ᠬᠡᠷᠡᠭ ᠦᠨ ᠪᠤᠲᠠᠲᠦ ᠪᠠᠶᠢᠳᠠᠯ
ᠣᠶᠢᠷ᠎ᠠ ᠳᠤ᠂ ᠬᠥᠬᠡᠬᠤᠲᠠ ᠶᠢᠨ ᠦᠴᠤᠸᠠᠨ ᠰᠢᠶᠠᠨ ᠤ ᠡᠯ ᠹᠧᠨ ᠽᠢ ᠰᠢᠶᠠᠩ ᠤᠨ ᠾᠧᠢ ᠯᠠᠩ ᠬᠤᠤ ᠲᠣᠰᠬᠤᠨ ᠳᠤ ᠨᠢᠭᠡᠨ ᠬᠦᠨᠳᠦ ᠶᠡᠭᠡ ᠡᠷᠡᠭᠦᠦ ᠶᠢᠨ ᠬᠡᠷᠡᠭ ᠭᠠᠷᠤᠭᠰᠠᠨ ᠪᠠᠶᠢᠨ᠎ᠠ᠃ ᠲᠤᠰ ᠲᠣᠰᠬᠤᠨ ᠤ ᠢᠷᠭᠡᠨ ᠮᠠ ᠣᠪᠣᠭᠲᠤ ᠨᠢᠭᠡ ᠬᠤᠨᠢ ᠪᠠᠨ ᠵᠢᠯᠢᠢᠯᠭᠡᠴᠢᠬᠡᠭᠡᠳ ᠵᠡᠷᠭᠡᠯᠡᠳᠡᠭᠡ ᠠᠶᠢᠯ ᠤᠨ ᠸᠠᠩ ᠣᠪᠣᠭᠲᠤ ᠲᠠᠢ ᠵᠢᠭᠤᠷᠠᠭᠠᠨ ᠡᠭᠦᠰᠦᠭᠰᠡᠨ ᠤ ᠳᠠᠷᠠᠭ᠎ᠠ᠂ ᠬᠡᠷᠡᠭ ᠤᠨ ᠮᠡᠳᠡᠭᠦᠯᠦᠯᠲᠡ ᠬᠦᠯᠢᠶᠡᠨ ᠠᠪᠤᠭᠰᠠᠨ ᠲᠣᠮᠢᠯᠠᠭᠰᠠᠨ ᠰᠠᠯᠪᠤᠷᠢ ᠶᠢᠨ ᠴᠠᠭᠳᠠᠭ᠎ᠠ ᠲᠡᠷᠡ ᠳᠠᠷᠤᠶ ᠳᠤᠨᠢ ᠲᠤᠬᠠᠶ ᠶᠢᠨ ᠲᠠᠯᠠᠪᠠᠶ ᠳᠤ ᠬᠦᠷᠴᠦ ᠲᠣᠰᠬᠤᠨ ᠤ ᠵᠥᠪᠯᠡᠯ ᠲᠠᠢ ᠣᠯᠠᠨ ᠵᠦᠢᠯ ᠤᠨ ᠡᠶᠡᠳᠡᠭᠦᠯᠬᠦ ᠲᠥᠰᠦᠯ ᠭᠠᠷᠭᠠᠭᠰᠠᠨ ᠪᠣᠯᠪᠠᠴᠤ ᠲᠤᠬᠠᠢ ᠶᠢᠨ ᠬᠥᠮᠦᠨ ᠮᠠ ᠣᠪᠣᠭᠲᠤ ᠬᠦᠯᠢᠶᠡᠨ ᠠᠪᠬᠤ ᠦᠭᠡᠢ ᠪᠠᠶᠢᠪᠠ᠃ ᠡᠶᠡᠳᠡᠭᠦᠯᠬᠦ ᠶᠠᠪᠤᠴᠠ ᠳᠤ ᠮᠠ ᠣᠪᠣᠭᠲᠤ ᠰᠠᠭᠭᠠᠬᠤ ᠳᠠᠭᠠᠨ ᠭᠡᠨᠡᠳᠲᠡ ᠪᠡᠶ᠎ᠡ ᠳᠡᠭᠡᠨ ᠠᠪᠴᠤ ᠪᠠᠶᠢᠭᠰᠠᠨ ᠬᠢᠲᠤᠭ᠎ᠠ ᠪᠠᠨ ᠰᠤᠭᠤᠯᠵᠤ ᠸᠠᠩ ᠣᠪᠣᠭᠲᠤ ᠤᠷᠤᠭᠤ ᠳᠠᠭᠠᠷᠢᠬᠤ ᠳᠤ ᠵᠠᠩ ᠴᠠᠭᠳᠠᠭ᠎ᠠ ᠣᠴᠢᠭᠠᠳ ᠬᠤᠷᠢᠭᠯᠠᠬᠤ ᠭᠡᠵᠦ ᠪᠠᠶᠢᠭᠠᠳ ᠬᠢᠲᠤᠭ᠎ᠠ ᠳᠤ ᠪᠦᠯᠢᠭᠲᠦᠨ ᠤᠨᠠᠪᠠ᠂ ᠵᠠᠯᠭᠠᠭᠠᠳ ᠸᠠᠩ ᠣᠪᠣᠭᠲᠤ ᠪᠠ ᠲᠤᠬᠠᠢ ᠶᠢᠨ ᠲᠠᠯᠠᠪᠠᠢ ᠳᠤ ᠪᠠᠶᠢᠭᠰᠠᠨ 3 ︵ᠡᠭᠦᠨ ᠤ ᠳᠣᠲᠣᠷ᠎ᠠ ᠨᠢᠭᠡ ᠰᠢᠷᠬᠠᠲᠠᠨ ᠨᠢ ᠡᠮᠨᠡᠯᠭᠡ ᠳᠤ ᠬᠦᠷᠭᠡᠬᠦ ᠵᠠᠮ ᠳᠤ ᠥᠭᠦᠪᠡ︶ ᠬᠥᠮᠥᠨ ᠢ ᠪᠠᠰᠠ ᠪᠦᠷ ᠬᠢᠲᠤᠭᠠᠯᠠᠵᠤ ᠰᠢᠷᠬᠠᠲᠤᠭᠤᠯᠪᠠ᠂ ᠢᠩᠭᠢᠭᠡᠳ 3 ᠬᠥᠮᠦᠨ ᠦᠬᠦᠵᠦ 2 ᠬᠥᠮᠦᠨ ᠰᠢᠷᠬᠠᠳᠤᠨ᠂ ᠶᠠᠯ᠎ᠠ ᠬᠢᠭᠰᠡᠨ ᠰᠡᠵᠢᠭᠳᠡᠨ ᠮᠠ ᠣᠪᠣᠭᠲᠤ ᠡᠷᠡᠭᠦᠦ ᠶᠢᠨ ᠬᠡᠷᠡᠭ ᠢᠶᠠᠷ ᠲᠦᠷ ᠬᠤᠷᠢᠭᠳᠠᠪᠠ᠃
ᠲᠤᠰ ᠬᠡᠷᠡᠭ ᠦᠨ ᠲᠤᠬᠠᠢ ᠪᠠᠶᠢᠴᠠᠭᠠᠬᠤ ᠲᠤᠰᠢᠶᠠᠯᠲᠠᠨ ᠤ ᠰᠠᠨᠠᠭᠤᠯᠤᠮᠵᠢ᠄
ᠡᠨᠡ ᠮᠡᠲᠦ ᠶᠢᠨ ᠬᠡᠷᠡᠭ ᠮᠠᠯᠵᠢᠬᠤ ᠣᠷᠣᠨ ᠨᠤᠭᠤᠳ ᠢᠶᠠᠷ ᠣᠯᠠᠨᠲᠠ ᠡᠭᠦᠰᠳᠡᠭ᠂ ᠲᠤᠬᠠᠢ ᠶᠢᠨ ᠬᠥᠮᠥᠨ ᠵᠠᠪᠠᠯ ᠤᠬᠠᠭ᠎ᠠ ᠲᠣᠮᠤᠭ᠎ᠠ ᠲᠠᠢ ᠪᠠᠶᠢᠵᠤ᠂ ᠴᠦᠯᠲᠦ ᠮᠥᠯᠲᠥ ᠪᠠᠷ ᠣᠷᠣᠵᠤ ᠪᠣᠯᠬᠤ ᠦᠭᠡᠢ᠂ ᠡᠰᠡ ᠲᠡᠶᠢᠮᠦ ᠪᠣᠯ ᠡᠭᠡᠭᠦᠯᠬᠦ ᠶᠢᠨ ᠠᠷᠭ᠎ᠠ ᠦᠭᠡᠢ ᠮᠠᠭᠤ ᠪᠠᠶᠢᠳᠠᠯ ᠪᠤᠢ ᠪᠣᠯᠭᠠᠨ᠎ᠠ᠃ ᠲᠡᠭᠡᠪᠡᠯ ᠪᠢᠳᠡ ᠡᠶᠢᠮᠦ ᠮᠠᠯ ᠤᠨᠤᠭ᠎ᠠ ᠲᠠᠢ ᠬᠤᠯᠪᠤᠭᠳᠠᠭᠰᠠᠨ ᠬᠡᠷᠡᠭ ᠲᠠᠢ ᠲᠤᠬᠢᠶᠠᠯᠳᠤᠪᠠᠯ ᠲᠤᠤᠷᠠᠬᠢ ᠮᠡᠲᠦ ᠵᠦᠢᠯ ᠢ ᠠᠩᠬᠠᠷᠬᠤ ᠴᠢᠬᠤᠯᠠᠲᠠᠢ᠃
ᠨᠢᠭᠡ᠂ ᠥᠷᠭᠡᠨ ᠣᠯᠠᠨ ᠮᠠᠯᠴᠢᠨ ᠲᠠᠷᠢᠶᠠᠴᠢᠨ ᠡᠶᠢᠮᠦ ᠬᠡᠷᠡᠭ ᠤᠴᠢᠷ ᠡᠭᠦᠰᠬᠦ ᠠᠴᠠ ᠬᠡᠷᠬᠢᠨ ᠵᠠᠶᠢᠯᠠᠬᠤ ᠪᠤᠢ︖
1.ᠮᠠᠯᠵᠢᠬᠤ ᠣᠷᠣᠨ ᠳᠤ ᠮᠠᠯ ᠬᠤᠢ ᠠᠮᠠᠷᠬᠠᠨ ᠥᠭᠡᠷ᠎ᠡ ᠠᠶᠢᠯ ᠤᠳ ᠤᠨ ᠪᠡᠯᠴᠢᠭᠡᠷ ᠲᠤ ᠣᠷᠣᠴᠢᠬᠠᠳᠠᠭ ᠪᠣᠯᠬᠤᠷ ᠮᠠᠯ ᠤᠨ ᠢᠶᠠᠨ ᠢᠮ ᠲᠡᠮᠳᠡᠭ ᠢ ᠢᠯᠭᠠᠭ᠎ᠠ ᠲᠠᠢ ᠲᠣᠳᠣᠷᠬᠠᠢ ᠬᠢᠬᠦ ᠶᠢ ᠮᠠᠯᠴᠢᠨ ᠲᠦᠮᠡᠨ ᠳᠡᠭᠡᠨ ᠰᠠᠨᠠᠭᠤᠯᠵᠤ ᠪᠠᠶᠢᠨ᠎ᠠ᠃
2.ᠬᠦᠷᠢᠶ᠎ᠡ ᠬᠤᠷᠢᠶ᠎ᠠ᠂ ᠬᠠᠰᠢᠶ᠎ᠠ ᠰᠠᠷᠠᠪᠴᠢ ᠪᠠᠨ ᠲᠣᠭᠲᠠᠭᠰᠠᠨ ᠬᠤᠭᠤᠴᠠᠭ᠎ᠠ ᠲᠠᠢ ᠵᠠᠰᠠᠵᠤ ᠰᠡᠯᠪᠢᠨ ᠬᠡᠷᠡᠭ ᠦᠭᠡᠢ ᠬᠤᠬᠢᠷᠠᠯ ᠭᠠᠷᠬᠤ ᠠᠴᠠ ᠵᠠᠶᠢᠯᠠᠰᠬᠢᠶᠠ᠃
3.ᠮᠠᠯ ᠬᠤᠢ ᠵᠢᠯᠢᠢᠪᠡᠯ ᠤᠷᠢᠳᠠᠪᠠᠷ ᠴᠠᠭᠳᠠᠭ᠎ᠠ ᠳᠤ ᠮᠡᠳᠡᠭᠦᠯᠦᠭᠡᠳ᠂ ᠳᠠᠭᠠᠤ ᠳᠤᠨᠢ ᠭᠠᠴᠠᠭ᠎ᠠ ᠲᠣᠰᠬᠤᠨ ᠤ ᠵᠥᠪᠯᠡᠯ ᠲᠠᠢ ᠬᠠᠷᠢᠯᠴᠠᠵᠤ᠂ ᠠᠵᠢᠯᠲᠠᠨ ᠢᠷᠡᠵᠦ ᠰᠢᠢᠳᠪᠦᠷᠢᠯᠡᠬᠦ ᠶᠢ ᠬᠦᠯᠢᠶᠡᠵᠦ᠂ ᠥᠪᠡᠷ ᠤᠨ ᠡᠷᠬᠡ ᠠᠰᠢᠭ ᠪᠠ ᠡᠳ᠋ ᠬᠥᠷᠥᠩᠭᠡ ᠪᠠᠨ ᠬᠠᠤᠯᠢ ᠶᠣᠰᠣᠭᠠᠷ ᠬᠠᠮᠠᠭᠠᠯᠠᠨ᠎ᠠ᠃
4.ᠬᠤᠪᠢᠨ ᠤ ᠮᠠᠯ ᠥᠭᠡᠷ᠎ᠡ ᠠᠶᠢᠯ ᠤᠨ ᠪᠡᠯᠴᠢᠭᠡᠷ ᠲᠤ ᠣᠷᠣᠭᠠᠳ ᠠᠵᠤ ᠠᠬᠤᠢ ᠶᠢᠨ ᠬᠤᠬᠢᠷᠠᠯ ᠤᠴᠠᠷᠠᠭᠤᠯᠤᠭᠰᠠᠨ ᠪᠣᠯ ᠲᠥᠯᠥᠬᠦ ᠬᠡᠷᠡᠭᠲᠡᠢ᠃
ᠬᠤᠶᠠᠷ᠂ ᠬᠡᠷᠪᠡ ᠥᠭᠡᠷ᠎ᠡ ᠠᠶᠢᠯ ᠤᠨ ᠮᠠᠯ ᠲᠠᠨ ᠤ ᠪᠡᠯᠴᠢᠭᠡᠷ ᠪᠤᠶᠤ ᠲᠠᠷᠢᠶᠠᠨ ᠭᠠᠵᠠᠷ ᠲᠤ ᠣᠷᠣᠵᠤ ᠢᠷᠡᠭᠰᠡᠨ ᠪᠣᠯ ᠬᠡᠷᠬᠢᠨ ᠰᠢᠢᠳᠪᠦᠷᠢᠯᠡᠬᠦ ᠪᠤᠢ︖
1.ᠭᠠᠴᠠᠭ᠎ᠠ ᠲᠣᠰᠬᠤᠨ ᠤ ᠵᠥᠪᠯᠡᠯ ᠪᠣᠯᠣᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠳᠤ ᠬᠡᠷᠡᠭ ᠮᠡᠳᠡᠭᠦᠯᠵᠦ᠂ ᠰᠡᠭᠦᠳᠡᠷᠯᠡᠬᠦ ᠪᠤᠶᠤ ᠳᠦᠷᠰᠦ ᠰᠢᠩᠭᠡᠭᠡᠬᠦ ᠵᠡᠷᠭᠡ ᠠᠷᠭ᠎ᠠ ᠬᠡᠮᠵᠢᠶ᠎ᠡ ᠠᠪᠴᠤ᠂ ᠠᠵᠤ ᠠᠬᠤᠢ ᠶᠢᠨ ᠬᠤᠬᠢᠷᠠᠯ ᠤᠴᠠᠷᠠᠭᠤᠯᠤᠭᠰᠠᠨ ᠭᠡᠷᠡᠴᠢ ᠦᠯᠡᠳᠡᠭᠡᠨ᠎ᠡ᠃
2.ᠠᠵᠤ ᠠᠬᠤᠢ ᠶᠢᠨ ᠬᠤᠬᠢᠷᠠᠯ ᠡᠭᠦᠰᠬᠦ ᠠᠴᠠ ᠵᠠᠶᠢᠯᠠᠵᠤ᠂ ᠥᠪᠡᠷ ᠤᠨ ᠲᠡᠵᠢᠭᠡᠭᠰᠡᠨ ᠠᠳᠤᠭᠤᠰᠤ ᠠᠮᠢᠲᠠᠨ ᠪᠤᠰᠤᠳ ᠤᠨ ᠮᠠᠯ ᠢ ᠭᠡᠮᠲᠦᠭᠡᠬᠦ ᠠᠴᠠ ᠪᠠᠰᠠ ᠪᠣᠯᠭᠤᠮᠵᠢᠯᠠᠵᠤ᠂ ᠠᠶᠢᠯ ᠤᠨ ᠮᠠᠯ ᠢ ᠬᠤᠪᠢᠨ ᠳᠤᠨᠢ ᠬᠠᠭᠠᠨ᠎ᠠ᠃
3.ᠭᠠᠴᠠᠭ᠎ᠠ ᠲᠣᠰᠬᠤᠨ ᠤ ᠮᠠᠯᠴᠢᠳ ᠬᠤᠭᠤᠷᠣᠨᠳᠤ ᠪᠠᠨ ᠪᠠᠶᠢᠭᠤᠯᠤᠭᠰᠠᠨ ᠵᠢᠷᠭᠢᠭᠡ ᠬᠤᠯᠪᠣᠭ᠎ᠠ ᠶᠢ ᠠᠰᠢᠭᠯᠠᠵᠤ᠂ ᠡᠷᠢᠯ ᠤᠨ ᠡᠵᠡᠨ ᠢ ᠰᠤᠷᠠᠭᠯᠠᠵᠤ ᠪᠣᠯᠣᠨ᠎ᠠ᠃
ᠢᠷᠭᠡᠨ ᠦ ᠬᠡᠷᠡᠭ ᠦᠨ ᠬᠤᠯᠪᠣᠭᠳᠠᠯ ᠪᠦᠬᠦᠢ ᠬᠠᠤᠯᠢ ᠵᠤᠷᠪᠤᠰ᠄
1. ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠢᠷᠭᠡᠨ ᠤ ᠬᠠᠤᠯᠢ ᠶᠢᠨ ᠪᠢᠴᠢᠭ︾ ᠤᠨ ᠬᠤᠶᠠᠷ ᠵᠠᠭᠤ ᠭᠤᠴᠢᠨ ᠳᠥᠷᠪᠡᠳᠦᠭᠡᠷ ᠵᠦᠢᠯ ᠳᠤ ᠲᠣᠭᠲᠠᠭᠠᠭᠰᠠᠨ ᠨᠢ᠂
2. ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠢᠷᠭᠡᠨ ᠤ ᠬᠠᠤᠯᠢ ᠶᠢᠨ ᠪᠢᠴᠢᠭ︾ ᠤᠨ ᠬᠤᠶᠠᠷ ᠵᠠᠭᠤ ᠭᠤᠴᠢᠨ ᠲᠠᠪᠤᠳᠤᠭᠠᠷ ᠵᠦᠢᠯ ᠳᠤ ᠲᠣᠭᠲᠠᠭᠠᠭᠰᠠᠨ ᠨᠢ᠂
3. ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠢᠷᠭᠡᠨ ᠤ ᠬᠠᠤᠯᠢ ᠶᠢᠨ ᠪᠢᠴᠢᠭ︾ ᠤᠨ ᠬᠤᠶᠠᠷ ᠵᠠᠭᠤ ᠭᠤᠴᠢᠨ ᠳᠣᠯᠣᠳᠤᠭᠠᠷ ᠵᠦᠢᠯ ᠳᠤ ᠲᠣᠭᠲᠠᠭᠠᠭᠰᠠᠨ ᠨᠢ᠂
4. ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠢᠷᠭᠡᠨ ᠤ ᠬᠠᠤᠯᠢ ᠶᠢᠨ ᠪᠢᠴᠢᠭ︾ ᠤᠨ ᠳᠤ ᠲᠣᠭᠲᠠᠭᠠᠭᠰᠠᠨ ᠨᠢ᠂
ᠲᠣᠳᠣᠷᠬᠠᠶᠢᠯᠠᠬᠤ ᠨᠢ᠄ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠢᠷᠭᠡᠨ ᠤ ᠬᠠᠤᠯᠢ ᠶᠢᠨ ᠪᠢᠴᠢᠭ︾ ᠢ 2021 ᠣᠨ ᠤ 1 ᠳ᠋ᠦ᠋ᠭᠡᠷ ᠰᠠᠷ᠎ᠠ ᠶᠢᠨ1 ᠤ ᠡᠳᠦᠷ ᠠᠴᠠ ᠡᠬᠢᠯᠡᠨ ᠬᠡᠷᠡᠭᠵᠢᠭᠦᠯᠦᠨ᠎ᠡ᠃