ᠲᠡᠷᠢᠭᠦᠨ ᠨᠢᠭᠤᠷ  -   ᠪᠠᠶᠢᠴᠠᠭᠠᠬᠤ ᠶᠠᠪᠤᠳᠠᠯ ᠢ ᠢᠯᠡ ᠪᠣᠯᠭᠠᠬᠤ

ᠰᠢᠯᠢ ᠶᠢᠨ ᠭᠣᠣᠯ ᠠᠶᠢᠮᠠᠭ ᠤᠨ ᠪᠠᠶᠢᠴᠠᠭᠠᠬᠤ ᠬᠤᠪᠢᠶᠠᠷᠢ ᠬᠣᠷᠢᠶ᠎ᠠ  ᠶᠢᠨ ᠬᠢᠨᠠᠨ ᠰᠢᠯᠭᠠᠬᠤ ᠳᠤᠭᠤᠶᠢᠯᠠᠩ ᠡᠷᠢᠶᠡᠨ ᠬᠣᠲᠠ ᠶᠢᠨ ᠠᠷᠠᠳ ᠤᠨ ᠪᠠᠶᠢᠴᠠᠭᠠᠬᠤ ᠬᠣᠷᠢᠶ᠎ᠠ ᠳᠦ ᠢᠷᠡᠵᠦ ᠵᠢᠯ ᠦᠨ ᠠᠵᠢᠯ ᠤᠨ ᠪᠠᠶᠢᠴᠠᠭᠠᠨ ᠰᠢᠯᠭᠠᠯᠲᠠ ᠬᠢᠪᠡ

2021-03-05 11:44:19
ᠵᠣᠬᠢᠶᠠᠭᠴᠢ
ᠤᠳᠬᠤᠨᠪᠢᠯᠢᠭ᠌

 

DSC_0037.JPG

 

3 ᠰᠠᠷ᠎ᠠ ᠶᠢᠨ 4 ᠦ ᠡᠳᠦᠷ᠂ ᠰᠢᠯᠢ ᠶᠢᠨ ᠭᠣᠣᠯ ᠠᠶᠢᠮᠠᠭ ᠤᠨ ᠪᠠᠶᠢᠴᠠᠭᠠᠬᠤ ᠬᠤᠪᠢᠶᠠᠷᠢ ᠬᠣᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠳᠡᠳ᠋ ᠱᠦᠵᠢ᠂ ᠪᠠᠶᠢᠩᠭᠤ ᠶᠢᠨ ᠣᠷᠣᠯᠠᠭᠴᠢ ᠪᠠᠶᠢᠴᠠᠭᠠᠬᠤ ᠳᠠᠷᠤᠭ᠎ᠠ ᠸᠠᠩ ᠺᠧ  ᠸᠧᠢ ᠬᠢᠨᠠᠨ ᠰᠢᠯᠭᠠᠬᠤ ᠳᠤᠭᠤᠶᠢᠯᠠᠩ ᠢ ᠳᠠᠭᠠᠭᠤᠯᠵᠤ᠂ ᠡᠷᠢᠶᠡᠨ ᠬᠣᠲᠠ ᠶᠢᠨ ᠠᠷᠠᠳ ᠤᠨ ᠪᠠᠶᠢᠴᠠᠭᠠᠬᠤ ᠬᠣᠷᠢᠶᠠᠨ ᠳᠤ ᠢᠷᠡᠵᠦ ᠬᠢᠨᠠᠨ ᠰᠢᠯᠭᠠᠯᠲᠠ ᠬᠢᠪᠡ᠃ ᠡᠷᠢᠶᠡᠨ ᠬᠣᠲᠠ ᠶᠢᠨ ᠠᠷᠠᠳ ᠤᠨ ᠪᠠᠶᠢᠴᠠᠭᠠᠬᠤ ᠬᠣᠷᠢᠶᠠᠨ ᠤ ᠤᠳᠤᠷᠢᠳᠬᠤ ᠪᠠᠭ ᠪᠣᠯᠣᠨ ᠪᠦᠬᠦ ᠠᠵᠢᠯᠲᠠᠳ ᠬᠢᠨᠠᠨ ᠰᠢᠯᠭᠠᠯᠲᠠ ᠶᠢᠨ ᠠᠵᠢᠯ ᠤᠨ ᠬᠤᠷᠠᠯ ᠳᠤ ᠣᠷᠣᠯᠴᠠᠪᠠ᠃

ᠬᠢᠨᠠᠨ ᠰᠢᠯᠭᠠᠬᠤ ᠠᠵᠢᠯ ᠤᠨ ᠬᠤᠷᠠᠯ ᠤᠨ ᠡᠬᠢᠯᠡᠯᠲᠡ ᠳᠡᠭᠡᠷ᠎ᠡ᠂ ᠬᠢᠨᠠᠨ ᠰᠢᠯᠭᠠᠬᠤ ᠳᠤᠭᠤᠶᠢᠯᠠᠩ ᠤᠨ ᠳᠠᠷᠤᠭ᠎ᠠ ᠸᠠᠩ ᠺᠧ  ᠸᠧᠢ ᠠᠴᠠ ᠵᠢᠯ ᠦᠨ ᠠᠵᠢᠯ ᠤᠨ ᠬᠢᠨᠠᠨ ᠰᠢᠯᠭᠠᠯᠲᠠ ᠳᠤ ᠪᠠᠶᠢᠷᠢᠯᠠᠭᠤᠯᠤᠯᠲᠠ ᠬᠢᠭᠰᠡᠨ ᠤ ᠬᠠᠮᠲᠤ᠂  ᠨᠢᠭᠡ  ᠲᠦ ᠬᠢᠨᠠᠨ ᠰᠢᠯᠭᠠᠵᠤ ᠦᠨᠡᠯᠡᠯᠲᠡ ᠬᠢᠬᠦ ᠠᠵᠢᠯ ᠤᠨ ᠴᠢᠬᠤᠯᠠ ᠴᠢᠨᠠᠷ ᠢ ᠪᠦᠷᠢᠨ ᠲᠠᠨᠢᠵᠤ᠂ ᠲᠥᠪ ᠴᠢᠩᠭ᠎ᠠ ᠣᠪᠣᠷ ᠢᠶᠠᠷ ᠬᠢᠨᠠᠨ ᠰᠢᠯᠭᠠᠬᠤ ᠠᠵᠢᠯ ᠢ ᠰᠠᠶᠢᠲᠤᠷ ᠬᠢᠬᠦ ᠬᠡᠷᠡᠭᠲᠡᠢ᠂ ᠬᠣᠶᠠᠷ ᠲᠤ ᠬᠠᠷᠢᠭᠤᠴᠠᠯᠭᠠᠲᠤ ᠣᠪᠣᠷ ᠢᠶᠠᠨ ᠦᠨᠡᠨᠬᠦ ᠳᠡᠭᠡᠭᠰᠢᠯᠡᠭᠦᠯᠵᠦ᠂ ᠦᠨᠡᠨ ᠢ ᠪᠠᠷᠢᠮᠲᠠᠯᠠᠨ᠂ ᠠᠷᠠᠳᠴᠢᠯᠠᠯ ᠤᠨ ᠡᠷᠬᠡ ᠶᠢ ᠲᠥᠪ ᠭᠣᠣᠯᠴᠢ ᠪᠠᠷ ᠬᠡᠷᠡᠭᠵᠢᠭᠦᠯᠬᠦ ᠬᠡᠷᠡᠭᠲᠡᠢ ᠭᠡᠵᠦ ᠪᠣᠳᠠᠲᠠᠢ ᠱᠠᠭᠠᠷᠳᠠᠯᠭ᠎ᠠ ᠭᠠᠷᠭᠠᠪᠠ᠃

 


DSC_0038.JPG  


ᠬᠤᠷᠠᠯ ᠳᠡᠭᠡᠷ᠎ᠡ᠂ ᠡᠷᠢᠶᠡᠨ ᠬᠣᠲᠠ ᠶᠢᠨ ᠠᠷᠠᠳ ᠤᠨ ᠪᠠᠶᠢᠴᠠᠭᠠᠬᠤ ᠬᠣᠷᠢᠶ᠎ᠠ ᠶᠢᠨ ᠨᠠᠮ ᠤᠨ  ᠤᠳᠤᠷᠢᠳᠬᠤ ᠳᠤᠭᠤᠶᠢᠯᠠᠩ ᠤᠨ ᠱᠦᠵᠢ᠂ ᠪᠠᠶᠢᠴᠠᠭᠠᠬᠤ ᠳᠠᠷᠤᠭ᠎ᠠ ᠵᠠᠩ ᠶᠠᠨ ᠵᠢᠶᠦ᠋ᠨ ᠤᠳᠤᠷᠢᠳᠬᠤ ᠪᠠᠭ ᠢᠶᠠᠨ ᠲᠥᠯᠥᠭᠡᠯᠡᠵᠦ᠂ ᠡᠷᠢᠶᠠᠨ ᠬᠣᠲᠠ ᠶᠢᠨ ᠠᠷᠠᠳ ᠤᠨ ᠪᠠᠶᠢᠴᠠᠭᠠᠬᠤ ᠬᠣᠷᠢᠶ᠎ᠠ 2020 ᠣᠨ ᠳᠤ ᠬᠠᠤᠯᠢ ᠴᠠᠭᠠᠵᠠ ᠶᠢᠨ ᠬᠢᠨᠠᠯᠲᠠ ᠶᠢᠨ ᠭᠣᠣᠯ ᠠᠵᠢᠯ ᠭᠣᠣᠯ ᠡᠭᠦᠷᠭᠡ ᠪᠠᠨ ᠭᠦᠢᠴᠡᠳᠭᠡᠭᠰᠡᠨ᠂ ᠬᠢᠯᠢ ᠶᠢᠨ ᠪᠣᠭᠣᠮᠲᠠ ᠶᠢᠨ ᠠᠵᠤ ᠠᠬᠤᠢ ᠨᠡᠶᠢᠭᠡᠮ ᠤᠨ ᠬᠥᠭᠵᠢᠯᠲᠡ ᠵᠢᠨ ᠶᠡᠬᠡ ᠲᠠᠯ᠎ᠠ ᠳᠦ ᠦᠢᠯᠡᠴᠢᠯᠡᠭᠰᠡᠨ᠂ ᠨᠡᠶᠢᠭᠡᠮ ᠦᠨ ᠡᠷᠬᠡ ᠳᠡᠭᠰᠢ ᠭᠣᠣᠯᠴᠢ ᠰᠢᠳᠤᠷᠭᠤ ᠶᠢ ᠬᠠᠮᠠᠭᠠᠯᠠᠭᠰᠠᠨ ᠵᠡᠷᠭᠡ ᠲᠠᠯ᠎ᠠ ᠪᠠᠷ ᠬᠢ ᠠᠵᠢᠯ ᠤᠨ ᠬᠠᠷᠠᠯᠲᠠ ᠪᠠᠨ ᠪᠡᠶᠡᠯᠡᠭᠦᠯᠦᠭᠰᠡᠨ ᠪᠠᠶᠢᠳᠠᠯ ᠢᠶᠠᠨ ᠬᠠᠷᠢᠭᠤ ᠮᠡᠳᠡᠭᠦᠯᠪᠡ᠃ ᠬᠢᠨᠠᠨ ᠰᠢᠯᠭᠠᠬᠤ ᠳᠤᠭᠤᠶᠢᠯᠠᠩ ᠪᠠᠰᠠ ᠬᠣᠷᠢᠶᠠᠨ ᠤ ᠤᠳᠤᠷᠢᠳᠬᠤ ᠪᠠᠭ ᠤᠨ ᠭᠡᠰᠢᠭᠦᠳ ᠲᠦ ᠠᠷᠠᠳᠴᠢᠯᠠᠭᠰᠠᠨ ᠦᠨᠡᠯᠡᠯᠲᠡ ᠬᠢᠪᠡ᠃ ᠬᠤᠷᠠᠯ ᠤᠨ ᠳᠠᠷᠠᠭ᠎ᠠ  ᠬᠢᠨᠠᠨ ᠰᠢᠯᠭᠠᠬᠤ ᠳᠤᠭᠤᠶᠢᠯᠠᠩ ᠤᠨ ᠬᠢᠨ᠂ ᠬᠣᠷᠢᠶᠠᠨ ᠤ ᠤᠳᠤᠷᠢᠳᠬᠤ ᠪᠠᠭ ᠤᠨ ᠪᠦᠲᠦᠭᠡᠨ ᠪᠠᠶᠢᠭᠤᠯᠤᠯᠲᠠ᠂ ᠨᠠᠮ ᠤᠨ ᠪᠦᠲᠦᠭᠡᠨ ᠪᠠᠶᠢᠭᠤᠯᠤᠯᠲᠠ ᠵᠢᠴᠢ ᠨᠠᠮ ᠤᠨ ᠰᠤᠷᠲᠠᠯ ᠠᠷᠢᠭᠤᠨ ᠴᠢᠬᠡᠴᠢ ᠶᠢᠨ ᠪᠠᠶᠢᠭᠤᠯᠤᠯᠲᠠ ᠶᠢᠨ ᠠᠵᠢᠯ᠂ ᠬᠠᠷ᠎ᠠ ᠪᠥᠯᠥᠭᠲᠡᠨ ᠬᠠᠷᠭᠢᠰ ᠬᠦᠴᠦᠨ ᠢ ᠠᠷᠢᠯᠭᠠᠬᠤ ᠠᠵᠢᠯ᠂ ᠰᠠᠬᠢᠯᠭ᠎ᠠ ᠪᠠᠲᠤ ᠬᠡᠪ ᠰᠤᠷᠲᠠᠯ ᠤᠨ ᠴᠡᠭᠴᠡᠯᠡᠯᠲᠡ ᠶᠢᠨ ᠠᠵᠢᠯ᠂ ᠲᠣᠭᠣᠷᠢᠨ ᠰᠢᠯᠭᠠᠯᠲᠠ ᠪᠠᠷ ᠢᠯᠡᠷᠡᠭᠰᠡᠨ ᠳᠤᠲᠠᠭᠳᠠᠯ ᠢᠶᠠᠨ ᠥᠭᠡᠷᠡᠴᠢᠯᠡᠨ ᠰᠠᠶᠢᠵᠢᠷᠠᠭᠤᠯᠤᠭᠰᠠᠨ ᠪᠠᠶᠢᠳᠠᠯ ᠤᠨ ᠲᠤᠬᠠᠢ ᠭᠡᠷᠡᠴᠢᠯᠡᠭᠡ ᠶᠢᠨ ᠮᠠᠲ᠋ᠧᠷᠢᠶᠠᠯ ᠤᠳ ᠢ ᠬᠢᠨᠠᠨ ᠰᠢᠯᠭᠠᠪᠠ᠃

ᠲᠤᠰ ᠤᠳᠠᠭᠠᠨ ᠤ ᠬᠢᠨᠠᠨ ᠰᠢᠯᠭᠠᠯᠲᠠ ᠨᠢ᠂ ᠡᠷᠢᠶᠡᠨ ᠬᠣᠲᠠ ᠶᠢᠨ ᠠᠷᠠᠳ ᠤᠨ ᠪᠠᠶᠢᠴᠠᠭᠠᠬᠤ ᠬᠣᠷᠢᠶ᠎ᠠ ᠶᠢᠨ 2020  ᠣᠨ ᠤ ᠠᠵᠢᠯ ᠳᠤ ᠬᠢᠭᠰᠡᠨ ᠨᠢᠭᠡ ᠤᠳᠠᠭᠠᠨ ᠪᠦᠬᠦ ᠲᠠᠯ᠎ᠠ ᠶᠢᠨ ᠰᠢᠯᠭᠠᠨ ᠪᠠᠶᠢᠴᠠᠭᠠᠯᠲᠠ ᠪᠣᠯᠬᠤ ᠶᠤᠮ᠃ ᠡᠷᠢᠶᠡᠨ ᠬᠣᠲᠠ ᠶᠢᠨ ᠠᠷᠠᠳ ᠤᠨ ᠪᠠᠶᠢᠴᠠᠭᠠᠬᠤ ᠬᠣᠷᠢᠶ᠎ᠠ ᠨᠢ ᠬᠢᠨᠠᠨ ᠰᠢᠯᠭᠠᠬᠤ ᠠᠵᠢᠯ ᠤᠨ ᠲᠣᠬᠢᠶᠠᠯ ᠢᠶᠠᠷ᠂ ᠬᠠᠤᠯᠢ ᠴᠠᠭᠠᠵᠠ ᠶᠢᠨ ᠬᠢᠨᠠᠯᠲᠠ ᠶᠢᠨ ᠭᠣᠣᠯ ᠡᠭᠦᠷᠭᠡ ᠭᠣᠣᠯ ᠬᠠᠷᠢᠭᠤᠴᠠᠯᠭ᠎ᠠ ᠳᠠᠭᠠᠨ ᠠᠩᠬᠠᠷᠤᠯ ᠢᠶᠠᠨ ᠲᠥᠪᠯᠡᠷᠡᠭᠦᠯᠵᠦ᠂  ᠴᠢᠨᠠᠭᠰᠢᠳᠠ ᠡᠯ᠎ᠡ ᠲᠥᠷᠥᠯ ᠦᠨ ᠪᠠᠶᠢᠴᠠᠭᠠᠬᠤ ᠠᠵᠢᠯ ᠢᠶᠠᠨ ᠨᠡᠩ ᠴᠢᠨᠠᠷᠯᠢᠭ ᠬᠢᠵᠦ᠂ ᠰᠢᠯᠢᠳᠡᠭ ᠬᠢᠷᠢ ᠪᠦᠲᠦᠮᠵᠢ ᠪᠡᠷ ᠨᠠᠮ ᠪᠠᠶᠢᠭᠤᠯᠤᠭᠳᠠᠭᠰᠠᠨ 100 ᠵᠢᠯ ᠦᠨ ᠣᠢ ᠶᠢ ᠣᠭᠲᠣᠨ᠎ᠠ᠃

 


ᠢᠷᠡᠯᠲᠡ
ᠰᠢᠯᠢ ᠶᠢᠨ ᠭᠣᠣᠯ ᠠᠶᠢᠮᠠᠭ ᠤᠨ ᠡᠷᠢᠶᠡᠨ ᠬᠣᠲᠠ ᠶᠢᠨ ᠠᠷᠠᠳ ᠤᠨ ᠪᠠᠶᠢᠴᠠᠭᠠᠬᠤ ᠬᠣᠷᠢᠶ᠎ᠠ
2014-2022 © ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠴᠠᠭᠠᠬᠤ ᠬᠣᠷᠢᠶ᠎ᠠ ᠥᠮᠴᠢᠯᠡᠯ ᠦᠨ ᠡᠷᠬᠡ ᠲᠠᠢ ᠵᠣᠬᠢᠶᠠᠯ ᠪᠦᠲᠦᠭᠡᠯ ᠦᠨ ᠡᠷᠬᠡ ᠶ᠋ᠢ ᠬᠠᠤᠯᠢ ᠪᠠᠷ ᠬᠠᠮᠠᠭᠠᠯᠠᠭᠰᠠᠨ ᠂ ᠵᠥᠪᠰᠢᠶᠡᠷᠡᠯ ᠦᠭᠡᠢ ᠪᠡᠷ ᠬᠠᠭᠤᠯᠪᠤᠷᠢᠯᠠᠬᠤ ᠶ᠋ᠢ ᠡᠷᠡᠰ ᠬᠣᠷᠢᠭᠯᠠᠨ᠎ᠠ ᠬᠠᠷᠢᠯᠴᠠᠬᠤ ᠤᠲᠠᠰᠤ ᠄ 0471-4628760 ᠢᠮᠧᠯ ᠄ eerhe@nm.pro