ᠲᠡᠷᠢᠭᠦᠨ ᠨᠢᠭᠤᠷ  -   ᠪᠠᠶᠢᠴᠠᠭᠠᠬᠤ ᠶᠠᠪᠤᠳᠠᠯ ᠢ ᠢᠯᠡ ᠪᠣᠯᠭᠠᠬᠤ

ᠡᠷᠢᠶᠡᠨ ᠬᠣᠲᠠ ᠶᠢᠨ ᠠᠷᠠᠳ ᠤᠨ ᠪᠠᠶᠢᠴᠠᠭᠠᠬᠤ ᠬᠣᠷᠢᠶ᠎ᠠ ᠶᠢᠨ ᠬᠠᠤᠯᠢ ᠶᠢᠨ ᠴᠠᠭᠳᠠᠭ᠎ᠠ ᠶᠢᠨ ᠶᠡᠬᠡ ᠠᠩᠭᠢ ᠨᠡᠶᠢᠲᠡ ᠶᠢᠨ ᠠᠰᠢᠭᠲᠤ ᠵᠠᠷᠭᠤ ᠶᠢᠨ ᠪᠠᠶᠢᠴᠠᠭᠠᠯᠲᠠ ᠳᠤ ᠠᠮᠤᠷ ᠲᠥᠪᠰᠢᠨ ᠦ ᠪᠠᠲᠤᠯᠠᠭ᠎ᠠ ᠬᠠᠩᠭᠠᠪᠠ

2021-03-09 17:32:26
ᠵᠣᠬᠢᠶᠠᠭᠴᠢ


DSC_0029_看图王.jpg

3 ᠰᠠᠷ᠎ᠠ ᠶᠢᠨ 8 ᠦ ᠡᠳᠦᠷ᠂ ᠡᠷᠢᠶᠡᠨ ᠬᠣᠲᠠ ᠶᠢᠨ ᠠᠷᠠᠳ ᠤᠨ ᠪᠠᠶᠢᠴᠠᠭᠠᠬᠤ ᠬᠣᠷᠢᠶ᠎ᠠ ᠶᠢᠨ ᠬᠠᠤᠯᠢ ᠶᠢᠨ ᠴᠠᠭᠳᠠᠭ᠎ᠠ ᠶᠢᠨ ᠶᠡᠬᠡ ᠠᠩᠭᠢ ᠶᠢᠨ ᠬᠢᠨ ᠴᠠᠭᠳᠠᠭ᠎ᠠ ᠲᠣᠮᠢᠯᠠᠵᠣ᠂ ᠲᠤᠰ ᠬᠣᠷᠢᠶᠠᠨ ᠤ ᠬᠣᠶᠠᠳᠤᠭᠠᠷ ᠪᠠᠶᠢᠴᠠᠭᠠᠬᠤ ᠭᠡᠯᠲᠡᠰ ᠦᠨ ᠡᠮ ᠦᠨ ᠵᠦᠢᠯᠡᠰ ᠢ ᠪᠣᠷᠣᠯᠠᠭᠤᠯᠬᠤ ᠠᠵᠤ ᠠᠬᠤᠶᠢᠯᠠᠯ ᠳᠤ ᠨᠡᠶᠢᠲᠡ ᠶᠢᠨ ᠠᠰᠢᠭᠲᠤ ᠵᠠᠷᠭᠤ ᠶᠢᠨ ᠪᠠᠶᠢᠴᠠᠭᠠᠯᠲᠠ ᠬᠢᠬᠦ ᠠᠵᠢᠯ ᠳᠤ ᠬᠠᠪᠰᠤᠷᠤᠯᠭ᠎ᠠ ᠦᠵᠡᠭᠦᠯᠵᠦ᠂ ᠠᠮᠤᠷ ᠲᠦᠪᠰᠢᠨ ᠦ ᠪᠠᠲᠤᠯᠠᠭ᠎ᠠ ᠬᠠᠩᠭᠠᠪᠠ᠃

DSC_0048_看图王.jpg

ᠡᠷᠢᠶᠡᠨ ᠬᠣᠲᠠ ᠶᠢᠨ ᠠᠷᠠᠳ ᠤᠨ ᠪᠠᠶᠢᠴᠠᠭᠠᠬᠤ ᠬᠣᠷᠢᠶ᠎ᠠ ᠨᠢ ᠪᠠᠶᠢᠴᠠᠭᠠᠬᠤ ᠪᠠᠶᠢᠭᠤᠯᠭ᠎ᠠ ᠶᠢᠨ ᠨᠡᠶᠢᠲᠡ ᠶᠢᠨ ᠠᠰᠢᠭᠲᠤ ᠵᠠᠷᠭᠤ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠠᠷᠠᠳ ᠢᠷᠭᠡᠳ ᠦᠨ ᠠᠮᠢ ᠨᠠᠰᠤ ᠡᠷᠡᠭᠦᠯ ᠮᠡᠨᠳᠦ ᠶᠢᠨ ᠠᠮᠤᠷ ᠲᠦᠪᠰᠢᠨ ᠢ ᠬᠠᠮᠠᠭᠠᠯᠠᠬᠤ ᠶᠢᠨ ᠲᠥᠯᠥᠭᠡ᠂ ᠡᠮ ᠦᠨ ᠵᠦᠢᠯᠡᠰ ᠢ ᠪᠣᠷᠣᠯᠠᠭᠤᠯᠬᠤ ᠠᠵᠤ ᠠᠬᠤᠶᠢᠯᠠᠯ  ᠤᠨ ᠬᠢᠨ ᠦ ᠰᠢᠨ᠎ᠡ ᠪᠡᠷ ᠵᠠᠰᠠᠪᠤᠷᠢ ᠣᠷᠣᠭᠤᠯᠤᠭᠰᠠᠨ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠡᠮ ᠦᠨ ᠬᠠᠮᠢᠶᠠᠷᠤᠯᠲᠠ ᠶᠢᠨ ᠬᠠᠤᠯᠢ︾ ᠶᠢᠨ ᠲᠣᠭᠲᠠᠭᠠᠯ ᠢ ᠬᠡᠷᠡᠭᠵᠢᠭᠦᠯᠵᠦ ᠪᠠᠶᠢᠭ᠎ᠠ ᠪᠠᠶᠢᠳᠠᠯ ᠳᠤ ᠨᠡᠶᠢᠲᠡ ᠶᠢᠨ ᠠᠰᠢᠭᠲᠤ ᠵᠠᠷᠭᠤ ᠶᠢᠨ ᠪᠠᠶᠢᠴᠠᠭᠠᠯᠲᠠ ᠬᠢᠪᠡ᠃ ᠨᠡᠶᠢᠲᠡ ᠶᠢᠨ ᠠᠰᠢᠭᠲᠤ ᠵᠠᠷᠭᠤ ᠶᠢᠨ ᠰᠠᠯᠠᠭ᠎ᠠ ᠶᠢᠨ ᠪᠠᠶᠢᠴᠠᠭᠠᠬᠤ ᠲᠤᠰᠢᠶᠠᠯᠲᠠᠨ ᠨᠢ ᠡᠷᠢᠶᠡᠨ ᠬᠣᠲᠠ ᠶᠢᠨ︽ᠶᠦᠸ᠋ᠸ ᠬᠤᠸᠠ︾᠂ ︽ ᠰᠠᠶᠢᠬᠠᠨ︾᠂ ︽ᠪᠸᠢ ᠱᠸ᠋ᠩ︾ ᠡᠮ ᠡᠮᠨᠡᠯᠭᠡ ᠶᠢᠨ ᠬᠢᠵᠠᠭᠠᠷᠲᠤ ᠺᠣᠮᠫᠠᠨᠢ ᠶᠢᠨ ᠡᠮ ᠦᠨ ᠳᠡᠯᠭᠡᠭᠦᠷ ᠵᠡᠷᠭᠡ ᠡᠮ ᠦᠨ ᠵᠦᠢᠯᠡᠰ ᠪᠣᠷᠣᠯᠠᠭᠤᠯᠬᠤ ᠬᠣᠯᠪᠣᠭᠠᠲᠤ ᠳᠡᠯᠭᠡᠭᠦᠷ ᠦᠳ ᠲᠦ ᠬᠦᠷᠴᠦ᠂ ᠵᠣᠷ ᠤᠨ ᠡᠮ ᠢ ᠪᠣᠷᠣᠯᠠᠭᠤᠯᠵᠤ ᠪᠠᠶᠢᠭ᠎ᠠ ᠪᠠᠶᠢᠳᠠᠯ᠂ ᠡᠮ ᠦᠨ ᠳᠡᠯᠭᠡᠭᠦᠷ ᠲᠦ ᠲᠤᠰᠬᠠᠢ ᠮᠡᠷᠭᠡᠵᠢᠯ ᠦᠨ ᠡᠮᠴᠢ ᠪᠠᠶᠢᠬᠤ ᠡᠰᠡᠬᠦ ᠪᠠ ᠲᠤᠰᠬᠠᠢ ᠮᠡᠷᠭᠡᠵᠢᠯ ᠦᠨ ᠡᠮᠴᠢ ᠶᠢᠨ ︽ᠨᠡᠷ᠎ᠡ ᠵᠡᠭᠦᠵᠦ︾ ᠡᠵᠡᠩᠨᠡᠯᠲᠡ ᠬᠢᠵᠦ ᠪᠠᠶᠢᠭ᠎ᠠ ᠪᠠᠶᠢᠳᠠᠯ ᠣᠷᠣᠰᠢᠵᠤ ᠪᠠᠶᠢᠭ᠎ᠠ ᠡᠰᠡᠬᠦ ᠵᠡᠷᠭᠡ ᠠᠰᠠᠭᠤᠳᠠᠯ ᠳᠤ ᠴᠢᠭᠯᠡᠭᠦᠯᠦᠨ ᠲᠤᠬᠠᠢ ᠭᠠᠵᠠᠷ ᠲᠤᠨᠢ ᠪᠠᠶᠢᠴᠠᠭᠠᠯᠲᠠ ᠬᠢᠪᠡ᠃ ᠪᠠᠶᠢᠴᠠᠭᠠᠯᠲᠠ ᠬᠢᠬᠦ ᠬᠤᠭᠤᠴᠠᠭᠠᠨ ᠳᠤ᠂ ᠬᠠᠤᠯᠢ ᠶᠢᠨ ᠴᠠᠭᠳᠠᠭ᠎ᠠ ᠨᠢ ᠪᠠᠶᠢᠴᠠᠭᠠᠬᠤ ᠲᠤᠰᠢᠶᠠᠯᠲᠠᠨ ᠤ ᠠᠮᠤᠷ ᠲᠦᠪᠰᠢᠨ ᠢ ᠬᠠᠮᠠᠭᠠᠯᠠᠬᠤ᠂ ᠪᠠᠶᠢᠴᠠᠭᠠᠬᠤ ᠲᠤᠰᠢᠶᠠᠯᠲᠠᠨ ᠢ ᠬᠠᠪᠰᠤᠷᠤᠨ ᠪᠠᠶᠢᠴᠠᠭᠠᠯᠲᠠ ᠬᠢᠬᠦ᠂ ᠪᠠᠶᠢᠴᠠᠭᠠᠯᠲᠠ ᠬᠢᠵᠦ ᠪᠠᠶᠢᠭ᠎ᠠ ᠲᠤᠬᠠᠢ ᠶᠢᠨ ᠲᠠᠯᠠᠪᠤᠷ ᠤᠨ ᠬᠡᠪ ᠦᠨ ᠡᠮᠭᠢ ᠳᠢᠭᠯᠢᠮ ᠢ ᠬᠠᠮᠠᠭᠠᠯᠠᠬᠤ ᠵᠡᠷᠭᠡ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠢ ᠪᠡᠶᠡᠯᠡᠭᠦᠯᠵᠦ᠂ ᠨᠡᠶᠢᠲᠡ ᠶᠢᠨ ᠠᠰᠢᠭᠲᠤ ᠵᠠᠷᠭᠤ ᠶᠢᠨ ᠪᠠᠶᠢᠴᠠᠭᠠᠯᠲᠠ ᠶᠢᠨ ᠬᠡᠪ ᠦᠨ ᠪᠠᠶᠢᠳᠠᠯ ᠢᠶᠠᠷ ᠰᠢᠯᠤᠭᠤᠨ ᠶᠠᠪᠤᠭᠳᠠᠬᠤ ᠶᠢ ᠪᠠᠲᠤᠯᠠᠭᠰᠠᠨ ᠪᠠᠶᠢᠨ᠎ᠠ᠃

DSC_0054_看图王.jpg

ᠣᠶᠢᠷ᠎ᠠ ᠶᠢᠨ ᠬᠣᠶᠠᠷ ᠵᠢᠯ ᠳᠦ᠂ ᠡᠷᠢᠶᠡᠨ ᠬᠣᠲᠠ ᠶᠢᠨ ᠬᠠᠤᠯᠢ ᠶᠢᠨ ᠴᠠᠭᠳᠠᠭ᠎ᠠ ᠶᠢᠨ ᠶᠡᠬᠡ ᠠᠩᠭᠢ ᠨᠢ ᠪᠠᠶᠢᠴᠠᠭᠠᠬᠤ ᠠᠵᠢᠯ ᠤᠨ ᠲᠣᠭᠣᠷᠢᠨ ᠳᠤ ᠠᠵᠢᠯ ᠢᠶᠠᠨ ᠥᠷᠨᠢᠭᠦᠯᠵᠦ᠂ ᠪᠠᠶᠢᠴᠠᠭᠠᠯᠲᠠ ᠬᠢᠬᠦ ᠳᠦ ᠬᠠᠪᠰᠤᠷᠤᠯᠭ᠎ᠠ ᠦᠵᠡᠭᠦᠯᠬᠦ᠂  ᠪᠠᠶᠢᠴᠠᠭᠠᠬᠤ ᠲᠤᠰᠢᠶᠠᠯᠲᠠᠨ ᠤ ᠠᠮᠤᠷ ᠲᠥᠪᠰᠢᠨ ᠢ ᠪᠠᠲᠤᠯᠠᠨ᠂ ᠪᠠᠶᠢᠴᠠᠭᠠᠯᠲᠠ ᠬᠢᠵᠦ ᠪᠠᠶᠢᠭ᠎ᠠ ᠲᠤᠬᠠᠢ ᠲᠠᠯᠠᠪᠤᠷ ᠤᠨ ᠡᠮᠭᠢ ᠳᠢᠭᠯᠢᠮ ᠢ ᠬᠠᠮᠠᠭᠠᠯᠠᠬᠤ ᠳᠦ ᠪᠠᠲᠤᠯᠠᠭ᠎ᠠ ᠬᠠᠩᠭᠠᠵᠤ᠂ ᠥᠪᠡᠷ ᠦᠨ ᠡᠭᠦᠷᠭᠡ ᠬᠠᠷᠢᠭᠤᠴᠠᠯᠭ᠎ᠠ ᠪᠠᠨ ᠪᠦᠬᠦ ᠲᠠᠯ᠎ᠠ ᠪᠠᠷ᠂ ᠳᠦᠷᠢᠮᠵᠢᠯ ᠲᠠᠢ ᠪᠡᠶᠡᠯᠡᠭᠦᠯᠦᠨ᠂ ᠨᠡᠶᠢᠲᠡ ᠶᠢᠨ ᠠᠰᠢᠭᠲᠤ ᠵᠠᠷᠭᠤ ᠶᠢᠨ ᠪᠠᠶᠢᠴᠠᠭᠠᠬᠤ ᠠᠵᠢᠯ ᠳᠤ ᠪᠦᠬᠦ ᠲᠠᠯ᠎ᠠ ᠶᠢᠨ ᠦᠢᠯᠡᠴᠢᠯᠡᠭᠡ ᠬᠠᠩᠭᠠᠪᠠ᠃ ᠬᠣᠶᠢᠰᠢᠳᠠ᠂ ᠬᠠᠤᠯᠢ ᠶᠢᠨ ᠴᠠᠭᠳᠠᠭ᠎ᠠ ᠶᠢᠨ ᠪᠠᠶᠢᠴᠠᠭᠠᠬᠤ ᠠᠵᠢᠯ ᠳᠤ ᠨᠡᠩ ᠰᠠᠶᠢᠨ ᠦᠢᠯᠡᠴᠢᠯᠡᠭᠡ ᠬᠠᠩᠭᠠᠬᠤ ᠦᠷ᠎ᠡ ᠪᠦᠲᠦᠮᠵᠢ ᠲᠠᠢ ᠰᠢᠨ᠎ᠡ ᠠᠷᠭ᠎ᠠ ᠵᠠᠮ ᠢ ᠡᠷᠢᠨ ᠰᠦᠪᠡᠭᠴᠢᠯᠡᠵᠦ᠂ ᠪᠠᠶᠢᠴᠠᠭᠠᠬᠤ ᠠᠵᠢᠯ ᠳᠤ ᠬᠠᠪᠰᠤᠷᠤᠮᠵᠢ ᠪᠠᠲᠤᠯᠠᠭ᠎ᠠ ᠬᠠᠩᠭᠠᠬᠤ ᠡᠭᠦᠷᠭᠡ ᠴᠢᠳᠠᠪᠤᠷᠢ ᠪᠠᠨ ᠤᠯᠠᠮ ᠨᠢᠭᠡ ᠠᠯᠬᠤᠮ ᠰᠠᠶᠢᠵᠢᠷᠠᠭᠤᠯᠤᠨ᠎ᠠ᠃

DSC_0055_看图王 (1).jpg


ᠢᠷᠡᠯᠲᠡ
ᠡᠷᠢᠶᠡᠨ ᠬᠣᠲᠠ ᠶᠢᠨ ᠠᠷᠠᠳ ᠤᠨ ᠪᠠᠶᠢᠴᠠᠭᠠᠬᠤ ᠬᠣᠷᠢᠶ᠎ᠠ
2014-2022 © ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠴᠠᠭᠠᠬᠤ ᠬᠣᠷᠢᠶ᠎ᠠ ᠥᠮᠴᠢᠯᠡᠯ ᠦᠨ ᠡᠷᠬᠡ ᠲᠠᠢ ᠵᠣᠬᠢᠶᠠᠯ ᠪᠦᠲᠦᠭᠡᠯ ᠦᠨ ᠡᠷᠬᠡ ᠶ᠋ᠢ ᠬᠠᠤᠯᠢ ᠪᠠᠷ ᠬᠠᠮᠠᠭᠠᠯᠠᠭᠰᠠᠨ ᠂ ᠵᠥᠪᠰᠢᠶᠡᠷᠡᠯ ᠦᠭᠡᠢ ᠪᠡᠷ ᠬᠠᠭᠤᠯᠪᠤᠷᠢᠯᠠᠬᠤ ᠶ᠋ᠢ ᠡᠷᠡᠰ ᠬᠣᠷᠢᠭᠯᠠᠨ᠎ᠠ ᠬᠠᠷᠢᠯᠴᠠᠬᠤ ᠤᠲᠠᠰᠤ ᠄ 0471-4628760 ᠢᠮᠧᠯ ᠄ eerhe@nm.pro