ᠬᠠᠮᠤᠭ ᠤᠨ ᠭᠤᠶᠤ ᠡᠮᠡᠭᠲᠡᠢ ᠲᠡᠮᠡᠴᠡᠭᠴᠢ ᠳᠦ ᠬᠦᠨᠳᠦᠳᠬᠡᠯ ᠳᠡᠪᠰᠢᠭᠦᠯᠵᠦ ᠂ ᠨᠠᠮ ᠪᠠᠶᠢᠭᠤᠯᠤᠭᠳᠠᠭᠰᠠᠨ ᠵᠠᠭᠤᠨ ᠵᠢᠯ ᠦᠨ ᠤᠢ ᠶᠢ ᠪᠠᠶᠠᠷᠯᠠᠨ ᠤᠭᠲᠤᠮᠤᠢ
ᠤᠷᠢᠬᠠᠨ ᠬᠠᠪᠤᠷ ᠢᠷᠡᠵᠦ᠂ ᠲᠦᠮᠡᠨ ᠪᠣᠳᠠᠰ ᠠᠮᠢᠯᠠᠨ ᠰᠡᠷᠭᠦᠭᠰᠡᠨ ᠡᠨᠡ ᠬᠦ ᠤᠯᠠᠷᠢᠯ ᠳᠤ ᠂ ᠪᠢᠳᠡ 111 ᠳ᠋ᠦᠭᠡᠷ ᠳᠡᠯᠡᠬᠡᠢ ᠶᠢᠨ ᠬᠥᠳᠡᠯᠮᠦᠷᠢᠴᠢᠨ ᠡᠮᠡᠭᠲᠡᠶᠢᠴᠦᠳ ᠦᠨ ᠪᠠᠶᠠᠷ ᠢ ᠤᠭᠲᠤᠨ ᠠᠪᠤᠯ᠎ᠠ᠃ 3 ᠰᠠᠷ᠎ᠠ ᠶᠢᠨ 8 ᠤ ᠡᠳᠦᠷ ᠦᠨ ᠦᠳᠡ ᠶᠢᠨ ᠡᠮᠦᠨ᠎ᠡ ᠂ ᠥᠪᠡᠷᠲᠡᠭᠡᠨ ᠵᠠᠰᠠᠬᠤ ᠣᠷᠣᠨ ᠤ ᠪᠠᠶᠢᠴᠠᠭᠠᠬᠤ ᠬᠣᠷᠢᠶ᠎ᠠ 《 ᠬᠠᠮᠤᠭ ᠤᠨ ᠭᠣᠶᠣ ᠡᠮᠡᠭᠲᠡᠶ ᠲᠡᠮᠡᠴᠡᠭᠴᠢ ᠳᠦ ᠬᠦᠨᠳᠦᠳᠬᠡᠯ ᠳᠡᠪᠰᠢᠭᠦᠯᠵᠦ ᠂ ᠨᠠᠮ ᠪᠠᠶᠢᠭᠤᠯᠤᠭᠳᠠᠭᠰᠠᠨ ᠵᠠᠭᠤᠨ ᠵᠢᠯ ᠦᠨ ᠣᠶ ᠶᠢ ᠪᠠᠶᠠᠷᠯᠠᠨ ᠤᠭᠲᠤᠬᠤ 》 ᠪᠠᠷ ᠭᠣᠸᠯ ᠰᠡᠳᠦᠪ ᠪᠣᠯᠭᠠᠭᠰᠠᠨ 〈 3.8 〉 ᠤ ᠡᠮᠡᠭᠲᠡᠶᠢᠴᠦᠳ ᠦᠨ ᠪᠠᠶᠠᠷ ᠢ ᠤᠭᠲᠤᠬᠤ ᠠᠵᠢᠯᠯᠠᠭ᠎ᠠ ᠥᠷᠨᠢᠭᠦᠯᠵᠦ ᠂ ᠥᠪᠡᠷᠲᠡᠭᠡᠨ ᠵᠠᠰᠠᠬᠤ ᠣᠷᠣᠨ ᠤ ᠪᠠᠶᠢᠴᠠᠭᠠᠬᠤ ᠬᠣᠷᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ ᠂ ᠳᠡᠳ᠋ ᠪᠠᠶᠢᠴᠠᠭᠠᠬᠤ ᠳᠠᠷᠤᠭ᠎ᠠ ᠶᠦᠨ ᠰᠢᠶᠤᠤ ᠬᠤᠷᠠᠯ ᠳᠤ ᠣᠷᠣᠯᠴᠠᠵᠤ ᠪᠠᠶᠠᠷ ᠤᠨ ᠦᠭᠡ ᠬᠡᠯᠡᠪᠡ᠃ ᠶᠦᠨ ᠰᠢᠶᠤᠤ ᠥᠪᠡᠷᠲᠡᠭᠡᠨ ᠵᠠᠰᠠᠬᠤ ᠣᠷᠣᠨ ᠤ ᠪᠠᠶᠢᠴᠠᠭᠠᠬᠤ ᠬᠣᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠡᠮᠦᠨ᠎ᠡ ᠡᠴᠡ ᠪᠥᠬᠥ ᠬᠣᠷᠢᠶᠠᠨ ᠤ ᠡᠮᠡᠭᠲᠡᠶ ᠨᠥᠬᠥᠳ ᠲᠦ ᠪᠠᠶᠠᠷ ᠤᠨ ᠡᠳᠦᠷ ᠦᠨ ᠴᠢᠩ ᠰᠡᠳᠬᠢᠯ ᠦᠨ ᠮᠡᠨᠳᠦᠴᠢᠯᠡᠯ ᠳᠡᠪᠰᠢᠭᠦᠯᠪᠡ᠃ ᠥᠩᠭᠡᠷᠡᠭᠰᠡᠨ ᠨᠢᠭᠡ ᠵᠢᠯ ᠦᠨ ᠪᠥᠬᠥ ᠬᠣᠷᠢᠶᠠᠨ ᠤ ᠡᠮᠡᠭᠲᠡᠶ ᠺᠠᠳ᠋ᠷ ᠴᠠᠭᠳᠠᠭ᠎ᠠ ᠶᠢᠨ ᠣᠯᠤᠭᠰᠠᠨ ᠰᠠᠶᠢᠨ ᠠᠵᠢᠯ ᠤᠨ ᠠᠮᠵᠢᠯᠲᠠ ᠶᠢ ᠭᠦᠶᠴᠡᠳ ᠨᠤᠲᠠᠯᠠᠬᠤ ᠶᠢᠨ ᠬᠠᠮᠲᠤ ᠣᠯᠠᠨ ᠢ ᠴᠢᠷᠮᠠᠶᠢᠭᠰᠠᠨ ᠳᠡᠭᠡᠷ᠎ᠡ ᠪᠡᠨ ᠴᠢᠷᠮᠠᠶᠢᠵᠤ ᠂ ᠠᠷᠠᠳ ᠲᠦᠮᠡᠨ ᠳᠦ ᠦᠶᠯᠡᠴᠢᠯᠡᠬᠦ ᠂ ᠰᠢᠨ᠎ᠡ ᠶᠢ ᠡᠭᠦᠳᠦᠨ ᠬᠥᠭᠵᠢᠬᠦ ᠂ ᠲᠡᠰᠪᠦᠷᠢ ᠬᠠᠲᠠᠭᠤᠵᠢᠯᠲᠠᠶ ᠪᠠᠷ ᠲᠡᠮᠡᠴᠡᠬᠦ ᠂ ᠦᠬᠡᠷ ᠦᠨ ᠵᠣᠷᠢᠭ ᠰᠠᠨᠠᠭ᠎ᠠ ᠶᠢ ᠪᠠᠳᠠᠷᠠᠭᠤᠯᠵᠤ ᠂ ᠪᠠᠶᠢᠴᠠᠭᠠᠬᠤ ᠠᠵᠢᠯ ᠤᠨ ᠳᠠᠬᠢᠨ ᠰᠢᠨ᠎ᠡ ᠳᠡᠭᠲᠡᠷ ᠲᠦ ᠭᠠᠷᠬᠤ ᠶᠢ ᠠᠬᠢᠭᠤᠯᠬᠤ ᠬᠡᠷᠡᠭᠲᠡᠶ ᠭᠡᠵᠦ ᠵᠣᠷᠢᠭᠵᠢᠭᠤᠯᠪᠠ᠃ ᠨᠠᠷᠠᠲᠤ ᠵᠢᠷᠤᠭ ᠢ ᠰᠣᠨᠢᠷᠬᠠᠨ ᠵᠠᠳᠠᠯᠬᠤ ᠪᠠ ᠠᠮᠢᠳᠤᠷᠠᠯ ᠳᠤᠮᠳᠠ ᠥᠩᠭᠡ ᠪᠤᠳᠤᠭ ᠢ ᠬᠡᠷᠬᠢᠨ ᠲᠣᠬᠢᠷᠠᠭᠤᠯᠬᠤ ᠭᠣᠭᠴᠣᠭ᠎ᠠ ᠳᠤ ᠂ ᠥᠪᠥᠷ ᠮᠣᠩᠭᠣᠯ ᠤᠨ ᠤᠷᠠᠨ ᠵᠢᠷᠤᠭ ᠤᠨ ᠨᠡᠶᠢᠭᠡᠮᠯᠢᠭ ᠦᠨ ᠪᠠᠭᠰᠢ ᠭᠤᠸ᠎ᠠ ᠰᠠᠶᠢᠬᠠᠨ ᠤ ᠪᠣᠶᠢᠵᠢᠭᠤᠯᠤᠯᠲᠠ ᠪᠠᠷ ᠡᠬᠢᠯᠡᠯᠲᠡ ᠪᠠ ᠲᠡᠭᠦᠰᠬᠡᠯ ᠪᠣᠯᠭᠠᠵᠤ ᠂ ᠤᠯᠤᠰ ᠤᠨ ᠳᠣᠲᠣᠭᠠᠳᠤ ᠭᠠᠳᠠᠭᠠᠳᠤ ᠶᠢᠨ ᠰᠢᠷᠢᠰ ᠨᠠᠷᠠᠲᠤ ᠵᠢᠷᠤᠭ ᠢ ᠰᠣᠨᠢᠷᠬᠠᠨ ᠵᠠᠳᠠᠯᠬᠤ ᠵᠢᠴᠢ ᠠᠮᠢᠳᠤᠷᠠᠯ ᠳᠤᠮᠳᠠᠬᠢ ᠥᠩᠭᠡ ᠪᠤᠳᠤᠭ ᠢ ᠲᠣᠬᠢᠷᠠᠭᠤᠯᠬᠤ ᠵᠠᠷᠴᠢᠮ ᠢᠶᠠᠷ ᠳᠠᠮᠵᠢᠭᠤᠯᠤᠨ ᠂ ᠡᠮᠡᠭᠲᠡᠶ ᠺᠠᠳ᠋ᠷ ᠴᠠᠭᠳᠠᠭ᠎ᠠ ᠶᠢ ᠬᠠᠪᠰᠤᠷᠤᠨ ᠬᠠᠷᠠᠭ᠎ᠠ ᠶᠢ ᠨᠢ ᠥᠷᠭᠡᠳᠬᠡᠨ ᠂ ᠭᠤᠸ᠎ᠠ ᠰᠠᠶᠢᠬᠠᠨ ᠤ ᠦᠨᠦᠷ ᠠᠮᠲᠠ ᠪᠠ ᠴᠢᠳᠠᠪᠤᠷᠢ ᠶᠢ ᠨᠢ ᠳᠡᠭᠡᠭᠰᠢᠯᠡᠭᠦᠯᠵᠦ ᠂ ᠠᠵᠢᠯ ᠠᠮᠢᠳᠤᠷᠠᠯ ᠤᠨ ᠳᠠᠷᠤᠯᠲᠠ ᠶᠢ ᠨᠢ ᠨᠠᠮᠵᠢᠭᠤᠯᠵᠤ ᠂ ᠠᠰᠠᠭᠤᠳᠠᠯ ᠳᠤ ᠪᠠᠶᠠᠰᠤᠩᠭᠤᠶ ᠪᠠᠷ ᠬᠠᠨᠳᠤᠬᠤ ᠴᠢᠳᠠᠪᠤᠷᠢ ᠶᠢ ᠨᠢ ᠨᠡᠮᠡᠭᠳᠡᠭᠦᠯᠪᠡ᠃ ᠭᠠᠷ ᠤᠷᠠᠯᠠᠯ ᠤᠨ ᠪᠥᠰ ᠪᠠᠭᠯᠠᠭ᠎ᠠ ᠶᠢᠨ ᠭᠣᠭᠴᠣᠭ᠎ᠠ ᠨᠢ ᠠᠵᠢᠯᠯᠠᠭ᠎ᠠ ᠶᠢᠨ ᠠᠭᠤᠷ ᠠᠮᠢᠰᠬᠤᠯ ᠢ ᠣᠷᠭᠢᠯ ᠳᠤ ᠨᠢ ᠬᠦᠷᠭᠡᠵᠦ ᠂ ᠡᠮᠡᠭᠲᠡᠶ ᠺᠠᠳ᠋ᠷ ᠴᠠᠭᠳᠠᠭ᠎ᠠ ᠨᠠᠷ ᠳᠦᠷᠰᠦᠯᠡᠨ ᠪᠤᠳᠤᠬᠤ ᠴᠢᠳᠠᠪᠤᠷᠢ ᠪᠠ ᠪᠦᠲᠦᠭᠡᠯᠴᠢ ᠴᠢᠳᠠᠪᠤᠷᠢ ᠪᠠᠨ ᠭᠦᠶᠴᠡᠳ ᠪᠠᠳᠠᠷᠠᠭᠤᠯᠵᠤ ᠂ ᠪᠥᠰ ᠪᠠᠭᠯᠠᠭ᠎ᠠ ᠳᠤ ᠤᠷᠠᠯᠢᠭ ᠤᠨ ᠡᠭᠦᠳᠦᠯᠲᠡ ᠬᠢᠵᠦ ᠂ ᠪᠥᠰ ᠪᠠᠭᠯᠠᠭ᠎ᠠ ᠶᠢ ᠬᠡᠷᠡᠭᠯᠡᠭᠡᠨ ᠦ ᠴᠢᠨᠠᠷ ᠪᠠ ᠤᠷᠠᠯᠢᠭ ᠤᠨ ᠴᠢᠨᠠᠷ ᠪᠥᠬᠥᠶ 《 ᠬᠤᠪᠢ ᠬᠥᠮᠦᠨ ᠦ ᠵᠠᠬᠢᠶᠠᠯᠠᠭ᠎ᠠ 》 ᠪᠣᠯᠭᠠᠪᠠ᠃ ᠡᠮᠡᠭᠲᠡᠶ ᠺᠠᠳ᠋ᠷ ᠴᠠᠭᠳᠠᠭ᠎ᠠ ᠶᠢᠨ ᠥᠪᠡᠷᠮᠢᠴᠡ ᠴᠢᠨᠠᠷ ᠢ ᠢᠯᠡᠷᠡᠭᠦᠯᠦᠭᠰᠡᠨ ᠢᠶᠡᠷ ᠪᠠᠷᠠᠬᠤ ᠥᠬᠡᠶ ᠂ ᠪᠠᠰᠠ ᠵᠢᠷᠤᠭ ᠤᠨ ᠤᠷᠠᠯᠢᠭ ᠤᠨ ᠬᠠᠪᠤ ᠴᠡᠩᠭᠡᠯ ᠢ ᠡᠳ᠋ᠯᠡᠵᠦ ᠂ ᠭᠠᠷ ᠬᠥᠳᠡᠯᠵᠦ ᠦᠶᠯᠡᠳᠦᠯᠭᠡ ᠬᠢᠬᠦ ᠴᠢᠳᠠᠪᠤᠷᠢ ᠶᠢ ᠪᠣᠯᠪᠠᠰᠤᠷᠠᠭᠤᠯᠪᠠ᠃
ᠲᠣᠰ ᠤᠳᠠᠭ᠎ᠠ ᠶᠢᠨ ᠠᠵᠢᠯᠯᠠᠭ᠎ᠠ ᠪᠠᠷ ᠳᠠᠮᠵᠢᠭᠤᠯᠤᠨ ᠂ ᠥᠪᠡᠷᠲᠡᠭᠡᠨ ᠵᠠᠰᠠᠬᠤ ᠣᠷᠣᠨ ᠤ ᠪᠠᠶᠢᠴᠠᠭᠠᠬᠤ ᠬᠣᠷᠢᠶᠠᠨ ᠤ ᠪᠠᠶᠢᠭᠤᠯᠭ᠎ᠠ ᠶᠢᠨ ᠡᠮᠡᠭᠲᠡᠶ ᠺᠠᠳ᠋ᠷ ᠴᠠᠭᠳᠠᠭ᠎ᠠ ᠶᠢ ᠬᠠᠯᠠᠮᠵᠢᠯᠠᠵᠤ ᠂ ᠬᠠᠯᠠᠮᠵᠢᠯᠠᠵᠤ ᠪᠠᠶᠢᠬᠤ ᠶᠢ ᠢᠯᠡᠳᠬᠡᠵᠦ ᠂ ᠪᠠᠶᠠᠷ ᠤᠨ ᠡᠳᠦᠷ ᠦᠨ ᠠᠭᠤᠷ ᠠᠮᠢᠰᠬᠤᠯ ᠢ ᠨᠠᠩ ᠭᠦᠨ ᠵᠤᠵᠠᠭᠠᠨ ᠂ ᠨᠠᠩ ᠬᠥᠭᠵᠢᠶᠡᠨᠲᠡᠶ ᠪᠣᠯᠭᠠᠬᠤ ᠶᠢᠨ ᠬᠠᠮᠲᠤ ᠪᠥᠬᠥ ᠬᠣᠷᠢᠶᠠᠨ ᠤ ᠡᠮᠡᠭᠲᠡᠶ ᠺᠠᠳ᠋ᠷ ᠴᠠᠭᠳᠠᠭ᠎ᠠ ᠶᠢᠨ ᠪᠡᠶ᠎ᠡ ᠰᠡᠳᠬᠢᠯ ᠢᠶᠡᠨ ᠭᠦᠶᠴᠡᠳ ᠲᠠᠶᠢᠪᠤᠰᠢᠷᠠᠭᠤᠯᠵᠤ ᠂ ᠦᠷᠭᠦᠯᠵᠢᠯᠡᠨ ᠠᠵᠢᠯ ᠤᠨ ᠳᠤᠮᠳᠠ ᠪᠠᠨ ᠣᠭ ᠰᠠᠨᠠᠭ᠎ᠠ ᠡᠭᠦᠷᠭᠡ ᠬᠠᠷᠢᠭᠤᠴᠠᠯᠭ᠎ᠠ ᠪᠠᠨ ᠦᠶᠯᠡᠳᠦᠯᠭᠡᠵᠢᠭᠦᠯᠵᠦ ᠂ ᠡᠮᠡᠭᠲᠡᠶᠢᠴᠦᠳ ᠦᠨ ᠴᠣᠭ ᠵᠢᠪᠬᠤᠭ᠎ᠠ ᠶᠢ ᠢᠯᠡᠷᠡᠭᠦᠯᠵᠦ ᠂ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠵᠤ ᠂ ᠰᠢᠨ᠎ᠡ ᠴᠠᠭ ᠦᠶ᠎ᠡ ᠳᠦ ᠵᠠᠯᠠᠭᠤ ᠨᠠᠰᠤ ᠪᠠᠨ ᠬᠥᠰᠡᠷᠳᠡᠭᠦᠯᠬᠦ ᠥᠬᠡᠶ ᠪᠠᠶᠢᠵᠤ ᠂ ᠬᠠᠮᠤᠭ ᠤᠨ ᠭᠣᠶᠣ ᠰᠠᠶᠢᠬᠠᠨ ᠲᠡᠮᠡᠴᠡᠯ ᠦᠨ ᠳᠦᠷᠰᠦ ᠪᠠᠶᠢᠳᠠᠯ ᠢᠶᠠᠷ ᠡᠷᠡᠮᠡᠬᠡᠶᠢᠯᠡᠨ ᠤᠷᠤᠭᠰᠢᠯᠠᠵᠤ ᠂ ᠳᠠᠬᠢᠨ ᠰᠢᠨ᠎ᠡ ᠭᠠᠪᠢᠶ᠎ᠠ ᠪᠠᠶᠢᠭᠤᠯᠬᠤ ᠳᠤ ᠠᠰᠢᠭᠲᠠᠶ ᠶᠤᠮ᠃