᠠᠯᠳᠣᠯᠭ᠎ᠠ ᠶᠢ ᠬᠢᠨᠠᠨ ᠪᠠᠶᠢᠴᠠᠭᠠᠬᠤ ᠠᠵᠢᠯ ᠤᠨ ᠳᠣᠮᠳᠠ ᠪᠠᠨ ᠬᠠᠨᠳᠣᠯᠭᠠᠲᠦ ᠴᠢᠨᠠᠷᠲᠠᠢ ᠪᠠᠷ ᠮᠣᠩᠭᠤᠯ ᠬᠢᠲᠠᠳ ᠬᠤᠣᠰ ᠬᠡᠯᠡ ᠪᠠᠷ ᠵᠠᠷᠭᠤᠯᠳᠣᠬᠤ ᠠᠵᠢᠯ ᠢ ᠦᠷᠨᠢᠭᠦᠯᠵᠦ ᠪᠠᠶᠢᠨ᠎ᠠ᠃
《ᠪᠢ ᠬᠡᠷᠪᠡ ᠦᠨᠳᠦᠰᠦᠲᠡᠨ ᠤ ᠪᠠᠨ ᠦᠭᠡ ᠬᠡᠯᠡ ᠪᠠᠷ ᠶᠠᠷᠢᠭᠰᠠᠨ ᠦᠭᠡᠢ ᠪᠤᠯ ᠬᠡᠷᠡᠭ ᠤᠨ ᠦᠩᠭᠡᠷᠡᠯᠲᠡ ᠶᠢ ᠣᠶᠢᠯᠠᠭᠠᠮᠵᠢᠲᠠᠢ ᠰᠠᠶᠢᠨ ᠶᠠᠷᠢᠵᠦ ᠳᠡᠶᠢᠯᠬᠦ ᠦᠭᠡᠢ ᠮᠦᠷᠲᠡᠬᠡᠨ ᠰᠢᠭᠦᠨ ᠲᠠᠰᠣᠯᠣᠯᠲᠠ ᠶᠢᠨ ᠦᠷ᠎ᠡ ᠳ᠋ᠦᠩ ᠤᠨ ᠬᠦᠨᠳᠦ ᠬᠦᠩᠬᠡᠨ ᠢ ᠴᠦ ᠮᠡᠳᠡᠬᠦ ᠦᠭᠡᠢ᠂ ᠮᠣᠩᠭᠤᠯ ᠬᠡᠯᠡ ᠪᠠᠷ ᠬᠡᠷᠡᠭ ᠰᠢᠢᠳᠭᠡᠵᠦ ᠪᠠᠶᠢᠭ᠎ᠠ ᠪᠠᠶᠢᠴᠠᠭᠠᠬᠤ ᠲᠣᠰᠢᠶᠠᠯᠲᠠᠨ ᠳᠤ ᠪᠠᠨ ᠲᠣᠩ ᠲᠠᠯᠠᠷᠬᠠᠯ᠎ᠠ》 ᠭᠡᠵᠦ ᠪᠣᠦ ᠣᠪᠣᠭᠲᠣ ᠰᠡᠳᠭᠢᠯ ᠳᠣᠭᠳᠣᠯᠣᠨ ᠪᠠᠶᠢᠴᠠᠭᠠᠬᠤ ᠲᠣᠰᠢᠶᠠᠯᠲᠠᠨ ᠳᠤ ᠬᠡᠯᠡᠨ᠎ᠡ᠃ 8 ᠰᠠᠷ᠎ᠠ ᠶᠢᠨ 3 ᠤ ᠡᠳᠣᠷ᠂ ᠲᠣᠰ ᠪᠠᠶᠢᠴᠠᠭᠠᠬᠤ ᠬᠤᠷᠢᠶ᠎ᠠ ᠬᠤᠷᠴᠢᠨ ᠪᠠᠷᠠᠭᠤᠨ ᠭᠠᠷᠣᠨ ᠳᠣᠮᠳᠠᠲᠦ ᠬᠤᠰᠢᠭᠤᠨ ᠤ ᠲᠤᠳᠤᠭᠠᠳᠦ ᠶᠢ ᠬᠠᠮᠠᠭᠠᠯᠠᠬᠤ ᠲᠣᠪᠴᠢᠶ᠎ᠠ ᠶᠢᠨ ᠵᠠᠭᠠᠯᠳᠣᠭᠤᠯᠬᠤ ᠪᠠᠷ ᠰᠢᠯᠵᠢᠭᠦᠯᠦᠨ ᠬᠦᠷᠭᠡᠭᠰᠡᠨ ᠪᠣᠦ ᠣᠪᠣᠭᠲᠣ ᠶᠢᠨ ᠲᠠᠷᠢᠶᠠᠨ ᠭᠠᠵᠠᠷ ᠢ ᠬᠠᠦᠯᠢ ᠪᠣᠰᠦ ᠪᠠᠷ ᠡᠵᠡᠯᠡᠨ ᠬᠡᠷᠡᠭᠯᠡᠭᠰᠡᠨ ᠶᠠᠯ᠎ᠠ ᠪᠠᠷ ᠰᠡᠵᠢᠭᠯᠡᠭᠳᠡᠭᠰᠡᠨ ᠬᠡᠷᠡᠭ ᠢ ᠬᠦᠯᠢᠶᠡᠨ ᠠᠪᠴᠠᠢ᠃ ᠬᠡᠷᠡᠭ ᠢ ᠬᠢᠨᠠᠨ ᠪᠠᠶᠢᠴᠠᠭᠠᠭᠠᠳ᠂ ᠪᠣᠦ ᠣᠪᠣᠭᠲᠣ ᠬᠢᠲᠡᠳ ᠦᠭᠡ ᠬᠡᠯᠡᠵᠦ ᠴᠢᠳᠠᠬᠤ ᠦᠭᠡᠢ ᠶᠢ ᠣᠯᠵᠦ ᠮᠡᠳᠡᠭᠰᠡᠨ ᠤ ᠳᠠᠷᠠᠭ᠎ᠠ᠂ ᠬᠤᠷᠴᠢᠨ ᠪᠠᠷᠠᠭᠤᠨ ᠭᠠᠷᠣᠨ ᠳᠣᠮᠳᠠᠲᠦ ᠬᠤᠰᠢᠭᠤᠨ ᠤ ᠠᠷᠠᠳ ᠤᠨ ᠪᠠᠶᠢᠴᠠᠭᠠᠬᠤ ᠬᠤᠷᠢᠶ᠎ᠠ ᠲᠣᠰᠬᠠᠶᠢᠯᠡᠨ ᠮᠣᠩᠭᠤᠯ ᠬᠢᠲᠠᠳ ᠬᠤᠣᠰ ᠬᠡᠯᠡᠨ ᠤ ᠪᠠᠶᠢᠴᠠᠭᠠᠬᠤ ᠲᠣᠰᠢᠶᠠᠯᠲᠠᠨ ᠪᠣᠦ ᠵᠧᠩ ᠶᠠᠨ ᠢ ᠲᠣᠮᠢᠯᠠᠵᠦ ᠲᠣᠰ ᠬᠡᠷᠡᠭ ᠢ ᠰᠢᠢᠳᠪᠦᠷᠢᠯᠡᠵᠦ᠂ ᠪᠦᠬᠦᠶᠢᠯᠡ ᠬᠡᠷᠡᠭ ᠤᠨ ᠬᠢᠨᠠᠨ ᠪᠠᠶᠢᠴᠠᠭᠠᠬᠤ ᠪᠣᠯᠣᠨ ᠰᠢᠭᠦᠬᠦ ᠲᠢᠩᠭᠢᠮ ᠤᠨ ᠰᠢᠭᠦᠯᠲᠡ ᠶᠢᠨ ᠶᠠᠪᠣᠴᠠ ᠳᠤ ᠪᠦᠷ ᠮᠣᠩᠭᠤᠯ ᠬᠡᠯᠡ ᠪᠠᠷ ᠲᠡᠭᠦᠨ ᠲᠠᠢ ᠨᠠᠪᠲᠡᠷᠡᠯᠴᠡᠭᠰᠡᠨ ᠠᠴᠠ ᠪᠣᠦ ᠣᠪᠣᠭᠲᠣ ᠶᠠᠯ᠎ᠠ ᠬᠢᠭᠰᠡᠨ ᠢᠶᠠᠷ ᠰᠡᠵᠢᠭᠯᠡᠭᠳᠡᠭᠰᠡᠨ ᠪᠣᠳᠠᠲᠦ ᠬᠡᠷᠡᠭ ᠤᠨ ᠦᠩᠭᠡᠷᠡᠯᠲᠡ ᠪᠠᠨ ᠲᠣᠳᠣᠷᠬᠠᠢ ᠶᠠᠷᠢᠵᠦ᠂ ᠬᠡᠷᠡᠭ ᠲᠤ ᠬᠤᠯᠪᠣᠭᠳᠠᠭᠰᠠᠨ ᠬᠠᠦᠯᠢ ᠴᠠᠭᠠᠵᠠ ᠳᠤ ᠲᠣᠳᠣᠷᠬᠠᠢ ᠣᠶᠢᠯᠠᠭᠠᠯᠲᠠ ᠲᠠᠢ ᠪᠣᠯᠵᠦ᠂ ᠰᠢᠭᠦᠬᠦ ᠬᠤᠷᠢᠶᠠᠨ ᠤ ᠰᠢᠭᠦᠨ ᠲᠠᠰᠣᠯᠣᠯᠲᠠ ᠶᠢ ᠵᠦᠪᠰᠢᠶᠡᠷᠡᠵᠦ ᠪᠠᠶᠢᠬᠤ ᠪᠠᠨ ᠢᠯᠡᠳᠭᠡᠪᠡ᠃
10 ᠰᠠᠷ᠎ᠠ ᠶᠢᠨ 14 ᠤ ᠡᠳᠦᠷ᠂ ᠬᠤᠷᠴᠢᠨ ᠪᠠᠷᠠᠭᠤᠨ ᠭᠠᠷᠣᠨ ᠳᠣᠮᠳᠠᠲᠦ ᠬᠤᠰᠢᠭᠤᠨ ᠤ ᠠᠷᠠᠳ ᠤᠨ ᠪᠠᠶᠢᠴᠠᠭᠠᠬᠤ ᠬᠤᠷᠢᠶᠠᠨ ᠤ ᠨᠢᠭᠡᠳᠦᠭᠡᠷ ᠪᠠᠶᠢᠴᠠᠭᠠᠬᠤ ᠬᠡᠯᠲᠡᠰ ᠤᠨ ᠣᠷᠣᠨ ᠲᠣᠭᠠᠲᠦ ᠪᠠᠶᠢᠴᠠᠭᠠᠬᠤ ᠲᠣᠰᠢᠶᠠᠯᠲᠠᠨ ᠪᠠᠢ ᠴᠠᠩ ᠱᠦᠨ ᠮᠣᠩᠭᠤᠯ ᠬᠡᠯᠡᠨ ᠤ ᠡᠪᠬᠡᠮᠡᠯ ᠣᠷᠴᠢᠭᠤᠯᠵᠦ ᠪᠠᠶᠢᠭ᠎ᠠ ᠶᠢ ᠰᠣᠷᠪᠣᠯᠵᠢᠯᠠᠭᠴᠢ ᠣᠯᠵᠦ ᠬᠠᠷᠠᠪᠠ᠃ ᠪᠠᠢ ᠴᠠᠩ ᠱᠦᠨ ᠰᠣᠷᠪᠣᠯᠵᠢᠯᠠᠭᠴᠢ ᠳᠤ ᠲᠠᠨᠢᠯᠴᠠᠭᠤᠯᠣᠭᠰᠠᠨ ᠨᠢ :《 ᠬᠡᠷᠡᠭ ᠢ ᠬᠢᠨᠠᠨ ᠪᠠᠶᠢᠴᠠᠭᠠᠵᠦ ᠰᠢᠢᠳᠪᠦᠷᠢᠯᠡᠬᠦ ᠶᠠᠪᠦᠴᠠ ᠳᠤ᠂ ᠪᠢᠳᠡ ᠮᠣᠩᠭᠤᠯ ᠪᠢᠴᠢᠭ ᠤᠨ ᠭᠡᠷᠡᠴᠢ ᠪᠠᠷᠢᠮᠳᠠ ᠶᠢ ᠬᠢᠲᠡᠳ ᠬᠡᠯᠡᠨ ᠳ᠋ᠦ ᠣᠷᠴᠢᠭᠤᠯᠵᠦ᠂ ᠰᠢᠭᠦᠯᠲᠠ ᠬᠢᠬᠦ ᠦᠶ᠎ᠡ ᠳᠤ ᠬᠤᠣᠰ ᠬᠡᠯᠡ ᠪᠠᠷ ᠭᠡᠷᠡᠴᠢ ᠪᠠᠷᠢᠮᠳᠠ ᠭᠠᠷᠭᠠᠭᠰᠠᠨ ᠠᠴᠠ ᠭᠡᠷᠡᠴᠢ ᠭᠠᠷᠭᠠᠬᠤ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠵᠠᠷᠭᠤ ᠶᠢᠨ ᠬᠤᠶᠠᠷ ᠲᠠᠯ᠎ᠠ ᠶᠢᠨ ᠲᠤᠬᠠᠢ ᠶᠢᠨ ᠬᠦᠮᠦᠨ ᠤ ᠬᠠᠦᠯᠢ ᠶᠣᠰᠣᠨ ᠤ ᠡᠷᠬᠡ ᠠᠰᠢᠭ ᠢ ᠨᠡᠩ ᠰᠠᠶᠢᠨ ᠬᠠᠮᠠᠭᠠᠯᠠᠵᠦ ᠴᠢᠳᠠᠨ᠎ᠠ》 ᠭᠡᠵᠡᠢ᠃
ᠣᠳᠣᠬᠠᠨ ᠳᠤ᠂ ᠬᠤᠷᠴᠢᠨ ᠪᠠᠷᠠᠭᠤᠨ ᠭᠠᠷᠣᠨ ᠳᠣᠮᠳᠠᠲᠦ ᠬᠤᠰᠢᠭᠤᠨ ᠤ ᠠᠷᠠᠳ ᠤᠨ ᠪᠠᠶᠢᠴᠠᠭᠠᠬᠤ ᠬᠤᠷᠢᠶ᠎ᠠ ᠠᠴᠠ ᠬᠡᠷᠡᠭ ᠤᠨ ᠲᠣᠬᠠᠢ ᠶᠢᠨ ᠬᠦᠮᠦᠨ ᠨᠢ ᠮᠣᠩᠭᠤᠯ ᠦᠨᠳᠦᠰᠦᠲᠡᠨ ᠪᠠᠶᠢᠪᠡᠯ ᠬᠤᠣᠰ ᠬᠡᠯᠡᠨ ᠤ ᠪᠠᠶᠢᠴᠠᠭᠠᠬᠤ ᠲᠣᠰᠢᠶᠠᠯᠲᠠᠨ ᠢ ᠵᠢᠭᠠᠨ ᠲᠣᠭᠲᠠᠭᠠᠵᠣ᠂ ᠬᠤᠯᠪᠣᠭᠳᠠᠯ ᠪᠦᠬᠦᠢ ᠬᠡᠷᠡᠭ ᠢ ᠳᠠᠭᠠᠭᠠᠨ ᠰᠢᠢᠳᠪᠦᠷᠢᠯᠡᠭᠦᠯᠵᠦ᠂ ᠪᠠᠶᠢᠴᠠᠭᠠᠬᠤ ᠭᠡᠷᠡᠴᠢ ᠪᠠᠷᠢᠮᠳᠠ ᠶᠢ ᠣᠷᠴᠢᠭᠤᠯᠬᠤ ᠠᠵᠢᠯ ᠢ ᠳᠦᠷᠢᠮᠵᠢᠭᠦᠯᠵᠦ᠂ ᠮᠦᠷᠳᠡᠨ ᠪᠠᠶᠢᠴᠠᠭᠠᠬᠤ᠂ ᠰᠢᠭᠦᠨ ᠠᠰᠠᠭᠤᠬᠤ᠂ ᠰᠢᠭᠦᠯᠲᠡ ᠬᠢᠬᠦ᠂ ᠰᠣᠷᠪᠣᠯᠵᠢᠯᠭ᠎ᠠ ᠬᠦᠯᠢᠶᠡᠬᠦ ᠵᠡᠷᠭᠡ ᠡᠯ᠎ᠡ ᠵᠠᠩᠭᠢᠯᠠᠭ᠎ᠠ ᠶᠢᠨ ᠬᠤᠭᠤᠴᠠᠭᠠᠨ ᠳᠤ ᠬᠤᠣᠰ ᠬᠡᠯᠡᠨ ᠤ ᠪᠠᠶᠢᠴᠠᠭᠠᠬᠤ ᠲᠣᠰᠢᠶᠠᠯᠲᠠᠨ ᠬᠡᠷᠡᠭ ᠢ ᠭᠠᠷᠳᠠᠨ ᠰᠢᠢᠳᠪᠦᠷᠢᠯᠡᠭᠰᠡᠨ ᠠᠴᠠ ᠬᠡᠷᠡᠭ ᠤᠨ ᠲᠣᠬᠠᠢ ᠶᠢᠨ ᠬᠦᠮᠦᠨ ᠦᠪᠡᠷ ᠤᠨ ᠰᠠᠨᠠᠯ ᠢᠶᠠᠨ ᠪᠦᠷᠢᠨ ᠣᠨᠣᠪᠴᠢᠲᠠᠢ ᠢᠯᠡᠳᠭᠡᠵᠦ ᠳᠡᠶᠢᠯᠬᠦ ᠦᠭᠡᠢ ᠠᠴᠠ ᠪᠣᠯᠵᠦ ᠡᠷᠬᠡ ᠠᠰᠢᠭ ᠢᠶᠠᠨ ᠦᠯᠦ ᠬᠠᠮᠠᠭᠠᠯᠠᠵᠦ ᠳᠡᠶᠢᠯᠬᠦ ᠪᠠᠶᠢᠳᠠᠯ ᠡᠭᠦᠰᠬᠦ ᠠᠴᠠ ᠵᠠᠶᠢᠯᠠᠰᠬᠢᠵᠦ ᠴᠢᠳᠠᠭᠰᠠᠨ ᠪᠠᠶᠢᠨ᠎ᠠ᠃