ᠲᠡᠷᠢᠭᠦᠨ ᠨᠢᠭᠤᠷ  -  ᠪᠠᠶᠢᠴᠠᠭᠠᠬᠤ ᠬᠥᠳᠡᠯᠦᠯ ᠪᠠᠶᠢᠳᠠᠯ

ᠳᠤᠮᠳᠠᠳᠤ ᠤᠯᠤᠰ ᠤᠨ ᠡᠪ ᠬᠠᠮᠲᠤ ᠨᠠᠮ ᠤᠨ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ‍ᠣ ᠠᠷᠠᠳ ᠤᠨ ᠪᠠᠶᠢᠴᠠᠭᠠᠬᠤ ᠬᠤᠷᠢᠶ᠎ᠠ ᠪᠠᠶᠢᠭᠤᠯᠭ᠎ᠠ ᠶᠢᠨ ᠨᠠᠢᠮᠠᠳᠤᠭᠠᠷ ᠤᠳᠠᠭᠠᠨ ‍ᠣ ᠨᠠᠮ ᠤᠨ ᠭᠡᠰᠢᠭᠦᠨ ‍ᠣ ᠲᠦᠯᠦᠭᠡᠯᠡᠭᠴᠢ ᠶᠢᠨ ᠶᠡᠬᠡ ᠬᠤᠷᠠᠯ ᠬᠤᠷᠠᠯᠳᠤᠭᠤᠯᠪᠠ

2021-01-04 19:04:31
ᠵᠣᠬᠢᠶᠠᠭᠴᠢ
ᠪᠤᠥ ᠡᠾᠦ᠋ᠢ ᠮᠧᠢ


2021   1.jpg


12 ᠰᠠᠷ᠎ᠠ ᠶᠢᠨ 29 ‍ᠣ ᠡᠳᠦᠷ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ‍ᠣ ᠠᠷᠠᠳ ᠤᠨ ᠪᠠᠶᠢᠴᠠᠭᠠᠬᠤ ᠬᠤᠷᠢᠶ᠎ᠠ ᠪᠠᠶᠢᠭᠤᠯᠭ᠎ᠠ ᠶᠢᠨ ᠨᠠᠢᠮᠠᠳᠤᠭᠠᠷ ᠤᠳᠠᠭᠠᠨ ‍ᠣ ᠨᠠᠮ ᠤᠨ ᠭᠡᠰᠢᠭᠦᠨ ‍ᠣ ᠲᠦᠯᠦᠭᠡᠯᠡᠭᠴᠢ ᠶᠢᠨ ᠶᠡᠬᠡ ᠬᠤᠷᠠᠯ ᠢᠶᠠᠨ ᠠᠮᠵᠢᠯᠲᠠ ᠲᠠᠢ ᠬᠤᠷᠠᠯᠳᠤᠭᠤᠯᠪᠠ᠃ ᠬᠤᠷᠠᠯ ᠠᠴᠠ ᠰᠢ ᠵᠢᠨ ᠫᠢᠩ ᠦᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠤᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭᠠᠨ ‍ᠣ ᠠᠭᠤᠤ ᠶᠡᠬᠡ ᠲᠤᠭ ᠢ ᠦᠨᠳᠦᠷ ᠮᠠᠨᠳᠤᠭᠤᠯᠵᠤ᠂  ᠳᠤᠮᠳᠠᠳᠤ ᠤᠯᠤᠰ ᠤᠨ ᠡᠪ ᠬᠠᠮᠲᠤ ᠨᠠᠮ ᠤᠨ ᠲᠦᠪ ᠬᠤᠷᠢᠶ᠎ᠠ ᠪᠠ ᠦᠪᠡᠷᠲᠡᠭᠡᠨ ᠵᠠᠰᠠᠬᠤ ᠤᠷᠤᠨ ‍ᠣ ᠨᠠᠮ ᠤᠨ ᠬᠤᠷᠢᠶ᠎ᠠ ᠶᠢᠨ ᠪᠠᠶᠢᠭᠤᠯᠭ᠎ᠠ ᠨᠠᠮ ᠤᠨ ᠪᠠᠶᠢᠭᠤᠯᠤᠯᠲᠠ ᠶᠢ ᠴᠢᠩᠭᠠᠳᠬᠠᠬᠤ ᠲᠤᠬᠠᠢ ᠰᠢᠢᠳᠪᠦᠷᠢᠲᠦ ᠪᠠᠶᠢᠷᠢᠯᠠᠭᠤᠯᠤᠯᠲᠠ ᠶᠢ ᠬᠢᠨᠠᠮᠠᠭᠠᠢ  ᠲᠤᠭᠤᠰᠢᠯᠠᠭᠤᠯᠵᠤ᠂ ᠦᠪᠡᠷᠲᠡᠭᠡᠨ ᠵᠠᠰᠠᠬᠤ ᠤᠷᠤᠨ ‍ᠣ ᠪᠠᠶᠢᠴᠠᠭᠠᠬᠤ ᠬᠤᠷᠢᠶᠠᠨ ‍ᠣ ᠳᠤᠯᠤᠳᠤᠭᠠᠷ ᠬᠤᠭᠤᠴᠠᠭᠠᠨ ‍ᠣ ᠪᠠᠶᠢᠭᠤᠯᠭ᠎ᠠ ᠶᠢᠨ ᠵᠦᠪᠯᠡᠯ ᠪᠠ ᠪᠠᠶᠢᠭᠤᠯᠭ᠎ᠠ ᠶᠢᠨ ᠰᠠᠬᠢᠯᠭ᠎ᠠ ᠪᠠᠲᠤ ᠶᠢ ᠪᠠᠶᠢᠴᠠᠭᠠᠬᠤ ᠵᠦᠪᠯᠡᠯ ᠦᠨ ᠠᠵᠢᠯ ᠢ ᠪᠦᠬᠦ ᠲᠠᠯ᠎ᠠ ᠪᠠᠷ ᠡᠷᠭᠢᠴᠡᠭᠦᠯᠦᠨ ᠳ᠋ᠦᠩᠨᠡᠵᠦ᠂ ᠦᠪᠡᠷᠲᠡᠭᠡᠨ ᠵᠠᠰᠠᠬᠤ ᠤᠷᠤᠨ ‍ᠣ ᠪᠠᠶᠢᠴᠠᠭᠠᠬᠤ ᠬᠤᠷᠢᠶᠠᠨ ‍ᠣ ᠪᠠᠶᠢᠭᠤᠯᠭ᠎ᠠ ᠨᠠᠮ ᠤᠨ ᠪᠠᠶᠢᠭᠤᠯᠤᠯᠲᠠ ᠶᠢᠨ ᠰᠡᠭᠦᠯᠡᠷ ᠦᠨ ᠠᠵᠢᠯ ᠢ ᠰᠠᠶᠢᠳᠤᠷ ᠬᠢᠬᠦ ᠲᠤᠬᠠᠢ ᠲᠤᠬᠢᠷᠠᠭᠤᠯᠬᠤ ᠪᠠᠶᠢᠷᠢᠯᠠᠭᠤᠯᠤᠯᠲᠠ ᠬᠢᠵᠦ᠂ ᠰᠢᠨ᠎ᠡ ᠨᠢᠭᠡ ᠬᠤᠭᠤᠴᠠᠭᠠᠨ ‍ᠣ ᠦᠪᠡᠷᠲᠡᠭᠡᠨ ᠵᠠᠰᠠᠬᠤ ᠤᠷᠤᠨ ‍ᠣ ᠪᠠᠶᠢᠴᠠᠭᠠᠬᠤ ᠬᠤᠷᠢᠶ᠎ᠠ ᠪᠠᠶᠢᠭᠤᠯᠭ᠎ᠠ ᠨᠠᠮ ᠤᠨ ᠵᠦᠪᠯᠡᠯ ᠦᠨ ᠭᠡᠰᠢᠭᠦᠨ ᠪᠠ ᠪᠠᠶᠢᠭᠤᠯᠭ᠎ᠠ ᠶᠢᠨ ᠰᠠᠬᠢᠯᠭ᠎ᠠ ᠪᠠᠲᠤ ᠪᠠᠶᠢᠴᠠᠭᠠᠬᠤ ᠵᠦᠪᠯᠡᠯ ᠦᠨ ᠭᠡᠰᠢᠭᠦᠨ ᠢ ᠰᠤᠩᠭᠤᠨ ᠭᠠᠷᠭᠠᠪᠠ᠃ ᠦᠪᠡᠷᠲᠡᠭᠡᠨ ᠵᠠᠰᠠᠬᠤ ᠤᠷᠤᠨ ‍ᠣ ᠪᠠᠶᠢᠴᠠᠭᠠᠬᠤ ᠬᠤᠷᠢᠶᠠᠨ ‍ᠣ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠪᠠᠶᠢᠴᠠᠭᠠᠬᠤ ᠳᠠᠷᠤᠭ᠎ᠠ ᠯᠢ ᠴᠢ ᠯᠢᠨ ᠵᠢᠴᠢ ᠬᠦᠬᠡᠬᠤᠲᠡ ᠳᠤ ᠪᠠᠶᠢᠭ᠎ᠠ ᠬᠤᠷᠢᠶᠠᠨ ‍ᠣ ᠤᠳᠤᠷᠢᠳᠤᠯᠭ᠎ᠠ᠂ ᠲᠢᠩᠬᠢᠮ ᠦᠨ ᠳᠡᠰ ᠦᠨ ᠺᠠᠳ᠋ᠷ᠂ ᠪᠠᠶᠢᠭᠤᠯᠭ᠎ᠠ᠂ ᠰᠢᠭᠤᠳ ᠬᠠᠷᠢᠶ᠎ᠠ ᠨᠢᠭᠡᠴᠢ᠂ ᠠᠵᠢᠯ ᠠᠴᠠ ᠪᠠᠨ ᠠᠮᠠᠷᠠᠭᠰᠠᠨ ᠨᠠᠮ ᠤᠨ ᠭᠡᠰᠢᠭᠦᠨ ‍ᠣ ᠲᠦᠯᠦᠭᠡᠯᠡᠭᠴᠢ ᠨᠡᠶᠢᠲᠡ117 ᠬᠦᠮᠦᠨ ᠬᠤᠷᠠᠯ ᠳᠤ ᠤᠷᠤᠯᠴᠠᠪᠠ᠃ ᠦᠪᠡᠷᠲᠡᠭᠡᠨ ᠵᠠᠰᠠᠬᠤ ᠤᠷᠤᠨ ‍ᠣ ᠪᠠᠶᠢᠴᠠᠭᠠᠬᠤ ᠬᠤᠷᠢᠶᠠᠨ ‍ᠣ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ᠂ ᠤᠯᠤᠰ ᠲᠦᠷᠦ ᠶᠢᠨ ᠬᠡᠯᠲᠡᠰ ᠦᠨ ᠡᠷᠬᠢᠯᠡᠭᠴᠢ᠂ ᠪᠠᠶᠢᠭᠤᠯᠭ᠎ᠠ ᠶᠢᠨ ᠨᠠᠮ ᠤᠨ ᠬᠤᠷᠢᠶ᠎ᠠ ᠶᠢᠨ ᠱᠦᠵᠢ ᠵᠧᠩ ᠵᠢᠶᠠ ᠮᠧᠢ ᠨᠦᠬᠦᠷ ᠬᠤᠷᠢᠶᠠᠨ ‍ᠣ ᠪᠠᠶᠢᠭᠤᠯᠭ᠎ᠠ ᠶᠢᠨ ᠳᠤᠯᠤᠳᠤᠭᠠᠷ ᠬᠤᠭᠤᠴᠠᠭᠠᠨ ‍ᠣ ᠵᠦᠪᠯᠡᠯ ᠢ ᠲᠦᠯᠦᠭᠡᠯᠡᠨ ᠶᠡᠬᠡ ᠬᠤᠷᠠᠯ ᠳᠤ ᠠᠵᠢᠯ ᠤᠨ ᠮᠡᠳᠡᠭᠦᠯᠦᠯᠲᠡ ᠬᠢᠪᠡ᠃


W020201231378082898335   2.jpg

W020201231378083286800  3.jpg

W020201231378083492165  4.jpgW020201231378083717097  5.jpg

      

ᠶᠡᠬᠡ ᠬᠤᠷᠠᠯ ᠠᠴᠠ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ‍ᠣ ᠠᠷᠠᠳ ᠤᠨ ᠪᠠᠶᠢᠴᠠᠭᠠᠬᠤ ᠬᠤᠷᠢᠶ᠎ᠠ ᠶᠢᠨ ᠳᠤᠯᠤᠳᠤᠭᠠᠷ ᠬᠤᠭᠤᠴᠠᠭᠠᠨ ᠤ ᠪᠠᠶᠢᠭᠤᠯᠭ᠎ᠠ  ᠶᠢᠨ ᠵᠦᠪᠯᠡᠯ ᠦᠨ ᠠᠵᠢᠯ ᠤᠨ ᠮᠡᠳᠡᠭᠦᠯᠦᠯᠲᠡ ︵ᠲᠦᠰᠦᠯ︶︾ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ‍ᠣ ᠠᠷᠠᠳ ᠤᠨ ᠪᠠᠶᠢᠴᠠᠭᠠᠬᠤ ᠬᠤᠷᠢᠶ᠎ᠠ ᠪᠠᠶᠢᠭᠤᠯᠭ᠎ᠠ ᠶᠢᠨ ᠰᠠᠬᠢᠯᠭ᠎ᠠ ᠪᠠᠲᠤ ᠪᠠᠶᠢᠴᠠᠭᠠᠬᠤ ᠵᠦᠪᠯᠡᠯ ᠦᠨ ᠠᠵᠢᠯ ᠤᠨ ᠮᠡᠳᠡᠭᠦᠯᠦᠯᠲᠡ ︵ᠲᠦᠰᠦᠯ︶︾ ᠪᠠ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ‍ᠣ ᠠᠷᠠᠳ ᠤᠨ ᠪᠠᠶᠢᠴᠠᠭᠠᠬᠤ ᠬᠤᠷᠢᠶ᠎ᠠ ᠶᠢᠨ ᠳᠤᠯᠤᠳᠤᠭᠠᠷ ᠬᠤᠭᠤᠴᠠᠭᠠᠨ ‍ᠣ ᠪᠠᠶᠢᠭᠤᠯᠭ᠎ᠠ ᠶᠢᠨ ᠵᠦᠪᠯᠡᠯ ᠦᠨ ᠨᠠᠮ ᠤᠨ ᠰᠦᠢᠳᠭᠡᠯ ᠬᠤᠷᠢᠶᠠᠬᠤ ᠬᠡᠷᠡᠭᠯᠡᠬᠦ ᠬᠠᠮᠢᠶᠠᠷᠬᠤ ᠪᠠᠶᠢᠳᠠᠯ ᠤᠨ ᠮᠡᠳᠡᠭᠦᠯᠦᠯᠲᠡ ︵ᠲᠦᠰᠦᠯ︶︾ ᠶᠢ ᠬᠢᠨᠠᠨ ᠪᠠᠲᠤᠯᠠᠵᠤ᠂ ᠨᠡᠷ᠎ᠡ ᠪᠢᠴᠢᠬᠦ ᠦᠭᠡᠢ ᠰᠤᠩᠭᠤᠭᠤᠯᠢ᠂ ᠵᠦᠷᠢᠶᠡᠲᠦ ᠰᠤᠩᠭᠤᠭᠤᠯᠢ᠂ ᠲᠤᠬᠠᠢ ᠶᠢᠨ ᠲᠠᠯᠠᠪᠦᠷ ᠲᠤ ᠪᠢᠯᠧᠲ ᠪᠤᠳᠤᠬᠤ ᠬᠡᠯᠪᠡᠷᠢ ᠪᠡᠷ ᠳᠤᠮᠳᠠᠳᠤ ᠤᠯᠤᠰ ᠤᠨ ᠡᠪ ᠬᠠᠮᠲᠤ ᠨᠠᠮ ᠤᠨ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ‍ᠣ ᠠᠷᠠᠳ ᠤᠨ ᠪᠠᠶᠢᠴᠠᠭᠠᠬᠤ ᠬᠤᠷᠢᠶ᠎ᠠ ᠶᠢᠨ ᠨᠠᠢᠮᠠᠳᠤᠭᠠᠷ ᠬᠤᠭᠤᠴᠠᠭᠠᠨ ‍ᠣ ᠪᠠᠶᠢᠭᠤᠯᠭ᠎ᠠ ᠶᠢᠨ ᠵᠦᠪᠯᠡᠯ ᠦᠨ ᠭᠡᠰᠢᠭᠦᠨ ᠪᠠ ᠪᠠᠶᠢᠭᠤᠯᠭ᠎ᠠ ᠶᠢᠨ ᠰᠠᠬᠢᠯᠭ᠎ᠠ ᠪᠠᠲᠤ ᠪᠠᠶᠢᠴᠠᠭᠠᠬᠤ ᠵᠦᠪᠯᠡᠯ ᠦᠨ ᠭᠡᠰᠢᠭᠦᠨ ᠢ ᠰᠤᠩᠭᠤᠨ ᠭᠠᠷᠭᠠᠪᠠ᠃

ᠯᠢ ᠴᠢ ᠯᠢᠨ  ᠴᠢᠬᠤᠯᠠᠴᠢᠯᠠᠭᠰᠠᠨ ᠨᠢ᠂ ᠰᠢ ᠵᠢᠨ ᠫᠢᠩ ᠦᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠤᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠰᠢᠨ᠎ᠡ ᠴᠠᠭ ᠦᠶ᠎ᠡ ᠶᠢᠨ ᠨᠠᠮ ᠤᠨ ᠪᠦᠲᠦᠭᠡᠨ ᠪᠠᠶᠢᠭᠤᠯᠤᠯᠲᠠ ᠶᠢᠨ ᠶᠡᠷᠦᠩᠬᠡᠢ ᠱᠠᠭᠠᠷᠳᠠᠯᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠵᠤ᠂ ᠤᠨᠤᠯ ᠤᠨ ᠵᠡᠪᠰᠡᠭ ᠢ ᠲᠠᠰᠤᠷᠠᠯᠲᠠ ᠦᠭᠡᠢ ᠴᠢᠩᠭᠠᠳᠬᠠᠵᠤ᠂ ᠦᠨᠳᠦᠰᠦᠨ ᠱᠠᠲᠤᠨ ‍ᠣ ᠰᠠᠭᠤᠷᠢ ᠶᠢ ᠬᠦᠴᠦᠯᠡᠨ᠂ ᠲᠦᠪ ᠰᠤᠷᠲᠠᠯ ᠴᠢᠩᠭ᠎ᠠ ᠰᠠᠬᠢᠯᠭ᠎ᠠ ᠶᠢ ᠭᠦᠨᠵᠡᠭᠡᠶᠢᠷᠡᠭᠦᠯᠵᠦ᠂ ᠨᠠᠮ ᠤᠨ ᠪᠠᠶᠢᠭᠤᠯᠤᠯᠲᠠ ᠶᠢᠨ ᠬᠦᠲᠦᠯᠬᠦ ᠦᠢᠯᠡᠳᠦᠯ ᠢ ᠤᠯᠠᠮ ᠨᠢᠭᠡ ᠠᠯᠬᠤᠮ ᠪᠠᠳᠠᠷᠠᠭᠤᠯᠵᠤ᠂ ᠰᠢᠨ᠎ᠡ ᠴᠠᠭ ᠦᠶ᠎ᠡ ᠶᠢᠨ ᠪᠠᠶᠢᠴᠠᠭᠠᠬᠤ ᠪᠠᠶᠢᠭᠤᠯᠭ᠎ᠠ ᠶᠢᠨ ᠨᠠᠮ ᠤᠨ ᠪᠦᠲᠦᠭᠡᠨ ᠪᠠᠶᠢᠭᠤᠯᠤᠯᠲᠠ ᠶᠢᠨ ᠬᠢᠷᠢ ᠲᠦᠪᠰᠢᠨ ᠢ ᠬᠦᠴᠦᠯᠡᠨ ᠳᠡᠭᠡᠭᠰᠢᠯᠡᠭᠦᠯᠬᠦ ᠬᠡᠷᠡᠭᠲᠡᠢ᠃


W020201231378084026227  6.jpg


ᠯᠢ ᠴᠢ ᠯᠢᠨ ᠱᠠᠭᠠᠷᠳᠠᠭᠰᠠᠨ ᠨᠢ᠂ ᠨᠢᠭᠡ ᠳᠦ᠂ ᠤᠯᠤᠰ ᠲᠦᠷᠦ ᠶᠢᠨ ᠵᠤᠭᠰᠤᠯᠲᠠ ᠢᠶᠠᠨ ᠳᠡᠭᠡᠭᠰᠢᠯᠡᠭᠦᠯᠵᠦ᠂ ᠪᠠᠶᠢᠭᠤᠯᠭ᠎ᠠ ᠶᠢᠨ ᠨᠠᠮ ᠤᠨ ᠪᠦᠲᠦᠭᠡᠨ ᠪᠠᠶᠢᠭᠤᠯᠤᠯᠲᠠ ᠶᠢᠨ ᠠᠵᠢᠯ ᠤᠨ ᠬᠠᠷᠢᠭᠤᠴᠠᠯᠭᠠᠲᠦ  ᠰᠡᠳᠬᠢᠯᠭᠡ ᠪᠠ ᠤᠬᠠᠮᠰᠠᠷᠲᠤ ᠴᠢᠨᠠᠷ ᠢ ᠳᠡᠭᠡᠭᠰᠢᠯᠡᠭᠦᠯᠦᠨ ᠠᠳᠬᠤᠬᠤ ᠬᠡᠷᠡᠭᠲᠡᠢ᠃ ᠬᠤᠶᠠᠷ ᠲᠤ᠂ ᠦᠨᠳᠦᠷ ᠪᠠᠷᠢᠮᠵᠢᠶ᠎ᠠ ᠶᠢ ᠪᠠᠷᠢᠮᠳᠠᠯᠠᠨ ᠦᠨᠳᠦᠷ ᠴᠢᠨᠠᠷ ᠴᠢᠨᠰᠠᠭ᠎ᠠ ᠶᠢ ᠡᠷᠬᠢᠮᠯᠡᠨ᠂ ᠪᠠᠶᠢᠭᠤᠯᠭ᠎ᠠ ᠶᠢᠨ ᠨᠠᠮ ᠤᠨ ᠪᠠᠶᠢᠭᠤᠯᠤᠯᠲᠠ ᠶᠢᠨ ᠠᠵᠢᠯ ᠤᠨ ᠦᠷ᠎ᠡ ᠪᠦᠲᠦᠮᠵᠢ ᠶᠢ ᠪᠠᠲᠤᠲᠠᠢ ᠳᠡᠭᠡᠭᠰᠢᠯᠡᠭᠦᠯᠬᠦ ᠬᠡᠷᠡᠭᠲᠡᠢ᠃ ᠭᠤᠷᠪᠠ ᠳᠤ᠂ ᠡᠭᠦᠷᠭᠡ ᠬᠠᠷᠢᠭᠤᠴᠠᠯᠭ᠎ᠠ ᠪᠡᠨ ᠴᠢᠩᠭᠠᠳᠬᠠᠵᠤ᠂ ᠨᠠᠮ ᠤᠨ ᠪᠠᠶᠢᠭᠤᠯᠤᠯᠲᠠ ᠶᠢᠨ ᠦᠨᠳᠦᠷ ᠴᠢᠨᠠᠷ ᠴᠢᠨᠰᠠᠭ᠎ᠠ ᠲᠠᠢ ᠬᠦᠭᠵᠢᠬᠦ ᠶᠢᠨ ᠬᠦᠴᠦᠷᠬᠡᠭ ᠶᠡᠬᠡ ᠨᠡᠶᠢᠯᠡᠮᠡᠯ ᠬᠦᠴᠦᠨ ᠢ ᠨᠢᠭᠲᠠᠷᠠᠭᠤᠯᠬᠤ ᠬᠡᠷᠡᠭᠲᠡᠢ᠃

ᠵᠸᠩ ᠵᠢᠶᠠ ᠮᠸᠢ ᠰᠢᠨ᠎ᠡ ᠨᠢᠭᠡ ᠬᠤᠭᠤᠴᠠᠭᠠᠨ ᠤ ᠪᠠᠶᠢᠭᠤᠯᠭ᠎ᠠ ᠵᠢᠨ ᠨᠠᠮ ᠤᠨ ᠬᠤᠷᠢᠶᠠᠨ ᠤ ᠠᠵᠢᠯ ᠶᠢᠨ ᠲᠤᠬᠠᠢ ᠵᠢᠭᠠᠨ ᠭᠠᠷᠭᠠᠭᠰᠠᠨ ᠨᠢ᠂  ᠰᠢ ᠵᠢᠨ ᠫᠢᠩ ᠶᠡᠷᠦᠩᠬᠡᠢ ᠱᠦᠵᠢ ᠵᠢᠨ ᠪᠠᠶᠢᠭᠤᠯᠭ᠎ᠠ ᠵᠢᠨ ᠨᠠᠮ ᠤᠨ ᠪᠦᠲᠦᠭᠡᠨ ᠪᠠᠶᠢᠭᠤᠯᠤᠯᠲᠠ ᠵᠢᠨ ᠠᠵᠢᠯ ᠤᠨ ᠲᠤᠬᠠᠢ ᠴᠢᠬᠤᠯᠠ ᠶᠠᠷᠢᠶ᠎ᠠ ᠵᠢᠨ ᠵᠤᠷᠢᠭ ᠰᠠᠨᠠᠭ᠎ᠠ ᠪᠠ ᠨᠠᠮ ᠤᠨ ᠲᠦᠪ  ᠬᠤᠷᠢᠶ᠎ᠠ ᠵᠢᠨ  ᠨᠠᠮ  ᠢ ᠪᠦᠬᠦ ᠲᠠᠯ᠎ᠠ ᠪᠠᠷ ᠴᠢᠩᠭ᠎ᠠ ᠵᠠᠰᠠᠬᠤ ᠡᠯ᠎ᠡ ᠲᠦᠷᠦᠯ ᠦᠨ ᠪᠠᠶᠢᠷᠢᠯᠠᠭᠤᠯᠤᠯᠲᠠ ᠵᠢᠨ ᠱᠠᠭᠠᠷᠳᠠᠯᠭ᠎ᠠ ᠶᠢ ᠭᠦᠨᠵᠡᠭᠡᠢ ᠲᠤᠭᠤᠰᠢᠯᠠᠭᠤᠯᠵᠤ᠂ 《 ᠭᠤᠷᠪᠠᠨ ᠦᠯᠢᠭᠡᠷ ᠳᠠᠭᠤᠷᠢᠶᠠᠯ》 ᠪᠠ 《ᠨᠠᠮ ᠤᠨ ᠲᠦᠪ ᠬᠤᠷᠢᠶ᠎ᠠ ᠵᠢᠨ ᠨᠠᠶᠢᠳᠠᠯᠭ᠎ᠠ ᠳᠤ ᠤᠰᠤᠯᠳᠠᠬᠤ ᠦᠭᠡᠢ᠂ ᠠᠷᠠᠳ ᠲᠦᠮᠡᠨ ᠦ ᠬᠠᠨᠤᠮᠵᠢ ᠶᠢ ᠤᠯᠤᠭᠰᠠᠨ ᠵᠢᠱᠢᠶᠡᠴᠢ ᠪᠠᠶᠢᠭᠤᠯᠭ᠎ᠠ》 ᠵᠢᠨ ᠱᠠᠭᠠᠷᠳᠠᠯᠭ᠎ᠠ ᠶᠢ ᠪᠠᠷᠢᠮᠲᠠᠯᠠᠨ᠂  ᠤᠯᠤᠰ ᠲᠦᠷᠦ ᠢ ᠡᠷᠬᠢᠮᠯᠡᠵᠦ ᠂ ᠰᠤᠷᠤᠯᠴᠠᠯᠠᠭ᠎ᠠ ᠶᠢ  ᠠᠳᠬᠤᠨ᠂ ᠬᠡᠪ ᠰᠤᠷᠲᠠᠯ ᠰᠠᠶᠢᠨ ᠪᠠᠶᠢᠵᠤ᠂ ᠪᠤᠲᠠᠲᠠᠢ  ᠶᠢ ᠡᠷᠬᠢᠮᠯᠡᠨ ᠰᠢᠨ᠎ᠡ  ᠶᠢ ᠡᠭᠦᠳᠬᠦ ᠠᠷᠭ᠎ᠠ ᠪᠠᠷᠢᠯ ᠢᠶᠠᠷ ᠦᠪᠡᠷᠲᠡᠭᠡᠨ ᠵᠠᠰᠠᠬᠤ ᠤᠷᠤᠨ ᠤ ᠪᠠᠶᠢᠴᠠᠭᠠᠬᠤ ᠪᠠᠶᠢᠭᠤᠯᠭ᠎ᠠ ᠵᠢᠨ ᠪᠦᠲᠦᠭᠡᠨ ᠪᠠᠶᠢᠭᠤᠯᠤᠯᠲᠠ ᠵᠢᠨ ᠴᠢᠨᠠᠷ ᠴᠢᠨᠰᠠᠭ᠎ᠠ  ᠶᠢ ᠪᠦᠬᠦ ᠲᠠᠯ᠎ᠠ ᠪᠠᠷ ᠲᠡᠭᠡᠭᠰᠢᠯᠡᠭᠦᠯᠦᠨ᠂ ᠰᠢᠨ᠎ᠡ ᠴᠠᠭ ᠦᠶ᠎ᠡ ᠵᠢᠨ ᠪᠠᠶᠢᠴᠠᠭᠠᠬᠤ  ᠠᠵᠢᠯ ᠵᠢᠨ ᠴᠢᠨᠠᠷ ᠰᠠᠶᠢᠲᠠᠢ  ᠬᠦᠭᠵᠢᠯᠲᠡ ᠳᠦ ᠪᠠᠲᠦ ᠴᠢᠩᠭ᠎ᠠ ᠦᠵᠡᠯ ᠰᠠᠨᠠᠭ᠎ᠠ᠂ ᠤᠯᠤᠰ ᠲᠦᠷᠦ ᠪᠠ ᠵᠤᠬᠢᠶᠠᠨ ᠪᠠᠶᠢᠭᠤᠯᠤᠯᠲᠠ ᠵᠢᠨ ᠪᠠᠲᠤᠯᠠᠭ᠎ᠠ ᠬᠠᠩᠭᠠᠨ᠎ᠠ᠃

ᠲᠤᠰ ᠤᠳᠠᠭᠠᠨ  ᠤ ᠬᠤᠷᠠᠯᠳᠤᠭᠠᠨ ᠠᠯᠬᠤᠮ ᠲᠠᠷᠠᠭ᠎ᠠ ᠲᠠᠢ ᠂ ᠲᠡᠭᠦᠰ  ᠠᠮᠵᠢᠯᠲᠠ ᠲᠡᠢ ᠶᠠᠪᠤᠭᠳᠠᠨ᠂ ᠰᠦᠷ ᠵᠢᠪᠬᠤᠭᠠᠲᠦ ᠢᠨᠲ᠋ᠧᠷᠨᠠᠼᠢᠣᠨᠠᠯ  ᠤᠨ ᠳᠠᠭᠤᠨ ᠤ ᠲᠤᠮᠳᠠ ᠦᠨᠲᠦᠷᠯᠡᠯ᠎ᠡ᠃

 


ᠢᠷᠡᠯᠲᠡ
ᠥᠪᠡᠷᠲᠡᠭᠡᠨ ᠵᠠᠰᠠᠬᠤ ᠣᠷᠤᠨ ᠤ ᠪᠠᠢᠴᠠᠭᠠᠬᠤ ᠬᠣᠷᠢᠶ᠎ᠠ ᠶᠢᠨ ᠣᠷᠴᠢᠭᠤᠯᠭ᠎ᠠ ᠶᠢᠨ ᠭᠠᠵᠠᠷ
2014-2022 © ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠴᠠᠭᠠᠬᠤ ᠬᠣᠷᠢᠶ᠎ᠠ ᠥᠮᠴᠢᠯᠡᠯ ᠦᠨ ᠡᠷᠬᠡ ᠲᠠᠢ ᠵᠣᠬᠢᠶᠠᠯ ᠪᠦᠲᠦᠭᠡᠯ ᠦᠨ ᠡᠷᠬᠡ ᠶ᠋ᠢ ᠬᠠᠤᠯᠢ ᠪᠠᠷ ᠬᠠᠮᠠᠭᠠᠯᠠᠭᠰᠠᠨ ᠂ ᠵᠥᠪᠰᠢᠶᠡᠷᠡᠯ ᠦᠭᠡᠢ ᠪᠡᠷ ᠬᠠᠭᠤᠯᠪᠤᠷᠢᠯᠠᠬᠤ ᠶ᠋ᠢ ᠡᠷᠡᠰ ᠬᠣᠷᠢᠭᠯᠠᠨ᠎ᠠ ᠬᠠᠷᠢᠯᠴᠠᠬᠤ ᠤᠲᠠᠰᠤ ᠄ 0471-4628760 ᠢᠮᠧᠯ ᠄ eerhe@nm.pro