ᠲᠡᠷᠢᠭᠦᠨ ᠨᠢᠭᠤᠷ  -  ᠪᠠᠶᠢᠴᠠᠭᠠᠬᠤ ᠬᠤᠰᠢᠭᠤᠴᠢ

ᠬᠡᠰᠢᠭ᠄ ᠲᠥᠪ ᠭᠣᠣᠯᠴᠢ ᠶᠢᠨ ᠠᠯᠬᠤᠮ ᠢ ᠦᠭᠡ ᠬᠡᠯᠡᠨ ᠦ ᠬᠠᠷᠰᠢ ᠰᠠᠭᠠᠳ ᠲᠤ ᠬᠠᠯᠬᠠᠯᠠᠭᠤᠯᠬᠤ ᠦᠭᠡᠢ

2021-05-06 14:45:31
ᠵᠣᠬᠢᠶᠠᠭᠴᠢ
ᠭᠡᠭᠡᠷᠡᠯ

W020210420585643168486.jpg

2020 ᠣᠨ ᠳᠤ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠦ ᠬᠡᠷᠡᠭ ᠡᠷᠬᠢᠯᠡᠬᠦ ᠵᠥᠪᠯᠡᠯ ᠡᠴᠡ ᠭᠣᠣᠯᠯᠠᠨ ᠤᠳᠤᠷᠢᠳᠴᠤ ᠮᠣᠩᠭᠣᠯ ᠦᠭᠡ ᠬᠡᠯᠡ ᠦᠰᠦᠭ ᠪᠢᠴᠢᠭ ᠦᠨ ᠮᠡᠳᠡᠭᠡ  ᠵᠠᠩᠭᠢᠴᠢᠯᠡᠯᠲᠡ ᠶᠢᠨ ᠨᠡᠶᠢᠭᠡᠮᠯᠢᠭ ᠡᠴᠡ ᠭᠣᠣᠯᠯᠠᠨ ᠡᠷᠬᠢᠯᠡᠵᠦ ᠂ ᠮᠣᠩᠭᠣᠯ ᠦᠭᠡ ᠬᠡᠯᠡ ᠥᠰᠥᠭ ᠪᠢᠴᠢᠭ ᠦᠨ ᠰᠤᠳᠤᠯᠭᠠᠨ ᠤ ᠬᠡᠷᠡᠭᠯᠡᠭᠡᠨ ᠦ ᠲᠥᠪ ᠦᠨ ᠳᠠᠭᠠᠭᠠᠨ ᠡᠷᠭᠢᠯᠡᠭᠰᠡᠨ 2013-2018 ᠣᠨ ᠤ ᠮᠣᠩᠭᠣᠯ ᠦᠭᠡ ᠬᠡᠯᠡ ᠥᠰᠥᠭ ᠪᠢᠴᠢᠭ ᠦᠨ ᠮᠡᠳᠡᠭᠡ  ᠵᠠᠩᠭᠢᠴᠢᠯᠡᠯᠲᠡ  ᠶᠢᠨ ᠲᠤᠰᠬᠠᠶ ᠵᠦᠶᠯ ᠢᠶᠡᠷ ᠲᠡᠳᠬᠦᠨ ᠳᠡᠮᠵᠢᠬᠦ ᠲᠥᠷᠥᠯ ᠵᠦᠶᠯ ᠦᠨ ᠰᠢᠯᠢᠳᠡᠭ ᠦᠷ᠎ᠡ ᠪᠦᠲᠦᠭᠡᠯ ᠢ ᠰᠢᠯᠭᠠᠷᠠᠭᠤᠯᠬᠤ ᠠᠵᠢᠯᠯᠠᠭ᠎ᠠ ᠳᠤ ᠂  ᠥᠪᠥᠷ ᠮᠣᠩᠭᠣᠯ ᠤᠨ ᠪᠠᠶᠢᠴᠠᠭᠠᠬᠤ ᠪᠠᠶᠢᠭᠤᠯᠭ᠎ᠠ  ᠶᠢᠨ ᠲᠤᠰᠬᠠᠶ ᠬᠡᠷᠡᠭᠯᠡᠬᠦ ᠮᠣᠩᠭᠣᠯ ᠬᠡᠯᠡᠨ ᠦ ᠲᠤᠭᠠᠴᠢᠯᠠᠭᠰᠠᠨ ᠲᠠᠪᠴᠠᠩ ᠤᠨ ᠪᠠᠶᠢᠭᠤᠯᠤᠯᠲᠠ  ᠶᠢᠨ ᠲᠥᠷᠥᠯ ᠵᠦᠶᠯ ᠨᠢ 2013 -2018 ᠣᠨ ᠤ ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠮᠣᠩᠭᠣᠯ ᠦᠭᠡ ᠬᠡᠯᠡ ᠥᠰᠥᠭ ᠪᠢᠴᠢᠭ ᠦᠨ ᠮᠡᠳᠡᠭᠡ  ᠵᠠᠩᠭᠢᠴᠢᠯᠡᠯᠲᠡ  ᠶᠢᠨ ᠲᠤᠰᠬᠠᠶ ᠵᠦᠶᠯ ᠢᠶᠡᠷ ᠲᠡᠳᠬᠦᠨ ᠳᠡᠮᠵᠢᠬᠦ ᠲᠥᠷᠥᠯ ᠵᠦᠶᠯ ᠦᠨ ᠴᠣᠷ ᠤᠨ ᠭᠠᠭᠴᠠ ᠠᠯᠲᠠᠨ ᠱᠠᠩᠨᠠᠯ ᠢᠶᠠᠷ ᠦᠨᠡᠯᠡᠭᠳᠡᠪᠡ ᠃

W020210420585643939905.jpg     2014 ᠣᠨ ᠠᠴᠠ ᠨᠠᠰᠢ ᠂ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠦ ᠬᠡᠷᠡᠭ ᠡᠷᠬᠢᠯᠡᠬᠦ ᠵᠦᠪᠯᠡᠯ  ᠂ ᠬᠣᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠳᠡᠭᠡᠳᠦ ᠬᠡᠮᠵᠢᠶᠡᠨ ᠦ ᠴᠢᠬᠤᠯᠠᠴᠢᠯᠠᠯ ᠪᠠ ᠬᠦᠴᠦᠲᠡᠶ ᠳᠡᠮᠵᠢᠯᠭᠡ ᠳᠣᠣᠷ᠎ᠠ ᠂ ᠥᠪᠡᠷᠲᠡᠭᠡᠨ ᠵᠠᠰᠠᠬᠤ ᠣᠷᠣᠨ ᠤ ᠪᠠᠶᠢᠴᠠᠭᠠᠬᠤ ᠬᠣᠷᠢᠶ᠎ᠠ ᠶᠢᠨ ᠣᠷᠴᠢᠭᠤᠯᠭ᠎ᠠ ᠶᠢᠨ ᠭᠠᠵᠠᠷ ᠲᠣᠮᠣ ᠳ᠋ᠠᠶᠢᠲ᠋ᠠ ᠂ ᠵᠣᠬᠢᠶᠠᠮᠠᠯ ᠣᠶᠤᠨᠯᠢᠭ ᠢᠶᠠᠷ ᠬᠥᠭᠵᠢᠯᠲᠡ ᠶᠢᠨ ᠴᠢᠭᠯᠡᠯ ᠢᠶᠡᠨ ᠪᠣᠯᠭᠠᠵᠤ ᠂ ᠳᠣᠲᠣᠭᠠᠳᠤ ᠭᠠᠳᠠᠭᠠᠳᠤ ᠰᠦᠯᠵᠢᠶ᠎ᠡ ᠶᠢᠨ ᠮᠣᠩᠭᠣᠯ ᠬᠡᠯᠡᠨ ᠦ ᠰᠦᠯᠵᠢᠶ᠎ᠡ ᠶᠢᠨ ᠮᠡᠳᠡᠭᠡ ᠵᠠᠩᠭᠢ ᠶᠢᠨ ᠲᠠᠪᠴᠠᠩ ᠤᠨ ᠪᠥᠲᠥᠭᠡᠨ ᠪᠠᠶᠢᠭᠤᠯᠤᠯᠲᠠ ᠶᠢ ᠢᠳᠡᠪᠬᠢᠲᠡᠶ ᠠᠬᠢᠭᠤᠯᠵᠤ ᠂ ︽ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠮᠣᠩᠭᠣᠯ ᠦᠭᠡ ᠬᠡᠯᠡ ᠥᠰᠥᠭ ᠪᠢᠴᠢᠭ ᠦᠨ ᠮᠡᠳᠡᠭᠡ  ᠵᠠᠩᠭᠢᠴᠢᠯᠡᠯᠲᠡ  ᠶᠢᠨ ᠪᠥᠲᠥᠭᠡᠨ ᠪᠠᠶᠢᠭᠤᠯᠤᠯᠲᠠ ᠶᠢᠨ ᠳᠤᠮᠳᠠ ᠣᠷᠳᠣ ᠬᠤᠭᠤᠴᠠᠭᠠᠨ ᠤ ᠲᠥᠯᠥᠪᠵᠢᠭᠦᠯᠭᠡ ︵2014 -2020 ︶︾  ᠶᠢᠨ  ᠵᠣᠷᠢᠭ ᠰᠠᠨᠠᠭ᠎ᠠ ᠶᠢ ᠦᠨᠳᠦᠰᠦᠯᠡᠨ ᠂ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠦ ᠬᠡᠷᠡᠭ ᠡᠷᠭᠢᠯᠡᠬᠦ ᠵᠥᠪᠯᠡᠯ ᠦᠨ ᠮᠣᠩᠭᠣᠯ ᠬᠡᠯᠡᠨ ᠦ ᠮᠡᠳᠡᠭᠡ  ᠵᠠᠩᠭᠢᠴᠢᠯᠡᠯᠲᠡ  ᠶᠢᠨ ᠲᠤᠰᠬᠠᠶ ᠵᠦᠶᠯ ᠢᠶᠡᠷ ᠲᠡᠳᠬᠦᠬᠦ ᠲᠥᠷᠥᠯ ᠵᠦᠶᠯ ᠢ ᠤᠯᠬᠤ ᠪᠠᠷ ᠢᠳᠡᠪᠬᠢᠲᠡᠶ ᠴᠢᠷᠮᠠᠶᠢᠪᠠ ᠃ ᠲᠣᠰ ᠲᠥᠷᠥᠯ ᠵᠦᠶᠯ ᠢ ᠬᠡᠰᠢᠭ ᠡᠴᠡ ᠪᠣᠳᠠᠲᠠᠶ ᠬᠠᠷᠢᠭᠤᠴᠠᠵᠤ ᠂ ᠲᠥᠷᠥᠯ ᠵᠦᠶᠯ ᠦᠨ ᠪᠥᠲᠥᠭᠡᠨ ᠪᠠᠶᠢᠭᠤᠯᠤᠯᠲᠠ ᠶᠢᠨ ᠤᠷᠤᠭᠰᠢᠲᠠᠶ ᠪᠡᠶᠡᠯᠡᠭᠳᠡᠬᠦ ᠶᠢ ᠪᠠᠲᠤᠯᠠᠬᠤ ᠶᠢᠨ ᠲᠥᠯᠥᠭᠡ ᠂ ᠪᠥᠬᠥ ᠣᠷᠣᠨ ᠤ 30 ᠭᠠᠷᠤᠶ ᠬᠣᠸᠰ ᠬᠡᠯᠡᠨ ᠦ ᠬᠥᠮᠦᠰ ᠢᠶᠡᠷ ᠪᠦᠷᠢᠯᠳᠦᠭᠰᠡᠨ ᠮᠣᠩᠭᠣᠯ ᠬᠡᠯᠡᠨ ᠦ ᠲᠤᠭᠠᠴᠢᠯᠠᠭᠰᠠᠨ ᠲᠠᠪᠴᠠᠩ ᠢ ᠲᠥᠰᠦᠪᠯᠡᠬᠦ ᠬᠡᠷᠡᠭᠴᠡᠭᠡ ᠂ ᠮᠣᠩᠭᠣᠯ ᠬᠡᠯᠡᠨ ᠦ ᠬᠠᠸᠯᠢ ᠴᠠᠭᠠᠵᠠ ᠬᠠᠸᠯᠢ ᠲᠣᠭᠲᠠᠭᠠᠯ ᠤᠨ ᠬᠠᠸᠯᠢ ᠪᠠᠷᠢᠬᠤ ᠲᠠᠶᠢᠯᠪᠤᠷᠢᠯᠠᠯᠲᠠ ᠵᠡᠷᠭᠡ ᠬᠠᠮᠢᠶ᠎ᠠ ᠪᠥᠬᠥᠶ ᠠᠭᠤᠯᠭ᠎ᠠ ᠶᠢᠨ ᠣᠷᠴᠢᠭᠤᠯᠭ᠎ᠠ ᠵᠢᠴᠢ ᠡᠯ᠎ᠡ ᠬᠡᠪᠯᠡᠯ ᠦᠨ ᠬᠡᠰᠡᠭ ᠢ ᠨᠠᠶᠢᠷᠠᠭᠤᠯᠤᠨ ᠣᠷᠴᠢᠭᠤᠯᠵᠤ ᠨᠡᠶᠢᠲᠡᠯᠡᠵᠦ ᠬᠡᠷᠡᠭᠯᠡᠬᠦ ᠰᠣᠷᠢᠯᠲᠠ ᠶᠢᠨ ᠪᠦᠯᠬᠦᠮ ᠢ ᠪᠠᠶᠢᠭᠤᠯᠪᠠ ᠃ 2014 ᠣᠨ ᠤ 6 ᠰᠠᠷ᠎ᠠ ᠠᠴᠠ 2015 ᠣᠨ ᠪᠣᠯᠲᠠᠯ᠎ᠠ ᠂ ᠬᠡᠰᠢᠭ ᠪᠦᠯᠬᠦᠮ ᠢᠶᠡᠨ ᠳᠠᠭᠠᠭᠤᠯᠤᠨ ᠲᠥᠷᠥᠯ ᠵᠦᠢᠯ ᠭᠤᠶᠤᠴᠢᠯᠠᠨ ᠮᠡᠳᠡᠭᠦᠯᠬᠦ ᠂ ᠬᠢᠨᠠᠨ ᠲᠣᠭᠲᠠᠭᠠᠬᠤ ᠲᠥᠷᠥᠯ ᠵᠦᠢᠯ ᠲᠣᠭᠲᠠᠭᠠᠬᠤ ᠂ ᠳᠠᠭᠠᠭᠠᠴᠢᠯᠠᠯᠲᠠ ᠵᠠᠷᠯᠠᠵᠤ ᠳᠠᠭᠠᠭᠠᠴᠢᠯᠠᠯᠲᠠ ᠬᠦᠯᠢᠶᠡᠬᠦ ᠵᠡᠷᠭᠡ ᠳᠡᠰ ᠳᠠᠷᠠᠭᠠᠯᠠᠯ ᠢᠶᠠᠷ ᠳᠡᠮᠵᠢᠵᠦ ᠂ ᠰᠤᠳᠤᠯᠤᠨ ᠨᠡᠭᠡᠭᠡᠬᠦ ᠺᠣᠮᠫᠠᠨᠢ ᠲᠠᠶ ᠬᠠᠮᠲᠤ ᠪᠠᠷ ︽ᠥᠪᠥᠷ ᠮᠣᠩᠭᠣᠯ ᠤᠨ ᠪᠠᠶᠢᠴᠠᠭᠠᠬᠤ ᠪᠠᠶᠢᠭᠤᠯᠭ᠎ᠠ ᠶᠢᠨ ᠲᠤᠰᠬᠠᠶ ᠬᠡᠷᠡᠭᠯᠡᠬᠦ ᠮᠣᠩᠭᠣᠯ ᠬᠡᠯᠡᠨ ᠦ ᠲᠤᠭᠠᠴᠢᠯᠠᠭᠰᠠᠨ ᠲᠠᠪᠴᠠᠩ ᠤᠨ ᠪᠦᠲᠦᠭᠡᠨ ᠪᠠᠶᠢᠭᠤᠯᠤᠯᠲᠠ ︾ ᠶᠢᠨ ᠨᠢᠭᠡᠲᠦᠭᠡᠷ ᠬᠤᠭᠤᠴᠠᠭᠠᠨ ᠤ ᠳᠣᠲᠣᠭᠠᠳᠤ ᠭᠠᠳᠠᠭᠠᠳᠤ ᠰᠦᠯᠵᠢᠶᠡᠨ ᠦ ᠥᠪᠥᠷ ᠮᠣᠩᠭᠣᠯ ᠤᠨ ᠪᠠᠶᠢᠴᠠᠭᠠᠬᠤ ᠪᠠᠶᠢᠭᠤᠯᠭ᠎ᠠ ᠶᠢᠨ ᠲᠤᠰᠬᠠᠶ ᠬᠡᠷᠡᠭᠯᠡᠬᠦ ᠮᠣᠩᠭᠣᠯ ᠬᠡᠯᠡᠨ ᠦ ᠲᠤᠭᠠᠴᠢᠯᠠᠭᠰᠠᠨ ᠲᠠᠪᠴᠠᠩ ᠂ ᠮᠣᠩᠭᠣᠯ ᠬᠡᠯᠡᠨ ᠦ ᠬᠠᠸᠯᠢ ᠴᠠᠭᠠᠵᠠ ᠬᠠᠸᠯᠢ ᠲᠣᠭᠲᠠᠭᠠᠯ ᠤᠨ ᠳ᠋ᠠᠶᠢᠲ᠋ᠠ ᠬᠥᠮᠥᠷᠭᠡ ᠂ ᠮᠣᠩᠭᠣᠯ ᠬᠡᠯᠡᠨ ᠦ ᠬᠠᠸᠯᠢ ᠴᠠᠭᠠᠵᠠ ᠶᠢᠨ ᠲᠠᠶᠢᠯᠪᠤᠷᠢᠯᠠᠯᠲᠠ ᠶᠢᠨ ᠳ᠋ᠠᠶᠢᠲ᠋ᠠ ᠬᠥᠮᠥᠷᠭᠡ ᠂ ᠮᠣᠩᠭᠣᠯ ᠬᠡᠯᠡᠨ ᠦ ᠬᠡᠷᠡᠭ ᠰᠢᠶᠳᠪᠦᠷᠢᠯᠡᠬᠦ ᠰᠢᠰᠲ᠋ᠧᠮ ᠦᠨ ᠳ᠋ᠠᠶᠢᠲ᠋ᠠ ᠬᠥᠮᠥᠷᠭᠡ ᠂ ᠬᠢᠲᠠᠳ ᠮᠣᠩᠭᠣᠯ  ᠬᠠᠸᠯᠢ ᠴᠠᠭᠠᠵᠠ ᠶᠢᠨ ᠨᠡᠷ᠎ᠡ ᠲᠣᠮᠢᠶ᠎ᠠ ᠶᠢᠨ ᠳ᠋ᠠᠶᠢᠲ᠋ᠠ ᠬᠥᠮᠥᠷᠭᠡ ᠂ ᠰᠢᠨ᠎ᠡ ᠬᠠᠭᠤᠴᠢᠨ ᠮᠣᠩᠭᠣᠯ ᠬᠡᠯᠡᠨ ᠦ ᠬᠦᠷᠪᠡᠭᠦᠯᠭᠡ  ᠶᠢᠨ ᠰᠢᠰᠲ᠋ᠧᠮ ᠂ ᠪᠠᠶᠢᠭᠤᠯᠭ᠎ᠠ ᠶᠢᠨ ᠡᠬᠡ ᠪᠢᠴᠢᠭ ᠦᠨ ᠬᠠᠮᠢᠶᠠᠷᠤᠯᠲᠠ ᠶᠢᠨ ᠰᠢᠰᠲ᠋ᠧᠮ ᠂ ᠮᠣᠩᠭᠣᠯ ᠬᠡᠯᠡᠨ ᠦ ᠰᠠᠭᠤᠷᠢ ᠵᠥᠭᠡᠯᠡᠨ ᠲᠣᠨᠣᠭ ᠵᠡᠷᠭᠡ ᠲᠥᠷᠥᠯ ᠵᠦᠶᠯ ᠦᠨ ᠰᠤᠳᠤᠯᠤᠨ ᠨᠡᠭᠡᠭᠡᠬᠦ ᠡᠭᠦᠷᠭᠡ ᠶᠢ ᠪᠠᠶᠡᠯᠡᠬᠦᠯᠬᠦ  ᠶᠢᠨ ᠬᠠᠮᠲᠤ ᠠᠰᠢᠭᠯᠠᠯᠲᠠ ᠳᠤ ᠤᠷᠤᠭᠤᠯᠪᠠ ᠃ 2018 ᠣᠨ ᠠᠴᠠ2019 ᠣᠨ ᠪᠣᠯᠲᠠᠯ᠎ᠠ᠂ ᠬᠡᠰᠢᠭ  ᠪᠦᠯᠬᠦᠮ ᠪᠣᠯᠤᠨ ᠰᠤᠳᠤᠯᠤᠨ ᠨᠡᠭᠡᠭᠡᠬᠦ ᠺᠣᠮᠫᠠᠨᠢ ᠪᠠᠨ ᠳᠠᠭᠠᠭᠤᠯᠤᠨ ᠬᠣᠶᠠᠳᠤᠭᠠᠷ ᠬᠤᠭᠤᠴᠠᠭᠠᠨ ᠤ ᠭᠠᠳᠠᠭᠠᠳᠤ ᠰᠦᠯᠵᠢᠢ᠎ᠡ ᠶᠢᠨ ᠠᠷᠠᠳ ᠤᠨ ᠪᠠᠶᠢᠴᠠᠭᠠᠬᠤ ᠬᠣᠷᠢᠶᠠᠨ ᠤ ᠮᠣᠩᠭᠣᠯ ᠬᠡᠯᠡᠨ ᠦ ᠬᠡᠷᠡᠭ ᠦᠨ ᠮᠡᠳᠡᠭᠡ ᠵᠠᠩᠭᠢ ᠶᠢ ᠢᠯᠡ ᠪᠣᠯᠭᠠᠬᠤ ᠰᠦᠯᠵᠢᠢ᠎ᠡ ᠵᠢᠴᠢ ᠮᠣᠩᠭᠣᠯ ᠬᠡᠯᠡᠨ ᠦ ᠬᠡᠷᠡᠭ ᠦᠨ ᠮᠡᠳᠡᠭᠡ ᠵᠠᠩᠭᠢ ᠶᠢ ᠢᠯᠡ ᠪᠣᠯᠭᠠᠬᠤ ᠰᠦᠯᠵᠢᠢ᠎ᠡ ᠳᠦ ᠬᠠᠨᠳᠤᠭᠤᠯᠤᠭᠰᠠᠨ ᠮᠡᠳᠡᠭᠡ ᠵᠠᠩᠭᠢ ᠶᠢᠨ ᠮᠠᠰᠢᠨ ᠣᠷᠴᠢᠭᠤᠯᠭ᠎ᠠ ᠶᠢᠨ ᠪᠠᠭᠠᠵᠢ᠂ ᠪᠠᠶᠢᠴᠠᠭᠠᠬᠤ ᠶᠠᠪᠤᠳᠠᠯ ᠤᠨ ᠮᠣᠩᠭᠣᠯ ᠬᠡᠯᠡᠨ ᠦ ᠲᠦᠷᠭᠡᠨ ᠲᠡᠮᠳᠡᠭᠯᠡᠯ ᠦᠨ ᠠᠷᠭ᠎ᠠ ᠂ ᠭᠠᠷ ᠤᠲᠠᠰᠤᠨ ᠤ ᠬᠠᠢᠭᠤᠷ ᠤᠨ ᠥᠪᠡᠷᠲᠡᠭᠡᠨ ᠵᠣᠬᠢᠴᠠᠬᠤ ᠵᠡᠷᠭᠡ ᠲᠦᠷᠦᠯ ᠵᠦᠢᠯ ᠦᠨ ᠰᠤᠳᠤᠯᠤᠨ ᠨᠡᠭᠡᠭᠡᠬᠦ ᠡᠭᠦᠷᠭᠡ ᠶᠢ ᠤᠷᠤᠭᠰᠢᠲᠠᠢ ᠪᠡᠶᠡᠯᠡᠭᠦᠯᠦᠭᠰᠡᠨ ᠪᠥᠭᠡᠳ ᠠᠰᠢᠭᠯᠠᠯᠲᠠ ᠳᠤ ᠣᠷᠣᠭᠤᠯᠪᠠ᠃

ᠲᠦᠷᠦᠯ ᠵᠦᠢᠯ ᠢ ᠰᠤᠳᠤᠯᠤᠨ ᠨᠡᠭᠡᠭᠡᠬᠦ ᠪᠠ ᠬᠡᠷᠡᠭᠯᠡᠬᠦ ᠶᠢ ᠠᠬᠢᠭᠤᠯᠬᠤ ᠶᠠᠪᠤᠴᠠ ᠳᠤ᠂ ᠬᠡᠰᠢᠭ ᠪᠦᠯᠬᠦᠮ ᠢᠶᠡᠨ ᠳᠠᠭᠠᠭᠤᠯᠤᠨ ᠰᠠᠨᠠᠭᠠᠴᠢᠯᠠᠭ᠎ᠠ ᠠᠴᠠ ᠪᠠᠨ ᠰᠡᠳᠬᠢᠵᠦ᠂ ᠨᠠᠷᠢᠨ ᠬᠢᠨᠠᠮᠠᠭᠠᠢ ᠲᠥᠯᠥᠪᠵᠢᠭᠦᠯᠵᠦ᠂ ᠢᠳᠡᠪᠬᠢᠲᠡᠢ ᠪᠡᠷ ᠨᠡᠪᠲᠡᠷᠡᠯᠴᠡᠵᠦ᠂ ᠪᠣᠭᠣᠮᠲᠠ ᠶᠢ ᠴᠢᠩᠭ᠎ᠠ ᠠᠳᠬᠤᠵᠤ᠂ ᠬᠠᠷᠢᠯᠴᠠᠨ ᠬᠠᠮᠵᠢᠯᠴᠠᠵᠤ᠂ ᠠᠵᠢᠯ ᠦᠢᠯᠡᠰ ᠢᠶᠡᠨ ᠳᠡᠭᠡᠳᠦᠯᠡᠵᠦ᠂ ᠲᠦᠷᠦᠯ ᠵᠦᠢᠯ ᠦᠨ ᠪᠦᠳᠦᠭᠡᠨ ᠪᠠᠶᠢᠭᠤᠯᠤᠯᠲᠠ ᠶᠢᠨ ᠤᠷᠤᠭᠰᠢᠲᠠᠢ ᠪᠡᠶᠡᠯᠡᠭᠳᠡᠬᠦ ᠳᠦ ᠢᠳᠡᠪᠬᠢᠲᠡᠢ ᠦᠢᠯᠡᠳᠦᠯ ᠦᠵᠡᠭᠦᠯᠵᠡᠢ᠃ ᠪᠣᠳᠠᠲᠠᠶ ᠠᠵᠢᠯ ᠤᠨ ᠳᠤᠮᠳᠠ᠂  ᠬᠡᠰᠢᠭ ᠬᠤᠪᠢ ᠬᠥᠮᠦᠨ 198 ᠬᠤᠪᠢ ᠬᠠᠤᠯᠢ ᠴᠠᠭᠠᠵᠠ ᠶᠢᠨ ᠪᠢᠴᠢᠭ ᠬᠠᠷ᠎ᠠ ᠪᠠᠷᠤᠭ 15 ᠲᠦᠮᠡᠨ ᠦᠰᠦᠭ ᠣᠷᠴᠢᠭᠤᠯᠵᠤ᠂ 1534 ᠬᠤᠪᠢ ᠬᠠᠤᠯᠢ ᠴᠠᠭᠠᠵᠠ ᠶᠢᠨ ᠪᠢᠴᠢᠭ ᠬᠠᠷ᠎ᠠ  110 ᠭᠠᠷᠤᠶ ᠲᠦᠮᠡᠨ ᠦᠰᠦᠭ ᠬᠢᠨᠠᠨ ᠲᠣᠭᠲᠠᠭᠠᠪᠠ︔ 230 ᠭᠠᠷᠤᠶ ᠬᠠᠤᠯᠢ ᠴᠠᠭᠠᠵᠠ ᠶᠢ 300 ᠭᠠᠷᠤᠶ ᠲᠦᠮᠡᠨ ᠦᠰᠦᠭ ᠢ  ᠵᠣᠬᠢᠶᠠᠨ ᠪᠠᠶᠢᠭᠤᠯᠤᠨ ᠣᠷᠴᠢᠭᠤᠯᠵᠤ᠂ ᠬᠤᠪᠢ ᠬᠥᠮᠦᠨ 30 ᠭᠠᠷᠤᠶ ᠬᠠᠤᠯᠢ ᠴᠠᠭᠠᠵᠠ  40 ᠭᠠᠷᠤᠶ ᠲᠦᠮᠡᠨ ᠦᠰᠦᠭ ᠣᠷᠴᠢᠭᠤᠯᠵᠤ᠂ 150 ᠭᠠᠷᠤᠶ ᠬᠠᠤᠯᠢ ᠶᠢ ᠬᠢᠨᠠᠨ ᠬᠠᠷᠭᠤᠭᠤᠯᠪᠠ︔ ᠬᠤᠪᠢ ᠬᠥᠮᠦᠨ 30 ᠭᠠᠷᠤᠢ ᠬᠠᠤᠯᠢ ᠴᠠᠭᠠᠵᠠ ᠶᠢᠨ ᠲᠠᠶᠢᠯᠪᠤᠷᠢ 10 ᠭᠠᠷᠤᠢ ᠲᠦᠮᠡᠨ ᠦᠰᠦᠭ  ᠣᠷᠴᠢᠭᠤᠯᠪᠠ︔ ︽ ᠬᠠᠸᠯᠢ ᠴᠠᠭᠠᠵᠠ ᠶᠢᠨ ᠨᠡᠷ᠎ᠡ ᠲᠣᠮᠢᠶ᠎ᠠ︾ ᠶᠢᠨ ᠳ᠋ᠠᠶᠢᠲ᠋ᠠ ᠬᠥᠮᠥᠷᠭᠡ ᠪᠠᠶᠢᠭᠤᠯᠵᠦ ᠂ 7 ᠲᠦᠮᠡ ᠭᠠᠷᠤᠶ ᠬᠢᠲᠠᠳ ᠮᠣᠩᠭᠣᠯ ᠤᠨ ᠬᠠᠷᠢᠴᠠᠭᠤᠯᠤᠭᠰᠠᠨ ᠬᠠᠸᠯᠢ ᠴᠠᠭᠠᠵᠠ ᠶᠢᠨ ᠨᠡᠷ᠎ᠡ ᠲᠣᠮᠢᠶ᠎ᠠ ᠶᠢ ᠣᠷᠣᠭᠤᠯᠪᠠ ︔ 2018 ᠣᠨ ᠳᠤ  ᠬᠡᠷᠡᠭ ᠦᠨ ᠮᠡᠳᠡᠭᠡ ᠵᠠᠩᠭᠢ ᠶᠢ ᠢᠯᠡ ᠪᠣᠯᠭᠠᠬᠤ ᠰᠦᠯᠵᠢᠶ᠎ᠡ  ᠶᠢ ᠰᠢᠨ᠎ᠡ ᠪᠡᠷ ᠨᠡᠮᠡᠨ ᠪᠠᠶᠢᠭᠤᠯᠵᠤ ᠂ 300 ᠭᠠᠷᠤᠶ ᠬᠤᠪᠢ ᠬᠠᠸᠯᠢ ᠴᠠᠭᠠᠵᠠ ᠶᠢᠨ ᠪᠢᠴᠢᠭ ᠬᠠᠷ᠎ᠠ ᠶᠢ ᠵᠣᠬᠢᠶᠠᠨ ᠪᠠᠶᠢᠭᠤᠯᠤᠨ ᠣᠷᠴᠢᠭᠤᠯᠵᠤ ᠢᠯᠡ ᠪᠣᠯᠭᠠᠪᠠ ︔ᠲᠣᠭᠠᠴᠢᠯᠠᠭᠰᠠᠨ ᠲᠠᠪᠴᠠᠩ ᠢ ᠠᠰᠢᠭᠯᠠᠨ ᠬᠠᠸᠯᠢ ᠪᠠᠷ ᠵᠠᠰᠠᠬᠤ ᠤᠬᠠᠭᠤᠯᠭ᠎ᠠ ᠶᠢ ᠴᠢᠩᠭᠠᠳᠬᠠᠵᠤ ᠂ ᠰᠤᠷᠭᠠᠨ ᠬᠥᠮᠦᠵᠢᠯ ᠦᠨ ᠭᠠᠵᠠᠷ ᠂ ᠪᠠᠶᠢᠴᠠᠭᠠᠬᠤ ᠲᠤᠰᠢᠶᠠᠯᠲᠠᠨ ᠤ ᠳᠡᠭᠡᠳᠦ ᠰᠤᠷᠭᠠᠭᠤᠯᠢ ᠂ ᠮᠡᠲᠡᠭᠡ ᠵᠠᠩᠭᠢᠴᠢᠯᠠᠯᠲᠡ  ᠶᠢᠨ ᠪᠠᠶᠢᠭᠤᠯᠤᠯᠲᠡ  ᠶᠢᠨ ᠭᠠᠵᠠᠷ ᠲᠠᠶ ᠬᠠᠮᠵᠢᠯᠴᠠᠨ  ︽ᠬᠠᠸᠯᠢ ᠲᠦᠭᠡᠮᠡᠯᠵᠢᠭᠦᠯᠬᠦ ᠤᠬᠠᠭᠤᠯᠭ᠎ᠠ ᠬᠥᠮᠦᠵᠢᠯ ᠦᠨ ᠴᠤᠪᠤᠷᠠᠯ ᠪᠢᠴᠢᠭ ︵ ᠮᠣᠩᠭᠣᠯ ᠬᠡᠯᠡ ︶︾ ︵36 ᠳᠡᠪᠲᠡᠷ ︶᠂ 380 ᠲᠦᠮᠡᠨ ᠥᠰᠥᠭ ᠢ ᠰᠦᠯᠵᠢᠶᠡᠨ ᠳᠦ ᠭᠠᠷᠭᠠᠵᠦ ᠂ ᠪᠥᠬᠥ ᠣᠷᠣᠨ ᠴᠢᠨᠠᠭᠰᠢᠯᠠᠪᠠᠯ ᠨᠠᠶᠮᠠᠨ ᠮᠤᠵᠢ ᠣᠷᠣᠨ ᠤ ᠮᠠᠯᠴᠢᠨ ᠲᠠᠷᠢᠶᠠᠴᠢᠨ ᠳᠤ ᠬᠠᠸᠯᠢ ᠰᠤᠷᠬᠤ ᠂ ᠬᠠᠸᠯᠢ ᠬᠡᠷᠡᠭᠯᠡᠬᠦ ᠰᠢᠯᠢᠳᠡᠭ ᠦᠶᠯᠡᠴᠢᠯᠡᠭᠡ ᠬᠠᠩᠭᠠᠭᠰᠠᠨ ᠪᠠᠶᠢᠨ᠎ᠠ ᠃ 2018 ᠣᠨ ᠳᠤ ᠥᠪᠡᠷᠲᠡᠭᠡᠨ ᠵᠠᠰᠠᠬᠤ ᠣᠷᠣᠨ ᠤ ᠪᠠᠶᠢᠴᠠᠭᠠᠬᠤ ᠬᠣᠷᠢᠶ᠎ᠠ ᠶᠢᠨ ᠮᠣᠩᠭᠣᠯ ᠬᠡᠯᠡᠨ ᠦ ᠲᠣᠭᠠᠴᠢᠯᠠᠭᠰᠠᠨ ᠲᠠᠪᠴᠠᠩ ᠨᠢ ᠥᠪᠡᠷᠲᠡᠭᠡᠨ ᠵᠠᠰᠠᠬᠤ ᠣᠷᠣᠨ ᠤ ᠮᠣᠩᠭᠣᠯ ᠦᠭᠡ ᠬᠡᠯᠡ ᠥᠰᠥᠭ ᠪᠢᠴᠢᠭ ᠦᠨ ᠮᠡᠳᠡᠭᠡ ᠵᠠᠩᠭᠢᠴᠢᠯᠡᠯᠲᠡ  ᠶᠢᠨ ᠲᠥᠷᠥᠯ ᠵᠦᠶᠯ ᠦᠨ ᠦᠷ᠎ᠡ ᠪᠦᠲᠦᠭᠡᠯ ᠢ ᠳᠡᠯᠭᠡᠷᠡᠭᠦᠯᠬᠦ ᠲᠥᠷᠥᠯ ᠵᠦᠶᠯ ᠳᠦ ᠰᠣᠩᠭᠣᠭᠳᠠᠨ ᠣᠷᠣᠪᠠ ᠃

ᠡᠭᠦᠨ ᠦ ᠬᠠᠮᠲᠤ ᠂ 《 ᠦᠵᠡᠯ ᠰᠠᠨᠠᠭ᠎ᠠ ᠲᠠᠨᠢᠯᠲᠠ ᠪᠠᠨ ᠭᠦᠨᠵᠡᠭᠡᠶᠢᠷᠡᠭᠦᠯᠵᠦ ᠂ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ ᠂ ᠰᠡᠳᠬᠢᠯ ᠰᠢᠭᠤᠳᠤᠨ ᠭᠦᠨᠵᠡᠭᠡᠶᠢᠷᠡᠨ ᠪᠣᠳᠠᠲᠠᠶᠢᠵᠢᠬᠤ ᠶᠢ ᠦᠨᠡᠨ ᠬᠦ ᠪᠠᠲᠤᠯᠠᠬᠤ ᠬᠡᠷᠡᠭᠲᠡᠶ ᠵᠥᠪ ᠤᠳᠤᠷᠢᠳᠤᠮᠵᠢ ᠶᠢ ᠪᠠᠷᠢᠮᠲᠠᠯᠠᠵᠤ ᠂ ᠡᠯ᠎ᠡ ᠵᠦᠶᠯ ᠦᠨ ᠠᠷᠭ᠎ᠠ ᠬᠡᠮᠵᠢᠶ᠎ᠡ ᠶᠢ ᠪᠣᠳᠠᠲᠠᠶ ᠠᠳᠬᠤᠵᠤ ᠂ ᠬᠦᠴᠦᠲᠡᠶ ᠪᠥᠭᠡᠳ ᠡᠮᠬᠢ ᠵᠢᠷᠤᠮ ᠲᠠᠶ ᠠᠬᠢᠭᠤᠯᠬᠤ ᠶᠢ ᠦᠨᠡᠨᠬᠦ ᠪᠠᠲᠤᠯᠠᠬᠤ ᠬᠡᠷᠡᠭᠲᠡᠶ ᠵᠣᠬᠢᠶᠠᠨ ᠪᠠᠶᠢᠭᠤᠯᠵᠤ ᠤᠳᠤᠷᠢᠳᠬᠤ ᠪᠠᠨ ᠴᠢᠩᠭᠠᠳᠬᠠᠵᠤ ᠂ ᠨᠢᠭᠡᠳᠦᠯᠲᠡᠢ ᠲᠥᠯᠥᠪᠵᠢᠭᠦᠯᠬᠦ ᠠᠵᠢᠯ ᠢ ᠰᠠᠶᠢᠲᠤᠷ ᠬᠢᠵᠦ ᠂ ᠠᠵᠢᠯ ᠤᠨ ᠪᠣᠳᠠᠲᠤ ᠦᠷ᠎ᠡ ᠪᠦᠲᠦᠮᠵᠢ ᠤᠯᠬᠤ ᠶᠢ ᠪᠠᠲᠤᠯᠠᠬᠤ 》 ᠭᠤᠷᠪᠠᠨ ᠲᠠᠯ᠎ᠠ ᠠᠴᠠ ᠪᠣᠳᠠᠲᠠᠢ ᠱᠠᠭᠠᠷᠳᠠᠯᠭ᠎ᠠ ᠳᠤᠷᠠᠳᠪᠠ᠃ ᠵᠣᠣ ᠶᠢᠨ ᠡᠷᠬᠢᠯᠡᠭᠴᠢ ᠴᠢᠬᠤᠯᠠᠴᠢᠯᠠᠭᠰᠠᠨ ᠨᠢ ᠂ ᠡᠯ᠎ᠡ ᠭᠠᠵᠠᠷ ᠤᠨ ᠬᠢᠨ ᠥᠪᠡᠷᠲᠡᠭᠡᠨ ᠵᠠᠰᠠᠬᠤ ᠣᠷᠣᠨ ᠤ ᠬᠣᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠠᠵᠢᠯ ᠤᠨ ᠲᠣᠬᠢᠷᠠᠭᠤᠯᠤᠯᠲᠠ ᠶᠣᠰᠣᠭᠠᠷ ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠨᠠᠷᠢᠨ ᠬᠢᠨᠠᠮᠠᠭᠠᠶ ᠰᠠᠶᠢᠲᠤᠷ ᠠᠳᠬᠤᠵᠤ ᠂ ᠬᠣᠶᠠᠷ ᠲᠠᠯ᠎ᠠ ᠪᠠᠷ ᠢᠶᠠᠨ ᠠᠰᠢᠭ ᠭᠥᠷᠳᠡᠵᠦ ᠬᠠᠮᠲᠤ ᠪᠠᠷ ᠠᠰᠢᠭ ᠭᠥᠷᠳᠡᠬᠦ ᠣᠶᠢᠯᠠᠭᠠᠭᠳᠠᠬᠤᠨ ᠢ ᠪᠣᠶ ᠪᠣᠯᠭᠠᠵᠤ ᠂ ᠬᠠᠮᠲᠤ ᠶᠢᠨ ᠲᠠᠨᠢᠯᠲᠠ ᠶᠢ ᠥᠷᠭᠡᠨ ᠢᠶᠡᠷ ᠨᠢᠭᠲᠠᠷᠠᠭᠤᠯᠵᠤ ᠂ ᠳᠡᠮᠵᠢᠯᠭᠡ ᠤᠯᠬᠤ ᠪᠠᠷ ᠴᠢᠷᠮᠠᠶᠢᠵᠤ ᠂ ᠢᠵᠢᠯ ᠴᠢᠭᠯᠡᠯ ᠢᠶᠡᠷ ᠬᠦᠴᠦᠯᠡᠬᠦ ᠂ ᠢᠵᠢᠯ ᠳᠠᠪᠲᠠᠮᠵᠢᠲᠤ ᠬᠠᠮᠲᠤ ᠶᠢᠨ ᠬᠦᠴᠦᠨ ᠢ ᠪᠦᠷᠢᠯᠳᠦᠭᠦᠯᠵᠦ ᠂ ᠠᠵᠢᠯ ᠤᠨ ᠦᠷ᠎ᠡ ᠪᠦᠲᠦᠮᠵᠢ ᠶᠢ ᠪᠠᠲᠤᠯᠠᠬᠤ ᠬᠡᠷᠡᠭᠲᠡᠶ᠃


ᠢᠷᠡᠯᠲᠡ
ᠥᠪᠡᠷᠲᠡᠭᠡᠨ ᠵᠠᠰᠠᠬᠤ ᠣᠷᠤᠨ ᠤ ᠪᠠᠶᠢᠴᠠᠭᠠᠬᠤ ᠬᠣᠷᠢᠶ᠎ᠠ ᠶᠢᠨ ᠣᠷᠴᠢᠭᠤᠯᠭ᠎ᠠ ᠶᠢᠨ ᠭᠠᠵᠠᠷ
2014-2022 © ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠴᠠᠭᠠᠬᠤ ᠬᠣᠷᠢᠶ᠎ᠠ ᠥᠮᠴᠢᠯᠡᠯ ᠦᠨ ᠡᠷᠬᠡ ᠲᠠᠢ ᠵᠣᠬᠢᠶᠠᠯ ᠪᠦᠲᠦᠭᠡᠯ ᠦᠨ ᠡᠷᠬᠡ ᠶ᠋ᠢ ᠬᠠᠤᠯᠢ ᠪᠠᠷ ᠬᠠᠮᠠᠭᠠᠯᠠᠭᠰᠠᠨ ᠂ ᠵᠥᠪᠰᠢᠶᠡᠷᠡᠯ ᠦᠭᠡᠢ ᠪᠡᠷ ᠬᠠᠭᠤᠯᠪᠤᠷᠢᠯᠠᠬᠤ ᠶ᠋ᠢ ᠡᠷᠡᠰ ᠬᠣᠷᠢᠭᠯᠠᠨ᠎ᠠ ᠬᠠᠷᠢᠯᠴᠠᠬᠤ ᠤᠲᠠᠰᠤ ᠄ 0471-4628760 ᠢᠮᠧᠯ ᠄ eerhe@nm.pro