ᠬᠠᠦᠯᠢ ᠪᠠᠷ ᠵᠠᠰᠠᠬᠤ ᠨᠠᠷᠠᠨ ᠦ ᠭᠡᠷᠡᠯ ᠬᠦᠮᠦᠰ ᠦᠨ ᠰᠡᠳᠭᠢᠯ ᠢ ᠳᠤᠯᠠᠭᠠᠴᠠᠭᠤᠯᠤᠨ᠎ᠠ
ᠬᠤᠷᠴᠢᠨ ᠪᠠᠷᠠᠭᠤᠨ ᠭᠠᠷᠣᠨ ᠳᠣᠮᠳᠠᠲᠦ ᠬᠤᠰᠢᠭᠤᠨ ᠤ ᠠᠷᠠᠳ ᠤᠨ ᠪᠠᠶᠢᠴᠠᠭᠠᠬᠤ ᠬᠤᠷᠢᠶ᠎ᠠ ᠣᠯᠠᠨ ᠲᠦᠮᠡᠨ ᠤ ᠳᠣᠰᠬᠠᠭᠰᠠᠨ ᠶᠠᠪᠣᠳᠠᠯ ᠪᠦᠬᠦᠨ ᠳᠤ ᠬᠠᠷᠢᠭᠤᠯᠲᠠ ᠦᠭᠬᠦ ᠵᠠᠷᠴᠢᠮ ᠢ ᠪᠠᠷᠢᠮᠳᠠᠯᠠᠨ᠂ ᠦᠨᠳᠦᠰᠦᠨ ᠱᠠᠲᠣᠨ ᠳᠤ ᠵᠦᠷᠢᠴᠡᠯ ᠢ ᠰᠢᠢᠳᠪᠦᠷᠢᠯᠡᠨ᠂ ᠦᠨᠳᠦᠰᠦᠲᠡᠨ ᠤ ᠪᠦᠯᠬᠦᠮᠳᠡᠯ ᠪᠠ ᠨᠡᠶᠢᠭᠡᠮ ᠤᠨ ᠡᠶ᠎ᠡ ᠵᠣᠬᠢᠴᠠᠩᠭᠤᠢ ᠲᠣᠭᠲᠠᠭᠤᠨ ᠪᠠᠶᠢᠳᠠᠯ ᠢ ᠪᠠᠲᠣᠯᠠᠬᠤ ᠶᠢᠨ ᠬᠠᠮᠲᠦ᠂ ᠪᠠᠶᠢᠴᠠᠭᠠᠬᠤ ᠪᠠᠶᠢᠭᠤᠯᠭ᠎ᠠ ᠶᠢᠨ ᠡᠭᠦᠷᠭᠡ ᠴᠢᠳᠠᠮᠵᠢ ᠳᠠᠭᠠᠨ ᠰᠠᠭᠤᠷᠢᠯᠠᠵᠦ᠂ ᠣᠨᠴᠠᠭᠠᠢ ᠬᠦᠴᠢᠷᠳᠡᠯᠲᠦ ᠡᠳᠡᠭᠡᠳ ᠤᠨ ᠡᠷᠬᠡ ᠠᠰᠢᠭ ᠢ ᠪᠦᠲᠦᠮᠵᠢᠲᠠᠢ ᠬᠠᠮᠠᠭᠠᠯᠠᠵᠦ᠂ ᠬᠠᠦᠯᠢ ᠴᠠᠭᠠᠵᠠ ᠶᠢᠨ ᠠᠪᠣᠷᠠᠨ ᠲᠣᠰᠠᠯᠠᠬᠤ ᠰᠢᠨ᠎ᠡ ᠵᠠᠭᠪᠣᠷ ᠢ ᠢᠳᠡᠪᠬᠢᠲᠠᠢ ᠰᠦᠪᠡᠭᠴᠢᠯᠡᠨ᠎ᠡ᠃
ᠡᠨᠡ ᠵᠢᠯ ᠤᠨ 9 ᠰᠠᠷ᠎ᠠ ᠳᠤ ᠂ ᠬᠤᠷᠴᠢᠨ ᠪᠠᠷᠠᠭᠤᠨ ᠭᠠᠷᠣᠨ ᠳᠣᠮᠳᠠᠲᠦ ᠬᠤᠰᠢᠭᠤᠨ ᠤ ᠠᠷᠠᠳ ᠤᠨ ᠪᠠᠶᠢᠴᠠᠭᠠᠬᠤ ᠬᠤᠷᠢᠶ᠎ᠠ ᠪᠢᠴᠢᠬᠠᠨᠨ ᠨᠠᠷᠠ︵ ᠪᠤᠷᠤᠭᠤᠯᠠᠭᠰᠠᠨ ᠨᠡᠷ᠎ᠡ︶ ᠳᠤ ᠨᠢᠭᠡ ᠣᠳᠠᠭᠠᠨ ᠤ ᠣᠯᠣᠰ ᠤᠨ ᠬᠠᠦᠯᠢ ᠴᠠᠭᠠᠵᠠ ᠶᠢᠨ ᠠᠪᠦᠷᠡᠨ ᠲᠣᠰᠠᠯᠠᠬᠤ ᠮᠦᠩᠬᠦ ᠶᠢ 2 ᠲᠦᠮᠡᠨ ᠲᠦᠭᠦᠷᠢᠭ ᠣᠯᠭᠤᠭᠰᠠᠨ ᠪᠠᠶᠢᠨ᠎ᠠ᠃ ᠪᠢᠴᠢᠬᠠᠨ ᠨᠠᠷᠠ ᠪᠣᠯ ᠬᠤᠷᠴᠢᠨ ᠪᠠᠷᠠᠭᠤᠨ ᠳᠣᠮᠳᠠᠲᠦ ᠬᠤᠰᠢᠭᠤᠨ ᠤ ᠠᠷᠠᠳ ᠤᠨ ᠪᠠᠶᠢᠴᠠᠭᠠᠬᠤ ᠬᠤᠷᠢᠶᠠᠨ ᠤ ᠬᠦᠯᠢᠶᠡᠨ ᠠᠪᠣᠭᠰᠠᠨ ᠬᠠᠦᠯᠢ ᠴᠠᠭᠠᠵᠠ ᠶᠢᠨ ᠠᠪᠦᠷᠡᠨ ᠲᠣᠰᠠᠯᠠᠬᠤ ᠬᠡᠷᠡᠭ ᠤᠨ ᠭᠤᠶᠣᠴᠢᠯᠠᠭᠴᠢ ᠪᠠᠶᠢᠵᠤ᠂ ᠨᠢᠭᠡᠨ ᠡᠷᠡᠭᠦᠦ ᠶᠢᠨ ᠬᠡᠷᠡᠭ ᠤᠨ ᠬᠤᠣᠷᠯᠠᠭᠳᠠᠭᠴᠢ ᠶᠢᠨ ᠬᠡᠦᠬᠡᠨ ᠪᠣᠯᠣᠨ᠎ᠠ᠃ 2012 ᠣᠨ ᠤ 9 ᠰᠠᠷ᠎ᠠ ᠳᠤ᠂ ᠪᠣᠦ ᠣᠪᠣᠭᠲᠣ ︵ᠨᠠᠷᠠ ᠶᠢᠨ ᠠᠪᠦ︶ ᠡᠬᠡᠨᠡᠷ ᠯᠣᠩ ᠣᠪᠣᠭᠲᠣ ᠲᠠᠢ ᠪᠠᠨ ᠭᠡᠷ ᠪᠦᠯᠢ ᠶᠢᠨ ᠠᠷᠰᠠᠷ ᠣᠴᠢᠷ ᠠᠴᠠ ᠪᠣᠯᠵᠦ ᠮᠠᠷᠭᠤᠯᠳᠣᠭᠠᠳ᠂ ᠪᠣᠦ ᠣᠪᠣᠭᠲᠣ ᠬᠤᠷᠴᠠ ᠬᠢᠲᠤᠭ᠎ᠠ ᠪᠠᠷ ᠯᠣᠩ ᠣᠪᠣᠭᠲᠣ ᠶᠢ ᠴᠠᠪᠴᠢᠨ ᠠᠯᠠᠵᠦ᠂ ᠰᠢᠭᠦᠬᠦ ᠬᠤᠷᠢᠶ᠎ᠠ ᠠᠴᠠ ᠵᠣᠷᠢᠭᠤᠲᠠ ᠬᠦᠮᠦᠨ ᠠᠯᠠᠭᠰᠠᠨ ᠶᠠᠯ᠎ᠠ ᠪᠠᠷ ᠠᠯᠠᠬᠤ ᠡᠷᠡᠭᠦᠦ ᠪᠠᠷ 2 ᠵᠢᠯ ᠬᠤᠶᠢᠰᠢᠯᠠᠭᠤᠯᠣᠨ ᠰᠢᠢᠳᠭᠡᠵᠠᠢ᠃ ᠬᠡᠷᠡᠭ ᠭᠠᠷᠬᠤ ᠦᠶ᠎ᠡ ᠳᠤ ᠨᠠᠷᠠ ᠰᠠᠶ᠋ᠢ 2 ᠨᠠᠰᠣᠲᠠᠢ ᠪᠠᠶᠢᠵᠦ᠂ ᠲᠡᠭᠦᠨ ᠤ ᠡᠪᠦᠭᠡ ᠪᠣᠦ ᠣᠪᠣᠭᠲᠣ᠂ ᠡᠮᠡᠭᠡ ᠣᠦ ᠣᠪᠣᠭᠲᠣ ᠨᠢ ᠨᠠᠰᠦ ᠠᠬᠢᠵᠦ᠂ ᠠᠮᠢᠳᠣᠷᠠᠯ ᠮᠠᠰᠢ ᠶᠠᠳᠠᠭᠤ ᠬᠦᠴᠢᠷᠳᠡᠯᠲᠠᠢ ᠪᠤᠯᠪᠠᠴᠦ ᠲᠡᠭᠦᠨ ᠢ ᠣᠳᠣ ᠪᠣᠯᠲᠠᠯ᠎ᠠ ᠠᠰᠠᠷᠠᠨ ᠲᠡᠵᠢᠭᠡᠵᠦ ᠪᠠᠶᠢᠨ᠎ᠠ᠃
ᠪᠢᠴᠢᠬᠠᠨ ᠨᠠᠷᠠ ᠶᠢᠨ ᠰᠣᠷᠭᠠᠭᠤᠯᠢ ᠳᠤ ᠰᠠᠭᠤᠬᠤ ᠰᠦᠢᠳᠭᠡᠯ ᠢ ᠪᠠᠲᠣᠯᠠᠬᠤ ᠶᠢᠨ ᠲᠦᠯᠦᠭᠡ᠂ ᠬᠤᠷᠴᠢᠨ ᠪᠠᠷᠠᠭᠤᠨ ᠳᠣᠮᠳᠠᠲᠦ ᠬᠤᠰᠢᠭᠤᠨ ᠤ ᠠᠷᠠᠳ ᠤᠨ ᠪᠠᠶᠢᠴᠠᠭᠠᠬᠤ ᠬᠤᠷᠢᠶ᠎ᠠ ᠲᠣᠰᠠᠯᠠᠮᠵᠢ ᠶᠢᠨ ᠮᠦᠩᠬᠦ ᠶᠢᠨ 1.5 ᠲᠦᠮᠡᠨ ᠲᠦᠭᠦᠷᠢᠭ ᠢ ᠬᠡᠦᠬᠡᠳ ᠤᠨ ᠰᠣᠷᠭᠠᠨ ᠬᠦᠮᠦᠵᠢᠯ ᠤᠨ ᠬᠠᠳᠠᠭᠠᠯᠠᠮᠵᠢ ᠶᠢᠨ ᠮᠦᠩᠬᠦ ᠪᠣᠯᠭᠠᠵᠦ᠂ ᠰᠠᠭᠤᠭ᠎ᠠ ᠭᠠᠵᠠᠷ ᠤᠨ ᠦᠬᠡᠷ ᠲᠡᠵᠢᠭᠡᠬᠦ ᠬᠤᠷᠰᠢᠶᠠᠨ ᠳᠤ ᠪᠡᠯᠡ ᠣᠷᠣᠭᠤᠯᠵᠦ ᠦᠷᠬᠦᠯᠵᠢᠯᠡᠨ ᠠᠰᠢᠭ ᠬᠤᠨᠵᠢᠪᠦᠷᠢ ᠲᠠᠢ ᠪᠣᠯᠭᠠᠭᠰᠠᠨ ᠠᠴᠠ ᠪᠢᠴᠢᠬᠠᠨ ᠨᠠᠷᠠ ᠰᠣᠷᠣᠯᠭ᠎ᠠ ᠶᠢᠨ ᠬᠤᠭᠤᠴᠠᠭ᠎ᠠ ᠪᠦᠷᠢ ᠳᠤ ᠠᠰᠢᠭ ᠬᠤᠪᠢᠶᠠᠷᠢᠯᠠᠬᠤ ᠮᠦᠷᠲᠡᠬᠡᠨ ᠪᠠᠰᠠ 1.5 ᠲᠦᠮᠡᠨ ᠲᠦᠭᠦᠷᠢᠭ ᠤᠨ ᠲᠣᠭᠲᠠᠮᠠᠯ《ᠬᠠᠳᠠᠭᠠᠯᠠᠮᠵᠢ》 ᠲᠠᠢ ᠪᠣᠯᠵᠠᠢ᠃ ᠬᠤᠷᠴᠢᠨ ᠪᠠᠷᠠᠭᠤᠨ ᠭᠠᠷᠣᠨ ᠳᠣᠮᠳᠠᠲᠦ ᠬᠤᠰᠢᠭᠤᠨ ᠤ ᠠᠷᠠᠳ ᠤᠨ ᠪᠠᠶᠢᠴᠠᠭᠠᠬᠤ ᠬᠤᠷᠢᠶ᠎ᠠ ᠪᠣᠳᠠᠲᠠᠢ ᠠᠵᠢᠯᠯᠠᠭ᠎ᠠ ᠪᠠᠷ ᠢᠶᠠᠨ ᠨᠠᠷᠠ ᠶᠢᠨ ᠰᠡᠳᠭᠢᠯ ᠢ ᠨᠢ ᠳᠤᠯᠠᠭᠠᠴᠠᠭᠤᠯᠤᠭᠰᠠᠨ ᠠᠴᠠ ᠨᠠᠷᠠ ᠦᠷᠭᠦᠯᠵᠢᠯᠡᠨ ᠰᠣᠷᠣᠯᠴᠠᠬᠤ ᠢᠲᠡᠭᠡᠯ ᠵᠤᠷᠢᠭ ᠲᠠᠢ ᠪᠣᠯᠵᠦ᠂ ᠶᠡᠭᠡ ᠰᠣᠷᠭᠠᠭᠤᠯᠢ ᠳᠤ ᠣᠷᠣᠬᠤ ᠬᠦᠰᠡᠯ ᠮᠦᠷᠦᠭᠡᠳᠣᠯ ᠢᠶᠠᠨ ᠪᠡᠶᠡᠯᠡᠭᠦᠯᠬᠦ ᠳᠤ ᠪᠠᠲᠣᠯᠠᠭ᠎ᠠ ᠲᠠᠢ ᠪᠤᠯᠵᠠᠢ᠃
ᠬᠤᠷᠴᠢᠨ ᠪᠠᠷᠠᠭᠤᠨ ᠭᠠᠷᠣᠨ ᠳᠣᠮᠳᠠᠲᠦ ᠬᠤᠰᠢᠭᠤᠨ ᠤ ᠠᠷᠠᠳ ᠤᠨ ᠪᠠᠶᠢᠴᠠᠭᠠᠬᠤ ᠬᠤᠷᠢᠶ᠎ᠠ ᠪᠠᠶᠢᠴᠠᠭᠠᠬᠤ ᠡᠭᠦᠷᠭᠡ ᠴᠢᠳᠠᠮᠵᠢ ᠪᠠᠨ ᠭᠦᠢᠴᠡᠳ ᠪᠠᠳᠠᠷᠠᠭᠤᠯᠵᠦ᠂ ᠦᠨᠳᠦᠰᠦᠨ ᠱᠠᠲᠣᠨ ᠳᠤ ᠭᠦᠨᠵᠡᠭᠡᠶᠢᠷᠡᠨ᠂ ᠠᠷᠠᠳ ᠤᠨ ᠪᠠᠶᠢᠳᠠᠯ ᠢ ᠣᠶᠢᠯᠠᠭᠠᠵᠦ᠂ ᠠᠷᠠᠳ ᠤᠨ ᠬᠦᠴᠢᠷᠳᠡᠯ ᠢ ᠰᠢᠢᠳᠪᠦᠷᠢᠯᠡᠵᠦ᠂ ᠪᠣᠳᠠᠲᠠᠢ ᠠᠵᠢᠯᠯᠠᠭ᠎ᠠ ᠪᠠᠷ ᠶᠠᠳᠠᠭᠤ ᠬᠦᠴᠢᠷᠳᠡᠯᠲᠠᠢ ᠮᠣᠩᠭᠤᠯ ᠦᠨᠳᠦᠰᠦᠲᠡᠨ ᠤ ᠠᠷᠠᠳ ᠲᠦᠮᠡᠨ ᠢ ᠬᠠᠪᠰᠣᠷᠣᠨ᠂ ᠪᠠᠴᠢᠮ ᠬᠡᠷᠡᠭᠴᠡᠭᠡ ᠶᠢ ᠨᠢ ᠰᠢᠢᠳᠪᠦᠷᠢᠯᠡᠭᠰᠡᠨ ᠢᠶᠠᠷ ᠪᠠᠷᠠᠬᠤ ᠦᠭᠡᠢ ᠪᠠᠰᠠ ᠬᠠᠦᠯᠢ ᠳᠤ ᠬᠤᠯᠪᠣᠭᠳᠠᠭᠰᠠᠨ ᠵᠠᠬᠢᠳᠠᠯ ᠰᠣᠷᠪᠣᠯᠵᠢᠯᠭ᠎ᠠ ᠶᠢᠨ ᠵᠦᠷᠢᠴᠡᠯ ᠢ ᠨᠢ ᠪᠦᠲᠦᠮᠵᠢᠲᠠᠢ ᠰᠢᠢᠳᠪᠦᠷᠢᠯᠡᠵᠦ᠂ ᠵᠦᠷᠢᠴᠡᠯ ᠢ ᠴᠠᠭ ᠲᠣᠬᠠᠢ ᠳᠤ ᠨᠢ ᠦᠨᠳᠦᠰᠦᠨ ᠱᠠᠲᠣᠨ ᠳᠤ ᠰᠢᠢᠳᠪᠦᠷᠢᠯᠡᠵᠦ᠂ ᠨᠡᠶᠢᠭᠡᠮ ᠤᠨ ᠬᠠᠷᠢᠴᠠᠭ᠎ᠠ ᠶᠢ ᠡᠪ ᠵᠦᠢ ᠳ᠋ᠦ ᠤᠷᠤᠭᠤᠯᠵᠤ᠂ ᠦᠨᠳᠦᠰᠦᠲᠡᠨ ᠤ ᠪᠦᠯᠬᠦᠮᠳᠡᠯ᠂ ᠨᠡᠶᠢᠭᠡᠮ ᠤᠨ ᠡᠶ᠎ᠡ ᠵᠣᠬᠢᠴᠠᠩᠭᠤᠢ ᠲᠣᠭᠲᠠᠭᠤᠨ ᠪᠠᠶᠢᠳᠠᠯ ᠳᠤ ᠬᠤᠪᠢ ᠨᠡᠮᠡᠷᠢ ᠦᠵᠡᠭᠦᠯᠵᠦ ᠪᠠᠶᠢᠨ᠎ᠠ᠃