ᠲᠡᠷᠢᠭᠦᠨ ᠨᠢᠭᠤᠷ  -  ᠪᠠᠶᠢᠴᠠᠭᠠᠬᠤ ᠬᠥᠳᠡᠯᠦᠯ ᠪᠠᠶᠢᠳᠠᠯ

ᠦᠪᠦᠷ ᠮᠤᠩᠭᠤᠯ ᠤᠨ ᠪᠠᠶᠢᠴᠠᠭᠠᠬᠤ ᠪᠠᠶᠢᠭᠤᠯᠭ᠎ᠠ ᠵᠢᠨ ᠪᠦᠬᠦ ᠤᠯᠤᠰ ᠵᠢᠴᠢ ᠪᠦᠬᠦ ᠤᠷᠤᠨ ᠤ ᠲᠡᠷᠢᠭᠦᠨ ᠤ ᠠᠵᠢᠯᠲᠠᠨ ᠤ ᠰᠠᠭᠤᠳᠠᠯ ᠤᠨ ᠬᠤᠷᠠᠯ ᠶᠠᠪᠤᠭᠳᠠᠪᠠ

2021-01-08 11:59:55
ᠵᠣᠬᠢᠶᠠᠭᠴᠢ
ᠨᠠᠪᠴᠢ


W020210104417198638752  1.jpg


︽ᠠᠷᠠᠳ ᠲᠦᠮᠡᠨ ᠦ ᠬᠠᠨᠤᠮᠵᠢ ᠪᠤᠯ ᠳᠠᠷᠤᠢ ᠬᠠᠮᠤᠭ ᠤᠨ ᠶᠡᠬᠡ ᠤᠯᠤᠰ ᠲᠦᠷᠦ ᠮᠦᠨ︾︕ 12 ᠰᠠᠷ᠎ᠠ ᠵᠢᠨ17 ᠦ ᠡᠳᠦᠷ ᠵᠢᠨ ᠦᠳᠡ ᠵᠢᠨ ᠬᠤᠶᠢᠨ᠎ᠠ᠂  ᠦᠪᠡᠷᠲᠡᠭᠡᠨ ᠵᠠᠰᠠᠬᠤ ᠤᠷᠤᠨ ᠤ ᠪᠠᠶᠢᠴᠠᠭᠠᠬᠤ ᠬᠤᠷᠢᠶ᠎ᠠ ᠵᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠪᠠᠶᠢᠴᠠᠭᠠᠬᠤ ᠳᠠᠷᠤᠭ᠎ᠠ ᠯᠢ ᠴᠢ ᠯᠢᠨ ᠦᠪᠦᠷ ᠮᠤᠩᠭᠤᠯ ᠤᠨ ᠪᠠᠶᠢᠴᠠᠭᠠᠬᠤ ᠪᠠᠶᠢᠭᠤᠯᠭ᠎ᠠ ᠵᠢᠨ ᠪᠦᠬᠦ ᠤᠯᠤᠰ ᠵᠢᠴᠢ ᠪᠦᠬᠦ ᠤᠷᠤᠨ ᠤ ᠲᠡᠷᠢᠭᠦᠨ ᠦ ᠠᠵᠢᠯᠲᠠᠨ ᠦ ᠢᠷᠠᠭᠤ ᠠᠯᠳᠠᠷ ᠬᠦᠷᠲᠡᠭᠰᠡᠳ ᠲᠠᠢ ᠠᠭᠤᠯᠵᠠᠵᠤ᠂  ᠲᠠᠳᠡᠨ ᠲᠠᠢ ᠰᠠᠭᠤᠳᠠᠯ ᠤᠨ ᠬᠤᠷᠠᠯ ᠬᠢᠪᠡ᠃


1610075924120915.jpg


ᠯᠢ ᠴᠢ ᠯᠢᠨ ᠦᠪᠡᠷᠲᠡᠭᠡᠨ ᠵᠠᠰᠠᠬᠤ ᠤᠷᠤᠨ ᠤ ᠪᠠᠶᠢᠴᠠᠭᠠᠬᠤ ᠬᠤᠷᠢᠶ᠎ᠠ ᠵᠢᠨ ᠨᠠᠮ ᠤᠨ ᠤᠳᠤᠷᠢᠳᠬᠤ ᠳᠤᠭᠤᠶᠢᠯᠠᠩ ᠢ ᠲᠦᠯᠦᠭᠡᠯᠡᠨ ᠲᠡᠳᠡᠨ ᠳᠦ ᠪᠠᠶᠠᠷ ᠬᠦᠷᠭᠡᠯ᠎ᠡ᠃  ᠲᠡᠷᠡ᠂ ᠡᠨᠡ 8 ᠲᠡᠷᠢᠭᠦᠨ ᠦ ᠠᠵᠢᠯᠲᠠᠨ ᠪᠦᠬᠦ ᠤᠷᠤᠨ ᠤ ᠡᠯ᠎ᠡ ᠳᠡᠰ ᠦᠨ ᠪᠠᠶᠢᠴᠠᠭᠠᠬᠤ ᠪᠠᠶᠢᠭᠤᠯᠭ᠎ᠠ ᠂ ᠠᠳᠠᠯᠢ ᠪᠤᠰᠤ ᠠᠵᠢᠯ ᠤᠨ ᠹᠠᠷᠤᠨᠲ ᠠᠴᠠ ᠢᠷᠡᠭᠰᠡᠨ ᠪᠠᠶᠢᠵᠤ᠂  ᠲᠡᠳᠡᠨ ᠦ ᠲᠤᠳᠤᠷ᠎ᠠ ᠠᠵᠢᠯᠯᠠᠭᠠᠳ ᠭᠤᠴᠢ ᠳᠦᠴᠢᠨ ᠵᠢᠯ ᠪᠤᠯᠤᠭᠰᠠᠨ ᠲᠤᠮᠦ ᠪᠠᠶᠢᠴᠠᠭᠠᠭᠴᠢ ᠪᠠᠶᠢᠬᠤ ᠪᠠᠷ ᠪᠠᠷᠠᠬᠤ ᠦᠭᠡᠢ ᠪᠠᠰᠠ ᠲᠤᠯᠭᠠᠭᠤᠷᠢᠯᠠᠬᠤ ᠬᠦᠴᠦᠨ ᠪᠦᠬᠦᠢ ᠪᠠᠶᠢᠴᠠᠭᠠᠭᠴᠢ ᠪᠠ ᠰᠢᠨ᠎ᠡ ᠨᠢᠭᠡᠨ ᠦᠶ᠎ᠡ ᠵᠢᠨ ᠪᠠᠶᠢᠴᠠᠭᠠᠭᠴᠢ ᠪᠠᠶᠢᠨ᠎ᠠ᠂ ᠬᠢᠲᠠᠳ ᠦᠨᠳᠦᠰᠦᠲᠡᠨ ᠪᠠᠶᠢᠬᠤ ᠪᠠᠷ ᠪᠠᠷᠠᠬᠤ ᠦᠭᠡᠢ ᠪᠠᠰᠠ ᠮᠤᠩᠭᠤᠯ᠂ ᠮᠠᠨᠵᠤ᠂ ᠰᠢᠪᠡᠭᠡ ᠦᠨᠳᠦᠰᠦᠲᠡᠨ ᠪᠠᠶᠢᠵᠤ᠂ ᠦᠪᠦᠷ ᠮᠤᠩᠭᠤᠯ ᠤᠨ ᠪᠠᠶᠢᠴᠠᠭᠠᠬᠤ  ᠪᠠᠶᠢᠭᠤᠯᠭ᠎ᠠ ᠵᠢᠨ ᠦᠨᠳᠦᠰᠦᠲᠡᠨ ᠦ ᠶᠡᠬᠡ ᠭᠡᠷ ᠪᠦᠯᠢ ᠳᠦ ᠠᠪᠴᠦ ᠬᠡᠯᠡᠪᠠᠯ ᠮᠠᠰᠢ ᠶᠡᠬᠡ ᠲᠦᠯᠦᠭᠡᠯᠡᠬᠦ ᠴᠢᠨᠠᠷᠲᠠᠢ ᠭᠡᠵᠦ ᠶᠠᠷᠢᠯ᠎ᠠ᠃

ᠯᠢ ᠴᠢ ᠯᠢᠨ ᠵᠢᠭᠠᠨ ᠭᠠᠷᠭᠠᠭᠰᠠᠨ ᠨᠢ᠂  ᠰᠠᠭᠤᠳᠠᠯ ᠤᠨ ᠬᠤᠷᠠᠯ ᠤᠨ ᠭᠤᠤᠯ ᠬᠠᠷᠠᠯᠲᠠ ᠪᠤᠯ ᠬᠦᠳᠡᠯᠮᠦᠷᠢ ᠵᠢᠨ ᠵᠢᠱᠢᠶᠡᠴᠢ ᠡᠴᠡ ᠳᠠᠭᠠᠨ ᠰᠤᠷᠤᠯᠴᠠᠵᠤ᠂ ᠲᠡᠳᠡᠨ ᠢ ᠤᠬᠠᠭᠤᠯᠤᠨ᠂ ᠬᠦᠳᠡᠯᠮᠦᠷᠢ ᠵᠢᠨ ᠵᠢᠱᠢᠶᠡᠴᠢ ᠵᠢᠨ ᠵᠤᠷᠢᠭ ᠰᠠᠨᠠᠭ᠎ᠠ᠂ ᠤᠷᠠᠴᠣᠳ ᠤᠨ ᠵᠤᠷᠢᠭ  ᠰᠠᠨᠠᠭ᠎ᠠ᠂ ᠬᠦᠳᠡᠯᠮᠦᠷᠢ ᠵᠢᠨ ᠵᠤᠷᠢᠭ ᠰᠠᠨᠠᠭ᠎ᠠ ᠶᠢ ᠪᠠᠳᠠᠷᠠᠭᠤᠯᠵᠤ᠂  ᠲᠠᠷᠢᠭᠦᠨ  ᠤ ᠠᠵᠢᠯᠲᠠᠨ ᠢᠶᠠᠷ ᠬᠤᠰᠢᠭᠤᠴᠢᠯᠠᠨ ᠳᠠᠶᠢᠴᠢᠯᠠᠭᠴᠢ  ᠪᠤᠯᠠᠭᠠᠨ᠂ ᠪᠦᠬᠦ ᠤᠷᠤᠨ ᠤ ᠦᠷᠭᠡᠨ ᠤᠯᠠᠨ ᠪᠠᠶᠢᠴᠠᠭᠠᠬᠤ ᠺᠠᠳ᠋ᠷ ᠠᠵᠢᠯᠲᠠᠨ ᠢ ᠳᠠᠶᠢᠴᠢᠯᠠᠨ  ᠬᠦᠴᠦᠨ ᠵᠠᠯᠭᠠᠨ ᠴᠢᠷᠮᠠᠶᠢᠵᠤ᠂  ᠰᠢᠯᠢᠳᠡᠭ ᠬᠢᠷᠢ ᠪᠦᠳᠦᠮᠵᠢ ᠭᠠᠷᠭᠠᠨ᠂ ᠤᠷᠭᠢᠯ ᠳ᠋ᠤᠷ ᠠᠪᠠᠷᠢᠬᠤ ᠰᠦᠰᠦ ᠵᠤᠷᠢᠭᠲᠠᠢ  ᠪᠠᠶᠢᠯᠭᠠᠵᠤ᠂ ᠦᠪᠦᠷ ᠮᠤᠩᠭᠤᠯ ᠤᠨ ᠪᠠᠶᠢᠴᠠᠭᠠᠬᠤ ᠠᠵᠢᠯ ᠵᠢᠨ ᠰᠢᠨ᠎ᠡ ᠬᠦᠭᠵᠢᠯᠲᠡ ᠶᠢ ᠳᠦᠯᠬᠢᠨ ᠠᠭᠢᠭᠤᠯᠤᠨ᠎ᠠ᠃

ᠯᠢ ᠴᠢ ᠯᠢᠨ ᠰᠠᠭᠤᠳᠠᠯ ᠤᠨ ᠬᠤᠷᠠᠯ ᠳᠤ ᠭᠤᠷᠪᠠᠨ ᠱᠠᠭᠠᠷᠳᠠᠯᠭ᠎ᠠ ᠲᠤᠷᠠᠳᠤᠯ᠎ᠠ᠃ ᠨᠢᠭᠡ ᠳ᠋ᠦ᠂ ᠨᠠᠮ ᠤᠨ ᠪᠠᠶᠢᠴᠠᠭᠠᠬᠤ ᠠᠵᠢᠯ ᠳ᠋ᠡᠬᠢ ᠬᠠᠷᠢᠴᠠᠯᠠᠰᠢᠭᠦᠢ ᠤᠳᠤᠷᠢᠳᠤᠯᠭ᠎ᠠ ᠶᠢ ᠪᠠᠷᠢᠮᠲᠠᠯᠠᠵᠤ᠂ ᠪᠠᠶᠢᠴᠠᠭᠠᠬᠤ ᠪᠠᠶᠢᠭᠤᠯᠭ᠎ᠠ ᠵᠢᠨ ᠤᠯᠤᠰ ᠲᠦᠷᠦ ᠵᠢᠨ ᠰᠢᠨᠵᠢ ᠴᠢᠨᠠᠷ  ᠢ ᠲᠤᠪᠤᠶᠢᠯᠭᠠᠨ᠎ᠠ︔ ᠬᠤᠶᠠᠷ ᠲᠦ᠂ ᠬᠦᠳᠡᠯᠮᠦᠷᠢ ᠵᠢᠨ ᠵᠢᠱᠢᠶᠡᠴᠢ ᠵᠢᠨ ᠵᠤᠷᠢᠭ ᠰᠠᠨᠠᠭ᠎ᠠ᠂  ᠤᠷᠠᠴᠤᠳ ᠤᠨ ᠵᠤᠷᠢᠭ  ᠰᠠᠨᠠᠭ᠎ᠠ᠂ ᠬᠦᠳᠡᠯᠮᠦᠷᠢ ᠵᠢᠨ ᠵᠤᠷᠢᠭ ᠰᠠᠨᠠᠭ᠎ᠠ ᠶᠢ ᠶᠡᠬᠡ ᠬᠦᠴᠦᠨ ᠢᠶᠡᠷ ᠪᠠᠳᠠᠷᠠᠭᠤᠯᠤᠨ᠎ᠠ︔ ᠭᠤᠷᠪᠠ ᠳ᠋ᠦ᠂ ᠨᠡᠶᠢᠲᠡᠯᠢᠭ ᠵᠢᠱᠢᠶᠡᠴᠢ ᠶᠢ ᠰᠤᠩᠭᠤᠬᠤ ᠪᠠ ᠤᠬᠠᠭᠤᠯᠤᠨ ᠮᠡᠳᠡᠭᠡᠯᠡᠬᠦ ᠪᠠᠨ ᠴᠢᠩᠭᠠᠳᠬᠠᠵᠤ᠂ ᠪᠠᠶᠢᠴᠠᠭᠠᠬᠤ ᠲᠡᠷᠢᠭᠦᠨ ᠂ ᠦᠯᠢᠭᠡᠷ ᠲᠠᠭᠤᠷᠢᠶᠠᠯ ᠤᠨ ᠤᠳᠤᠷᠢᠳᠬᠤ ᠦᠢᠯᠡᠳᠦᠯ ᠢᠶᠡᠨ ᠰᠠᠶᠢᠳᠤᠷ ᠪᠠᠳᠠᠷᠠᠭᠤᠯᠬᠤ ᠬᠡᠷᠡᠭᠲᠡᠢ᠃

ᠪᠦᠬᠦ ᠤᠯᠤᠰ ᠵᠢᠴᠢ ᠪᠦᠬᠦ ᠤᠷᠤᠨ ᠤ ᠲᠡᠷᠢᠭᠦᠨ ᠤ ᠠᠵᠢᠯᠲᠠᠨ ᠤ ᠢᠷᠠᠭᠤ ᠠᠯᠳᠠᠷ ᠢ ᠤᠯᠤᠭᠰᠠᠨ ᠦᠪᠦᠷ ᠮᠤᠩᠭᠤᠯ ᠤᠨ ᠪᠠᠶᠢᠴᠠᠭᠠᠬᠤ ᠪᠠᠶᠢᠭᠤᠯᠭ᠎ᠠ ᠵᠢᠨ ᠠᠵᠢᠯᠲᠠᠨ ᠭᠡᠪᠡᠯ᠄

  

ᠪᠦᠬᠦ ᠤᠯᠤᠰ ᠤᠨ ᠲᠡᠷᠢᠭᠦᠨ ᠦ ᠠᠵᠢᠯᠲᠠᠨ᠂ ᠪᠤᠭᠤᠳᠦ ᠬᠤᠲᠠ ᠵᠢᠨ ᠲᠠᠷᠬᠠᠨ  ᠮᠤᠤᠮᠢᠩᠭᠠᠨ  ᠬᠤᠰᠢᠭᠤᠨ ᠤ ᠪᠠᠶᠢᠴᠠᠭᠠᠬᠤ ᠬᠤᠷᠢᠶᠠᠨ ᠦ  ᠭᠤᠷᠪᠠᠳᠤᠭᠠᠷ ᠪᠠᠶᠢᠴᠠᠭᠠᠬᠤ ᠬᠡᠯᠲᠡᠰ ᠦᠨ ᠡᠷᠬᠢᠯᠡᠭᠴᠢ    ᠫᠠᠨ ᡁᠢ ᠿᠦᠩ


   W020210104417227825187   3.jpg


ᠪᠦᠬᠦ ᠤᠯᠤᠰ ᠤᠨ ᠲᠡᠷᠢᠭᠦᠨ ᠦ ᠠᠵᠢᠯᠲᠠᠨ᠂ ᠬᠦᠬᠡᠬᠤᠲᠠ ᠵᠢᠨ ᠬᠤᠲᠠ ᠵᠢᠨ ᠪᠠᠶᠢᠴᠠᠭᠠᠬᠤ ᠬᠤᠷᠢᠶᠠᠨ ᠦ ᠨᠠᠢᠮᠠᠳᠤᠭᠠᠷ ᠪᠠᠶᠢᠴᠠᠭᠠᠬᠤ ᠬᠡᠯᠲᠡᠰ ᠦᠨ ᠡᠷᠬᠢᠯᠡᠭᠴᠢ   ᠪᠠᠢ ᠵᠢᠩ


   W020210104417233858459  4.jpg


ᠪᠦᠬᠦ ᠤᠷᠤᠨ ᠤ ᠲᠡᠷᠢᠭᠦᠨ ᠦ ᠠᠵᠢᠯᠲᠠᠨ᠂ ᠪᠤᠭᠤᠲᠦ ᠬᠤᠲᠠ ᠵᠢᠨ ᠪᠠᠶᠢᠴᠠᠭᠠᠬᠤ ᠬᠤᠷᠢᠶᠠᠨ ᠦ ᠲᠦᠯᠦᠪᠯᠡᠭᠡ ᠡᠳ᠋ ᠦᠨ ᠶᠠᠪᠤᠳᠠᠯ ᠵᠠᠪᠰᠡᠭ ᠲᠤᠨᠤᠭᠯᠠᠯ ᠤᠨ ᠲᠤᠪᠴᠢᠶᠠᠨ ᠤ ᠬᠤᠶᠠᠳᠤᠭᠠᠷ ᠳᠡᠰ ᠦᠨ ᠡᠷᠬᠢᠯᠡᠭᠴᠢ  ᠠᠵᠢᠯᠲᠠᠨ    ᠴᠢᠶᠤᠤ ᠹᠸᠢ


   W020210104417241414682   5.jpg


ᠪᠦᠬᠦ ᠤᠷᠤᠨ ᠤ ᠲᠡᠷᠢᠭᠦᠨ ᠦ ᠠᠵᠢᠯᠲᠠᠨ᠂ ᠬᠦᠯᠦᠨ ᠪᠤᠶᠢᠷ ᠬᠤᠳᠠ ᠵᠢᠨ ᠪᠠᠶᠢᠴᠠᠭᠠᠬᠤ ᠬᠤᠷᠢᠶᠠᠨ ᠦ ᠨᠢᠭᠡᠳᠦᠭᠡᠷ ᠪᠠᠶᠢᠴᠠᠭᠠᠬᠤ ᠬᠡᠯᠲᠡᠰ ᠦᠨ ᠳᠦᠷᠪᠡᠳᠦᠭᠡᠷ ᠳᠡᠰ ᠦᠨ ᠳᠡᠭᠡᠳᠦ ᠳᠡᠰ ᠦᠨ ᠪᠠᠶᠢᠴᠠᠭᠠᠭᠴᠢ   ᠰᠦ ᠯᠢ ᠺᠧ

  

   W020210104417268027631   6.jpg


ᠪᠦᠬᠦ ᠤᠷᠤᠨ ᠤ ᠲᠡᠷᠢᠭᠦᠨ ᠦ ᠠᠵᠢᠯᠲᠠᠨ᠂ ᠲᠦᠩᠯᠢᠶᠤᠤ ᠬᠤᠳᠠ ᠵᠢᠨ ᠪᠠᠶᠢᠴᠠᠭᠠᠬᠤ ᠬᠤᠷᠢᠶᠠᠨ ᠦ ᠨᠢᠭᠡᠳᠦᠭᠡᠷ ᠪᠠᠶᠢᠴᠠᠭᠠᠬᠤ ᠬᠡᠯᠲᠡᠰ ᠦᠨ  ᠳᠡᠳ᠋ ᠡᠷᠬᠢᠯᠡᠭᠴᠢ  ᠯᠢ ᠰᠢᠶᠠᠩ ᠯᠦᠩ

 

   W020210104417268337777  7.jpg


ᠪᠦᠬᠦ ᠤᠷᠤᠨ ᠤ ᠲᠡᠷᠢᠭᠦᠨ ᠦ ᠠᠵᠢᠯᠲᠠᠨ᠂ ᠤᠯᠠᠭᠠᠨᠬᠠᠳᠠ ᠬᠤᠳᠠ ᠵᠢᠨ ᠪᠠᠶᠢᠴᠠᠭᠠᠬᠤ ᠬᠤᠷᠢᠶᠠᠨ ᠦ  ᠬᠡᠷᠡᠭ ᠬᠠᠮᠢᠶᠠᠷᠬᠤ  ᠠᠯᠪᠠᠨ ᠭᠡᠷ ᠦᠨ ᠡᠷᠬᠢᠯᠡᠭᠴᠢ   ᠰᠦᠢ ᠶᠠ ᠵᠢᠩ


   W020210104417268807408   8.jpg


ᠪᠦᠬᠦ ᠤᠷᠤᠨ ᠤ ᠲᠡᠷᠢᠭᠦᠨ ᠦ ᠠᠵᠢᠯᠲᠠᠨ᠂ ᠤᠯᠠᠭᠠᠨᠴᠠᠪ ᠬᠤᠳᠠ ᠵᠢᠨ ᠳᠦᠷᠪᠠᠳ ᠬᠣᠰᠢᠭᠤᠨ ᠤ ᠳᠡᠳ᠋ ᠪᠠᠶᠢᠴᠠᠭᠠᠬᠤ ᠳᠠᠷᠤᠭ᠎ᠠ  ᠰᠢᠶ᠋ᠸ ᠲᠤᠶᠠᠭ᠎ᠠ


   W020210104417270244539.jpg


ᠪᠦᠬᠦ ᠤᠷᠤᠨ ᠤ ᠲᠡᠷᠢᠭᠦᠨ ᠦ ᠠᠵᠢᠯᠲᠠᠨ᠂  ᠦᠪᠡᠷᠳᠡᠭᠡᠨ ᠵᠠᠰᠠᠬᠤ ᠤᠷᠤᠨ ᠤ ᠪᠠᠶᠢᠴᠠᠭᠠᠬᠤ ᠬᠤᠷᠢᠶᠠᠨ ᠤ ᠳᠦᠷᠪᠡᠳᠦᠭᠡᠷ ᠪᠠᠶᠢᠴᠠᠭᠠᠬᠤ ᠬᠡᠯᠲᠡᠰ ᠦᠨ ᠭᠤᠷᠪᠠᠳᠤᠭᠠᠷ ᠳᠡᠰ ᠦᠨ ᠪᠠᠶᠢᠴᠠᠭᠠᠭᠴᠢ ᠵᠢᠨ ᠲᠤᠰᠠᠯᠠᠭᠴᠢ ᠲᠢᠶᠠᠨ ᠾᠧ


   W020210104417272259771   10.jpg


ᠪᠦᠬᠦ ᠤᠯᠤᠰ ᠵᠢᠴᠢ ᠪᠦᠬᠦ ᠤᠷᠤᠨ ᠤ ᠲᠡᠷᠢᠭᠦᠨ ᠦ ᠠᠵᠢᠯᠲᠠᠳ ᠬᠤᠪᠢ ᠬᠦᠮᠦᠨ ᠦ ᠦᠩᠭᠡᠷᠡᠯᠲᠠ ᠲᠠᠢ ᠪᠠᠨ ᠤᠶᠠᠯᠳᠤᠭᠤᠯᠵᠤ᠂ ᠠᠵᠢᠯ ᠤᠨ ᠤᠯᠤᠯᠲᠠ  ᠪᠠᠨ ᠰᠤᠯᠢᠯᠴᠠᠵᠤ᠂ ᠪᠠᠶᠢᠴᠠᠭᠠᠬᠤ ᠦᠯᠢᠭᠡᠷ ᠶᠠᠷᠢᠵᠤ᠂ ᠶᠠᠳᠠᠭᠤ  ᠶᠢ ᠳᠡᠳᠬᠦᠭᠰᠡᠨ ᠰᠡᠳᠬᠢᠭᠳᠡᠯ ᠢᠶᠡᠨ ᠶᠠᠷᠢᠯᠴᠠᠯ᠎ᠠ᠃

ᠦᠪᠡᠷᠲᠡᠭᠡᠨ ᠵᠠᠰᠠᠬᠤ ᠤᠷᠤᠨ ᠤ ᠪᠠᠶᠢᠴᠠᠭᠠᠬᠤ ᠬᠤᠷᠢᠶ᠎ᠠ ᠵᠢᠨ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ᠂  ᠤᠯᠤᠰ ᠲᠦᠷᠦ ᠵᠢᠨ ᠬᠡᠯᠲᠡᠰ ᠦᠨ ᠡᠷᠬᠢᠯᠡᠭᠴᠢ ᠵᠸᠩ  ᠵᠢᠶᠠ ᠮᠸᠢ ᠠᠭᠤᠯᠵᠠᠯᠲᠠ ᠳᠤ ᠤᠷᠤᠯᠴᠠᠭᠰᠠᠨ ᠮᠦᠷᠲᠡᠭᠡᠨ ᠰᠠᠭᠤᠳᠠᠯ ᠤᠨ ᠬᠤᠷᠠᠯ ᠢ ᠡᠷᠬᠢᠯᠡᠵᠦ᠂  ᠦᠪᠡᠷᠲᠡᠭᠡᠨ ᠵᠠᠰᠠᠬᠤ ᠤᠷᠤᠨ ᠤ ᠪᠠᠶᠢᠴᠠᠭᠠᠬᠤ ᠬᠤᠷᠢᠶᠠᠨ ᠤ ᠬᠠᠮᠢᠶ᠎ᠠ ᠪᠦᠬᠦᠢ ᠬᠡᠯᠲᠡᠰ ᠦᠨ ᠬᠠᠷᠢᠭᠤᠴᠠᠯᠭᠠᠲᠠᠳ ᠰᠠᠭᠤᠳᠠᠯ ᠤᠨ ᠬᠤᠷᠠᠯ ᠳᠤ ᠤᠷᠤᠯᠴᠠᠵᠠᠢ᠃

      W020210104417273432632  11.jpg

 

  


ᠢᠷᠡᠯᠲᠡ
ᠥᠪᠡᠷᠲᠡᠭᠡᠨ ᠵᠠᠰᠠᠬᠤ ᠣᠷᠤᠨ ᠤ ᠪᠠᠢᠴᠠᠭᠠᠬᠤ ᠬᠣᠷᠢᠶ᠎ᠠ ᠶᠢᠨ ᠣᠷᠴᠢᠭᠤᠯᠭ᠎ᠠ ᠶᠢᠨ ᠭᠠᠵᠠᠷ
2014-2022 © ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠴᠠᠭᠠᠬᠤ ᠬᠣᠷᠢᠶ᠎ᠠ ᠥᠮᠴᠢᠯᠡᠯ ᠦᠨ ᠡᠷᠬᠡ ᠲᠠᠢ ᠵᠣᠬᠢᠶᠠᠯ ᠪᠦᠲᠦᠭᠡᠯ ᠦᠨ ᠡᠷᠬᠡ ᠶ᠋ᠢ ᠬᠠᠤᠯᠢ ᠪᠠᠷ ᠬᠠᠮᠠᠭᠠᠯᠠᠭᠰᠠᠨ ᠂ ᠵᠥᠪᠰᠢᠶᠡᠷᠡᠯ ᠦᠭᠡᠢ ᠪᠡᠷ ᠬᠠᠭᠤᠯᠪᠤᠷᠢᠯᠠᠬᠤ ᠶ᠋ᠢ ᠡᠷᠡᠰ ᠬᠣᠷᠢᠭᠯᠠᠨ᠎ᠠ ᠬᠠᠷᠢᠯᠴᠠᠬᠤ ᠤᠲᠠᠰᠤ ᠄ 0471-4628760 ᠢᠮᠧᠯ ᠄ eerhe@nm.pro