ᠦᠪᠦᠷ ᠮᠤᠩᠭᠤᠯ ᠤᠨ ᠪᠠᠶᠢᠴᠠᠭᠠᠬᠠᠤ ᠪᠠᠶᠢᠭᠤᠯᠭ᠎ᠠ ᠵᠢᠨ ᠮᠤᠩᠭᠤᠯ ᠬᠡᠯᠡᠨ ᠦ ᠲᠤᠭᠠᠴᠢᠯᠠᠭᠰᠠᠨ ᠲᠠᠪᠴᠠᠩ ᠵᠢᠨ ᠪᠦᠲᠦᠭᠡᠨ ᠪᠠᠶᠢᠭᠤᠯᠤᠯᠲᠠ ᠨᠢ᠌᠌ ︽ ᠠᠯᠲᠠᠨ ᠱᠠᠩᠨᠠᠯ︾ ᠬᠦᠷᠲᠡᠯ᠎ᠡ
ᠤᠶᠢᠷ᠎ᠡ ᠳ᠋ᠦ᠂ ᠦᠪᠡᠷᠲᠡᠭᠡᠨ ᠵᠠᠰᠠᠬᠤ ᠤᠷᠤᠨ ᠤ ᠦᠨᠳᠦᠰᠦᠲᠡᠨ ᠦ ᠬᠡᠷᠡᠭ ᠡᠷᠬᠢᠯᠡᠬᠦ ᠵᠦᠪᠯᠡᠯ ᠡᠴᠡ ᠤᠳᠤᠷᠢᠳᠴᠦ᠂ ᠮᠤᠩᠭᠤᠯ ᠦᠭᠡ ᠬᠡᠯᠡ ᠦᠰᠦᠭ ᠪᠢᠴᠢᠭ ᠵᠢᠨ ᠮᠡᠳᠡᠭᠡ ᠵᠠᠩᠭᠢᠵᠢᠯᠲᠠ ᠵᠢᠨ ᠰᠢᠨᠵᠢᠯᠡᠭᠡᠨ ᠦ ᠨᠡᠶᠢᠭᠡᠮᠯᠢᠭ ᠡᠴᠡ ᠡᠷᠬᠢᠯᠡᠵᠦ᠂ ᠮᠤᠩᠭᠤᠯ ᠦᠭᠡ ᠬᠡᠯᠡ ᠦᠰᠦᠭ ᠪᠢᠴᠢᠭ ᠤᠨ ᠰᠤᠳᠤᠯᠭᠠᠨ ᠬᠡᠷᠡᠭᠯᠡᠭᠡᠨ ᠦ ᠲᠦᠪ ᠡᠴᠡ ᠦᠷᠨᠢᠭᠦᠯᠦᠭᠰᠡᠨ 2013 —2018 ᠤᠨ ᠤ ᠮᠤᠩᠭᠤᠯ ᠦᠭᠡ ᠬᠡᠯᠡ ᠦᠰᠦᠭ ᠪᠢᠴᠢᠭ ᠦᠨ ᠮᠡᠳᠡᠭᠡ ᠵᠠᠩᠭᠢᠵᠢᠯᠲᠠ ᠵᠢᠨ ᠲᠤᠰᠬᠠᠢ ᠳᠡᠮᠵᠢᠨ ᠳᠡᠳᠬᠦᠭᠰᠡᠨ ᠲᠦᠷᠦᠯ ᠵᠦᠢᠯᠡᠰ ᠤᠨ ᠰᠢᠯᠢᠳᠡᠭ ᠦᠷ᠎ᠡ ᠪᠦᠲᠦᠭᠡᠯ ᠢ ᠰᠢᠯᠭᠠᠷᠠᠭᠤᠯᠬᠤ ᠬᠦᠳᠡᠯᠭᠡᠭᠡᠨ ᠪᠤᠯᠵᠤ᠂ ᠦᠪᠦᠷ ᠮᠤᠩᠭᠤᠯ ᠤᠨ ᠪᠠᠶᠢᠴᠠᠭᠠᠬᠤ ᠬᠤᠷᠢᠶᠠᠨ ᠤ ︽ᠦᠪᠦᠷ ᠮᠤᠩᠭᠤᠯ ᠤᠨ ᠪᠠᠶᠢᠴᠠᠭᠠᠬᠠᠤ ᠪᠠᠶᠢᠭᠤᠯᠭ᠎ᠠ ᠵᠢᠨ ᠮᠤᠩᠭᠤᠯ ᠬᠡᠯᠡᠨ ᠦ ᠲᠤᠭᠠᠴᠢᠯᠠᠭᠰᠠᠨ ᠲᠠᠪᠴᠠᠩ ᠵᠢᠨ ᠪᠦᠲᠦᠭᠡᠨ ᠪᠠᠶᠢᠭᠤᠯᠤᠯᠲᠠ︾ ᠵᠢᠨ ᠵᠦᠢᠯᠠᠰ ᠨᠢ ᠲᠤᠰ ᠬᠦᠳᠡᠯᠭᠡᠭᠡᠨ ᠦ ︽ᠠᠯᠲᠠᠨ ᠱᠠᠩᠨᠠᠯ︾ ᠢ ᠭᠠᠷᠳᠠᠯ᠎ᠠ᠃
ᠲᠤᠰ ᠤᠳᠠᠭᠠᠨ ᠤ ᠬᠦᠳᠡᠯᠭᠡᠭᠡᠨ ᠳ᠋ᠦ ᠪᠦᠬᠦ ᠤᠷᠤᠨ ᠤ ᠡᠯ᠎ᠡ ᠪᠠᠶᠢᠭᠤᠯᠭ᠎ᠠ ᠨᠢᠭᠡᠴᠢ ᠵᠢᠨ 41 ᠵᠦᠢᠯᠡᠰ ᠤᠷᠤᠯᠴᠠᠭᠰᠠᠨ ᠪᠠᠶᠢᠵᠤ᠂ ᠠᠩᠬᠠᠨ ᠤ ᠰᠢᠯᠭᠠᠷᠠᠭᠤᠯᠤᠯᠲᠠ ᠪᠠᠷ ᠲᠠᠮᠵᠢᠨ 31 ᠨᠢ ᠡᠴᠦᠰ ᠤᠨ ᠰᠢᠯᠭᠠᠷᠠᠭᠤᠯᠤᠯᠲᠠ ᠳ᠋ᠦ ᠤᠷᠤᠵᠦ᠂ ᠬᠢᠨᠡᠨ ᠰᠢᠯᠭᠠᠷᠠᠭᠤᠯᠤᠯᠲᠠ ᠵᠢᠨ ᠬᠤᠷᠠᠯ᠂ ᠲᠤᠰᠬᠠᠢ ᠮᠡᠷᠭᠡᠵᠢᠯᠲᠠᠳ ᠤᠨ ᠬᠢᠨᠠᠨ ᠰᠢᠯᠭᠠᠯᠲᠠ᠂ ᠰᠦᠯᠵᠢᠶᠠᠨ ᠨᠡᠶᠢᠲᠡᠯᠡᠯ ᠵᠡᠷᠭᠡ ᠶᠠᠪᠤᠴᠠ ᠶᠢ ᠲᠠᠮᠵᠢᠨ᠂ ᠬᠠᠮᠤᠭ ᠡᠴᠦᠰ ᠲᠦ ᠡᠭᠦᠨ ᠦ ᠳᠤᠲᠤᠷᠠᠬᠢ 21 ᠵᠦᠢᠯᠡᠰ ᠨᠢ ᠱᠠᠩᠨᠠᠭᠳᠠᠨ ᠬᠦᠬᠢᠭᠦᠯᠦᠭᠳᠡᠭᠰᠡᠨ ᠪᠠᠶᠢᠨ᠎ᠠ᠃ ᠡᠭᠦᠨ ᠳ᠋ᠦ 1 ᠠᠯᠲᠠᠨ ᠱᠠᠩᠨᠠᠯ᠂ 2 ᠮᠦᠩᠭᠦᠨ ᠱᠠᠩᠨᠠᠯ᠂ 3 ᠬᠦᠷᠡᠯ ᠱᠠᠩᠨᠠᠯ᠂ 15 ᠰᠢᠯᠢᠳᠡᠭ ᠱᠠᠩᠨᠠᠯ ᠪᠠᠭᠲᠠᠵᠤ᠂ ᠦᠪᠦᠷ ᠮᠤᠩᠭᠤᠯ ᠤᠨ ᠪᠠᠶᠢᠴᠠᠭᠠᠬᠤ ᠬᠤᠷᠢᠶᠠᠨ ᠤ ᠵᠦᠢᠯᠡᠰ ᠨᠢ ᠴᠤᠷ ᠤᠨ ᠭᠠᠭᠴᠠ ᠠᠯᠲᠠᠨ ᠱᠠᠩᠨᠠᠯ ᠢ ᠬᠦᠷᠲᠡᠭᠰᠡᠨ ᠪᠠᠶᠢᠨ᠎ᠠ᠃
ᠤᠶᠢᠷ᠎ᠠ ᠵᠢᠨ ᠵᠢᠯ ᠤᠳ ᠲᠦ᠂ ᠦᠪᠡᠷᠲᠡᠭᠡᠨ ᠵᠠᠰᠠᠬᠤ ᠤᠷᠤᠨ ᠤ ᠪᠠᠶᠢᠴᠠᠭᠠᠬᠤ ᠬᠤᠷᠢᠶ᠎ᠠ ᠨᠢ ᠮᠡᠳᠡᠭᠡ ᠵᠠᠩᠭᠢᠵᠢᠯᠲᠠ ᠵᠢᠨ ᠪᠦᠲᠦᠭᠡᠨ ᠪᠠᠶᠢᠭᠤᠯᠤᠯᠲᠠ ᠶᠢ ᠳᠡᠭᠡᠲᠦ ᠬᠡᠮᠵᠢᠶ᠎ᠡ ᠪᠡᠷ ᠴᠢᠬᠤᠯᠠᠴᠢᠯᠠᠨ ᠂ ᠲᠤᠮᠦ ᠳ᠋ᠠᠶᠢᠳᠠᠵᠢᠯᠲᠠ᠂ ᠬᠢᠮᠡᠯ ᠤᠶᠤᠨᠵᠢᠯᠲᠠ ᠪᠠᠷ ᠬᠦᠭᠵᠢᠯᠲᠡ ᠵᠢᠨ ᠵᠦᠭᠯᠡᠭᠦᠷ ᠢᠶᠡᠨ ᠪᠤᠯᠭᠠᠵᠤ᠂ ᠦᠪᠡᠷᠲᠡᠭᠡᠨ ᠵᠠᠰᠠᠬᠤ ᠤᠷᠤᠨ ᠦ ᠦᠨᠳᠦᠰᠦᠲᠡᠨ ᠦ ᠬᠡᠷᠡᠭ ᠡᠷᠬᠢᠯᠡᠬᠦ ᠵᠦᠪᠯᠡᠯ ᠦᠨ ᠬᠦᠴᠦᠲᠡᠢ ᠳᠡᠮᠵᠢᠯᠭᠡ ᠲᠤᠤᠷ᠎ᠠ ᠮᠤᠩᠭᠤᠯ ᠬᠡᠯᠡᠨ ᠦ ᠰᠦᠯᠵᠢᠶᠠᠨ ᠤ ᠮᠡᠳᠡᠭᠡ ᠵᠠᠩᠭᠢᠵᠢᠯᠲᠠ ᠵᠢᠨ ᠲᠠᠪᠴᠠᠩ ᠤᠨ ᠪᠦᠲᠦᠭᠡᠨ ᠪᠠᠶᠢᠭᠤᠯᠤᠯᠲᠠ ᠶᠢ ᠢᠳᠡᠪᠬᠢᠲᠡᠢ ᠳᠦᠯᠬᠢᠨ ᠠᠭᠢᠭᠤᠯᠵᠤ᠂ ᠮᠤᠩᠭᠤᠯ ᠬᠡᠯᠡᠨ ᠦ ᠮᠡᠳᠡᠭᠡ ᠵᠡᠩᠭᠢᠵᠢᠯᠲᠠ ᠪᠠ ᠪᠠᠶᠢᠴᠠᠭᠠᠬᠤ ᠬᠤᠤᠰ ᠬᠡᠯᠡᠨ ᠦ ᠠᠵᠢᠯ ᠢ ᠭᠦᠨᠵᠡᠭᠡᠢ ᠠᠭᠤᠰᠤᠯᠴᠠᠭᠤᠯᠵᠤ ᠪᠠᠶᠢᠨ᠎ᠠ᠃ 2014 ᠤᠨ ᠳ᠋ᠦ᠂ ᠦᠪᠡᠷᠲᠡᠭᠡᠨ ᠵᠠᠰᠠᠬᠤ ᠤᠷᠤᠨ ᠤ ᠪᠠᠶᠢᠴᠠᠭᠠᠬᠤ ᠬᠤᠷᠢᠶ᠎ᠠ ᠨᠢ ︽ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠮᠤᠩᠭᠤᠯ ᠦᠭᠡ ᠬᠡᠯᠡ ᠦᠰᠦᠭ ᠪᠢᠴᠢᠭ ᠦᠨ ᠮᠡᠳᠡᠭᠡ ᠵᠠᠩᠭᠢᠵᠢᠯᠲᠠ ᠵᠢᠨ ᠪᠦᠲᠦᠭᠡᠨ ᠪᠠᠶᠢᠭᠤᠯᠤᠯᠲᠠ ᠵᠢᠨ ᠲᠤᠮᠳᠠ᠂ ᠤᠷᠳᠦ ᠬᠤᠭᠤᠴᠠᠭᠠᠨ ᠤ ᠲᠦᠯᠦᠪᠯᠡᠭᠡ ︵2014 — 2020︶︾ ᠵᠢᠨ ᠵᠤᠷᠢᠭ ᠰᠠᠨᠠᠭ᠎ᠠ ᠶᠢ ᠦᠨᠳᠦᠰᠦᠯᠡᠨ᠂ ᠦᠪᠡᠷᠲᠡᠭᠡᠨ ᠵᠠᠰᠠᠬᠤ ᠤᠷᠤᠨ ᠦ ᠦᠨᠳᠦᠰᠦᠲᠡᠨ ᠦ ᠬᠡᠷᠡᠭ ᠡᠷᠬᠢᠯᠡᠬᠦ ᠵᠦᠪᠯᠡᠯ ᠦᠨ ᠮᠤᠩᠭᠤᠯ ᠦᠭᠡ ᠬᠡᠯᠡ ᠦᠰᠦᠭ ᠪᠢᠴᠢᠭ ᠦᠨ ᠮᠡᠳᠡᠭᠡ ᠵᠠᠩᠭᠢᠵᠢᠯᠲᠠ ᠵᠢᠨ ᠲᠤᠰᠬᠠᠢ ᠳᠡᠮᠵᠢᠨ ᠳᠡᠳᠬᠦᠭᠰᠡᠨ ᠲᠦᠷᠦᠯ ᠵᠦᠢᠯᠡᠰ ᠢ ᠢᠳᠡᠪᠬᠢᠲᠡᠢ ᠪᠡᠷ ᠲᠡᠮᠡᠴᠠᠨ ᠤᠯᠵᠤ᠂ 2014 ᠤᠨ ᠤ 6 ᠰᠠᠷ᠎ᠠ ᠠᠴᠠ 2015 ᠤᠨ ᠤ ᠬᠤᠭᠤᠷᠤᠨᠳᠦ ᠲᠦᠷᠦᠯ ᠵᠦᠢᠯ ᠢᠶᠡᠨ ᠮᠡᠳᠡᠭᠦᠯᠬᠦ᠂ ᠬᠢᠨᠠᠨ ᠰᠢᠯᠭᠠᠵᠤ ᠲᠤᠷᠦᠯ ᠵᠦᠢᠯ ᠪᠠᠶᠢᠭᠤᠯᠬᠤ᠂ ᠳᠠᠭᠠᠭᠠᠴᠢᠯᠠᠯᠲᠠ ᠵᠠᠷᠯᠠᠬᠤ ᠵᠡᠷᠭᠡ ᠶᠠᠪᠤᠴᠠ ᠢᠶᠡᠷ ᠳᠠᠮᠵᠢᠨ᠂ ︽ᠦᠪᠦᠷ ᠮᠤᠩᠭᠤᠯ ᠤᠨ ᠪᠠᠶᠢᠴᠠᠭᠠᠬᠠᠤ ᠪᠠᠶᠢᠭᠤᠯᠭ᠎ᠠ ᠵᠢᠨ ᠮᠤᠩᠭᠤᠯ ᠬᠡᠯᠡᠨ ᠦ ᠲᠤᠭᠠᠴᠢᠯᠠᠭᠰᠠᠨ ᠲᠠᠪᠴᠠᠩ ᠵᠢᠨ ᠪᠦᠲᠦᠭᠡᠨ ᠪᠠᠶᠢᠭᠤᠯᠤᠯᠲᠠ︾ ᠵᠢᠨ ᠨᠢᠭᠡᠳᠦᠭᠡᠷ ᠬᠤᠭᠤᠴᠠᠭᠠᠨ ᠤ ᠰᠤᠳᠤᠯᠤᠨ ᠨᠡᠭᠡᠭᠡᠬᠦ ᠡᠭᠦᠷᠭᠡ ᠢᠶᠠᠨ ᠠᠮᠵᠢᠯᠲᠠ ᠲᠠᠢ ᠲᠡᠭᠦᠰᠬᠡᠵᠡᠢ᠃ ᠡᠭᠦᠨ ᠳᠦ ᠨᠡᠶᠢᠭᠡᠮ ᠨᠡᠶᠢᠲᠡ ᠳ᠋ᠦ ᠬᠠᠨᠳᠤᠭᠤᠯᠤᠭᠰᠠᠨ ᠭᠠᠳᠠᠭᠠᠲᠦ ᠰᠦᠯᠵᠢᠶ᠎ᠡ ᠪᠠ ᠪᠦᠬᠦ ᠤᠷᠤᠨ ᠤ ᠪᠠᠶᠢᠴᠠᠭᠠᠬᠤ ᠠᠵᠢᠯᠲᠠᠨ ᠳ᠋ᠦ ᠬᠠᠨᠳᠤᠭᠤᠯᠤᠭᠰᠠᠨ ᠲᠤᠳᠤᠭᠠᠳᠦ ᠰᠦᠯᠵᠢᠶᠡᠨ ᠳ᠋ᠡᠬᠢ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠪᠠᠶᠢᠴᠠᠭᠠᠬᠤ ᠬᠤᠷᠢᠶᠠᠨ ᠤ ᠮᠤᠩᠭᠤᠯ ᠬᠡᠯᠡᠨ ᠦ ᠲᠤᠭᠠᠴᠢᠯᠠᠭᠰᠠᠨ ᠬᠤᠶᠠᠷ ᠲᠤᠮᠤ ᠲᠠᠪᠴᠠᠩ ᠪᠠᠶᠢᠵᠤ᠂ ᠮᠤᠩᠭᠤᠯ ᠬᠡᠯᠡᠨ ᠦᠨ ᠬᠠᠥᠯᠢ ᠴᠠᠭᠠᠵᠠ ᠬᠠᠥᠯᠢ ᠲᠤᠭᠳᠠᠭᠠᠯ ᠤᠨ ᠲᠤᠭᠠᠴᠢᠯᠠᠭᠰᠠᠨ ᠬᠦᠮᠦᠷᠭᠡ᠂ ᠮᠤᠩᠭᠤᠯ ᠬᠡᠯᠡᠨ ᠦ ᠬᠠᠥᠯᠢ ᠪᠠᠷᠢᠯᠲᠠ ᠵᠢᠨ ᠲᠠᠶᠢᠯᠪᠤᠷᠢ ᠵᠢᠨ ᠲᠤᠭᠠᠴᠢᠯᠠᠭᠰᠠᠨ ᠬᠦᠮᠦᠷᠭᠡ᠂ ᠮᠤᠩᠭᠤᠯ ᠬᠡᠯᠡᠨ ᠦ ᠬᠡᠷᠡᠭ ᠰᠢᠢᠳᠪᠦᠷᠢᠯᠡᠬᠦ ᠰᠢᠰᠲᠸᠮ ᠦᠨ ᠲᠤᠭᠠᠴᠢᠯᠠᠭᠰᠠᠨ ᠬᠦᠮᠦᠷᠭᠡ᠂ ᠬᠢᠲᠠᠳ ᠮᠣᠩᠭᠣᠯ ᠬᠠᠥᠯᠢ ᠴᠠᠭᠠᠵᠠ ᠵᠢᠨ ᠲᠤᠰᠬᠠᠢ ᠨᠡᠷᠡᠰ ᠦᠭᠡ ᠵᠢᠨ ᠲᠤᠭᠠᠴᠢᠯᠠᠭᠰᠠᠨ ᠬᠦᠮᠦᠷᠭᠡ᠂ ᠰᠢᠨ᠎ᠡ ᠬᠠᠭᠤᠴᠢᠨ ᠮᠤᠩᠭᠤᠯ ᠦᠰᠦᠭ ᠢ ᠬᠠᠷᠢᠯᠴᠠᠨ ᠰᠤᠯᠢᠬᠤ ᠰᠢᠰᠲᠸᠮ᠂ ᠪᠠᠶᠢᠭᠤᠯᠭ᠎ᠠ ᠵᠢᠨ ᠡᠬᠡ ᠪᠢᠴᠢᠭ ᠦᠨ ᠬᠠᠮᠢᠶᠠᠷᠤᠯᠲᠠ ᠵᠢᠨ ᠰᠢᠰᠲᠸᠮ᠂ ᠮᠤᠩᠭᠤᠯ ᠦᠰᠦᠭ ᠦᠨ ᠬᠡᠷᠡᠭᠯᠡᠭᠡᠨ ᠦ ᠰᠤᠹᠲ ᠵᠡᠷᠭᠡ ᠵᠦᠢᠯᠡᠰ ᠪᠠᠭᠲᠠᠵᠤ᠂ ᠦᠢᠯᠡᠳᠦᠯ ᠬᠡᠷᠡᠭᠴᠡᠭᠡ ᠪᠠᠨ ᠪᠠᠳᠠᠷᠠᠭᠤᠯᠵᠤ ᠪᠠᠶᠢᠨ᠎ᠠ᠃ 2018 ᠤᠨ ᠠᠴᠠ 2019 ᠤᠨ ᠤ ᠬᠤᠭᠤᠷᠤᠨᠳᠦ᠂ ᠬᠤᠶᠠᠳᠤᠭᠠᠷ ᠬᠤᠭᠤᠴᠠᠭᠠᠨ ᠤ ᠰᠤᠳᠤᠯᠤᠨ ᠨᠡᠭᠡᠭᠡᠬᠦ ᠡᠭᠦᠷᠭᠡ ᠪᠠᠨ ᠪᠠᠶᠠᠯᠡᠭᠦᠯᠵᠦ᠂ ᠡᠭᠦᠨ ᠳᠦ ᠪᠠᠶᠢᠴᠠᠭᠠᠬᠤ ᠬᠤᠷᠢᠶᠠᠨ ᠤ ᠭᠠᠳᠠᠭᠠᠲᠦ ᠰᠦᠯᠵᠢᠶᠠᠨ ᠤ ᠮᠤᠩᠭᠤᠯ ᠬᠡᠯᠡᠨ ᠦ ᠬᠡᠷᠡᠭ ᠦᠨ ᠮᠡᠳᠡᠭᠡ ᠵᠠᠩᠭᠢ ᠶᠢ ᠢᠯᠡ ᠪᠤᠯᠭᠠᠬᠤ ᠰᠦᠯᠵᠢᠶ᠎ᠡ ᠪᠠ ᠲᠡᠭᠦᠨ ᠲᠠᠢ ᠲᠤᠬᠢᠷᠠᠯᠴᠠᠭᠰᠠᠨ ᠮᠠᠰᠢᠨ ᠤᠷᠴᠢᠭᠤᠯᠭ᠎ᠠ ᠵᠢᠨ ᠪᠠᠭᠠᠵᠢ᠂ ᠪᠠᠶᠢᠴᠠᠭᠠᠬᠤ ᠠᠵᠢᠯ ᠤᠨ ᠮᠤᠩᠭᠤᠯ ᠦᠰᠦᠭ ᠲᠦᠷᠭᠡᠨ ᠰᠢᠪᠡᠬᠦ ᠠᠷᠭ᠎ᠠ᠂ ᠭᠠᠷ ᠤᠳᠠᠰᠤ ᠪᠠᠷ ᠭᠦᠢᠯᠭᠡᠨ ᠦᠵᠡᠬᠦ ᠳᠦ ᠳᠤᠬᠢᠷᠠᠭᠰᠠᠨ ᠭᠦᠢᠯᠭᠡᠨ ᠦᠵᠡᠬᠦ ᠬᠡᠯᠪᠡᠷᠢ ᠵᠡᠷᠭᠡ ᠪᠠᠭᠲᠠᠵᠤ᠂ ᠮᠦᠨ ᠬᠡᠷᠡᠭᠯᠡᠭᠡᠨ ᠳ᠋ᠦ ᠪᠠᠨ ᠤᠷᠤᠭᠰᠠᠨ ᠪᠠᠶᠢᠨ᠎ᠠ᠃ ᠲᠤᠰ ᠲᠦᠷᠦᠯ ᠵᠦᠢᠯ ᠦᠨ ᠪᠦᠲᠦᠭᠡᠨ ᠪᠠᠶᠢᠭᠤᠯᠤᠯᠲᠠ ᠨᠢ ᠪᠦᠬᠦ ᠤᠯᠤᠰ ᠤᠨ ᠨᠠᠢᠮᠠᠨ ᠮᠤᠵᠢ ᠤᠷᠤᠨ ᠤ ᠬᠠᠥᠯᠢ ᠪᠠᠷᠢᠬᠤ ᠪᠠᠶᠢᠭᠤᠯᠭ᠎ᠠ ᠵᠢᠨ ᠲᠤᠳᠤᠷᠠᠬᠢ ᠠᠩᠬᠠᠨ ᠤ ᠵᠦᠢᠯᠡᠰ ᠪᠠᠶᠢᠵᠤ᠂ ᠨᠠᠢᠮᠠᠨ ᠮᠤᠵᠢ ᠤᠷᠤᠨ ᠤ ᠪᠠᠶᠢᠴᠠᠭᠠᠬᠤ ᠪᠠᠶᠢᠭᠤᠯᠭ᠎ᠠ ᠵᠢᠨ ᠮᠤᠩᠭᠤᠯ ᠬᠡᠯᠡᠨ ᠦ ᠮᠡᠳᠡᠭᠡ ᠵᠠᠩᠭᠢᠵᠢᠯᠲᠠ ᠵᠢᠨ ᠲᠠᠪᠴᠠᠩ ᠤᠨ ᠪᠠᠶᠢᠭᠤᠯᠤᠯᠲᠠ ᠪᠠ ᠬᠡᠷᠡᠭᠵᠢᠭᠦᠯᠦᠯᠲᠡ ᠳᠦ ᠬᠦᠲᠦᠴᠢ ᠵᠢᠱᠢᠶᠡᠴᠢ ᠦᠢᠯᠡᠳᠦᠯ ᠢ ᠦᠵᠡᠭᠦᠯᠦᠨ᠂ ᠪᠦᠬᠦ ᠤᠷᠤᠨ ᠤ ᠪᠠᠶᠢᠴᠠᠭᠠᠬᠤ ᠪᠠᠶᠢᠭᠤᠯᠭ᠎ᠠ ᠵᠢᠨ ᠮᠤᠩᠭᠤᠯ ᠬᠡᠯᠡᠨ ᠦ ᠮᠡᠳᠡᠭᠡ ᠵᠠᠩᠭᠢᠵᠢᠯᠲᠠ ᠵᠢᠨ ᠠᠵᠢᠯ ᠤᠨ ᠪᠠᠷᠢᠮᠵᠢᠶ᠎ᠠ ᠪᠠ ᠲᠤᠰ ᠠᠵᠢᠯ ᠢ ᠬᠠᠮᠢᠶᠠᠷᠴᠦ ᠲᠦᠯᠦᠪᠯᠡᠬᠦ ᠶᠢ ᠨᠢᠭᠡᠳᠬᠡᠵᠦ᠂ ᠪᠦᠬᠦ ᠤᠷᠤᠨ ᠤ ᠭᠤᠷᠪᠠᠨ ᠱᠠᠲᠤᠨ ᠤ ᠪᠠᠶᠢᠴᠠᠭᠠᠬᠤ ᠪᠠᠶᠢᠭᠤᠯᠭ᠎ᠠ ᠵᠢᠨ ᠮᠤᠩᠭᠤᠯ ᠬᠡᠯᠡᠨ ᠦ ᠮᠡᠳᠡᠭᠡ ᠵᠠᠩᠭᠢᠵᠢᠯᠲᠠ ᠵᠢᠨ ᠡᠬᠢ ᠪᠠᠶᠠᠯᠢᠭ ᠢ ᠬᠠᠮᠲᠦ ᠪᠠᠷ ᠬᠤᠪᠢᠶᠠᠯᠴᠠᠬᠤ ᠳᠤ ᠴᠢᠬᠤᠯᠠ ᠦᠢᠯᠡᠳᠦᠯ ᠦᠵᠡᠭᠦᠯᠵᠦ ᠂ ᠦᠨᠳᠦᠰᠦᠲᠡᠨ ᠦ ᠦᠭᠡ ᠬᠡᠯᠡ ᠪᠠ ᠬᠠᠥᠯᠢᠵᠢᠯ ᠤᠨ ᠦᠭᠡ ᠬᠡᠯᠡ ᠵᠢᠨ ᠮᠡᠳᠡᠭᠡ ᠵᠠᠩᠭᠢᠵᠢᠯᠲᠠ ᠵᠢᠨ ᠠᠭᠤᠰᠤᠯᠴᠠᠨ ᠨᠡᠶᠢᠯᠡᠬᠦ ᠶᠢ ᠲᠦᠯᠬᠢᠨ ᠠᠭᠢᠭᠤᠯᠵᠤ᠂ ᠬᠠᠥᠯᠢ ᠴᠠᠭᠠᠵᠠ ᠵᠢᠨ ᠲᠤᠰᠬᠠᠢ ᠨᠡᠷᠡᠰ ᠦᠭᠡ ᠶᠢ ᠨᠢᠭᠡᠳᠬᠡᠵᠦ᠂ ᠦᠨᠳᠦᠰᠦᠲᠡᠨ ᠦ ᠭᠠᠵᠠᠷ ᠤᠷᠤᠨ ᠤ ᠬᠠᠥᠯᠢ ᠪᠠᠷᠢᠯᠲᠠ ᠵᠢᠨ ᠪᠤᠲᠠᠲᠠᠢ ᠦᠢᠯᠡᠳᠦᠯᠡᠭᠡ ᠶᠢ ᠵᠢᠯᠤᠭᠤᠳᠴᠦ᠂ ᠮᠤᠩᠭᠤᠯ ᠦᠭᠡ ᠬᠡᠯᠡ ᠦᠰᠦᠭ ᠪᠢᠴᠢᠭ ᠵᠢᠨ ᠮᠡᠳᠡᠭᠡ ᠵᠠᠩᠭᠢᠵᠢᠯᠲᠠ ᠵᠢᠨ ᠦᠷᠨᠢᠭᠦᠨ ᠪᠠᠳᠠᠷᠠᠩᠭᠤᠢ ᠪᠠᠷ ᠬᠦᠭᠵᠢᠬᠦ ᠳᠦ ᠮᠠᠰᠢ ᠶᠡᠬᠡ ᠠᠴᠢ ᠬᠤᠯᠪᠤᠭᠳᠠᠯ ᠲᠠᠢ᠃
ᠦᠪᠦᠷ ᠮᠤᠩᠭᠤᠯ ᠤᠨ ᠪᠠᠶᠢᠴᠠᠭᠠᠬᠤ ᠪᠠᠶᠢᠭᠤᠯᠭ᠎ᠠ ᠵᠢᠨ ᠮᠤᠩᠭᠤᠯ ᠬᠡᠯᠡᠨ ᠦ ᠲᠤᠭᠠᠴᠢᠯᠠᠭᠰᠠᠨ ᠲᠠᠪᠴᠠᠩ ᠵᠢᠨ ᠭᠠᠳᠠᠭᠠᠳᠦ᠂ ᠲᠤᠳᠤᠭᠠᠲᠦ ᠰᠦᠯᠵᠢᠶᠡᠨ ᠳ᠋ᠦ ᠪᠠᠶᠢᠭᠤᠯᠤᠮᠵᠢ ᠵᠢᠨ ᠲᠤᠬᠢᠷᠠᠭᠤᠯᠭ᠎ᠠ᠂ ᠤᠳᠤᠷᠢᠳᠤᠯᠭ᠎ᠠ ᠵᠢᠨ ᠲᠠᠨᠢᠯᠴᠠᠭᠤᠯᠭ᠎ᠠ᠂ ᠤᠳᠤᠷᠢᠳᠤᠯᠭ᠎ᠠ ᠵᠢᠨ ᠶᠠᠷᠢᠶ᠎ᠠ᠂ ᠬᠠᠥᠯᠢ ᠴᠠᠭᠠᠵᠠ ᠳᠦᠷᠢᠮ ᠳᠤᠭᠲᠠᠭᠠᠯ᠂ ᠬᠠᠥᠯᠢ ᠪᠠᠷᠢᠯᠲᠠ ᠵᠢᠨ ᠲᠠᠶᠢᠯᠪᠦᠷᠢ᠂ ᠪᠠᠶᠢᠴᠠᠭᠠᠬᠤ ᠬᠦᠳᠡᠯᠦᠯ ᠪᠠᠶᠢᠳᠠᠯ᠂ ᠲᠤᠷᠰᠢᠯᠭ᠎ᠠ ᠰᠤᠯᠢᠯᠴᠠᠭ᠎ᠠ᠂ ᠤᠷᠴᠢᠭᠤᠯᠭ᠎ᠠ ᠵᠢᠨ ᠴᠤᠩᠬᠤ᠂ ᠪᠠᠶᠢᠴᠠᠭᠠᠬᠤ ᠰᠤᠶᠤᠯ᠂ ᠵᠢᠷᠤᠭᠲᠤ ᠮᠡᠳᠡᠭᠡ᠂ ᠰᠢᠨ᠎ᠡ ᠨᠡᠷ᠎ᠡ ᠲᠤᠮᠢᠶ᠎ᠠ᠂ ᠮᠤᠩᠭᠤᠯ ᠬᠡᠯᠡᠨ ᠦ ᠬᠠᠥᠯᠢ ᠲᠦᠭᠡᠮᠡᠯᠵᠢᠭᠦᠯᠬᠦ ᠰᠢᠷᠢᠰ ᠨᠣᠮ᠂ ᠪᠠᠶᠢᠴᠠᠭᠠᠬᠤ ᠵᠢᠱᠢᠶᠡᠴᠢ᠂ ᠨᠦᠬᠦᠷᠰᠡᠭ ᠱᠦᠭᠦᠮᠡᠭ ᠵᠡᠷᠭᠡ ᠪᠤᠯᠤᠩ ᠲᠠᠢ ᠪᠠᠶᠢᠵᠤ᠂ ᠮᠤᠩᠭᠤᠯ ᠦᠭᠡ ᠬᠡᠯᠡ ᠦᠰᠦᠭ ᠪᠢᠴᠢᠭ ᠢᠶᠡᠷ ᠠᠴᠢᠶᠠᠯᠠᠪᠤᠷᠢ ᠪᠤᠯᠠᠭᠠᠨ᠂ ᠪᠦᠬᠦ ᠤᠷᠤᠨ ᠤ ᠪᠠᠶᠢᠴᠠᠭᠠᠬᠤ ᠪᠠᠶᠢᠭᠤᠯᠭ᠎ᠠ ᠵᠢᠨ ᠡᠯ᠎ᠡ ᠵᠦᠢᠯ ᠦᠨ ᠠᠵᠢᠯ ᠤᠨ ᠬᠦᠳᠡᠯᠦᠯ ᠪᠠᠶᠢᠳᠠᠯ᠂ ᠲᠤᠷᠰᠢᠯᠭ᠎ᠠ ᠠᠷᠭ᠎ᠠ ᠬᠢᠳᠡᠯ᠂ ᠬᠢᠯᠠᠰ ᠠᠵᠢᠯ ᠲᠦᠷᠦᠯ᠂ ᠲᠤᠤᠱᠠᠯᠠᠭᠤᠯᠤᠨ ᠬᠡᠷᠡᠭᠵᠢᠭᠦᠯᠵᠦ ᠪᠠᠶᠢᠭ᠎ᠠ ᠪᠠᠶᠢᠳᠠᠯ᠂ ᠬᠠᠥᠯᠢ ᠪᠠᠷ ᠶᠤᠰᠤ ᠶᠠᠷᠢᠬᠤ᠂ ᠪᠠᠶᠢᠴᠠᠭᠠᠬᠤ ᠬᠤᠰᠢᠭᠤᠴᠢ ᠶᠢ ᠲᠠᠨᠢᠯᠴᠠᠭᠤᠯᠬᠤ᠂ ᠮᠤᠩᠭᠤᠯ ᠬᠢᠲᠠᠳ ᠬᠤᠤᠰ ᠬᠡᠯᠡ ᠪᠡᠷ ᠤᠷᠴᠢᠭᠤᠯᠬᠤ᠂ ᠪᠠᠶᠢᠴᠠᠭᠠᠬᠤ ᠠᠵᠢᠯᠲᠠᠨ ᠤ ᠪᠢᠴᠢᠭᠰᠡᠨ ᠰᠢᠯᠦᠭ ᠵᠤᠬᠢᠶᠠᠯ ᠵᠡᠷᠭᠡ ᠮᠤᠩᠭᠤᠯ ᠦᠰᠦᠭ ᠪᠢᠴᠢᠭ ᠦᠨ ᠮᠡᠳᠡᠭᠡ ᠵᠠᠩᠭᠢ ᠶᠢ ᠪᠠᠭᠲᠠᠭᠠᠨ᠂ ᠵᠢᠯ ᠪᠦᠷᠢ ᠡᠯ᠎ᠡ ᠵᠦᠢᠯ ᠦᠨ ᠮᠤᠩᠭᠤᠯ ᠮᠡᠳᠡᠭᠡ ᠵᠠᠩᠭᠢ 300 ᠤᠷᠴᠢᠮ ᠨᠡᠶᠢᠲᠡᠯᠡᠵᠦ᠂ ᠨᠡᠶᠢᠲᠡ 230 ᠢᠯᠡᠭᠦᠦ ᠮᠤᠩᠭᠤᠯ ᠬᠠᠥᠯᠢ ᠴᠠᠭᠠᠵᠠ᠂ 70 ᠭᠠᠷᠤᠢ ᠬᠠᠥᠯᠢ ᠪᠠᠷᠢᠯᠲᠠ ᠵᠢᠨ ᠲᠠᠶᠢᠯᠪᠤᠷᠢ᠂ 36 ᠳᠡᠪᠲᠡᠷ ᠮᠤᠩᠭᠤᠯ ᠬᠡᠯᠡᠨ ᠦ ᠬᠠᠥᠯᠢ ᠲᠦᠭᠡᠮᠡᠯᠵᠢᠭᠦᠯᠬᠦ ᠰᠢᠷᠢᠰ ᠨᠣᠮ ᠪᠠᠶᠢᠵᠦ᠂ ᠪᠦᠬᠦ ᠤᠯᠤᠰ ᠤᠨ ᠴᠦᠭᠡᠨ ᠲᠤᠭᠠᠳᠦ ᠦᠨᠳᠦᠰᠦᠲᠡᠨ ᠦ ᠠᠷᠠᠳ ᠲᠦᠮᠡᠨ ᠪᠠ ᠬᠤᠤᠰ ᠬᠡᠯᠡᠨ ᠦ ᠬᠠᠥᠯᠢ ᠵᠢᠨ ᠠᠵᠢᠯᠲᠠᠨ ᠳᠤ ᠬᠠᠥᠯᠢ ᠶᠢ ᠰᠤᠷᠴᠦ᠂ ᠬᠠᠦᠯᠢ ᠶᠢ ᠬᠡᠷᠡᠭᠯᠡᠨ᠂ ᠬᠠᠥᠯᠢ ᠬᠡᠷᠡᠭᠵᠢᠭᠦᠯᠬᠦ ᠳᠤ ᠨᠡᠩ ᠰᠠᠶᠢᠨ ᠨᠡᠶᠢᠳᠡᠮ ᠦᠨ ᠴᠢᠨᠠᠷᠲᠠᠢ᠂ ᠲᠦᠭᠦᠮ ᠲᠦᠳᠡ ᠪᠠᠶᠢᠴᠠᠭᠠᠬᠤ ᠦᠢᠯᠡᠴᠢᠯᠡᠭᠡᠨ ᠢ ᠬᠠᠩᠭᠠᠵᠠᠢ᠃