︽ᠬᠠᠤᠯᠢ ᠴᠠᠭᠠᠵᠠ ᠶᠢ ᠲᠦᠭᠡᠮᠡᠯᠵᠢᠭᠦᠯᠬᠦ ᠬᠣᠰᠢᠭᠤᠴᠢ︾ᠠᠵᠢᠯᠯᠠᠭ᠎ᠠ ᠥᠷᠨᠢᠭᠦᠯᠵᠦ ᠪᠤᠢ ︱ ᠤᠷᠠᠳ ᠤᠨ ᠬᠣᠶᠢᠲᠤ ᠬᠣᠰᠢᠭᠤᠨ ᠤ ᠠᠷᠠᠳ ᠤᠨ ᠪᠠᠶᠢᠴᠠᠭᠠᠬᠣ ᠬᠣᠷᠢᠶᠠᠨ ᠤ ᠺᠠᠳ᠋ᠷ ᠬᠠᠤᠯᠢ ᠣᠬᠠᠭᠣᠯᠬᠣ ᠬᠢᠴᠢᠶᠡᠯ ᠣᠷᠣᠪᠠ
ᠤᠷᠠᠳ ᠤᠨ ᠬᠣᠶᠢᠲᠤ ᠬᠣᠰᠢᠭᠤᠨ ᠤ ᠪᠠᠶᠢᠴᠠᠭᠠᠬᠤ ᠬᠣᠷᠢᠶ᠎ᠠ《 ᠨᠢᠭᠡᠳᠦᠭᠡᠷ ᠨᠣᠮᠧᠷᠲᠤ ᠪᠠᠶᠢᠴᠠᠭᠠᠬᠤ ᠰᠠᠨᠠᠭᠤᠯᠭ᠎ᠠ 》 ᠶᠢ ᠪᠦᠬᠦ ᠲᠠᠯ᠎ᠠ ᠪᠠᠷ ᠨᠠᠢᠳᠠᠪᠤᠷᠢᠵᠢᠭᠤᠯᠬᠤ ᠂ ᠨᠠᠰᠤᠨ ᠳᠤ ᠦᠯᠦ ᠬᠦᠷᠦᠭᠰᠡᠳ ᠦᠨ ᠪᠠᠶᠢᠴᠠᠭᠠᠬᠤ ᠠᠵᠢᠯ ᠢ ᠣᠯᠠᠮ ᠨᠢᠭᠡ ᠠᠯᠬᠤᠮ ᠠᠬᠢᠭᠤᠯᠬᠤ ᠶᠢᠨ ᠲᠥᠯᠥᠭᠡ ᠪᠠᠶᠢᠴᠠᠭᠠᠬᠤ ᠺᠠᠲᠠᠷ ᠵᠢᠦ ᠮᠧᠢ ᠬᠣᠰᠢᠭᠣᠨ ᠤ ᠤᠯᠤᠰ ᠲᠥᠷᠥ ᠬᠠᠸᠯᠢ ᠴᠠᠭᠠᠵᠠ ᠵᠢᠨ ᠬᠣᠷᠢᠶ᠎ᠠ ᠂ ᠭᠠᠯ ᠤᠨᠲᠠᠷᠠᠭᠠᠬᠤ ᠶᠡᠬᠡ ᠠᠩᠭᠢ ᠵᠢᠴᠢ ᠮᠣᠩᠭᠣᠯ ᠦᠨᠳᠦᠰᠦᠲᠡᠨ ᠤ ᠪᠠᠭ᠎ᠠ ᠰᠤᠷᠭᠠᠭᠤᠯᠢ ᠶᠢᠨ ᠨᠠᠮ ᠤᠨ ᠡᠭᠦᠷ ᠠᠴᠠ ᠬᠠᠮᠲᠤᠷᠠᠨ ᠵᠣᠬᠢᠶᠠᠨ ᠪᠠᠶᠢᠭᠤᠯᠤᠭᠰᠠᠨ ︽ᠳᠤᠮᠳᠠᠳᠤ ᠶᠢᠨ ᠦᠨᠳᠦᠰᠦᠲᠡᠨ ᠦ ᠬᠠᠮᠲᠤ ᠶᠢᠨ ᠤᠬᠠᠮᠰᠠᠷ ᠢ ᠪᠠᠲᠤᠳᠬᠠᠵᠤ ᠂ ᠦᠨᠳᠦᠰᠦᠲᠡᠨ ᠤ ᠪᠦᠯᠬᠦᠮᠳᠡᠯ ᠤᠨ ᠬᠥᠭᠵᠢᠯᠲᠡ ᠶᠢ ᠠᠬᠢᠭᠣᠯᠬᠣ︾ ᠭᠣᠸᠯ ᠰᠡᠳᠦᠪᠲᠦ ᠨᠠᠮ ᠦᠨ ᠡᠳᠦᠷ ᠤᠨ ᠭᠦᠳᠡᠯᠭᠡᠭᠡᠨ ᠦ ᠳᠣᠬᠢᠶᠠᠯ ᠢᠶᠠᠷ ᠮᠣᠩᠭᠣᠯ ᠬᠡᠯᠡ ᠪᠡᠷ ᠬᠠᠤᠯᠢ ᠴᠠᠭᠠᠵᠠ ᠶᠢᠨ ᠣᠬᠠᠭᠣᠯᠬᠣ ᠬᠢᠴᠢᠶᠡᠯ ᠦᠷᠨᠢᠭᠦᠯᠪᠡ᠃
ᠬᠢᠴᠢᠶᠡᠯᠡᠬᠦ ᠶᠠᠪᠤᠴᠠ ᠳᠤ ᠨᠠᠷᠢᠯᠢᠭ ᠰᠠᠶᠢᠬᠠᠨ PPT ᠶᠠᠷᠢᠶᠠᠨ ᠤ ᠨᠣᠣᠷᠠᠭ ᠢᠶᠠᠷ ᠠᠴᠢᠶᠠᠯᠠᠪᠤᠷᠢ ᠪᠣᠯᠭᠠᠨ ᠬᠠᠸᠯᠢ ᠴᠠᠭᠠᠵᠠ ᠶᠢᠨ ᠤᠬᠠᠭᠤᠯᠭ᠎ᠠ ᠶᠢᠨ ᠵᠢᠵᠢᠭ ᠹᠢᠯᠢᠮ ᠢ ᠨᠡᠪᠲᠡᠷᠡᠭᠦᠯᠵᠤ᠂ ᠬᠡᠷᠡᠭ ᠤᠨ ᠵᠢᠱᠢᠶ᠎ᠡ ᠪᠡᠷ ᠬᠠᠸᠯᠢ ᠲᠠᠶᠢᠯᠪᠤᠷᠢᠯᠠᠵᠤ᠂ ᠨᠠᠰᠤᠨ ᠳᠦ ᠦᠯᠦ ᠬᠦᠷᠦᠭᠰᠡᠳ ᠦᠨ ᠶᠠᠯᠠᠲᠤ ᠠᠵᠢᠯᠯᠠᠭ᠎ᠠ ᠳᠤ ᠬᠣᠯᠪᠣᠭᠳᠠᠭᠰᠠᠨ ᠬᠣᠯᠠᠭᠠᠶᠢᠯᠠᠭᠰᠠᠨ ᠶᠠᠯ᠎ᠠ᠂ ᠳᠡᠭᠡᠷᠡᠮᠳᠡᠭᠰᠡᠨ ᠶᠠᠯ᠎ᠠ᠂ ᠵᠣᠷᠢᠭᠤᠳᠠ ᠭᠡᠮᠲᠦᠭᠡᠭᠰᠡᠨ ᠶᠠᠯ᠎ᠠ ᠵᠡᠷᠭᠡ ᠵᠢᠨ ᠲᠣᠬᠠᠢ ᠠᠷᠪᠠᠨ ᠶᠡᠬᠡ ᠡᠨᠳᠡᠭᠦᠷᠡᠯ ᠲᠠᠨᠢᠯᠲᠠ ᠶᠢᠨ ᠲᠠᠶᠢᠯᠤᠮᠵᠢ ᠬᠢᠵᠦ ᠵᠠᠯᠠᠭᠤᠴᠤᠳ ᠪᠠᠭᠠᠴᠤᠳ ᠤᠨ ᠬᠠᠸᠯᠢ ᠴᠠᠭᠠᠵᠠ ᠶᠢᠨ ᠦᠵᠡᠯ ᠤᠬᠠᠮᠰᠠᠷ ᠢ ᠳᠡᠭᠡᠭᠰᠢᠯᠡᠭᠦᠯᠬᠦ ᠳᠦ ᠭᠦᠴᠦᠨ ᠨᠡᠮᠡᠷᠢᠯᠡᠪᠡ᠃ ᠬᠢᠴᠢᠶᠡᠯ ᠤᠨ ᠳᠠᠷᠠᠭ᠎ᠠ ᠪᠠᠰᠠ ᠲᠤᠬᠠᠶ ᠶᠢᠨ ᠲᠠᠯᠠᠪᠤᠷ ᠤᠨ ᠰᠤᠷᠤᠭᠴᠢᠳ ᠲᠤ ︽ ᠨᠢᠭᠡᠳᠦᠭᠡᠷ ᠨᠣᠮᠧᠷᠲᠤ ᠪᠠᠶᠢᠴᠠᠭᠠᠬᠤ ᠰᠠᠨᠠᠭᠤᠯᠭ᠎ᠠ ︾ ᠢ ᠨᠠᠶᠢᠳᠠᠪᠤᠷᠢᠵᠢᠭᠤᠯᠬᠤ ᠬᠠᠮᠢᠶ᠎ᠠ ᠪᠥᠬᠥᠶ ᠤᠬᠠᠭᠤᠯᠭ᠎ᠠ ᠶᠢᠨ ᠭᠠᠷ ᠳᠡᠪᠲᠡᠷ ᠲᠠᠷᠬᠠᠭᠠᠪᠠ ᠃
ᠲᠣᠰ ᠤᠳᠠᠭᠠᠨ ᠤ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠪᠠᠷ ᠳᠠᠮᠵᠢᠨ ᠰᠤᠷᠭᠠᠭᠤᠯᠢ ᠳᠤ ᠪᠠᠶᠢᠭ᠎ᠠ ᠰᠤᠷᠠᠭᠴᠢᠳ ᠤᠨ ᠥᠪᠡᠷ ᠢ ᠪᠡᠨ ᠬᠠᠮᠠᠭᠠᠯᠠᠬᠤ ᠤᠬᠠᠮᠰᠠᠷ ᠢ ᠰᠡᠷᠭᠦᠭᠡᠨ᠂ ᠨᠠᠰᠤᠨ ᠳᠤ ᠦᠯᠦ ᠬᠦᠷᠦᠭᠰᠡᠳ ᠤᠨ ᠬᠠᠸᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠬᠢᠬᠦ ᠢ ᠡᠬᠢ ᠡᠭᠦᠰᠦᠯ ᠡᠴᠡ ᠨᠢ ᠰᠡᠷᠭᠡᠶᠢᠯᠡᠨ᠂ ᠰᠤᠷᠭᠠᠭᠤᠯᠢ ᠶᠢᠨ ᠬᠠᠸᠯᠢ ᠶᠣᠰᠣᠭᠠᠷ ᠵᠠᠰᠠᠬᠤ ᠬᠢᠷᠢ ᠬᠡᠮᠵᠢᠶ᠎ᠡ ᠶᠢ ᠳᠡᠭᠡᠭᠰᠢᠯᠡᠭᠦᠯᠪᠡ᠃