ᠲᠡᠷᠢᠭᠦᠨ ᠨᠢᠭᠤᠷ  -   ᠪᠠᠶᠢᠴᠠᠭᠠᠬᠤ ᠶᠠᠪᠤᠳᠠᠯ ᠢ ᠢᠯᠡ ᠪᠣᠯᠭᠠᠬᠤ

ᠵᠡᠭᠦᠨᠭᠠᠷ ᠬᠣᠰᠢᠭᠤᠨ ᠤ ᠠᠷᠠᠳ ᠤᠨ ᠪᠠᠶᠢᠴᠠᠭᠠᠬᠤ ᠬᠤᠷᠢᠶ᠎ᠠ ᠨᠠᠰᠤᠨ ᠳᠤ ᠦᠯᠦ ᠬᠦᠷᠦᠭᠰᠡᠳ ᠦᠨ ᠪᠠᠶᠢᠴᠠᠭᠠᠬᠤ ᠠᠵᠢᠯ ᠢ ᠰᠠᠶᠢᠲᠤᠷ ᠦᠷᠨᠢᠭᠦᠯᠵᠦ ᠪᠤᠢ

2021-01-11 15:13:02
ᠵᠣᠬᠢᠶᠠᠭᠴᠢ
ᠶᠢᠷᠲᠢᠨᠴᠣ

︱ ︱ ᠵᠡᠭᠦᠨᠭᠠᠷ ᠬᠣᠰᠢᠭᠤᠨ ᠤ ᠪᠠᠶᠢᠴᠠᠭᠠᠬᠤ ᠬᠣᠷᠢᠶ᠎ᠠ ︽ᠨᠢᠭᠡᠳᠦᠭᠡᠷ ᠨᠣᠮᠧᠷᠲᠤ ᠪᠠᠶᠢᠴᠠᠭᠠᠬᠤ ᠰᠠᠨᠠᠭᠤᠯᠭ᠎ᠠ ︾ ᠶᠢ ᠦᠷᠭᠦᠯᠵᠢᠯᠡᠨ  ᠨᠠᠶᠢᠳᠠᠪᠤᠷᠢᠵᠢᠭᠤᠯᠬᠤ ᠠᠵᠢᠯᠯᠠᠭ᠎ᠠ ᠠᠪᠴᠤ ᠪᠣᠶ

ᠤᠶᠢᠷ᠎ᠡ ᠵᠢᠨ ᠡᠳᠦᠷ ᠂ ᠰᠢᠤᠸᠠᠢ ᠵᠢᠶᠠ ᠸᠠᠨ ᠪᠠᠯᠭᠠᠰᠤᠨ ᠤ ᠭᠤᠷᠪᠠᠳᠤᠭᠠᠷ ᠬᠡᠸᠬᠡᠳ ᠦᠨ ᠴᠡᠴᠡᠷᠯᠢᠭ ᠨᠢᠭᠡᠨ ᠤᠳᠠᠭᠠᠨ  ᠤ ᠥᠪᠡᠷᠮᠢᠴᠡ ᠣᠨᠴᠠᠯᠢᠭ  ᠲᠠᠶ ᠤᠷᠢᠵᠤ ᠲᠣᠮᠢᠯᠠᠬᠤ ᠶᠣᠰᠣᠯᠠᠯ ᠶᠠᠪᠣᠭᠳᠠᠭᠣᠯᠵᠣ ᠂  ᠵᠡᠭᠦᠨᠭᠠᠷ ᠬᠣᠰᠢᠭᠤᠨ ᠤ ᠪᠠᠶᠢᠴᠠᠭᠠᠬᠤ ᠬᠣᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ ᠂ ᠤᠯᠤᠰ ᠲᠥᠷᠥ ᠶᠢᠨ ᠬᠡᠯᠲᠡᠰ ᠦᠨ ᠬᠠᠷᠢᠭᠤᠴᠠᠯᠭᠠᠲᠠᠨ ᠸᠠᠩ ᠱᠠᠩ ᠼᠦᠢ ᠰᠢᠤᠸᠠᠢ ᠵᠢᠶᠠ ᠸᠠᠨ ᠪᠠᠯᠭᠠᠰᠤᠨ ᠤ ᠭᠤᠷᠪᠠᠳᠤᠭᠠᠷ ᠬᠡᠦᠬᠡᠳ ᠦᠨ ᠴᠡᠴᠡᠷᠯᠢᠭ ᠤᠨ ᠬᠠᠤᠯᠢ ᠪᠠᠷ ᠵᠠᠰᠠᠬᠤ ᠳᠡᠳ᠋ ᠴᠡᠴᠡᠷᠯᠢᠭ ᠤᠨ ᠳᠠᠷᠤᠭ᠎ᠠ  ᠪᠠᠷ  ᠤᠷᠢᠭᠳᠠᠵᠤ ᠂  ᠴᠡᠴᠡᠷᠯᠢᠭ  ᠦᠨ ᠶᠡᠬᠡ ᠠᠩᠭᠢ ᠶᠢᠨ ᠪᠢᠴᠢᠬᠠᠨ ᠨᠠᠶᠢᠵᠠ ᠨᠠᠷ  ᠲᠤ 《ᠥᠪᠡᠷ  ᠦᠨ ᠪᠡᠶ᠎ᠡ ᠪᠡᠨ ᠥᠪᠡᠷᠲᠡᠭᠡᠨ ᠬᠠᠮᠠᠭᠠᠯᠠᠶ᠎ᠠ》ᠭᠡᠰᠡᠨ ᠰᠡᠳᠦᠪ   ᠢᠶᠠᠷ ᠬᠠᠸᠯᠢ  ᠪᠠᠷ ᠵᠠᠰᠠᠬᠤ ᠲᠠᠶᠢᠯᠤᠮᠵᠢ ᠬᠢᠵᠦ ᠥᠭᠴᠡᠶ᠃

ᠪᠠᠶᠢᠴᠠᠭᠠᠬᠤ ᠲᠤᠰᠢᠶᠠᠯᠲᠠᠨ ᠸᠠᠩ ᠱᠠᠩ ᠼᠦᠢ ᠠᠮᠢᠳᠤᠷᠠᠯ ᠳᠤᠮᠳᠠᠬᠢ  ᠵᠢᠵᠢᠭ ᠬᠡᠷᠡᠭ ᠦᠨ ᠵᠢᠱᠢᠶ᠎ᠡ ᠶᠢ ᠥᠭᠦᠯᠡᠬᠦ᠂ ᠲᠤᠬᠠᠶ ᠶᠢᠨ ᠲᠠᠯᠠᠪᠠᠢ ᠶᠢᠨ ᠬᠠᠷᠢᠯᠴᠠᠨ ᠬᠥᠳᠡᠯᠦᠯᠴᠡᠵᠦ ᠠᠰᠠᠭᠤᠯᠲᠠ ᠠᠰᠠᠭᠤᠬᠤ ᠵᠡᠷᠭᠡ ᠠᠷᠭ᠎ᠠ ᠮᠠᠶ᠋ᠢᠭ  ᠢᠶᠠᠷ ᠳᠠᠮᠵᠢᠭᠤᠯᠤᠨ ᠂ ᠪᠢᠴᠢᠬᠠᠨ ᠨᠠᠶᠢᠵᠠ ᠨᠠᠷ ᠲᠤ ᠪᠡᠶ᠎ᠡ ᠵᠢᠨ ᠢᠶᠡᠨ ᠨᠢᠭᠤᠴᠠ  ᠬᠡᠰᠡᠭ ᠢᠶᠡᠨ ᠬᠡᠷᠬᠢᠨ ᠬᠠᠮᠠᠭᠠᠯᠠᠬᠤ᠂ ᠬᠡᠷᠬᠢᠨ ︽ ᠲᠠᠨᠢᠯ ᠪᠤᠰᠤ ᠬᠥᠮᠦᠨ ︾ ᠤ ᠦᠶᠮᠡᠭᠦᠯᠬᠦ ᠡᠴᠡ ᠰᠡᠷᠭᠡᠶᠢᠯᠡᠬᠦ᠂ ᠮᠠᠭᠤ ᠬᠥᠮᠦᠨ ᠶᠡᠷᠦ ᠳᠦ ᠪᠡᠨ ᠶᠠᠮᠠᠷ ᠶᠠᠮᠠᠷ ᠦᠭᠡ  ᠶᠠᠷᠢᠶ᠎ᠠ ᠪᠠᠷ ᠳᠠᠮᠵᠢᠨ ᠬᠠᠭᠤᠷᠴᠤ ᠮᠡᠬᠡᠯᠡᠬᠦ  ᠠᠵᠢᠯᠯᠠᠭ᠎ᠠ ᠬᠢᠬᠦ ᠴᠢᠨᠠᠭᠰᠢᠯᠠᠨ ᠲᠡᠮᠲᠡᠷᠢᠬᠦ ᠪᠠ ᠬᠠᠯᠳᠠᠬᠣ ᠵᠡᠷᠭᠡ ᠠᠰᠠᠭᠤᠳᠠᠯ ᠤᠨ ᠲᠤᠬᠠᠶ  ᠲᠠᠨᠢᠯᠴᠠᠭᠣᠯᠵᠣ᠂ ᠥᠪᠡᠷ ᠦᠨ ᠪᠡᠶ᠎ᠡ ᠪᠤᠯ ᠬᠠᠯᠳᠠᠵᠤ ᠪᠣᠯᠤᠰᠢ ᠦᠭᠡᠢ ᠳᠠᠷᠬᠠᠨ ᠪᠠᠶᠢᠳᠠᠭ᠂ ᠥᠪᠡᠷ ᠢ ᠪᠡᠨ ᠬᠡᠷᠬᠢᠨ ᠬᠠᠮᠠᠭᠠᠯᠠᠬᠤ  ᠪᠠᠨ ᠮᠡᠳᠡᠬᠦ ᠬᠡᠷᠡᠭᠲᠡᠢ ᠭᠡᠳᠡᠭ ᠢ  ᠬᠡᠥᠬᠡᠳ ᠦᠳ ᠲᠤ ᠮᠡᠳᠡᠭᠦᠯᠪᠡ ᠃ ᠡᠭᠥᠨ ᠦ ᠳᠠᠭᠠᠣ ᠲᠡᠳᠡᠨ ᠳᠦ  ᠦᠯᠦ ᠲᠠᠨᠢᠬᠤ ᠬᠥᠮᠦᠨ ᠳᠦ ᠰᠣᠨᠣᠷ ᠰᠡᠷᠡᠮᠵᠢ ᠪᠡᠨ ᠳᠡᠭᠡᠭᠰᠢᠯᠡᠭᠦᠯᠬᠦ ᠪᠡᠷ ᠪᠠᠷᠠᠬᠤ ᠦᠭᠡᠢ ᠲᠠᠨᠢᠯ ᠲᠠᠰᠤᠯ ᠬᠥᠮᠦᠰ ᠢ ᠴᠦ ᠭᠦᠢᠴᠡᠳ ᠰᠡᠷᠡᠮᠵᠢᠯᠡᠬᠦ ᠬᠡᠷᠡᠭᠲᠡᠶ ᠬᠡᠮᠡᠨ ᠰᠠᠨᠠᠭᠣᠯᠵᠣ᠂ ᠬᠡᠷᠪᠡ ᠬᠠᠯᠳᠠᠯᠭ᠎ᠠ ᠳᠤ ᠤᠴᠠᠷᠠᠪᠠᠯ ᠶᠡᠬᠡ ᠲᠠᠭᠤᠨ ᠢᠶᠠᠷ ᠬᠠᠰᠭᠢᠷᠠᠨ᠂ ᠰᠦᠷᠳᠡᠭᠦᠯᠦᠯ ᠳᠦ ᠦᠯᠦ ᠡᠪᠰᠡᠨ ᠬᠠᠪᠰᠤᠷᠤᠯᠭ᠎ᠠ ᠡᠷᠢᠭᠦ ᠬᠡᠷᠡᠭᠲᠡᠢ ᠭᠡᠪᠡ᠃ ᠪᠠᠶᠢᠴᠠᠭᠠᠬᠤ ᠲᠤᠰᠢᠶᠠᠯᠲᠠᠨ ᠸᠠᠩ ᠱᠠᠩ ᠼᠦᠢ ᠵᠢᠨ ᠬᠡᠦᠬᠡᠳ ᠦᠨ ᠰᠣᠨᠢᠷᠬᠠᠯ  ᠢ ᠲᠠᠳᠠᠭᠰᠠᠨ ᠂ ᠭᠦᠨᠵᠡᠭᠡᠶ ᠪᠥᠭᠡᠳ ᠣᠶᠢᠯᠠᠭᠠᠮᠵᠢᠲᠠᠶ ᠬᠡᠷᠡᠭ ᠢᠶᠡᠷ ᠬᠠᠸᠯᠢ  ᠲᠠᠶᠢᠯᠪᠤᠷᠢᠯᠠᠬᠤ ᠲᠠᠶᠢᠯᠤᠮᠵᠢ ᠨᠢ ᠨᠢᠯᠬ᠎ᠠ ᠬᠡᠦᠬᠡᠳ ᠪᠠ ᠪᠠᠭᠰᠢ ᠶᠢᠨ ᠬᠠᠤᠯᠢ ᠴᠠᠭᠠᠵᠠ ᠶᠢᠨ ᠤᠬᠠᠮᠰᠠᠷ ᠢ ᠨᠡᠮᠡᠭᠳᠡᠭᠦᠯᠦᠭᠰᠡᠨ ᠮᠥᠷᠲᠡᠭᠡᠨ ᠬᠡᠦᠬᠡᠳ ᠦᠨ ᠥᠪᠡᠷ ᠢ ᠪᠡᠨ ᠬᠠᠮᠠᠭᠠᠯᠠᠬᠤ ᠪᠠ ᠦᠪᠡᠷᠲᠡᠭᠡᠨ ᠰᠡᠷᠡᠮᠵᠢᠯᠡᠬᠦ ᠴᠢᠳᠠᠪᠤᠷᠢ ᠶᠢ ᠲᠤᠶᠢᠯ ᠤᠨ ᠶᠡᠬᠡ ᠪᠡᠷ ᠳᠡᠭᠡᠭᠰᠢᠯᠡᠭᠦᠯᠦᠭᠰᠡᠨ ᠪᠠᠶᠢᠨ᠎ᠠ᠃

ᠠᠳᠠᠯᠢᠬᠠᠨ ᠬᠤᠭᠤᠴᠠᠭᠠᠨ ᠳ᠋ᠦ᠂ ᠵᠡᠭᠦᠨᠭᠠᠷ ᠬᠣᠰᠢᠭᠤᠨ ᠤ ᠠᠷᠠᠳ ᠤᠨ ᠪᠠᠶᠢᠴᠠᠭᠠᠬᠤ ᠬᠣᠷᠢᠶᠠᠨ ᠤ ᠨᠠᠰᠤᠨ ᠳᠤ ᠦᠯᠦ ᠬᠦᠷᠦᠭᠰᠡᠳ ᠦᠨ ᠬᠡᠷᠡᠭ ᠢ ᠪᠠᠶᠢᠴᠠᠭᠠᠬᠤ ᠪᠠᠶᠢᠴᠠᠭᠠᠬᠤ ᠲᠤᠰᠢᠶᠠᠯᠲᠠᠨ ᠹᠧᠩ ᠶᠠᠨ ᠰᠢᠶᠠ ᠵᠡᠭᠦᠨᠭᠠᠷ ᠬᠣᠰᠢᠭᠤᠨ ᠤ ᠦᠨᠳᠦᠰᠦᠲᠡᠨ ᠦ ᠬᠡᠸᠬᠡᠳ ᠦᠨ ᠴᠡᠴᠡᠷᠯᠢᠭ ᠦᠨ ᠮᠢᠩᠭ᠎ᠠ ᠰᠢᠬᠠᠮ ᠭᠡᠷ ᠦᠨ ᠠᠬᠠᠮᠠᠳ ᠤᠨ ᠲᠥᠯᠥᠭᠡ ᠪᠡᠯᠭᠡ ᠶᠢᠨ ᠬᠠᠯᠳᠠᠯᠭ᠎ᠠ ᠤᠷᠢᠳᠴᠢᠯᠠᠨ ᠰᠡᠷᠭᠡᠶᠢᠯᠡᠬᠦ ᠴᠢᠨᠠᠷᠲᠠᠶ ᠬᠠᠸᠯᠢ ᠪᠠᠷ ᠵᠠᠰᠠᠬᠤ ᠲᠤᠬᠠᠢ ︽ᠬᠡᠸᠬᠡᠳ ᠦᠳ ᠲᠦ ᠴᠡᠯᠮᠡᠭ ᠲᠩᠷᠢ  ᠲᠤᠯᠭᠠᠭᠤᠷᠢᠯᠠᠵᠤ ᠂ ᠪᠢᠳᠡ ᠬᠠᠮᠲᠤ ᠪᠠᠷ ᠴᠢᠷᠮᠠᠶᠢᠶ᠎ᠠ︾  ᠭᠡᠬᠦ ᠰᠡᠳᠦᠪᠲᠦ ᠲᠠᠶᠢᠯᠤᠮᠵᠢ ᠬᠢᠭᠰᠡᠨ ᠪᠠᠶᠢᠨ᠎ᠠ᠃

ᠲᠠᠶᠢᠯᠤᠮᠵᠢ  ︽ ᠪᠡᠶ᠎ᠡ ᠮᠠᠬᠠᠪᠣᠳ  ︾   ︽ᠪᠡᠯᠭᠡ ᠶᠢᠨ ᠬᠠᠯᠳᠠᠯᠭ᠎ᠠ ᠶᠢᠨ ᠦᠶᠯᠡ ᠠᠵᠢᠯᠯᠠᠭ᠎ᠠ ᠶᠢ ᠬᠡᠷᠬᠢᠨ  ᠢᠯᠭᠠᠨ ᠲᠠᠨᠢᠬᠤ ᠪᠣᠶ ︾  ︽ᠶᠠᠮᠠᠷ  ᠬᠦᠳᠡᠯᠦᠯ ᠪᠠᠷᠢᠯ ᠨᠢ ᠪᠡᠶ᠎ᠡ  ᠲᠠᠢ ᠬᠦᠷᠦᠯᠴᠡᠵᠦ ᠪᠤᠯᠬᠤ︾  ︽ᠶᠠᠮᠠᠷ ᠬᠦᠳᠡᠯᠦᠯ ᠪᠠᠷᠢᠯ ᠨᠢ ᠪᠡᠶ᠎ᠡ ᠲᠠᠢ ᠬᠦᠷᠦᠯᠴᠡᠵᠦ ᠦᠯᠦ ᠪᠤᠯᠬᠤ︾ ᠂《ᠬᠡᠷᠬᠢᠨ ᠪᠡᠯᠭᠡ ᠶᠢᠨ ᠬᠠᠯᠳᠠᠯᠭ᠎ᠠ  ᠶᠢ ᠰᠡᠷᠭᠡᠶᠢᠯᠡᠬᠦ ᠪᠤᠶ ︽ᠪᠡᠯᠭᠡ ᠶᠢᠨ ᠬᠠᠯᠳᠠᠯᠭ᠎ᠠ ᠳᠤ  ᠶᠠᠭᠠᠬᠢᠵᠤ ᠬᠢᠪᠡᠯ ᠵᠣᠬᠢᠬᠤ ᠪᠣᠶ︾ᠵᠡᠷᠭᠡ ᠪᠤᠳᠠᠳᠦ ᠠᠭᠤᠯᠭ᠎ᠠ ᠪᠠᠷ  ᠵᠢᠯᠤᠭᠤᠳᠤᠯᠭ᠎ᠠ ᠬᠢᠵᠡᠢ᠃ ᠡᠭᠦᠨ ᠦ ᠬᠠᠮᠲᠤ᠂ ᠹᠧᠩ ᠪᠠᠶᠢᠴᠠᠭᠠᠬᠤ ᠲᠤᠰᠢᠶᠠᠯᠲᠠᠨ ᠬᠡᠷᠡᠭ ᠢᠶᠡᠷ ᠬᠠᠸᠯᠢ ᠶᠢ ᠲᠠᠶᠢᠯᠪᠤᠷᠢᠯᠠᠬᠤ ᠠᠷᠭ᠎ᠠ ᠮᠠᠶ᠋ᠢᠭ ᠢ   ᠪᠣᠳᠠᠲᠠᠶ ᠬᠡᠷᠡᠭ ᠦᠨ ᠵᠢᠱᠢᠶ᠎ᠡ ᠶᠢ ᠪᠡᠯᠭᠡ ᠶᠢᠨ ᠬᠠᠯᠳᠠᠯᠭ᠎ᠠ ᠶᠢᠨ ᠠᠭᠤᠯᠭ᠎ᠠ ᠲᠠᠶ ᠤᠶᠠᠯᠳᠤᠭᠤᠯᠵᠤ ᠂ ᠬᠥᠮᠦᠰ ᠦᠨ ᠰᠡᠳᠬᠢᠯ ᠢ  ᠬᠦᠨᠳᠦᠭᠰᠡᠨ ᠬᠡᠷᠡᠭ ᠦᠨ ᠵᠢᠱᠢᠶ᠎ᠡ ᠪᠡᠷ ᠳᠠᠮᠵᠢᠭᠤᠯᠤᠨ ᠭᠡᠷ ᠦᠨ ᠠᠬᠠᠮᠠᠳ ᠲᠤ ᠪᠡᠯᠭᠡ ᠶᠢᠨ ᠬᠠᠯᠳᠠᠯᠭ᠎ᠠ ᠶᠢ ᠰᠡᠷᠭᠡᠶᠢᠯᠡᠬᠦ ᠴᠢᠬᠤᠯᠠ ᠴᠢᠨᠠᠷ   ᠃

ᠬᠡᠦᠬᠡᠳ ᠦᠨ ᠪᠡᠯᠭᠡ ᠶᠢᠨ ᠬᠥᠮᠦᠵᠢᠯ ᠨᠢ ᠰᠤᠷᠭᠠᠨ ᠬᠥᠮᠦᠵᠢᠯ  ᠬᠠᠮᠤᠭ ᠤᠨ ᠰᠠᠭᠤᠷᠢ ᠬᠠᠮᠤᠭ ᠤᠨ ᠴᠢᠬᠤᠯᠠ ᠠᠭᠤᠯᠭ᠎ᠠ ᠪᠣᠯᠬᠤ ᠶᠣᠰᠣᠲᠠᠢ  ᠭᠡᠬᠦ ᠳᠦ ᠪᠡᠯᠭᠡ   ᠶᠠᠷᠢᠬᠤ ᠠᠴᠠ ᠵᠠᠶᠢᠯᠠᠰᠬᠢᠬᠦ ᠨᠡᠶᠢᠭᠡᠮ ᠦᠨ  ᠤᠷᠴᠢᠨ ᠳᠤᠮᠳᠠ ᠂ ᠪᠢᠳᠡ ᠰᠢᠭᠤᠳ ᠠᠮᠠ ᠨᠡᠭᠡᠭᠡᠬᠦ ᠳᠦ ᠪᠡᠷᠬᠡ   ᠤᠮᠳᠠᠭᠠᠶᠢᠯᠠᠬᠤ ᠬᠡᠮᠵᠢᠶᠠᠨ ᠳᠤ ᠬᠦᠷᠭᠡᠵᠦ   ᠤᠯᠠᠨ ᠬᠡᠸᠬᠡᠳ ᠦᠨ ᠪᠡᠯᠭᠡ ᠶᠢᠨ ᠬᠠᠯᠳᠠᠯᠭ᠎ᠠ ᠶᠢᠨ  ᠭᠤᠨᠢᠭᠲᠤ    ᠢ ᠡᠭᠦᠰᠬᠡᠵᠡᠢ  

ᠬᠣᠶᠢᠰᠢᠳᠠ᠂ ᠵᠡᠭᠦᠨᠭᠠᠷ ᠬᠣᠰᠢᠭᠤᠨ ᠤ ᠪᠠᠶᠢᠴᠠᠭᠠᠬᠤ ᠬᠣᠷᠢᠶ᠎ᠠ ᠠᠷᠠᠳ ᠤᠨ ᠳᠡᠭᠡᠳᠥ ᠪᠠᠶᠢᠴᠠᠭᠠᠬᠤ ᠬᠣᠷᠢᠶᠠᠨ ᠤ《ᠨᠢᠭᠡᠳᠦᠭᠡᠷ ᠨᠣᠮᠧᠷᠲᠤ ᠪᠠᠶᠢᠴᠠᠭᠠᠬᠤ ᠰᠠᠨᠠᠭᠤᠯᠭ᠎ᠠ》 ᠶᠢ ᠦᠷᠭᠦᠯᠵᠢᠯᠡᠨ ᠢᠳᠡᠪᠬᠢᠲᠡᠢ  ᠨᠠᠢᠲᠠᠪᠣᠷᠢᠵᠢᠭᠣᠯᠵᠣ ᠂《 ᠰᠤᠷᠭᠠᠭᠤᠯᠢ + ᠭᠡᠷ ᠪᠦᠯᠢ + ᠨᠡᠶᠢᠭᠡᠮ 》ᠭᠡᠬᠦ ᠭᠤᠷᠪᠠᠨ ᠳᠠᠪᠬᠤᠷ ᠬᠠᠮᠠᠭᠠᠯᠠᠯᠲᠠ ᠶᠢᠨ ᠲᠣᠣᠷ  ᠢ ᠴᠢᠷᠮᠠᠶᠢᠨ ᠪᠠᠶᠢᠭᠤᠯᠵᠤ ᠂ ᠬᠡᠦᠬᠡᠳ ᠲᠤ ᠥᠪᠡᠷ ᠢ ᠪᠡᠨ ᠬᠠᠮᠠᠭᠠᠯᠠᠬᠤ ᠶᠢ ᠵᠢᠭᠠᠬᠤ ᠠᠴᠠ ᠭᠠᠳᠠᠨ᠎ᠠ ᠪᠠᠰᠠ ᠭᠡᠷ ᠦᠨ ᠠᠬᠠᠮᠠᠳ ᠂ ᠪᠠᠭᠰᠢ ᠨᠠᠷ ᠢ ᠢᠳᠡᠪᠬᠢᠲᠡᠶ ᠪᠡᠷ ᠬᠥᠲᠥᠯᠥᠨ ᠵᠢᠯᠣᠭᠣᠳᠴᠤ ᠪᠡᠯᠭᠡ ᠶᠢᠨ ᠬᠠᠯᠳᠠᠯᠭ᠎ᠠ   ᠡᠴᠡ ᠰᠡᠷᠭᠡᠶᠢᠯᠡᠬᠦ ᠰᠤᠷᠭᠠᠨ ᠬᠥᠮᠦᠵᠢᠯ ᠢ ᠴᠢᠬᠤᠯᠠᠴᠢᠯᠠᠨ ᠂ ᠬᠠᠤᠯᠢ ᠪᠠᠷ ᠵᠠᠰᠠᠬᠤ ᠤᠬᠠᠭᠤᠯᠭ᠎ᠠ ᠶᠢᠨ ᠡᠷᠴᠢᠮ ᠢ ᠤᠯᠠᠮ ᠨᠢᠭᠡ ᠠᠯᠬᠤᠮ ᠴᠢᠩᠭᠠᠷᠠᠭᠤᠯᠵᠤ ᠂ ᠪᠡᠯᠭᠡ ᠶᠢᠨ ᠬᠠᠯᠳᠠᠯᠭ᠎ᠠ ᠶᠢᠨ ᠬᠡᠷᠡᠭ  ᠡᠭᠦᠰᠬᠦ ᠠᠴᠠ ᠪᠦᠬᠦ ᠲᠠᠯ᠎ᠠ ᠪᠠᠷ ᠵᠠᠶᠢᠯᠠᠰᠬᠢᠵᠦ ᠂ ᠬᠠᠮᠲᠤ  ᠳ᠋ᠦ ᠪᠠᠨ ᠬᠡᠸᠬᠡᠳ ᠦᠳ ᠲᠦ ᠬᠠᠸᠯᠢ ᠪᠠᠷ ᠵᠠᠰᠠᠬᠤ  ᠴᠡᠯᠮᠡᠭ ᠣᠭᠲᠠᠷᠭᠤᠶ ᠶᠢ ᠨᠢ ᠲᠤᠯᠭᠠᠭᠤᠷᠢᠯᠠᠵᠤ ᠥᠭᠭᠦᠨ᠎ᠡ ᠃


ᠢᠷᠡᠯᠲᠡ
ᠤᠷᠳᠤᠰ ᠬᠤᠲᠠ ᠵᠢᠨ ᠵᠡᠭᠦᠨᠭᠠᠷ ᠬᠣᠰᠢᠭᠤᠨ ᠤ ᠠᠷᠠᠳ ᠤᠨ ᠪᠠᠶᠢᠴᠠᠭᠠᠬᠤ ᠬᠤᠷᠢᠶ᠎ᠠ
2014-2022 © ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠴᠠᠭᠠᠬᠤ ᠬᠣᠷᠢᠶ᠎ᠠ ᠥᠮᠴᠢᠯᠡᠯ ᠦᠨ ᠡᠷᠬᠡ ᠲᠠᠢ ᠵᠣᠬᠢᠶᠠᠯ ᠪᠦᠲᠦᠭᠡᠯ ᠦᠨ ᠡᠷᠬᠡ ᠶ᠋ᠢ ᠬᠠᠤᠯᠢ ᠪᠠᠷ ᠬᠠᠮᠠᠭᠠᠯᠠᠭᠰᠠᠨ ᠂ ᠵᠥᠪᠰᠢᠶᠡᠷᠡᠯ ᠦᠭᠡᠢ ᠪᠡᠷ ᠬᠠᠭᠤᠯᠪᠤᠷᠢᠯᠠᠬᠤ ᠶ᠋ᠢ ᠡᠷᠡᠰ ᠬᠣᠷᠢᠭᠯᠠᠨ᠎ᠠ ᠬᠠᠷᠢᠯᠴᠠᠬᠤ ᠤᠲᠠᠰᠤ ᠄ 0471-4628760 ᠢᠮᠧᠯ ᠄ eerhe@nm.pro