ᠣᠲᠤᠭ ᠬᠤᠰᠢᠭᠤᠨ ᠤ ᠠᠷᠠᠳ ᠤᠨ ᠪᠠᠶᠢᠴᠠᠭᠠᠬᠤ ᠬᠤᠷᠢᠶ᠎ᠠ ᠨᠠᠰᠤᠨ ᠳᠤ ᠥᠯᠦ ᠬᠦᠷᠦᠭᠰᠡᠳ ᠤᠨ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠶᠢ ᠤᠷᠢᠳᠴᠢᠯᠠᠨ ᠰᠡᠷᠭᠡᠶᠢᠯᠡᠬᠦ ᠠᠵᠢᠯ ᠢ ᠪᠦᠬᠦ ᠲᠠᠯ᠎ᠠ ᠪᠠᠷ ᠢᠳᠡᠪᠬᠢᠲᠠᠢ ᠦᠷᠨᠢᠭᠦᠯᠵᠦ ᠪᠠᠶᠢᠨ᠎ᠠ
ᠣᠲᠤᠭ ᠬᠤᠰᠢᠭᠤᠨ ᠤ ᠠᠷᠠᠳ ᠤᠨ ᠪᠠᠶᠢᠴᠠᠭᠠᠬᠤ ᠬᠤᠷᠢᠶ᠎ᠠ ᠨᠠᠰᠤᠨ ᠳᠤ ᠥᠯᠦ ᠬᠦᠷᠦᠭᠰᠡᠳ ᠤᠨ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠶᠢ ᠤᠷᠢᠳᠴᠢᠯᠠᠨ ᠰᠡᠷᠭᠡᠶᠢᠯᠡᠬᠦ ᠠᠵᠢᠯ ᠢ ᠥᠷᠨᠢᠭᠦᠯᠦᠨ᠂ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠠᠵᠢᠯ ᠤᠨ ᠲᠣᠭᠲᠠᠴᠠ ᠶᠢ ᠲᠡᠭᠦᠯᠳᠡᠷᠵᠢᠭᠦᠯᠵᠦ ᠳᠤᠮᠳᠠ ᠪᠠᠭ᠎ᠠ ᠰᠤᠷᠭᠠᠭᠤᠯᠢ ᠳᠤ ᠡᠭᠦᠰᠴᠦ ᠪᠠᠶᠢᠭ᠎ᠠ ᠲᠤᠷᠤᠮᠵᠢᠯᠠᠯ ᠪᠠ ᠬᠦᠴᠦᠷᠬᠡᠭᠯᠡᠯ ᠢ ᠰᠡᠷᠭᠡᠶᠢᠯᠡᠨ ᠵᠠᠰᠠᠬᠤ ᠨᠡᠶᠢᠭᠡᠮᠴᠢᠯᠡᠭᠰᠡᠨ ᠰᠢᠰᠲ᠋ᠧᠮ ᠤᠨ ᠪᠠᠶᠢᠭᠤᠯᠤᠯᠲᠠ ᠳᠤ ᠢᠳᠡᠪᠬᠢᠲᠡᠶ ᠣᠷᠣᠯᠴᠠᠵᠤ ᠪᠠᠶᠢᠨ᠎ᠠ᠃
ᠣᠶᠢᠷ᠎ᠠ ᠳᠤ ᠲᠤᠰ ᠬᠤᠷᠢᠶᠠᠨ ᠤ ᠪᠠᠶᠢᠴᠠᠭᠠᠬᠤ ᠳᠠᠷᠤᠭ᠎ᠠ ᠪᠠ ᠣᠷᠣᠨ ᠳᠣᠭᠠᠲᠤ ᠪᠠᠶᠢᠴᠠᠭᠠᠬᠤ ᠲᠤᠰᠢᠶᠠᠯᠲᠠ ᠨᠡᠶᠢᠲᠡ ᠠᠷᠪᠠᠨ ᠬᠤᠶᠠᠷ ᠬᠦᠮᠦᠨ ᠢ ᠡᠯ᠎ᠡ ᠳᠤᠮᠳᠠ ᠪᠠᠭ᠎ᠠ ᠰᠤᠷᠭᠠᠭᠤᠯᠢ ᠳᠤ ᠬᠠᠤᠯᠢ ᠳᠦᠷᠢᠮ ᠤᠨ ᠳᠡᠳ᠋ ᠵᠠᠬᠢᠷᠤᠯ ᠢᠶᠠᠷ ᠲᠣᠮᠢᠯᠠᠵᠤ ᠦᠨᠳᠦᠰᠦᠨ ᠳᠡᠭᠡᠨ ᠪᠦᠬᠦ ᠬᠤᠰᠢᠭᠤ ᠶᠢ ᠬᠠᠮᠤᠷᠴᠤ ᠠᠷᠪᠠᠨ ᠳᠥᠷᠪᠡᠨ ᠰᠠᠭᠤᠷᠢ ᠳᠤᠮᠳᠠ ᠪᠠᠭ᠎ᠠ ᠰᠤᠷᠭᠠᠭᠤᠯᠢ ᠶᠢᠨ ᠰᠤᠷᠤᠭᠴᠢ ᠡᠨᠡᠬᠦ ᠦᠢᠯᠡᠴᠢᠯᠡᠭᠡ ᠶᠢ ᠭᠦᠷᠲᠡᠵᠦ ᠪᠤᠢ᠃ ᠲᠤᠰ ᠠᠵᠢᠯ ᠢ ᠥᠷᠨᠢᠭᠦᠯᠬᠦ ᠳᠡᠭᠡᠨ ᠪᠠᠶᠢᠴᠠᠭᠠᠬᠤ ᠠᠵᠢᠯ ᠶᠢ ᠨᠡᠶᠢᠲᠡᠯᠡᠬᠦ ᠡᠳᠦᠷ᠂ ᠠᠩᠭᠢ ᠶᠢᠨ ᠠᠵᠢᠯᠯᠠᠭ᠎ᠠ ᠵᠡᠷᠭᠡ ᠶᠢ ᠭᠦᠢᠴᠡᠳ ᠠᠰᠢᠭᠯᠠᠵᠤ᠂ ᠰᠤᠷᠤᠭᠴᠢᠳ ᠢ ᠵᠣᠬᠢᠶᠠᠨ ᠪᠠᠶᠢᠭᠤᠯᠤᠨ ᠪᠠᠶᠢᠴᠠᠭᠠᠬᠤ ᠪᠠᠶᠢᠭᠤᠯᠭ᠎ᠠ ᠳᠤ ᠪᠠᠶᠢᠭᠤᠯᠤᠭᠰᠠᠨ ᠪᠠᠭᠠᠴᠤᠳ ᠤᠨ ᠳᠠᠭᠤᠷᠢᠶᠠᠮᠠᠯ ᠰᠢᠭᠦᠬᠦ ᠲᠢᠩᠬᠢᠮ᠂ ᠨᠠᠰᠤᠨ ᠳᠤ ᠦᠯᠦ ᠬᠦᠷᠦᠭᠰᠡᠳ ᠤᠨ ᠬᠠᠤᠯᠢ ᠴᠠᠭᠠᠵᠠ ᠶᠢᠨ ᠬᠥᠮᠦᠵᠢᠯ ᠤᠨ ᠰᠠᠭᠤᠷᠢᠨ ᠭᠠᠵᠠᠷ ᠲᠤ ᠲᠣᠭᠤᠷᠢᠨ ᠦᠵᠡᠭᠦᠯᠵᠦ᠂ ᠰᠤᠷᠭᠠᠭᠤᠯᠢ ᠲᠡᠰᠢ ᠨᠡᠭᠡᠭᠡᠯᠲᠡᠲᠡᠢ ᠠᠵᠢᠯᠯᠠᠬᠤ ᠶᠢ ᠠᠬᠢᠭᠤᠯᠵᠤ ᠰᠠᠭᠤᠳᠠᠯ ᠤᠨ ᠬᠤᠷᠠᠯ᠂ ᠴᠢᠯᠦᠭᠡᠲᠡᠢ ᠣᠶᠢᠯᠠᠭᠠᠯᠴᠠᠬᠤ ᠬᠢᠴᠢᠶᠡᠯ ᠡᠷᠬᠢᠯᠡᠬᠦ᠂ ᠠᠰᠠᠭᠤᠯᠲᠠ ᠶᠢᠨ ᠬᠠᠭᠤᠳᠠᠰᠤ ᠳᠠᠷᠬᠠᠭᠠᠬᠤ ᠵᠡᠷᠭᠡ ᠣᠯᠠᠨ ᠵᠦᠢᠯ ᠤᠨ ᠬᠡᠯᠪᠡᠷᠢ ᠪᠠᠷ ᠳᠠᠮᠵᠢᠭᠤᠯᠤᠨ᠂ ᠰᠤᠷᠭᠠᠭᠤᠯᠢ ᠶᠢᠨ ᠬᠦᠷᠢᠶ᠎ᠡ ᠶᠢᠨ ᠬᠠᠤᠯᠢ ᠪᠠᠷ ᠵᠠᠰᠠᠬᠤ ᠬᠡᠷᠡᠭᠴᠡᠭᠡ ᠱᠠᠭᠠᠷᠳᠠᠯᠭ᠎ᠠ ᠶᠢ ᠭᠦᠢᠴᠡᠳ ᠪᠠᠳᠠᠷᠠᠭᠤᠯᠵᠤ᠂ ᠭᠡᠷ ᠪᠦᠯᠢ᠂ ᠰᠤᠷᠭᠠᠭᠤᠯᠢ᠂ ᠨᠡᠶᠢᠭᠡᠮ ︿︿ᠭᠤᠷᠪᠠ ᠶᠢ ᠨᠢᠭᠡ ᠴᠣᠭᠴᠠᠵᠢᠭᠤᠯᠤᠭᠰᠠᠨ﹀﹀ ᠵᠠᠯᠠᠭᠤᠴᠤᠳ ᠪᠠᠭᠠᠴᠤᠳ ᠤᠨ ᠬᠠᠤᠯᠢ ᠳᠦᠷᠢᠮ ᠤᠨ ᠬᠥᠮᠦᠵᠢᠯ ᠤᠨ ᠲᠣᠣᠷ ᠰᠦᠯᠵᠢᠶᠡᠨ ᠤ ᠪᠠᠶᠢᠭᠤᠯᠤᠯᠲᠠ ᠶᠢ ᠢᠳᠡᠪᠬᠢᠲᠡᠢ ᠪᠠᠶᠢᠭᠤᠯᠵᠤ ᠬᠠᠤᠯᠢ ᠴᠠᠭᠠᠵᠠ ᠶᠢᠨ ᠠᠰᠠᠭᠤᠳᠠᠯ ᠤᠨ ᠲᠤᠬᠠᠶ ᠬᠠᠯᠠᠮᠰᠢᠯ ᠴᠡᠭ᠂ ᠰᠡᠵᠢᠭᠲᠡᠢ ᠵᠦᠢᠯ ᠢ ᠬᠡᠷᠡᠭ ᠤᠨ ᠵᠢᠱᠢᠶ᠎ᠡ ᠲᠠᠢ ᠤᠶᠠᠯᠳᠤᠭᠤᠯᠤᠨ ᠲᠥᠯᠥᠪᠯᠡᠭᠡ᠂ ᠵᠢᠭᠠᠬᠤ ᠮᠠᠲ᠋ᠧᠷᠢᠶᠠᠯ᠂ ᠬᠢᠴᠢᠶᠡᠯ ᠤᠨ ᠴᠠᠭ᠂ ᠪᠠᠭᠰᠢ ᠵᠡᠷᠭᠡ ︿︿ᠳᠥᠷᠪᠡ ᠶᠢ ᠨᠠᠶᠢᠳᠠᠪᠤᠷᠢᠵᠢᠭᠤᠯᠬᠤ﹀﹀ ᠶᠢ ᠪᠡᠶᠡᠯᠡᠭᠦᠯᠦᠨ ᠵᠠᠯᠠᠭᠤᠴᠤᠳ ᠪᠠᠭᠠᠴᠤᠳ ᠢ ᠬᠠᠤᠯᠢ ᠪᠠᠷ ᠵᠠᠰᠠᠬᠤ ᠬᠥᠮᠦᠵᠢᠯ ᠢ ᠴᠢᠩᠭ᠎ᠠ ᠠᠳᠬᠤᠵᠤ ᠪᠦᠲᠦᠮᠵᠢᠲᠡᠶ ᠠᠷᠭ᠎ᠠ ᠵᠠᠮ ᠢ ᠢᠳᠡᠪᠬᠢᠲᠡᠢ ᠰᠦᠪᠡᠭᠴᠢᠯᠡᠪᠡ᠃
ᠡᠭᠦᠨ ᠤ ᠳᠠᠭᠠᠤ ᠬᠠᠤᠯᠢ ᠴᠠᠭᠠᠵᠠ ᠶᠢᠨ ᠨᠣᠮ ᠤᠩᠰᠢᠬᠤ᠂ ᠬᠠᠤᠯᠢ ᠴᠠᠭᠠᠵᠠ ᠶᠢᠨ ᠭᠤᠣᠯ ᠰᠡᠳᠦᠪᠲᠦ ᠠᠩᠭᠢ ᠶᠢᠨ ᠬᠤᠷᠠᠯ ᠬᠢᠬᠦ᠂ ᠬᠠᠤᠯᠢ ᠴᠠᠭᠠᠵᠠ ᠶᠢᠨ ᠦᠯᠢᠭᠡᠷ ᠶᠠᠷᠢᠬᠤ᠂ ᠬᠠᠤᠯᠢ ᠴᠠᠭᠠᠵᠠ ᠰᠤᠷᠤᠯᠴᠠᠭᠰᠠᠨ ᠣᠯᠤᠯᠲᠠ ᠲᠥᠷᠥᠭᠳᠡᠯ ᠢᠶᠠᠨ ᠪᠢᠴᠢᠬᠦ᠂ ᠬᠠᠤᠯᠢ ᠳᠦᠷᠢᠮ ᠤᠨ ᠬᠠᠭᠤᠯᠤᠮᠠᠯ ᠰᠣᠨᠢᠨ ᠡᠷᠬᠢᠯᠡᠬᠦ ︿︿ᠲᠠᠪᠤᠨ ᠨᠢᠭᠡ﹀﹀ ᠶᠢᠨ ᠠᠵᠢᠯᠯᠠᠭ᠎ᠠ ᠶᠢ ᠥᠷᠨᠢᠭᠦᠯᠵᠦ᠂ ᠭᠡᠷ ᠤᠨ ᠠᠬᠠᠮᠠᠳ ᠤᠨ ᠬᠠᠤᠯᠢ ᠴᠠᠭᠠᠵᠠ ᠶᠢᠨ ᠬᠡᠪ ᠴᠢᠨᠠᠷ ᠢ ᠳᠡᠭᠡᠭᠰᠢᠯᠡᠭᠦᠯᠵᠦ᠂ ᠭᠡᠷ ᠤᠨ ᠠᠬᠠᠮᠠᠳ ᠬᠡᠦᠬᠡᠳ ᠲᠡᠭᠡᠨ ᠦᠯᠢᠭᠡᠷ ᠳᠠᠭᠤᠷᠢᠶᠠᠯ ᠪᠣᠯᠬᠤ᠂ ᠦᠷ᠎ᠡ ᠬᠡᠦᠬᠡᠳ ᠤᠨ ᠢᠶᠠᠨ ᠬᠠᠤᠯᠢ ᠲᠦᠷᠢᠮ ᠤᠨ ᠬᠥᠮᠦᠵᠢᠯ ᠤᠨ ᠬᠢᠷᠢ ᠲᠦᠪᠰᠢᠨ ᠢ ᠦᠷᠭᠦᠯᠵᠢ ᠠᠩᠬᠠᠷᠬᠤ᠂ ᠰᠠᠨᠠᠭᠠᠴᠢᠯᠠᠭ᠎ᠠ ᠠᠴᠠ ᠪᠠᠨ ᠰᠤᠷᠭᠠᠭᠤᠯᠢ ᠲᠠᠢ ᠬᠤᠯᠪᠣᠭ᠎ᠠ ᠠᠪᠬᠤ᠂ ᠦᠷ᠎ᠡ ᠬᠡᠦᠬᠡᠳ ᠲᠡᠭᠡᠨ ᠬᠡᠷ ᠪᠦᠯᠢ ᠶᠢᠨ ᠰᠤᠷᠭᠠᠨ ᠬᠥᠮᠦᠵᠢᠯ ᠤᠨ ᠰᠠᠶᠢᠨ ᠰᠠᠶᠢᠬᠠᠨ ᠣᠷᠴᠢᠨ ᠲᠣᠭᠤᠷᠢᠨ ᠢ ᠬᠠᠩᠭᠠᠵᠤ ᠪᠠᠶᠢᠨ᠎ᠠ᠃