ᠠᠷᠠᠳ ᠤᠨ ᠳᠡᠭᠡᠳᠦ ᠪᠠᠶᠢᠴᠠᠭᠠᠬᠤ ᠬᠣᠷᠢᠶ᠎ᠠ ︽ᠪᠠᠶᠢᠴᠠᠭᠠᠬᠤ ᠪᠠᠶᠢᠭᠤᠯᠭ᠎ᠠ ᠵᠢᠨ ᠶᠠᠯ᠎ᠠ ᠪᠠᠨ ᠮᠡᠳᠡᠷᠡᠵᠦ ᠰᠢᠶᠳᠬᠡᠯ ᠢ ᠬᠦᠯᠢᠶᠡᠭᠰᠡᠳ ᠢ ᠠᠭᠤᠴᠢᠯᠠᠨ ᠰᠢᠶᠳᠬᠡᠬᠦ ᠲᠦᠷᠢᠮ ᠢ ᠲᠤᠬᠢᠷᠠᠭᠤᠯᠤᠨ ᠬᠡᠷᠡᠭᠯᠡᠬᠦ︾ ᠵᠢᠯᠤᠭᠤᠳᠤᠮᠵᠢ ᠵᠢᠨ ᠴᠢᠨᠠᠷᠲᠠᠶ 4 ᠬᠡᠷᠡᠭ ᠦᠨ ᠵᠢᠱᠢᠶ᠎ᠡ ᠶᠢ ᠨᠡᠶᠢᠲᠡᠯᠡᠪᠡ
---- ᠶᠠᠯ᠎ᠠ ᠪᠠᠨ ᠮᠡᠳᠡᠷᠡᠵᠦ ᠰᠢᠶᠳᠬᠡᠯ ᠢ ᠬᠦᠯᠢᠶᠡᠭᠰᠡᠳ ᠢ ᠠᠭᠤᠴᠢᠯᠠᠨ ᠰᠢᠶᠳᠬᠡᠬᠦ ᠲᠦᠷᠢᠮ ᠢ ᠲᠤᠬᠢᠷᠠᠭᠤᠯᠤᠨ ᠬᠡᠷᠡᠭᠯᠡᠬᠦ ᠳᠦ ᠠᠭᠤᠴᠢᠯᠠᠨ ᠰᠢᠢᠳᠬᠡᠬᠦ ᠬᠡᠷᠡᠭᠲᠡᠶ ᠪᠣᠯ ᠠᠭᠤᠴᠢᠯᠠᠨ ᠰᠢᠢᠳᠬᠡᠵᠦ᠂ ᠴᠢᠩᠭ᠎ᠠ ᠰᠢᠢᠳᠬᠡᠬᠦ ᠬᠡᠷᠡᠭᠲᠡᠢ ᠪᠤᠯ ᠴᠢᠩᠭ᠎ᠠ ᠪᠠᠷ ᠰᠢᠢᠳᠬᠡᠨ᠎ᠡ᠃
ᠠᠷᠠᠳ ᠤᠨ ᠳᠡᠭᠡᠳᠦ ᠪᠠᠶᠢᠴᠠᠭᠠᠬᠤ ᠬᠣᠷᠢᠶ᠎ᠠ ᠣᠶᠢᠷ᠎ᠠ ᠳᠤ ︽ᠪᠠᠶᠢᠴᠠᠭᠠᠬᠤ ᠪᠠᠶᠢᠭᠤᠯᠭ᠎ᠠ ᠵᠢᠨ ᠶᠠᠯ᠎ᠠ ᠪᠠᠨ ᠮᠡᠳᠡᠷᠡᠵᠦ ᠰᠢᠶᠳᠬᠡᠯ ᠢ ᠬᠦᠯᠢᠶᠡᠭᠰᠡᠳ ᠢ ᠠᠭᠤᠴᠢᠯᠠᠨ ᠰᠢᠶᠳᠬᠡᠬᠦ ᠲᠦᠷᠢᠮ ᠢ ᠲᠤᠬᠢᠷᠠᠭᠤᠯᠤᠨ ᠬᠡᠷᠡᠭᠯᠡᠬᠦ︾ ᠪᠡᠷ ᠭᠣᠸᠯ ᠰᠡᠳᠦᠪ ᠪᠣᠯᠭᠠᠨ ᠬᠣᠷᠢᠨ ᠬᠣᠶᠠᠳᠤᠭᠠᠷ ᠪᠦᠯᠦᠭ ᠵᠢᠯᠤᠭᠤᠳᠤᠮᠵᠢ ᠵᠢᠨ ᠴᠢᠨᠠᠷᠲᠠᠶ ᠬᠡᠷᠡᠭ ᠦᠨ ᠵᠢᠱᠢᠶ᠎ᠡ ᠶᠢ ᠨᠡᠶᠢᠲᠡᠯᠡᠵᠡᠶ᠃ ᠡᠨᠡ 4 ᠵᠢᠯᠤᠭᠤᠳᠤᠮᠵᠢ ᠵᠢᠨ ᠴᠢᠨᠠᠷᠲᠠᠶ ᠬᠡᠷᠡᠭ ᠦᠨ ᠵᠢᠱᠢᠶ᠎ᠡ ᠳ᠋ᠦ᠄ ᠦᠰᠢ ᠵᠢᠨ F ᠴᠠᠭᠳᠠᠭᠠᠨ ᠤ ᠪᠠᠭᠠᠵᠢ ᠬᠡᠷᠡᠭᠰᠡᠯ ᠦᠨ ᠺᠣᠮᠫᠠᠨᠢ ᠥᠷᠲᠡᠭ ᠨᠡᠮᠡᠭᠳᠡᠯ ᠤᠨ ᠭᠠᠶᠢᠯᠢ ᠶᠢᠨ ᠲᠤᠰᠬᠠᠶ ᠪᠠᠷᠢᠮᠲᠠ ᠶᠢ ᠬᠠᠭᠤᠷᠮᠠᠭ ᠢᠶᠠᠷ ᠬᠢᠭᠰᠡᠨ ᠬᠡᠷᠡᠭ ᠂ ᠴᠢᠶᠠᠨ ᠣᠪᠣᠭᠲᠤ ᠶᠢᠨ ᠵᠣᠷᠢᠭᠤᠳᠠ ᠭᠡᠮᠲᠦᠭᠡᠭᠰᠡᠨ ᠬᠡᠷᠡᠭ ᠂ ᠵᠢᠤᠢ ×× ᠵᠦᠩ ᠦᠨ ᠬᠤᠯᠠᠭᠠᠶᠢᠯᠠᠭᠰᠠᠨ ᠬᠡᠷᠡᠭ ᠂ ᠯᠢᠨ ×× ᠪᠢᠨ ᠵᠡᠷᠭᠡ ᠬᠥᠮᠦᠰ ᠤᠨ ᠬᠠᠷ᠎ᠠ ᠪᠦᠯᠦᠭᠲᠡᠨ ᠦ ᠴᠢᠨᠠᠷᠲᠠᠶ ᠵᠣᠬᠢᠶᠠᠨ ᠪᠠᠶᠢᠭᠤᠯᠤᠯᠲᠠ ᠶᠢ ᠵᠣᠬᠢᠶᠠᠨ ᠪᠠᠶᠢᠭᠤᠯᠵᠤ ᠂ ᠤᠳᠤᠷᠢᠳᠤᠨ ᠂ ᠣᠷᠣᠯᠴᠠᠭᠰᠠᠨ ᠬᠡᠷᠡᠭ ᠪᠤᠯᠤᠨ᠎ᠠ᠃
ᠲᠠᠨᠢᠯᠴᠠᠭᠤᠯᠤᠭᠰᠠᠨ ᠢᠶᠠᠷ ᠂ ᠬᠣᠶᠠᠷ ᠵᠢᠯ ᠤᠨ ᠲᠤᠷᠰᠢ ᠂ ᠶᠠᠯ᠎ᠠ ᠪᠠᠨ ᠮᠡᠳᠡᠷᠡᠵᠦ ᠰᠢᠶᠳᠬᠡᠯ ᠢ ᠬᠦᠯᠢᠶᠡᠭᠰᠡᠳ ᠢ ᠠᠭᠤᠴᠢᠯᠠᠨ ᠰᠢᠶᠳᠬᠡᠬᠦ ᠲᠦᠷᠢᠮ ᠢ ᠲᠤᠬᠢᠷᠠᠭᠤᠯᠤᠨ ᠬᠡᠷᠡᠭᠯᠡᠭᠰᠡᠨ ᠨᠣᠷᠮ᠎ᠠ᠂ ᠡᠷᠡᠭᠦᠸ ᠰᠢᠳᠬᠡᠯ ᠣᠨᠣᠭᠳᠠᠭᠤᠯᠬᠤ ᠰᠠᠨᠠᠭᠤᠯᠭ᠎ᠠ ᠶᠢ ᠬᠦᠯᠢᠶᠡᠨ ᠠᠪᠤᠭᠰᠠᠨ ᠨᠤᠷᠮ᠎ᠠ ᠲᠠᠰᠤᠷᠠᠯᠳᠠ ᠦᠭᠡᠢ ᠳᠡᠭᠡᠭᠰᠢᠭᠯᠡᠭᠰᠡᠨ ᠮᠦᠷᠲᠡᠭᠡᠨ ᠨᠡᠯᠢᠶᠡᠳ ᠥᠨᠳᠥᠷ ᠲᠦᠪᠰᠢᠨ ᠢᠶᠠᠨ ᠪᠠᠲᠤᠯᠠᠵᠤ ᠪᠠᠶᠢᠨ᠎ᠠ᠃ ᠡᠨᠡ ᠵᠢᠯ ᠦᠨ 1 ᠰᠠᠷ᠎ᠠ ᠠᠴᠠ 10 ᠰᠠᠷ᠎ᠠ ᠪᠣᠯᠲᠠᠯ᠎ᠠ ᠂ ᠪᠦᠬᠦ ᠤᠯᠤᠰ ᠤᠨ ᠪᠠᠶᠢᠴᠠᠭᠠᠬᠤ ᠪᠠᠶᠢᠭᠤᠯᠭ᠎ᠠ ᠨᠤᠭᠤᠳ ᠬᠦᠨᠳᠦ ᠨᠣᠴᠢᠲᠠᠶ ᠡᠷᠡᠭᠦᠸ ᠶᠢᠨ ᠶᠠᠯᠠᠲᠤ ᠠᠵᠢᠯᠯᠠᠭ᠎ᠠ ᠶᠢ ᠬᠠᠸᠯᠢ ᠶᠣᠰᠣᠭᠠᠷ ᠴᠢᠩᠭ᠎ᠠ ᠰᠢᠳᠬᠡᠬᠦ ᠶᠢᠨ ᠬᠠᠮᠲᠤ᠂ ᠶᠠᠯ᠎ᠠ ᠪᠠᠨ ᠮᠡᠳᠡᠷᠡᠵᠦ ᠰᠢᠶᠳᠬᠡᠯ ᠢ ᠬᠦᠯᠢᠶᠡᠭᠰᠡᠳ ᠢ ᠠᠭᠤᠴᠢᠯᠠᠨ ᠰᠢᠶᠳᠬᠡᠬᠦ ᠲᠦᠷᠢᠮ ᠢ ᠲᠤᠬᠢᠷᠠᠭᠤᠯᠤᠨ ᠬᠡᠷᠡᠭᠯᠡᠵᠦ ᠰᠢᠢᠳᠪᠦᠷᠢᠯᠡᠨ ᠳᠠᠭᠤᠰᠬᠠᠭᠰᠠᠨ ᠬᠥᠮᠦᠨ ᠦ ᠲᠣᠭ᠎ᠠ ᠨᠢ ᠠᠳᠠᠯᠢ ᠬᠤᠭᠤᠴᠠᠭᠠᠨ ᠤ ᠡᠷᠡᠭᠦᠸ ᠶᠢᠨ ᠬᠡᠷᠡᠭ ᠢ ᠰᠢᠶᠳᠪᠦᠷᠢᠯᠡᠵᠦ ᠳᠠᠭᠤᠰᠬᠠᠭᠰᠠᠨ ᠬᠥᠮᠦᠨ ᠦ ᠲᠣᠭ᠎ᠠ ᠶᠢᠨ 83.27% ᠢᠢ ᠡᠵᠡᠯᠡᠪᠡ᠃ 2019 ᠣᠨ ᠤ 1 ᠰᠠᠷ᠎ᠠ ᠠᠴᠠ ᠡᠨᠡ ᠵᠢᠯ ᠦᠨ 10 ᠰᠠᠷ᠎ᠠ ᠪᠣᠯᠲᠠᠯ᠎ᠠ ᠂ ᠰᠢᠭᠦᠬᠦ ᠬᠣᠷᠢᠶᠠᠨ ᠤ ᠰᠢᠭᠦᠵᠦ ᠳᠠᠭᠤᠰᠬᠠᠭᠰᠠᠨ ᠪᠠᠶᠢᠴᠠᠭᠠᠬᠤ ᠪᠠᠶᠢᠭᠤᠯᠭ᠎ᠠ ᠶᠠᠯ᠎ᠠ ᠪᠠᠨ ᠮᠡᠳᠡᠷᠡᠵᠦ ᠰᠢᠶᠳᠬᠡᠯ ᠢ ᠬᠦᠯᠢᠶᠡᠭᠰᠡᠳ ᠢ ᠠᠭᠤᠴᠢᠯᠠᠨ ᠰᠢᠶᠳᠬᠡᠬᠦ ᠲᠦᠷᠢᠮ ᠢ ᠲᠤᠬᠢᠷᠠᠭᠤᠯᠤᠨ ᠬᠡᠷᠡᠭᠯᠡᠵᠦ ᠰᠢᠶᠳᠪᠦᠷᠢᠯᠡᠭᠰᠡᠨ ᠬᠡᠷᠡᠭ ᠦᠨ ᠳᠣᠲᠣᠷ᠎ᠠ᠂ ᠡᠷᠡᠭᠦᠸ ᠰᠢᠳᠬᠡᠯ ᠣᠨᠣᠭᠳᠠᠭᠤᠯᠬᠤ ᠰᠠᠨᠠᠭᠤᠯᠭ᠎ᠠ ᠶᠢ ᠬᠦᠯᠢᠶᠡᠨ ᠠᠪᠤᠭᠰᠠᠨ ᠨᠤᠷᠮ᠎ᠠ 89.52% ᠲᠦ ᠬᠦᠷᠴᠡᠶ᠃ ᠡᠭᠦᠨ ᠳᠦ ᠂ ᠡᠨᠡ ᠵᠢᠯ ᠡᠴᠡ ᠨᠠᠰᠢ ᠡᠷᠡᠭᠦᠸ ᠰᠢᠳᠬᠡᠯ ᠣᠨᠣᠭᠳᠠᠭᠤᠯᠬᠤ ᠰᠠᠨᠠᠭᠤᠯᠭ᠎ᠠ ᠶᠢ ᠬᠦᠯᠢᠶᠡᠨ ᠠᠪᠤᠭᠰᠠᠨ ᠨᠣᠷᠮ᠎ᠠ 93.47% ᠳ᠋ᠥ ᠬᠦᠷᠴᠡᠶ ᠃
ᠠᠷᠠᠳ ᠤᠨ ᠳᠡᠭᠡᠲᠦ ᠪᠠᠶᠢᠴᠠᠭᠠᠬᠤ ᠬᠣᠷᠢᠶᠠᠨ ᠤ ᠨᠢᠭᠡᠳᠦᠭᠡᠷ ᠪᠠᠶᠢᠴᠠᠭᠠᠬᠤ ᠲᠢᠩᠬᠢᠮ ᠤᠨ ᠳᠠᠷᠤᠭ᠎ᠠ ᠮᠢᠶᠣᠣ ᠱᠧᠩ ᠮᠢᠩ ᠲᠠᠨᠢᠯᠴᠠᠭᠤᠯᠬᠤ ᠳᠠᠭᠠᠨ ᠂ ᠡᠲᠡᠭᠡᠷ ᠵᠢᠯᠤᠭᠤᠳᠤᠮᠵᠢ ᠵᠢᠨ ᠴᠢᠨᠠᠷᠲᠠᠶ ᠬᠡᠷᠡᠭ ᠦᠨ ᠵᠢᠱᠢᠶ᠎ᠡ ᠨᠢ ᠠᠰᠠᠭᠤᠳᠠᠯ ᠢᠶᠠᠷ ᠤᠳᠤᠷᠢᠳᠤᠮᠵᠢ ᠪᠣᠯᠭᠠᠵᠤ ᠂ ᠶᠠᠯ᠎ᠠ ᠪᠠᠨ ᠮᠡᠳᠡᠷᠡᠵᠦ ᠰᠢᠶᠳᠬᠡᠯ ᠢ ᠬᠦᠯᠢᠶᠡᠭᠰᠡᠳ ᠢ ᠠᠭᠤᠴᠢᠯᠠᠨ ᠰᠢᠶᠳᠬᠡᠬᠦ ᠲᠦᠷᠢᠮ ᠦᠨ ᠶᠠᠮᠠᠷ ᠨᠢᠭᠡᠨ ᠲᠠᠯ᠎ᠠ ᠪᠤᠶᠤ ᠬᠡᠳᠦᠨ ᠲᠠᠯ᠎ᠠ ᠶᠢᠨ ᠲᠦᠷᠢᠮ ᠦᠨ ᠦᠨ᠎ᠡ ᠥᠷᠲᠡᠭ ᠢ ᠢᠯᠡᠷᠡᠭᠦᠯᠬᠦ ᠳᠦ ᠪᠠᠶᠢᠵᠤ ᠂ ᠠᠳᠠᠯᠢ ᠪᠤᠰᠤ ᠲᠥᠷᠥᠯ ᠬᠡᠯᠪᠡᠷᠢ ᠶᠢᠨ ᠶᠠᠯ᠎ᠠ ᠪᠠᠨ ᠮᠡᠳᠡᠷᠡᠵᠦ ᠰᠢᠶᠳᠬᠡᠯ ᠢ ᠬᠦᠯᠢᠶᠡᠬᠦ ᠬᠡᠷᠡᠭ ᠳ᠋ᠡᠬᠢ ᠵᠢᠯᠤᠭᠤᠳᠤᠮᠵᠢ ᠶᠢ ᠢᠯᠡᠷᠡᠭᠦᠯᠵᠦ ᠂ ᠪᠠᠶᠢᠴᠠᠭᠠᠬᠤ ᠪᠠᠶᠢᠭᠤᠯᠭ᠎ᠠ ᠶᠢᠨ ᠶᠠᠯ᠎ᠠ ᠪᠠᠨ ᠮᠡᠳᠡᠷᠡᠵᠦ ᠰᠢᠶᠳᠬᠡᠯ ᠢ ᠬᠦᠯᠢᠶᠡᠭᠰᠡᠨ ᠬᠡᠷᠡᠭ ᠢ ᠰᠢᠶᠳᠪᠦᠷᠢᠯᠡᠭᠰᠡᠨ ᠲᠤᠰᠢᠶᠠᠯ ᠬᠠᠷᠢᠭᠤᠴᠠᠯᠭ᠎ᠠ ᠪᠠᠨ ᠭᠦᠶᠴᠡᠳᠬᠡᠭᠰᠡᠨ ᠪᠠᠶᠢᠳᠠᠯ ᠢ ᠭᠣᠸᠯᠴᠢᠯᠠᠨ ᠲᠣᠳᠣᠷᠬᠠᠶᠢᠯᠠᠨ ᠥᠭᠦᠯᠡᠵᠦ ᠂ ᠲᠦᠭᠡᠮᠡᠯ ᠴᠢᠨᠠᠷᠲᠠᠶ ᠂ ᠮᠠᠷᠭᠤᠯᠳᠤᠭᠠᠨ ᠤ ᠴᠢᠨᠠᠷᠲᠠᠶ ᠠᠰᠠᠭᠤᠳᠠᠯ ᠢ ᠵᠣᠬᠢᠰᠲᠠᠶ ᠤᠷᠳᠤᠳᠬᠠᠨ᠂ ᠵᠢᠯᠣᠭᠣᠳᠬᠤ ᠴᠢᠨᠠᠷ ᠪᠠ ᠲᠦᠭᠡᠮᠡᠯ ᠴᠢᠨᠠᠷ ᠢ ᠨᠡᠮᠡᠭᠳᠡᠭᠦᠯᠪᠡ ᠃
ᠮᠢᠶᠣᠣ ᠱᠧᠩ ᠮᠢᠩ ᠵᠢᠭᠠᠵᠤ ᠭᠠᠷᠭᠠᠭᠰᠠᠨ ᠨᠢ᠂ ᠬᠠᠷ᠎ᠠ ᠪᠦᠯᠦᠭᠲᠡᠨ ᠤ ᠰᠢᠨᠵᠢ ᠴᠢᠨᠠᠷᠲᠠᠶ ᠵᠣᠬᠢᠶᠠᠨ ᠪᠠᠶᠢᠭᠤᠯᠤᠯᠲᠠ ᠶᠢᠨ ᠶᠠᠯᠠᠲᠤ ᠠᠵᠢᠯᠯᠠᠭ᠎ᠠ ᠵᠡᠷᠭᠡ ᠬᠦᠨᠳᠦ ᠶᠡᠬᠡ ᠬᠡᠷᠡᠭ ᠲᠦ᠂ ᠶᠠᠯ᠎ᠠ ᠪᠠᠨ ᠮᠡᠳᠡᠷᠡᠵᠦ ᠰᠢᠶᠳᠬᠡᠯ ᠢ ᠬᠦᠯᠢᠶᠡᠭᠰᠡᠳ ᠢ ᠠᠭᠤᠴᠢᠯᠠᠨ ᠰᠢᠶᠳᠬᠡᠬᠦ ᠳᠦᠷᠢᠮ ᠤᠨ ᠬᠡᠷᠡᠭ ᠦᠨ ᠪᠣᠳᠠᠲᠤ ᠶᠠᠪᠤᠳᠠᠯ ᠢ ᠪᠠᠶᠢᠴᠠᠭᠠᠨ ᠲᠣᠳᠣᠯᠠᠬᠤ᠂ ᠵᠠᠭᠠᠯᠳᠤᠬᠤ ᠦᠷ᠎ᠡ ᠪᠦᠲᠦᠮᠵᠢ ᠶᠢ ᠳᠡᠭᠡᠭᠰᠢᠯᠡᠭᠦᠯᠬᠦ᠂ ᠪᠤᠵᠠᠷ ᠡᠳ᠋ ᠢ ᠪᠦᠲᠦᠮᠵᠢᠲᠡᠶ ᠪᠡᠷ ᠨᠡᠬᠡᠮᠵᠢᠯᠡᠵᠦ ᠬᠣᠬᠢᠷᠠᠯ ᠠᠴᠠ ᠵᠠᠶᠢᠯᠠᠭᠤᠯᠬᠤ ᠵᠡᠷᠭᠡ ᠲᠠᠯ᠎ᠠ ᠪᠠᠷ ᠬᠢ ᠦᠶᠯᠡᠳᠦᠯ ᠢ ᠭᠦᠶᠴᠡᠳ ᠪᠠᠳᠠᠷᠠᠭᠤᠯᠬᠤ ᠬᠡᠷᠡᠭᠲᠡᠶ᠃ ᠶᠠᠯ᠎ᠠ ᠪᠠᠨ ᠮᠡᠳᠡᠷᠡᠵᠦ ᠰᠢᠶᠳᠬᠡᠯ ᠢ ᠬᠦᠯᠢᠶᠡᠬᠦ ᠪᠠ ᠪᠤᠵᠠᠷ ᠡᠳ᠋ ᠢ ᠨᠡᠬᠡᠮᠵᠢᠯᠡᠵᠦ ᠬᠣᠬᠢᠷᠠᠯ ᠠᠴᠠ ᠵᠠᠶᠢᠯᠠᠭᠤᠯᠬᠤ ᠶᠢ ᠣᠷᠭᠠᠨᠢᠭ ᠢᠶᠠᠷ ᠤᠶᠠᠯᠳᠤᠭᠤᠯᠵᠤ ᠂ ᠵᠣᠬᠢᠶᠠᠨ ᠪᠠᠶᠢᠭᠤᠯᠤᠯᠲᠠ ᠲᠠᠶ ᠶᠠᠯᠠᠲᠤ ᠠᠵᠢᠯᠯᠠᠭ᠎ᠠ ᠶᠢᠨ ᠠᠵᠤ ᠠᠬᠤᠶ ᠶᠢᠨ ᠰᠠᠭᠤᠷᠢ ᠶᠢ ᠲᠤᠶᠢᠯᠪᠤᠷᠢᠲᠠᠶ ᠠᠷᠢᠯᠭᠠᠵᠤ᠂ ᠬᠣᠸᠷᠯᠠᠭᠳᠠᠭᠴᠢ ᠶᠢᠨ ᠬᠣᠬᠢᠷᠠᠯ ᠢ ᠴᠢᠳᠠᠬᠤ ᠶᠢᠨ ᠬᠢᠷᠢ ᠪᠡᠷ ᠡᠭᠡᠭᠦᠯᠦᠨ ᠠᠪᠴᠢᠷᠠᠨ᠎ᠠ᠃ ᠶᠠᠯ᠎ᠠ ᠬᠢᠭᠰᠡᠨ ᠦᠢᠯᠡ ᠪᠠᠶᠢᠳᠠᠯ ᠨᠢ ᠨᠡᠯᠢᠶᠡᠳ ᠬᠥᠩᠭᠡᠨ ᠪᠥᠭᠡᠳ ᠶᠠᠯ᠎ᠠ ᠪᠠᠨ ᠮᠡᠳᠡᠷᠡᠵᠦ ᠰᠢᠶᠳᠬᠡᠯ ᠢ ᠬᠦᠯᠢᠶᠡᠭᠰᠡᠨ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠵᠢᠴᠢ ᠬᠣᠯᠪᠣᠭᠳᠠᠯ ᠪᠦᠬᠦᠢ ᠬᠠᠷᠢᠭᠤᠴᠠᠯᠭ᠎ᠠ ᠡᠭᠦᠷᠭᠡᠯᠡᠭᠴᠢ ᠶᠢ ᠬᠠᠸᠯᠢ ᠶᠣᠰᠣᠭᠠᠷ ᠠᠭᠤᠴᠢᠯᠠᠨ ᠰᠢᠢᠳᠬᠡᠬᠦ ᠶᠢᠨ ᠬᠠᠮᠲᠤ ᠡᠷᠡᠭᠦᠸ ᠶᠢᠨ ᠬᠡᠷᠡᠭ ᠦᠨ ᠦᠯᠦ ᠵᠠᠭᠠᠯᠳᠤᠬᠤ ᠪᠠ ᠵᠠᠰᠠᠭ ᠵᠠᠬᠢᠷᠭᠠᠨ ᠤ ᠰᠢᠢᠳᠬᠡᠨ ᠲᠤᠷᠭᠠᠯᠲᠠ᠂ ᠰᠢᠳᠬᠡᠯ ᠢ ᠪᠦᠲᠦᠮᠵᠢᠲᠡᠶ ᠵᠣᠯᠭᠠᠭᠤᠯᠬᠤ ᠶᠢ ᠬᠠᠸᠯᠢ ᠶᠣᠰᠣᠭᠠᠷ ᠰᠠᠶᠢᠲᠤᠷ ᠬᠢᠬᠦ ᠬᠡᠷᠡᠭᠲᠡᠶ᠃ ᠶᠠᠯ᠎ᠠ ᠪᠠᠨ ᠮᠡᠳᠡᠷᠡᠵᠦ ᠰᠢᠶᠳᠬᠡᠯ ᠢ ᠬᠦᠯᠢᠶᠡᠬᠦ ᠬᠡᠷᠡᠭ ᠢ ᠰᠢᠢᠳᠪᠦᠷᠢᠯᠡᠬᠦ ᠳ᠋ᠦ ᠂ ᠪᠠᠶᠢᠴᠠᠭᠠᠬᠤ ᠪᠠᠶᠢᠭᠤᠯᠭ᠎ᠠ ᠬᠡᠷᠡᠭ ᠦᠨ ᠰᠢᠨᠵᠢ ᠴᠢᠨᠠᠷ᠂ ᠦᠢᠯᠡ ᠪᠠᠶᠢᠳᠠᠯ ᠪᠠ ᠨᠡᠶᠢᠭᠡᠮ ᠳᠦ ᠤᠴᠠᠷᠠᠭᠤᠯᠤᠭᠰᠠᠨ ᠬᠤᠤᠷ ᠬᠦᠨᠦᠭᠡᠯ ᠦᠨ ᠦᠷ᠎ᠡ ᠤᠷᠰᠢᠭ ᠵᠡᠷᠭᠡ ᠪᠣᠳᠠᠲᠤ ᠪᠠᠶᠢᠳᠠᠯ ᠢ ᠦᠨᠳᠦᠰᠦᠯᠡᠨ᠂ ᠶᠠᠯ᠎ᠠ ᠬᠠᠷᠢᠭᠤᠴᠠᠯᠭ᠎ᠠ ᠪᠠ ᠡᠷᠡᠭᠦᠸ ᠶᠢ ᠬᠠᠷᠢᠯᠴᠠᠨ ᠵᠣᠬᠢᠴᠠᠭᠤᠯᠬᠤ ᠵᠠᠷᠴᠢᠮ ᠢ ᠪᠠᠷᠢᠮᠲᠠᠯᠠᠨ᠎ᠠ᠂ ᠪᠠᠶᠢᠳᠠᠯ ᠬᠤᠪᠢᠶᠠᠵᠤ ᠢᠯᠭᠠᠭ᠎ᠠ ᠲᠠᠶ ᠪᠠᠷ ᠬᠠᠨᠳᠤᠵᠤ ᠂ ᠠᠭᠤᠴᠢᠯᠠᠬᠤ ᠬᠡᠷᠡᠭᠲᠡᠢ ᠶᠢ ᠨᠢ ᠠᠭᠤᠴᠢᠯᠠᠵᠤ ᠂ ᠴᠢᠩᠭ᠎ᠠ ᠰᠢᠢᠳᠬᠡᠬᠦ ᠬᠡᠷᠡᠭᠲᠡᠢ ᠶᠢ ᠨᠢ ᠴᠢᠩᠭ᠎ᠠ ᠰᠢᠳᠬᠡᠵᠦ᠂ ᠴᠢᠩᠭ᠎ᠠ ᠰᠤᠯᠠ ᠶᠢ ᠬᠠᠪᠰᠤᠷᠭᠠᠨ᠂ ᠰᠢᠳᠬᠡᠯ ᠲᠤᠷᠭᠠᠯᠲᠠ ᠨᠢ ᠶᠠᠯ᠎ᠠ ᠲᠠᠢ ᠪᠠᠨ ᠵᠤᠬᠢᠴᠠᠬᠤ ᠬᠡᠷᠡᠭᠲᠡᠢ᠃
ᠨᠡᠶᠢᠭᠡᠮ ᠦᠨ ᠵᠥᠷᠢᠴᠡᠯ ᠢ ᠦᠭᠡᠶᠢᠰᠬᠡᠬᠦ ᠪᠣᠯ ᠶᠠᠯ᠎ᠠ ᠪᠠᠨ ᠮᠡᠳᠡᠷᠡᠵᠦ ᠰᠢᠶᠳᠬᠡᠯ ᠢ ᠬᠦᠯᠢᠶᠡᠭᠰᠡᠳ ᠢ ᠠᠭᠤᠴᠢᠯᠠᠨ ᠰᠢᠶᠳᠬᠡᠬᠦ ᠳᠦᠷᠢᠮ ᠤᠨ ᠨᠢᠭᠡᠨ ᠴᠢᠬᠤᠯᠠ ᠥᠷᠲᠡᠭ ᠦᠨ ᠴᠢᠳᠠᠮᠵᠢ ᠪᠣᠯᠤᠨ᠎ᠠ ᠂ ᠬᠤᠤᠷᠯᠠᠭᠳᠠᠭᠴᠢ ᠵᠢᠨ ᠠᠰᠢᠭ ᠲᠤᠰᠠ ᠶᠢ ᠬᠠᠤᠯᠢ ᠶᠣᠰᠣᠭᠠᠷ ᠨᠥᠬᠥᠪᠥᠷᠢᠯᠡᠬᠦ ᠵᠠᠷᠴᠢᠮ ᠢ ᠪᠠᠷᠢᠮᠲᠠᠯᠠᠵᠤ ᠂ ᠬᠣᠸᠷᠯᠠᠭᠳᠠᠭᠴᠢ ᠶᠢᠨ ᠵᠠᠷᠭᠤ ᠳᠤ ᠣᠷᠣᠯᠴᠠᠬᠤ ᠡᠷᠬᠡ ᠶᠢ ᠭᠦᠶᠴᠡᠳ ᠪᠠᠲᠤᠯᠠᠵᠤ᠂ ᠬᠠᠸᠯᠢ ᠪᠠᠷᠢᠯᠲᠠ ᠶᠢᠨ ᠠᠪᠤᠷᠠᠨ ᠲᠤᠰᠠᠯᠠᠬᠤ ᠲᠦᠷᠢᠮ ᠦᠨ ᠦᠶᠯᠡᠳᠦᠯ ᠢ ᠪᠦᠲᠦᠮᠵᠢᠲᠡᠶ ᠪᠠᠳᠠᠷᠠᠭᠤᠯᠤᠨ᠎ᠠ᠃ ᠡᠨᠡ ᠤᠳᠠᠭ᠎ᠠ ᠨᠡᠶᠢᠲᠡᠯᠡᠭᠰᠡᠨ ᠴᠢᠶᠠᠨ ᠣᠪᠣᠭᠲᠤ ᠶᠢᠨ ᠵᠣᠷᠢᠭᠤᠳᠠ ᠭᠡᠮᠲᠦᠭᠡᠭᠰᠡᠨ ᠬᠡᠷᠡᠭ ᠪᠣᠯ ᠳᠠᠷᠤᠶ ᠬᠠᠸᠯᠢ ᠪᠠᠷᠢᠯᠲᠠ ᠶᠢᠨ ᠠᠪᠤᠷᠠᠨ ᠲᠤᠰᠠᠯᠠᠯᠲᠠ ᠪᠠᠷ ᠵᠥᠷᠢᠴᠡᠯ ᠢ ᠦᠭᠡᠶᠢᠰᠬᠡᠬᠦ ᠶᠢ ᠠᠬᠢᠭᠤᠯᠤᠭᠰᠠᠨ ᠨᠡᠶᠢᠲᠡᠯᠢᠭ ᠬᠡᠷᠡᠭ ᠦᠨ ᠵᠢᠱᠢᠶ᠎ᠡ ᠪᠤᠯᠤᠨ᠎ᠠ᠃ 2019 ᠣᠨ ᠤ 1 ᠰᠠᠷ᠎ᠠ ᠠᠴᠠ ᠨᠠᠰᠢ ᠂ ᠪᠦᠬᠦ ᠤᠯᠤᠰ ᠤᠨ ᠪᠠᠶᠢᠴᠠᠭᠠᠬᠤ ᠪᠠᠶᠢᠭᠤᠯᠭ᠎ᠠ ᠶᠠᠯᠠᠲᠤ ᠠᠵᠢᠯᠯᠠᠭ᠎ᠠ ᠶᠢᠨ ᠬᠠᠯᠳᠠᠯᠭ᠎ᠠ ᠠᠴᠠ ᠪᠤᠯᠵᠤ ᠠᠮᠢᠳᠤᠷᠠᠯ ᠨᠢ ᠬᠦᠴᠢᠷᠳᠡᠯ ᠳᠦ ᠲᠤᠯᠭᠠᠷᠠᠭᠰᠠᠨ 33040 ᠬᠣᠸᠷᠯᠠᠭᠳᠠᠭᠴᠢ ᠳᠤ ᠬᠠᠸᠯᠢ ᠪᠠᠷᠢᠯᠲᠠ ᠵᠢᠨ ᠠᠪᠤᠷᠠᠨ ᠲᠤᠰᠠᠯᠠᠯᠲᠠ ᠦᠵᠡᠭᠦᠯᠵᠦ᠂ 4.89 ᠳ᠋ᠦᠩᠰᠢᠭᠤᠷ ᠲᠥᠭᠥᠷᠢᠭ ᠦᠨ ᠠᠪᠤᠷᠠᠨ ᠲᠤᠰᠠᠯᠠᠬᠤ ᠮᠥᠩᠭᠥ ᠲᠠᠷᠬᠠᠭᠠᠪᠠ᠃ ᠡᠭᠦᠨ ᠦ ᠬᠠᠮᠲᠤ ᠮᠢᠶᠣᠣ ᠱᠧᠩ ᠮᠢᠩ ᠪᠠᠰᠠ ᠵᠢᠭᠠᠵᠤ ᠭᠠᠷᠭᠠᠭᠰᠠᠨ ᠨᠢ᠂ ᠵᠠᠭᠠᠯᠳᠤᠭᠳᠠᠭᠴᠢ ᠤᠴᠢᠷ ᠰᠢᠯᠲᠠᠭᠠᠨ ᠦᠭᠡᠢ ᠪᠡᠷ ᠳᠡᠭᠡᠭᠰᠢ ᠵᠠᠭᠠᠯᠳᠤᠯᠠᠭᠠ ᠪᠠᠨ ᠪᠤᠴᠠᠭᠠᠭᠰᠠᠨ ᠪᠠᠶᠢᠳᠠᠯ ᠳᠤ ᠴᠢᠭᠯᠡᠭᠦᠯᠦᠨ᠂ ᠪᠠᠶᠢᠴᠠᠭᠠᠬᠤ ᠪᠠᠶᠢᠭᠤᠯᠭ᠎ᠠ ᠡᠰᠡᠷᠭᠦᠴᠡᠨ ᠵᠠᠭᠠᠯᠳᠤᠬᠤ ᠪᠠᠷ ᠳᠠᠮᠵᠢᠭᠤᠯᠤᠨ ᠵᠠᠭᠠᠯᠳᠤᠭᠳᠠᠭᠴᠢ ᠶᠢ ᠵᠦᠪᠳᠡᠯᠴᠠᠭᠡᠨ ᠤ ᠠᠮᠠᠯᠠᠯᠲᠠ ᠪᠠᠨ ᠵᠢᠷᠤᠮᠯᠠᠭᠤᠯᠬᠤ ᠶᠢ ᠠᠬᠢᠭᠤᠯᠵᠤ ᠪᠣᠯᠤᠨ᠎ᠠ᠂ ᠢᠩᠬᠢᠬᠦ ᠨᠢ ᠬᠠᠥᠯᠢ ᠪᠠᠷᠢᠯᠲᠠ ᠵᠢᠨ ᠲᠦᠪ ᠴᠢᠭᠡᠴᠢ ᠪᠠ ᠳᠦᠷᠢᠮ ᠦᠨ ᠲᠦᠪ ᠴᠢᠩᠭ᠎ᠠ ᠴᠢᠨᠠᠷ ᠢ ᠬᠠᠮᠠᠭᠠᠯᠠᠬᠤ ᠳᠤ ᠠᠰᠢᠭᠲᠠᠢ ᠪᠠᠶᠢᠵᠤ᠂ ᠵᠢᠤᠢ ×× ᠵᠦᠩ ᠦᠨ ᠬᠤᠯᠠᠭᠠᠶᠢᠯᠠᠭᠰᠠᠨ ᠬᠡᠷᠡᠭ ᠨᠢ ᠶᠠᠯ᠎ᠠ ᠪᠠᠨ ᠮᠡᠳᠡᠷᠡᠵᠦ ᠰᠢᠢᠳᠬᠡᠯ ᠢ ᠬᠦᠯᠢᠶᠡᠭᠰᠡᠳ ᠢ ᠠᠭᠤᠴᠢᠯᠠᠨ ᠰᠢᠳᠬᠡᠬᠦ ᠳᠦᠷᠢᠮ ᠤᠨ ᠰᠠᠶᠢᠨ ᠣᠷᠴᠢᠯ ᠢ ᠬᠠᠮᠳᠦ ᠪᠠᠷ ᠢᠶᠠᠨ ᠬᠠᠮᠠᠭᠠᠯᠠᠬᠤ ᠳᠤ ᠦᠯᠢᠭᠡᠷ ᠳᠡᠪᠲᠡᠷ ᠬᠠᠩᠭᠠᠭᠰᠠᠨ ᠪᠠᠶᠢᠨ᠎ᠠ᠃