ᠬᠠᠭᠤᠴᠢᠨ ᠵᠢᠯ ᠢᠶᠠᠨ ᠳ᠋ᠦᠩᠨᠡᠨ ᠂ 2021 ᠢᠶᠡᠨ ᠲᠦᠰᠦᠪᠯᠡᠬᠦ ᠬᠤᠷᠠᠯ ᠬᠤᠷᠠᠯᠳᠤᠭᠤᠯᠪᠠ
1 4 2021 ᠬᠤᠷᠠᠯᠳᠤᠭᠤᠯᠵᠤ 2021 ᠰᠠᠶᠢᠳᠦᠷ ᠡᠬᠢᠯᠡᠬᠦ ᠪᠠᠶᠢᠨ᠎ᠠ ᠭᠤᠤᠯ ᠳᠡᠳ᠋ ᠬᠠᠷᠢᠭᠤᠴᠠᠯᠭᠠᠲᠠᠨ ᠲᠤᠰ ᠬᠡᠯᠲᠡᠰ ᠦᠨ ᠪᠦᠬᠦ ᠭᠡᠰᠢᠭᠦᠳ ᠪᠠᠶᠢᠨ᠎ᠠ
ᠳᠡᠭᠡᠷ᠎ᠡ ᠲᠤᠰ ᠬᠡᠯᠲᠡᠰ ᠦᠨ ᠬᠠᠷᠢᠭᠤᠴᠠᠯᠭᠠᠲᠠᠨ ᠾᠧᠦ ᡁᠢ ᠰᠢᠶᠦ᠋ᠩ 2020 ᠣᠨ ᠤ᠋ ᠡᠷᠡᠭᠦᠦ ᠶ᠋ᠢᠨ ᠬᠡᠷᠡᠭ ᠪᠠᠢᠴᠠᠭᠠᠬᠤ ᠠᠵᠢᠯ ᠤ᠋ᠨ ᠳᠤᠮᠳᠠ ᠣᠷᠣᠰᠢᠵᠤ ᠪᠠᠶᠢᠭ᠎ᠠ ᠠᠰᠠᠭᠤᠳᠠᠯ ᠪᠠ ᠳᠤᠲᠠᠭᠳᠠᠯ ᠢ᠋ ᠬᠣᠲᠠ ᠶ᠋ᠢᠨ ᠨᠠᠮ ᠤ᠋ᠨ ᠤᠳᠤᠷᠢᠳᠬᠤ ᠳᠤᠭᠤᠢᠯᠠᠩ ᠤ᠋ᠨ ᠳᠡᠳ᠋ ᠱᠦᠵᠢ ᠂ ᠳᠡᠳ᠋ ᠳᠠᠷᠤᠭ᠎ᠠ ᠶᠦᠨ ᡁᠢ ᠬᠣᠩ ᠤ᠋ᠨ ᠪᠠᠶᠢᠴᠠᠭᠠᠨ ᠰᠤᠳᠤᠯᠤᠯᠲᠠ ᠵᠢᠨ ᠵᠢᠭᠠᠪᠤᠷᠢ ᠶ᠋ᠢᠨ ᠵᠣᠷᠢᠭ ᠰᠠᠨᠠᠭ᠎ᠠ ᠶ᠋ᠢ ᠲᠤᠭᠤᠰᠢᠯᠠᠭᠤᠯᠵᠤ 2021 ᠣᠨ ᠤ᠋ ᠠᠵᠢᠯ ᠤ᠋ᠨ ᠰᠡᠳᠬᠢᠮᠵᠢ ᠪᠡᠨ ᠳ᠋ᠦᠩᠨᠡᠨ ᠡᠮᠬᠢᠯᠡᠵᠡᠢ ᠃ ᠬᠤᠪᠢᠳᠠᠨ ᠬᠠᠮᠢᠶᠠᠷᠴᠤ ᠪᠠᠶᠢᠭ᠎ᠠ ᠳᠡᠳ᠋ ᠪᠠᠶᠢᠴᠠᠭᠠᠬᠤ ᠳᠠᠷᠤᠭ᠎ᠠ ᠯᠦ᠍ ᠬᠣᠩ ᠪᠢᠩ ᠬᠤᠷᠠᠯ ᠳ᠋ᠤ᠌ ᠣᠷᠣᠯᠴᠠᠭᠴᠢᠳ ᠲᠤ᠌ ᠪᠦᠬᠦ ᠬᠣᠲᠠ ᠶ᠋ᠢᠨ ︽ᠨᠠᠰᠤᠨ ᠳ᠋ᠤ᠌ ᠦᠯᠦ ᠬᠦᠷᠦᠭᠰᠡᠳ ᠠᠵᠢᠯ ᠢ᠋ ᠤᠯᠠᠮ ᠴᠢᠨᠠᠭᠰᠢᠳᠠ ᠴᠢᠩᠭᠠᠳᠬᠠᠬᠤ ᠲᠤᠬᠠᠢ ᠲᠣᠭᠲᠠᠭᠠᠯ︾ ᠤ᠋ᠨ ᠠᠬᠤᠢ ᠲᠠᠯᠠᠪᠠᠢ ᠶ᠋ᠢᠨ ᠠᠬᠢᠭᠤᠯᠬᠤ ᠬᠤᠷᠠᠯ ᠤ᠋ᠨ ᠱᠠᠭᠠᠷᠳᠠᠯᠭ᠎ᠠ ᠪᠣᠯᠤᠨ ᠵᠣᠷᠢᠭ ᠰᠠᠨᠠᠭ᠎ᠠ ᠶ᠋ᠢ ᠤᠯᠠᠮᠵᠢᠯᠠᠪᠠ ᠃
ᠳ᠋ᠤ᠌ ᠣᠷᠣᠯᠴᠠᠭᠰᠠᠳ ᠣᠳᠣᠬᠠᠨ ᠤ᠋ ᠠᠵᠢᠯ ᠤ᠋ᠨ ᠳᠤᠮᠳᠠ ᠣᠷᠣᠰᠢᠵᠤ ᠪᠠᠶᠢᠭ᠎ᠠ ᠠᠰᠠᠭᠤᠳᠠᠯ ᠵᠢᠴᠢ 2021 ᠣᠨ ᠤ᠋ ᠠᠵᠢᠯ ᠤ᠋ᠨ ᠲᠥᠯᠥᠪᠯᠡᠭᠡ ᠶ᠋ᠢᠨ ᠲᠤᠬᠠᠢ ᠬᠠᠯᠠᠭᠤᠨ ᠢ᠋ᠶ᠋ᠠᠷ ᠶᠠᠷᠢᠯᠴᠠᠵᠤ ᠂ ᠡᠷᠡᠭᠦᠦ ᠰᠢᠳᠬᠡᠯ ᠤᠨᠤᠴᠢᠲᠠᠢ ᠣᠨᠣᠭᠳᠠᠭᠤᠯᠬᠤ ᠶᠢ ᠰᠢᠯᠢᠳᠡᠭᠵᠢᠭᠦᠯᠬᠦ ᠂ ᠬᠡᠷᠡᠭ ᠦᠨ ᠳᠠᠪᠲᠠᠯ ᠲᠤᠭᠠᠨ ᠤ ᠬᠠᠷᠢᠴᠠᠯ ᠢ ᠪᠠᠭᠤᠷᠠᠭᠤᠯᠬᠤ ᠂ ᠪᠠᠶᠢᠴᠠᠭᠠᠬᠤ ᠠᠵᠢᠯ ᠢ᠋ ᠴᠢᠩᠭᠠᠳᠬᠠᠬᠤ ᠵᠡᠷᠭᠡ ᠭᠣᠣᠯᠳᠠᠯᠭ᠎ᠠ ᠲᠠᠢ ᠠᠵᠢᠯ ᠤ᠋ᠨ ᠠᠭᠤᠯᠭ᠎ᠠ ᠶ᠋ᠢᠨ ᠲᠣᠭᠣᠷᠢᠨ ᠳ᠋ᠤ᠌ ᠲᠣᠬᠢᠷᠠᠭᠤᠯᠤᠯᠲᠠ ᠬᠢᠵᠦ ᠂ ᠬᠠᠨᠳᠤᠯᠭᠠᠲᠤ ᠴᠢᠨᠠᠷᠲᠠᠢ ᠠᠵᠢᠯ ᠤ᠋ᠨ ᠠᠷᠭ᠎ᠠ ᠬᠡᠮᠵᠢᠶ᠎ᠡ ᠶ᠋ᠢ ᠳᠤᠷᠠᠳᠪᠠ ᠃ ᠳᠠᠷᠤᠭ᠎ᠠ ᠪᠠᠢ ᠾᠧ ᠫᠢᠩ ᠪᠦᠬᠦ ᠬᠡᠯᠲᠡᠰ ᠪᠦᠷᠢᠯᠳᠦᠬᠦᠨ ᠰᠢᠨ᠎ᠡ ᠰᠡᠳᠬᠢᠮᠵᠢ᠂ ᠰᠢᠨ᠎ᠡ ᠶ᠋ᠢᠨ ᠲᠣᠭᠲᠠᠭᠠᠯᠲᠠ ᠂ ᠰᠢᠨ᠎ᠡ ᠦᠷ᠎ᠡ ᠪᠦᠲᠦᠮᠵᠢ ᠡᠷᠡᠭᠦᠦ ᠶ᠋ᠢᠨ ᠬᠡᠷᠡᠭ ᠪᠠᠶᠢᠴᠠᠭᠠᠬᠤ ᠠᠵᠢᠯ ᠤ᠋ᠨ ᠭᠣᠣᠯᠳᠠᠯᠭ᠎ᠠ ᠶ᠋ᠢ ᠣᠨᠣᠪᠴᠢᠲᠠᠢ ᠡᠷᠢᠬᠦ ᠪᠠ ᠬᠦᠴᠦᠯᠡᠬᠦ ᠴᠡᠭ ᠢ᠋ ᠴᠢᠩᠭᠠᠳᠬᠠᠬᠤ ᠶ᠋ᠢ ᠴᠢᠬᠤᠯᠠᠴᠢᠯᠠᠵᠤ᠂ ᠬᠠᠷᠢᠭᠤᠴᠠᠯᠭ᠎ᠠ ᠡᠭᠦᠷᠭᠡᠯᠡᠯ ᠢ᠋ᠶ᠋ᠡᠨ ᠴᠢᠩᠭᠠᠳᠬᠠᠵᠤ ᠂ ᠲᠤᠬᠠᠶᠢᠯᠠᠭᠰᠠᠨ ᠠᠵᠢᠯ ᠤ᠋ᠨ ᠬᠢᠷᠢ ᠬᠡᠮᠵᠢᠶ᠎ᠡ ᠪᠠ ᠶᠡᠷᠦᠩᠬᠡᠢᠯᠡᠭᠰᠡᠨ ᠬᠡᠪ ᠪᠣᠯᠪᠠᠰᠤᠷᠠᠯ ᠢ᠋ ᠵᠡᠷᠭᠡᠪᠡᠷ ᠳᠡᠭᠡᠭᠰᠢᠯᠡᠭᠦᠯᠬᠦ ᠶ᠋ᠢ ᠴᠢᠷᠮᠠᠶᠢᠨ ᠪᠡᠶᠡᠯᠡᠭᠦᠯᠵᠦ ᠂ ᠰᠢᠨ᠎ᠡ ᠡᠬᠢᠯᠡᠯᠲᠡ ᠶ᠋ᠢᠨ ᠴᠡᠭ ᠳᠡᠭᠡᠷ᠎ᠡ ᠮᠠᠨ ᠤ᠋ ᠬᠣᠷᠢᠶᠠᠨ ᠤ᠋ ᠡᠷᠡᠭᠦᠦ ᠶ᠋ᠢᠨ ᠬᠡᠷᠡᠭ ᠠᠵᠢᠯ ᠤ᠋ᠨ ᠰᠢᠨ᠎ᠡ ᠢ᠋ ᠪᠣᠢ ᠪᠣᠯᠭᠠᠬᠤ ᠬᠡᠷᠡᠭᠲᠡᠢ ᠪᠠᠶᠢᠨ᠎ᠠ ᠃