ᠲᠡᠷᠢᠭᠦᠨ ᠨᠢᠭᠤᠷ  -   ᠪᠠᠶᠢᠴᠠᠭᠠᠬᠤ ᠶᠠᠪᠤᠳᠠᠯ ᠢ ᠢᠯᠡ ᠪᠣᠯᠭᠠᠬᠤ

ᠪᠠᠶᠢᠴᠠᠭᠠᠬᠤ ᠲᠤᠰᠢᠶᠠᠯᠲᠠᠨ ᠤ ︽ᠴᠢᠬᠢ ᠠᠮᠢᠯᠠᠭᠤᠯᠬᠤ ᠢᠨᠵᠧᠨᠧᠷᠢᠩ︾ᠨᠢ ᠬᠠᠸᠯᠢ  ᠰᠤᠷᠭᠠᠭᠤᠯᠢ   ᠵᠢᠨ ᠬᠦᠷᠢᠶᠡᠨ ᠳ᠋ᠦ ᠤᠷᠤᠭᠤᠯᠤᠨ᠎ᠠ

2020-12-21 16:30:28
ᠵᠣᠬᠢᠶᠠᠭᠴᠢ
ᠯᠢ ᠶᠦᠸ᠋ᠸ ᠶᠢᠩ

ᠨᠠᠰᠤᠨ ᠳᠤ ᠦᠯᠦ ᠬᠦᠷᠦᠭᠰᠡᠳ  ᠦᠰᠦᠨ ᠪᠤᠶᠢᠵᠢᠯᠲᠠ ᠰᠠᠶᠢᠲᠤᠷ ᠬᠠᠮᠠᠭᠠᠯᠠᠵᠤ ᠂ ᠲᠡᠳᠡᠨ ᠢ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠶᠢᠨ ᠬᠠᠯᠳᠠᠯᠭ᠎ᠠ ᠬᠥᠨᠥᠭᠡᠯ ᠡᠴᠡ ᠬᠤᠯᠠᠳᠠᠭᠤᠯᠬᠤ ᠵᠢᠨ ᠲᠥᠯᠥᠭᠡ᠂ 12 ᠰᠠᠷ᠎ᠠ ᠶᠢᠨ 11 ᠦ ᠡᠳᠦᠷ ᠂ ᠬᠣᠷᠴᠢᠨ ᠲᠣᠭᠣᠷᠢᠭ ᠤᠨ ᠠᠷᠠᠳ ᠤᠨ ᠪᠠᠶᠢᠴᠠᠭᠠᠬᠤ ᠬᠣᠷᠢᠶᠠᠨ ᠤ ᠵᠢᠷᠭᠤᠳᠤᠭᠠᠷ ᠪᠠᠶᠢᠴᠠᠭᠠᠬᠤ ᠬᠡᠯᠲᠡᠰ ᠦᠨ ᠪᠠᠶᠢᠴᠠᠭᠠᠬᠤ ᠲᠤᠰᠢᠶᠠᠯᠲᠠᠨ ᠲᠦᠩᠯᠢᠶᠣᠤ ᠬᠣᠲᠠ ᠶᠢᠨ ᠲᠤᠷᠰᠢᠯᠲᠠ ᠶᠢᠨ ᠪᠠᠭ᠎ᠠ ᠰᠤᠷᠭᠠᠭᠤᠯᠢ  ᠳ᠋ᠦ ᠬᠦᠷᠴᠦ ᠲᠤᠰ ᠰᠤᠷᠭᠠᠭᠤᠯᠢ ᠵᠢᠨ ᠬᠣᠶᠠᠳᠤᠭᠠᠷ  ᠣᠨ ᠦ ᠵᠢᠷᠭᠤᠳᠤᠭᠠᠷ ᠠᠩᠭᠢ  ᠵᠢᠨ ᠰᠤᠷᠤᠭᠴᠢᠳ ᠲᠤ ︽ᠬᠦᠰᠡᠯ ᠦᠨ ᠬᠠᠷᠭᠤᠢ ᠳ᠋ᠦ ᠬᠠᠥᠯᠢ ᠲᠠᠢ ᠵᠤᠤᠵᠠᠢ ᠬᠤᠯᠪᠤᠨ ᠤᠷᠤᠭᠰᠢᠯᠠᠶ᠎ᠠ︾ ᠭᠡᠬᠦ  ᠬᠠᠸᠯᠢ ᠪᠠᠷ ᠵᠠᠰᠠᠬᠤ ᠬᠥᠮᠦᠵᠢᠯ ᠦᠨ ᠬᠢᠴᠢᠶᠡᠯ ᠣᠷᠣᠪᠠ ᠃

ᠲᠤᠰ ᠤᠳᠠᠭᠠᠨ  ᠤ ᠬᠠᠸᠯᠢ  ᠪᠠᠷ ᠵᠠᠰᠠᠬᠤ ᠬᠢᠴᠢᠶᠡᠯ ᠨᠢ ᠪᠠᠭ᠎ᠠ ᠰᠤᠷᠭᠠᠭᠤᠯᠢ  ᠶᠢᠨ ᠰᠤᠷᠤᠭᠴᠢᠳ  ᠤᠨ ᠡᠳᠦᠷ ᠲᠤᠲᠤᠮ  ᠤᠨ ᠦᠢᠯᠡ ᠠᠵᠢᠯᠯᠠᠭ᠎ᠠ  ᠶᠢᠨ ᠵᠢᠷᠤᠮᠵᠢᠯ ᠪᠣᠯᠤᠨ ᠪᠠᠶᠢᠴᠠᠭᠠᠬᠤ ᠪᠠᠶᠢᠭᠤᠯᠭ᠎ᠠ  ᠶᠢᠨ ᠰᠢᠶᠳᠪᠦᠷᠢᠯᠡᠭᠰᠡᠨ ᠦᠨᠡᠨ ᠪᠣᠳᠠᠲᠠᠶ ᠬᠡᠷᠡᠭ  ᠦᠨ ᠵᠢᠱᠢᠶ᠎ᠡ ᠲᠠᠢ ᠤᠶᠠᠯᠳᠤᠭᠤᠯᠵᠤ᠂ ᠨᠠᠰᠤᠨ  ᠳᠤ ᠦᠯᠦ ᠬᠦᠷᠦᠭᠰᠡᠳ ᠰᠤᠷᠭᠠᠭᠤᠯᠢ  ᠶᠢᠨ ᠳᠣᠲᠣᠨ᠎ᠠ ᠭᠠᠳᠠᠨ᠎ᠠ ᠶᠠᠮᠠᠷ ᠠᠵᠢᠯᠯᠠᠭ᠎ᠠ  ᠶᠢᠨ ᠵᠢᠷᠤᠮᠵᠢᠯ  ᠢ ᠵᠢᠷᠤᠮᠯᠠᠬᠤ᠂ ᠥᠪᠡᠷ  ᠢ  ᠪᠡᠨ ᠬᠠᠮᠠᠭᠠᠯᠠᠬᠤ ᠤᠬᠠᠮᠰᠠᠷ  ᠢ ᠬᠡᠷᠬᠢᠨ ᠳᠡᠭᠡᠭᠰᠢᠯᠡᠭᠦᠯᠬᠦ ᠵᠡᠷᠭᠡ ᠠᠰᠠᠭᠤᠳᠠᠯ  ᠠᠴᠠ ᠭᠠᠷᠳᠠᠨ ᠤᠬᠠᠭᠤᠯᠤᠨ  ᠲᠠᠢᠯᠪᠣᠷᠢᠯᠠᠯᠲᠠ  ᠬᠢᠵᠠᠢ ᠃ ᠮᠦᠨ ᠬᠡᠦᠬᠡᠳ ᠦᠳ ᠲᠦ ᠰᠤᠷᠭᠠᠭᠤᠯᠢ ᠶᠢᠨ   ᠰᠤᠷᠭᠠᠭᠤᠯᠢ ᠶᠢᠨ ᠳᠦᠷᠢᠮ ᠲᠣᠭᠲᠠᠭᠠᠯ ᠂ ᠰᠤᠷᠭᠠᠭᠤᠯᠢ ᠶᠢᠨ ᠰᠠᠬᠢᠯᠭ᠎ᠠ ᠪᠠᠲᠤ ᠶᠢ ᠵᠢᠷᠤᠮᠯᠠᠬᠤ ᠬᠡᠷᠡᠭᠲᠡᠶ ᠭᠡᠵᠦ ᠮᠡᠳᠡᠭᠦᠯᠦᠨ᠂ ᠬᠢᠴᠢᠶᠡᠯ ᠤᠨ ᠳᠠᠷᠠᠭᠠᠬᠢ ᠦᠢᠯᠡ ᠠᠵᠢᠯᠯᠠᠭ᠎ᠠ ᠪᠠᠨ  ᠠᠩᠬᠠᠷᠴᠤ ᠵᠢᠷᠤᠮᠵᠢᠭᠤᠯᠤᠨ᠂  ᠬᠡᠷᠡᠭᠦᠯ ᠵᠤᠳᠤᠭᠠᠨ ᠬᠢᠬᠦ ᠦᠭᠡᠢ ᠂ ᠥᠨᠳᠥᠷ ᠲᠦ ᠠᠪᠠᠷᠢᠬᠤ ᠥᠬᠡᠶ ᠂ ᠠᠶᠤᠯᠲᠠᠶ ᠠᠵᠢᠯᠯᠠᠭ᠎ᠠ ᠬᠢᠬᠦ ᠥᠬᠡᠶ ᠪᠠᠶᠢᠬᠤ ᠬᠡᠷᠡᠭᠲᠡᠶ  ᠮᠦᠷᠲᠡᠭᠡᠨ ᠬᠠᠮᠲᠤ ᠰᠤᠷᠤᠯᠭᠠᠲᠠᠨ ᠲᠠᠶ ᠪᠠᠨ ᠪᠦᠯᠬᠦᠮᠳᠡᠵᠦ᠂ ᠪᠤᠰᠤᠳ ᠢ ᠳᠠᠷᠤᠯᠠᠬᠤ ︽ ᠪᠢᠴᠢᠬᠠᠨ ᠡᠵᠡᠷᠬᠡᠭᠴᠢ︾ᠪᠣᠯᠵᠣ ᠪᠣᠯᠬᠤ ᠦᠭᠡᠢ ᠂ ᠬᠠᠮᠲᠤ ᠰᠤᠷᠤᠯᠭᠠᠲᠠᠨ   ᠦ  ᠪᠠᠨ ᠨᠥᠬᠥᠷᠰᠡᠭ ᠪᠤᠰᠤ ᠪᠠᠶᠢᠳᠠᠯ ᠢ ᠵᠣᠷᠢᠭᠲᠠᠢ ᠪᠠᠷ ᠲᠡᠪᠴᠢᠬᠦ ᠪᠥᠭᠡᠳ ᠪᠠᠭᠰᠢ ᠵᠢᠴᠢ ᠭᠡᠷ ᠦᠨ ᠠᠬᠠᠮᠠᠳ ᠳ᠋ᠠᠭᠠᠨ ᠴᠠᠭ ᠲᠤᠬᠠᠢ ᠳᠤᠨᠢ ᠮᠡᠳᠡᠭᠦᠯᠬᠦ ᠬᠡᠷᠡᠭᠲᠡᠢ᠃ ᠰᠤᠷᠭᠠᠭᠤᠯᠢ  ᠵᠢᠨ ᠭᠠᠳᠠᠨ᠎ᠠ ᠰᠠᠭᠤᠬᠤ ᠂ ᠰᠤᠷᠭᠠᠭᠤᠯᠢ ᠲᠠᠷᠬᠠᠬᠤ ᠶᠠᠪᠤᠴᠠ ᠳᠤ ᠵᠠᠮ ᠬᠠᠷᠢᠯᠴᠠᠭᠠᠨ ᠤ ᠬᠠᠮᠢᠶᠠᠷᠤᠯᠲᠠ ᠵᠢᠨ ᠲᠦᠷᠢᠮ ᠲᠣᠭᠲᠠᠭᠠᠯ ᠢ ᠴᠢᠩᠭ᠎ᠠ ᠵᠢᠷᠤᠮᠯᠠᠬᠤ ᠬᠡᠷᠡᠭᠲᠡᠶ ᠂ ᠢᠳᠡᠷᠡᠭᠦᠨ ᠵᠤᠪᠬᠤᠭᠠᠲᠦ ᠪᠠᠭᠠᠴᠤᠳ ᠪᠣᠯᠵᠣ ᠂ ᠰᠤᠷᠭᠠᠭᠤᠯᠢ ᠶᠢᠨ ᠬᠦᠷᠢᠶᠡᠨ ᠦ ᠡᠷᠬᠢᠨ ᠲᠣᠭᠣᠷᠢᠨ ᠤ ᠲᠠᠩᠬᠠᠢ ᠵᠠᠯᠠᠭᠤᠴᠤᠳ ᠪᠣᠯᠬᠤ ᠥᠬᠡᠶ᠂ ᠠᠶᠤᠯ ᠲᠦᠭᠰᠢᠭᠦᠷᠢ ᠢ ᠠᠮᠢᠳᠤᠯᠢᠭ ᠢᠶᠠᠷ ᠠᠷᠭᠠᠴᠠᠵᠤ᠂ ᠴᠠᠭ ᠲᠤᠬᠠᠢ ᠳᠤᠨᠢ ᠠᠪᠤᠷᠠᠯ ᠡᠷᠢᠵᠦ᠂ ᠭᠡᠷ ᠦᠨ ᠠᠬᠠᠮᠠᠳ ᠲᠤ ᠪᠠᠨ ᠴᠦ  ᠮᠡᠳᠡᠭᠳᠡᠬᠦ ᠬᠡᠷᠡᠭᠲᠡᠢ   ᠃

ᠬᠢᠴᠢᠶᠡᠯ ᠳᠤᠮᠳᠠ ᠬᠡᠦᠬᠡᠳ ᠦᠳ ᠪᠠᠶᠢᠴᠠᠭᠠᠬᠤ ᠲᠤᠰᠢᠶᠠᠯᠲᠠᠨ  ᠦ ᠳᠤᠷᠠᠳᠤᠭᠰᠠᠨ ᠠᠰᠠᠭᠤᠯᠲᠠ ᠶᠢ ᠢᠳᠡᠪᠬᠢᠲᠡᠢ ᠬᠠᠷᠢᠭᠣᠯᠬᠤ  ᠶᠢᠨ ᠬᠠᠮᠲᠤ ᠪᠠᠰᠠ ᠥᠪᠡᠷ  ᠦᠨ ᠠᠰᠠᠭᠤᠳᠠᠯ  ᠢᠶᠠᠨ ᠳᠤᠷᠠᠳᠤᠨ᠂ ᠥᠪᠡᠷ  ᠦᠨ ᠬᠢᠴᠢᠶᠡᠯ ᠰᠤᠨᠤᠰᠤᠭᠰᠠᠨ  ᠣᠯᠤᠯᠲᠠ ᠰᠠᠳᠬᠢᠭ᠍ᠳᠡᠯ   ᠢᠶᠠᠨ ᠳ᠋ᠦᠩᠨᠡᠵᠦ᠂ ᠬᠡᠷᠪᠡ ᠪᠠᠭ᠎ᠠ ᠨᠠᠰᠤᠨ ᠳ᠋ᠦ ᠪᠠᠨ  ᠦᠢᠯᠡ ᠠᠵᠢᠯᠯᠠᠭ᠎ᠠ  ᠪᠠᠨ ᠳᠦᠷᠢᠮᠵᠢᠭᠦᠯᠬᠦ ᠦᠭᠡᠶ ᠪᠣᠯ ᠲᠣᠮᠣ ᠪᠣᠯᠤᠭᠰᠠᠨ ᠤ ᠳᠠᠷᠠᠭ᠎ᠠ ᠶᠠᠯᠠᠲᠤ ᠠᠵᠢᠯᠯᠠᠭ᠎ᠠ ᠪᠤᠯᠤᠨ   ᠭᠡᠳᠡᠭ ᠢ ᠮᠡᠳᠡᠭᠰᠡᠨ ᠪᠠᠶᠢᠨ᠎ᠠ᠃ ᠪᠠᠶᠢᠴᠠᠭᠠᠬᠤ ᠲᠤᠰᠢᠶᠠᠯᠲᠠᠨ ᠬᠡᠦᠬᠡᠳ ᠦᠨ ᠳᠡᠷᠭᠡᠳᠡ ᠣᠷᠣᠰᠢᠵᠤ ᠮᠡᠳᠡᠬᠦ ᠠᠶᠤᠯ ᠲᠦᠭᠰᠢᠭᠦᠷᠢ ᠶᠢ ᠵᠢᠭᠰᠠᠭᠠᠨ ᠭᠠᠷᠭᠠᠵᠤ ᠂ ᠬᠡᠸᠬᠡᠳ ᠲᠦ ᠰᠣᠨᠣᠷ ᠰᠡᠷᠡᠮᠵᠢ ᠪᠡᠨ ᠴᠢᠩᠭᠠᠳᠬᠠᠵᠤ ᠂ ᠪᠡᠶ᠎ᠡ ᠶᠢᠨ ᠠᠮᠤᠷ ᠲᠦᠪᠰᠢᠨ ᠢᠶᠠᠨ ᠠᠩᠬᠠᠷᠴᠤ ᠂ ᠶᠠᠯᠠᠲᠤ ᠠᠵᠢᠯᠯᠠᠭ᠎ᠠ ᠶᠢᠨ ᠬᠥᠨᠥᠭᠡᠯ ᠡᠴᠡ ᠵᠠᠶᠢᠯᠠᠬᠤ ᠶᠢ ᠰᠠᠨᠠᠭᠣᠯᠵᠠᠢ᠃

ᠬᠣᠷᠴᠢᠨ ᠲᠣᠭᠣᠷᠢᠭ ᠤᠨ ᠠᠷᠠᠳ ᠤᠨ ᠪᠠᠶᠢᠴᠠᠭᠠᠬᠤ ᠬᠣᠷᠢᠶ᠎ᠠ ︽ ᠬᠠᠤᠯᠢ ᠪᠠᠷ ᠵᠠᠰᠠᠬᠤ ᠶᠢ ᠰᠤᠷᠭᠠᠭᠤᠯᠢ ᠶᠢᠨ ᠬᠦᠷᠢᠶᠡᠨ ᠳᠦ ᠣᠷᠣᠭᠤᠯᠬᠤ ︾ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠪᠠᠷ ᠳᠠᠮᠵᠢᠭᠤᠯᠤᠨ ᠂ ᠪᠠᠶᠢᠴᠠᠭᠠᠬᠤ ᠪᠠᠶᠢᠭᠤᠯᠭ᠎ᠠ ᠶᠢᠨ ᠬᠠᠸᠯᠢ ᠪᠠᠷ ᠵᠠᠰᠠᠬᠤ ᠤᠬᠠᠭᠤᠯᠭ᠎ᠠ ᠬᠥᠮᠦᠵᠢᠯ ᠦᠨ ᠲᠠᠯ᠎ᠠ ᠪᠠᠷ ᠬᠢ ᠡᠭᠦᠷᠭᠡ ᠴᠢᠳᠠᠪᠤᠷᠢ ᠶᠢᠨ ᠳᠠᠪᠠᠭᠤᠯᠢᠭ ᠢ ᠭᠦᠶᠴᠡᠳ ᠪᠠᠳᠠᠷᠠᠭᠤᠯᠬᠤ ᠪᠠᠷ ᠪᠠᠷᠠᠬᠤ ᠦᠭᠡᠢ᠂ ᠪᠠᠰᠠ ᠴᠤ ︽ᠬᠡᠨ ᠬᠠᠸᠯᠢ ᠶᠢ ᠬᠡᠷᠡᠭᠵᠢᠭᠦᠯᠪᠡᠯ ᠬᠡᠨ ᠬᠠᠸᠯᠢ ᠶᠢ ᠲᠦᠭᠡᠮᠡᠯᠵᠢᠭᠦᠯᠬᠦ︾ ᠴᠢᠬᠤᠯᠠ ᠠᠷᠭ᠎ᠠ ᠬᠡᠮᠵᠢᠶ᠎ᠡ ᠶᠢ ᠪᠦᠬᠦ ᠲᠠᠯ᠎ᠠ ᠪᠠᠷ  ᠨᠠᠢᠳᠡᠪᠣᠷᠢᠵᠢᠭᠣᠯᠵᠦ ᠂ ︽ᠨᠢᠭᠡᠳᠦᠭᠡᠷ ᠨᠣᠮᠧᠷᠲᠤ ᠪᠠᠶᠢᠴᠠᠭᠠᠬᠤ ᠰᠠᠨᠠᠭᠤᠯᠭ᠎ᠠ ︾ ᠳᠤ ᠬᠢᠨᠠᠯᠲᠠ   ᠠᠵᠢᠯ  ᠢ ᠦᠷᠭᠦᠯᠵᠢᠯᠡᠨ ᠰᠠᠶᠢᠲᠤᠷ ᠠᠳᠬᠤᠵᠤ᠂  ︽ᠴᠢᠬᠢ ᠠᠮᠢᠯᠠᠭᠤᠯᠬᠤ ᠢᠨᠵᠧᠨᠧᠷᠢᠩ︾  ᠦᠨ ᠪᠦᠲᠦᠭᠡᠨ ᠪᠠᠶᠢᠭᠤᠯᠤᠯᠲᠠ  ᠶᠢᠨ ᠠᠵᠢᠯ  ᠢ ᠦᠷᠭᠦᠯᠵᠢᠯᠡᠨ    ︽ᠬᠠᠤᠯᠢ ᠪᠠᠷ ᠵᠠᠰᠠᠬᠤ ᠶᠢ ᠰᠤᠷᠭᠠᠭᠤᠯᠢ ᠶᠢᠨ ᠬᠦᠷᠢᠶᠡᠨ ᠳᠦ ᠣᠷᠣᠭᠤᠯᠬᠤ ︾ ᠠᠵᠢᠯᠯᠠᠭ᠎ᠠ ᠶᠢ ᠳᠦᠷᠢᠮᠵᠢᠭᠦᠯᠵᠦ ᠂ ᠵᠠᠯᠠᠭᠤᠴᠤᠳ ᠪᠠᠭᠠᠴᠤᠳ ᠤᠨ ᠬᠠᠸᠯᠢ ᠰᠤᠷᠬᠤ ᠂ ᠬᠠᠸᠯᠢ ᠮᠡᠳᠡᠬᠦ ᠂ ᠬᠠᠸᠯᠢ ᠶᠢ ᠰᠠᠬᠢᠬᠤ ᠂ ᠬᠠᠸᠯᠢ ᠶᠢ ᠬᠠᠮᠠᠭᠠᠯᠠᠬᠤ ᠦᠵᠡᠯ ᠤᠬᠠᠮᠰᠠᠷ ᠢ ᠦᠨᠡᠨᠬᠦ ᠳᠡᠭᠡᠭᠰᠢᠯᠡᠭᠦᠯᠵᠦ ᠂ ᠨᠠᠰᠤᠨ ᠳᠤ ᠦᠯᠦ ᠬᠦᠷᠦᠭᠰᠡᠳ ᠦᠨ ᠶᠠᠯ᠎ᠠ ᠬᠢᠬᠦ ᠶᠢ ᠡᠬᠢ ᠡᠭᠦᠰᠦᠯ ᠡᠴᠡ ᠨᠢ ᠰᠡᠷᠭᠡᠶᠢᠯᠡᠵᠦ ᠂ ᠨᠠᠰᠤᠨ ᠳᠤ ᠦᠯᠦ ᠬᠦᠷᠦᠭᠰᠡᠳ ᠬᠠᠯᠳᠠᠯᠭ᠎ᠠ ᠳᠤ ᠤᠴᠠᠷᠠᠬᠤ ᠶᠢ ᠰᠡᠷᠭᠡᠶᠢᠯᠡᠵᠦ᠂  ᠨᠠᠰᠤᠨ ᠳᠤ ᠦᠯᠦ ᠬᠦᠷᠦᠭᠰᠡᠳ ᠦᠨ ᠲᠣᠬᠠᠢ ᠪᠠᠶᠢᠴᠠᠭᠠᠬᠤ ᠠᠵᠢᠯ ᠤᠨ ᠨᠥᠯᠥᠭᠡᠯᠡᠬᠦ ᠬᠦᠴᠦᠨ ᠢ ᠳᠡᠭᠡᠭᠰᠢᠯᠡᠭᠦᠯᠵᠠᠢ᠃


ᠢᠷᠡᠯᠲᠡ
ᠲᠦᠩᠯᠢᠶᠤᠤ ᠬᠤᠲᠠ ᠵᠢᠨ ᠬᠣᠷᠴᠢᠨ ᠲᠣᠭᠣᠷᠢᠭ ᠤᠨ ᠠᠷᠠᠳ ᠤᠨ ᠪᠠᠶᠢᠴᠠᠭᠠᠬᠤ ᠬᠤᠷᠢᠶ᠎ᠠ
2014-2022 © ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠴᠠᠭᠠᠬᠤ ᠬᠣᠷᠢᠶ᠎ᠠ ᠥᠮᠴᠢᠯᠡᠯ ᠦᠨ ᠡᠷᠬᠡ ᠲᠠᠢ ᠵᠣᠬᠢᠶᠠᠯ ᠪᠦᠲᠦᠭᠡᠯ ᠦᠨ ᠡᠷᠬᠡ ᠶ᠋ᠢ ᠬᠠᠤᠯᠢ ᠪᠠᠷ ᠬᠠᠮᠠᠭᠠᠯᠠᠭᠰᠠᠨ ᠂ ᠵᠥᠪᠰᠢᠶᠡᠷᠡᠯ ᠦᠭᠡᠢ ᠪᠡᠷ ᠬᠠᠭᠤᠯᠪᠤᠷᠢᠯᠠᠬᠤ ᠶ᠋ᠢ ᠡᠷᠡᠰ ᠬᠣᠷᠢᠭᠯᠠᠨ᠎ᠠ ᠬᠠᠷᠢᠯᠴᠠᠬᠤ ᠤᠲᠠᠰᠤ ᠄ 0471-4628760 ᠢᠮᠧᠯ ᠄ eerhe@nm.pro