ᠵᠠᠭᠤᠨ ᠵᠢᠯ ᠦᠨ ᠨᠠᠮ ᠤᠨ ᠲᠡᠦᠬᠡ ᠶᠢ ᠰᠠᠶᠢᠲᠤᠷ ᠰᠤᠷᠤᠯᠴᠠᠵᠤ ᠪᠠᠶᠢᠴᠠᠭᠠᠬᠤ ᠠᠵᠢᠯ ᠤᠨ ᠦᠯᠢᠭᠡᠷ ᠢ ᠰᠠᠶᠢᠲᠤᠷ ᠶᠠᠷᠢᠮᠤᠢ
ᠤᠷᠮ᠎ᠠ ᠵᠣᠷᠢᠭ ᠬᠦᠭᠵᠢᠵᠦ ᠂ ᠵᠠᠯᠠᠭᠤ ᠨᠠᠰᠤ ᠴᠣᠭ ᠪᠠᠲᠠᠷᠠᠨᠠ ᠃ ᠨᠠᠮ ᠤᠨ ᠭᠡᠷᠡᠯ ᠰᠠᠴᠤᠷᠠᠩᠭᠤᠢ ᠲᠡᠦᠬᠡᠨ ᠶᠠᠪᠤᠴᠠ ᠶᠢ ᠡᠷᠭᠢᠴᠡᠭᠦᠯᠵᠦ ᠂ ᠨᠠᠮ ᠪᠠᠶᠢᠭᠤᠯᠤᠭᠳᠠᠭᠰᠠᠨ 100 ᠵᠢᠯ ᠦᠨ ᠤᠢ ᠪᠠ ᠠᠷᠠᠳ ᠤᠨ ᠪᠠᠶᠢᠴᠠᠭᠠᠬᠤ ᠲᠦᠷᠢᠮ ᠪᠠᠶᠢᠭᠤᠯᠤᠭᠳᠠᠭᠰᠠᠨ 90 ᠵᠢᠯ ᠦᠨ ᠤᠢ ᠶᠢᠨ ᠠᠭᠤᠤ ᠶᠡᠬᠡ ᠠᠮᠵᠢᠯᠲᠠ ᠪᠦᠲᠦᠮᠵᠢ ᠶᠢ ᠮᠠᠭᠲᠠᠨ ᠰᠠᠶᠢᠰᠢᠶᠠᠵᠤ ᠂ ᠥᠷᠭᠡᠨ ᠤᠯᠠᠨ ᠨᠠᠮ ᠤᠨ ᠭᠡᠰᠢᠭᠦᠨ ᠺᠠᠳ᠋ᠷ ᠴᠠᠭᠳᠠᠭ᠎ᠠ ᠶᠢᠨ ᠰᠢᠯᠢᠳᠡᠭ ᠰᠤᠷᠲᠠᠯ ᠢᠶᠠᠨ ᠤᠯᠠᠮ ᠴᠢᠨᠠᠭᠰᠢᠳᠠ ᠳᠠᠪᠲᠠᠨ ᠪᠣᠯᠪᠠᠰᠤᠷᠠᠭᠤᠯᠵᠤ ᠂ ᠬᠣᠰᠢᠭᠤᠴᠢ ᠵᠢᠱᠢᠶᠡᠴᠢ ᠦᠢᠯᠡᠳᠦᠯ ᠢᠶᠡᠨ ᠪᠠᠳᠠᠷᠠᠭᠤᠯᠵᠤ ᠂ ᠪᠠᠶᠢᠴᠠᠭᠠᠬᠤ ᠡᠭᠦᠷᠭᠡ ᠴᠢᠳᠠᠪᠬᠢ ᠪᠠᠨ ᠯᠠᠪᠳᠠᠭᠤᠨ ᠪᠠᠲᠤᠲᠠᠢ ᠭᠦᠢᠴᠡᠳᠬᠡᠵᠦ ᠂ ᠥᠪᠡᠷᠲᠡᠭᠡᠨ ᠵᠠᠰᠠᠬᠤ ᠣᠷᠣᠨ ᠤ ᠠᠵᠤ ᠠᠬᠤᠢ ᠨᠡᠶᠢᠭᠡᠮ ᠦᠨ ᠴᠢᠨᠠᠷ ᠰᠠᠶᠢᠲᠠᠢ ᠬᠥᠭᠵᠢᠯᠲᠡ ᠳᠦ ᠨᠡᠩ ᠰᠠᠶᠢᠲᠤᠷ ᠦᠢᠯᠡᠴᠢᠯᠡᠬᠦ ᠪᠠ ᠪᠠᠲᠤᠯᠠᠬᠤ ᠶᠢᠨ ᠲᠥᠯᠥᠭᠡ ᠂ ᠥᠪᠡᠷᠲᠡᠭᠡᠨ ᠵᠠᠰᠠᠬᠤ ᠣᠷᠣᠨ ᠤ ᠪᠠᠶᠢᠴᠠᠭᠠᠬᠤ ᠬᠣᠷᠢᠢ᠎ᠠ 4 ᠰᠠᠷ᠎ᠠ ᠶᠢᠨ 30 ᠋ ᠤ ᠡᠳᠦᠷ 《 ᠨᠠᠮ ᠤᠨ ᠲᠡᠦᠬᠡ ᠶᠢ ᠰᠤᠷᠤᠯᠴᠠᠵᠤ ᠨᠠᠮᠴᠢ ᠴᠢᠨᠠᠷ ᠢᠶᠠᠨ ᠴᠢᠩᠭᠠᠳᠬᠠᠵᠤ ᠂ ᠤᠭ ᠰᠠᠨᠠᠭ᠎ᠠ ᠪᠠᠨ ᠰᠠᠬᠢᠵᠤ ᠡᠭᠦᠷᠭᠡ ᠬᠠᠷᠢᠭᠤᠴᠠᠯᠭ᠎ᠠ ᠪᠠᠨ ᠡᠭᠦᠷᠭᠡᠯᠡᠬᠦ 》 ᠭᠣᠣᠯ ᠰᠡᠳᠦᠪᠲᠦ ᠶᠠᠷᠢᠶ᠎ᠠ ᠢᠯᠡᠳᠬᠡᠯ ᠦᠨ ᠰᠢᠢᠳᠪᠦᠷᠢᠲᠦ ᠤᠷᠤᠯᠳᠤᠭᠠᠨ ᠢ ᠡᠷᠬᠢᠯᠡᠪᠡ᠃
ᠥᠪᠡᠷᠲᠡᠭᠡᠨ ᠵᠠᠰᠠᠬᠤ ᠣᠷᠣᠨ ᠤ ᠪᠠᠶᠢᠴᠠᠭᠠᠬᠤ ᠬᠣᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠂ ᠪᠠᠶᠢᠴᠠᠭᠠᠬᠤ ᠳᠠᠷᠤᠭ᠎ᠠ ᠯᠢ ᠴᠢ ᠯᠢᠨ ᠂ ᠨᠠᠮ ᠤᠨ ᠤᠳᠤᠷᠢᠳᠬᠤ ᠳᠤᠭᠤᠶᠢᠯᠠᠩ ᠤᠨ ᠳᠡᠳ᠋ ᠱᠦᠵᠢ ᠂ ᠳᠡᠳ᠋ ᠪᠠᠶᠢᠴᠠᠭᠠᠬᠤ ᠳᠠᠷᠤᠭ᠎ᠠ ᠵᠢᠶᠠᠨ ᠰᠢᠶᠤᠤ ᠂ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ ᠂ ᠤᠯᠤᠰ ᠲᠦᠷᠦ ᠶᠢᠨ ᠬᠡᠯᠲᠡᠰ ᠦᠨ ᠡᠷᠬᠢᠯᠡᠭᠴᠢ ᠵᠧᠩ ᠵᠢᠶᠠ ᠮᠧᠢ ᠱᠠᠩᠨᠠᠯ ᠬᠦᠷᠳᠡᠭᠰᠡᠳ ᠲᠦ ᠱᠠᠩᠨᠠᠯ ᠣᠯᠭᠣᠭᠰᠠᠨ ᠪᠥᠭᠡᠳ ᠤᠯᠠᠨ ᠢ ᠤᠭ ᠰᠠᠨᠠᠭ᠎ᠠ ᠪᠠᠨ ᠦᠯᠥ ᠮᠠᠷᠲᠠᠵᠤ ᠂ ᠬᠦᠰᠡᠯ ᠵᠡᠭᠦᠳᠦ ᠪᠡᠨ ᠬᠥᠭᠡᠭᠡᠴᠡᠯᠳᠦᠨ ᠤᠷᠤᠭᠰᠢᠯᠠᠭᠠᠷᠠᠢ ᠭᠡᠵᠦ ᠵᠣᠷᠢᠭᠵᠢᠭᠤᠯᠪᠠ᠃ ᠤᠷᠤᠯᠳᠤᠭᠠᠨ ᠰᠠᠢᠬᠠᠨ ᠶᠠᠪᠤᠭᠳᠠᠵᠤ ᠂ ᠠᠭᠤᠷ ᠠᠮᠢᠰᠬᠤᠯ ᠬᠥᠷ ᠬᠥᠭᠵᠢᠶᠡᠨ ᠢᠶᠡᠷ ᠪᠢᠯᠬᠠᠵᠤ ᠂ ᠲᠤᠬᠠᠶ ᠶᠢᠨ ᠲᠠᠯᠠᠪᠠᠢ ᠠᠯᠠᠭ᠎ᠠ ᠃ ᠪᠡᠯᠡᠳᠬᠡᠯ ᠤᠷᠤᠯᠳᠤᠭᠠᠨ ᠢᠶᠠᠷ ᠲᠠᠮᠵᠢᠨ ᠴᠣᠯᠭᠣᠷᠠᠨ ᠭᠠᠷᠤᠭᠰᠠᠨ 12 ᠵᠠᠯᠠᠭᠤ ᠺᠠᠳ᠋ᠷ ᠴᠠᠭᠳᠠᠭ᠎ᠠ ᠂ 《 ᠨᠠᠮ ᠤᠨ ᠲᠡᠦᠬᠡ ᠶᠢ ᠰᠤᠷᠤᠯᠴᠠᠵᠦ ᠨᠠᠮᠴᠢ ᠴᠢᠨᠠᠷ ᠢᠶᠠᠨ ᠴᠢᠩᠭᠠᠳᠬᠠᠵᠤ ᠂ ᠤᠭ ᠰᠠᠨᠠᠭ᠎ᠠ ᠪᠠᠨ ᠰᠠᠬᠢᠵᠤ ᠡᠭᠦᠷᠭᠡ ᠬᠠᠷᠢᠭᠤᠴᠠᠯᠭ᠎ᠠ ᠪᠠᠨ ᠡᠭᠦᠷᠭᠡᠯᠡᠬᠦ 》ᠭᠣᠣᠯ ᠰᠡᠳᠦᠪ ᠦᠨ ᠲᠣᠭᠣᠷᠢᠨ ᠳᠤ ᠂ ᠣᠬᠣᠷᠬᠠᠨ 5 ᠮᠢᠨᠦ᠋ᠲ ᠦᠨ ᠬᠤᠭᠤᠴᠠᠭᠠᠨ ᠳᠤ ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠵᠠᠭᠤᠨ ᠵᠢᠯ ᠦᠨ ᠴᠤᠭ ᠵᠢᠪᠬᠤᠭ᠎ᠠ ᠶᠢ ᠠᠵᠢᠭᠯᠠᠵᠤ ᠂ ᠪᠠᠶᠢᠴᠠᠭᠠᠬᠤ ᠠᠵᠢᠯ ᠪᠣᠯᠤᠨ ᠡᠳᠦᠷ ᠲᠤᠳᠤᠮ ᠤᠨ ᠠᠮᠢᠳᠤᠷᠠᠯ ᠤᠨ ᠪᠣᠳᠠᠲᠤ ᠪᠠᠶᠢᠳᠠᠯ ᠲᠠᠶ ᠪᠠᠨ ᠨᠢᠭᠲᠠ ᠤᠶᠠᠯᠳᠤᠭᠤᠯᠵᠤ ᠂ ᠥᠪᠡᠷ ᠦᠨ ᠦᠵᠡᠭᠰᠡᠨ ᠰᠣᠨᠣᠰᠤᠭᠰᠠᠨ ᠢᠶᠠᠨ ᠠᠭᠤᠵᠢᠷᠠᠲᠠᠯ᠎ᠠ ᠶᠠᠷᠢᠯᠴᠠᠵᠤ ᠂ ᠪᠤᠳᠤᠵᠦ ᠤᠬᠠᠭᠰᠠᠨ ᠢᠶᠠᠨ ᠶᠠᠷᠢᠵᠤ ᠂ ᠪᠣᠳᠠᠲᠠᠢ ᠵᠦᠢᠯ ᠢ ᠶᠠᠷᠢᠵᠤ ᠂ ᠬᠥᠮᠦᠨ ᠢ ᠤᠶᠠᠷᠠᠭᠤᠯᠤᠮ᠎ᠠ ᠰᠡᠳᠬᠢᠯᠭᠡ ᠪᠡᠷ ᠰᠤᠨᠤᠰᠤᠭᠴᠢᠳ ᠢ ᠤᠷᠢᠶᠠᠯᠠᠵᠤ ᠂ ᠰᠢᠨ᠎ᠡ ᠴᠠᠭ ᠦᠶ᠎ᠡ ᠶᠢᠨ ᠪᠠᠶᠢᠴᠠᠭᠠᠬᠤ ᠺᠠᠳ᠋ᠷ ᠴᠠᠭᠳᠠᠭ᠎ᠠ ᠶᠢᠨ ᠤᠶᠤᠨ ᠰᠠᠨᠠᠭᠠᠨ ᠤ ᠳᠦᠷᠰᠦ ᠪᠠᠶᠢᠳᠠᠯ ᠢ ᠭᠦᠢᠴᠡᠳ ᠢᠯᠡᠷᠡᠭᠦᠯᠵᠦ ᠂ ᠬᠥᠮᠦᠰ ᠦᠨ ᠰᠡᠳᠬᠢᠯ ᠢ ᠳᠤᠯᠠᠭᠠᠴᠠᠭᠤᠯᠬᠤ ᠢᠳᠡᠪᠬᠢ ᠬᠦᠴᠦᠨ ᠢ ᠳᠠᠮᠵᠢᠭᠤᠯᠤᠭᠰᠠᠨ ᠪᠠᠶᠢᠨ᠎ᠠ᠃
ᠬᠤᠷᠴᠠ ᠰᠢᠷᠦᠭᠦᠨ ᠥᠷᠢᠰᠥᠯᠳᠦᠭᠡᠨ ᠢᠶᠡᠷ ᠳᠠᠮᠵᠢᠭᠠᠳ ᠂ ᠭᠤᠷᠪᠠᠳᠤᠭᠠᠷ ᠪᠠᠶᠢᠴᠠᠭᠠᠬᠤ ᠬᠡᠯᠲᠡᠰ ᠦᠨ ᠪᠠᠶ ᠨᠢᠭᠡᠳᠦᠭᠡᠷ ᠳᠡᠰ ᠤᠨ ᠱᠠᠩᠨᠠᠯ ᠭᠥᠷᠳᠡᠵᠦ ᠂ ᠤᠯᠤᠰ ᠲᠥᠷᠥ ᠶᠢᠨ ᠬᠡᠯᠲᠡᠰ ᠦᠨ ᠤᠬᠠᠭᠤᠯᠬᠤ ᠭᠠᠵᠠᠷ ᠤᠨ ᠺᠦᠩ ᠳ᠋ᠧ ᠶᠠᠩ ᠪᠣᠯᠤᠨ ᠶᠢᠰᠦᠳᠦᠭᠡᠷ ᠪᠠᠶᠢᠴᠠᠭᠠᠬᠤ ᠬᠡᠯᠲᠡᠰ ᠦᠨ ᠵᠠᠩ ᠯᠦ ᠫᠢᠩ ᠬᠣᠶᠠᠳᠤᠭᠠᠷ ᠳᠡᠰ ᠤᠨ ᠱᠠᠩᠨᠠᠯ ᠭᠥᠷᠳᠡᠵᠦ ᠂ ᠨᠠᠶᠮᠠᠳᠤᠭᠠᠷ ᠪᠠᠶᠢᠴᠠᠭᠠᠬᠤ ᠬᠡᠯᠲᠡᠰ ᠦᠨ ᠸᠠᠩ ᠰᠢᠤᠸᠠᠢ ᠪᠢᠩ ᠂ ᠶᠢᠰᠦᠳᠦᠭᠡᠷ ᠪᠠᠶᠢᠴᠠᠭᠠᠬᠤ ᠬᠡᠯᠲᠡᠰ ᠦᠨ ᠸᠠᠩ ᠂ ᠳᠣᠯᠣᠳᠤᠭᠠᠷ ᠪᠠᠶᠢᠴᠠᠭᠠᠬᠤ ᠬᠡᠯᠲᠡᠰ ᠦᠨ ᠱᠤᠤ ᠱᠤᠸᠠᠢ ᠭᠤᠷᠪᠠᠳᠤᠭᠠᠷ ᠳᠡᠰ ᠤᠨ ᠱᠠᠩᠨᠠᠯ ᠭᠥᠷᠳᠡᠪᠡ᠃
ᠲᠤᠰ ᠤᠳᠠᠭᠠᠨ ᠤ ᠶᠠᠷᠢᠶ᠎ᠠ ᠢᠯᠡᠳᠬᠡᠯ ᠦᠨ ᠤᠷᠤᠯᠳᠤᠭᠠᠨ ᠢᠶᠠᠷ ᠳᠠᠮᠵᠢᠭᠤᠯᠤᠨ ᠂ ᠥᠷᠭᠡᠨ ᠤᠯᠠᠨ ᠪᠠᠶᠢᠴᠠᠭᠠᠬᠤ ᠺᠠᠳ᠋ᠷ ᠴᠠᠭᠳᠠᠭ᠎ᠠ ᠶᠢᠨ ᠲᠡᠦᠬᠡ ᠰᠤᠷᠴᠤ ᠶᠣᠰᠣ ᠤᠴᠢᠷ ᠢ ᠮᠡᠳᠡᠬᠦ ᠂ ᠲᠡᠦᠬᠡ ᠰᠤᠷᠴᠤ ᠢᠲᠡᠭᠡᠯ ᠢᠶᠡᠨ ᠨᠡᠮᠡᠭᠳᠡᠭᠦᠯᠬᠦ ᠂ ᠲᠡᠦᠬᠡ ᠰᠤᠷᠴᠤ ᠶᠣᠰᠣ ᠮᠣᠷᠠᠯ ᠢ ᠡᠷᠬᠢᠮᠯᠡᠬᠦ ᠂ ᠲᠡᠦᠬᠡ ᠰᠤᠷᠴᠤ ᠬᠦᠴᠦ ᠪᠡᠨ ᠡᠷᠭᠦᠬᠦ ᠬᠥᠳᠡᠯᠭᠡᠬᠦ ᠬᠦᠴᠦᠨ ᠪᠠ ᠬᠠᠯᠠᠭᠤᠨ ᠰᠡᠳᠬᠢᠯᠭᠡ ᠶᠢ ᠤᠯᠠᠮ ᠨᠢᠭᠡ ᠠᠯᠬᠤᠮ ᠃ ᠤᠯᠠᠨ ᠢ ᠵᠣᠷᠢᠭᠵᠢᠭᠤᠯᠤᠨ ᠴᠤᠭ ᠪᠠᠳᠠᠷᠠᠩᠭᠤᠢ ᠳᠦᠷᠰᠦ ᠪᠠᠶᠢᠳᠠᠯ ᠢᠶᠠᠷ ᠨᠡᠶᠢᠭᠡᠮ ᠦᠨ ᠬᠠᠷᠢᠭᠤᠴᠠᠯᠭ᠎ᠠ ᠶᠢ ᠡᠭᠦᠷᠭᠡᠯᠡᠵᠦ ᠂ ᠴᠠᠭ ᠦᠶ᠎ᠡ ᠶᠢᠨ ᠡᠭᠦᠷᠭᠡ ᠶᠢ ᠡᠭᠦᠷᠭᠡᠯᠡᠵᠦ ᠂ ᠪᠡᠶ᠎ᠡ ᠪᠡᠷ ᠢᠶᠡᠨ 《 ᠦᠨᠡᠨᠴᠢ ᠰᠢᠳᠤᠷᠭᠤ ᠂ ᠬᠠᠤᠯᠢ ᠶᠢ ᠡᠷᠬᠢᠮᠯᠡᠬᠦ ᠂ ᠪᠠᠭᠲᠠᠭᠠᠮᠵᠢᠲᠠᠢ ᠂ 》 ᠥᠪᠥᠷ ᠮᠣᠩᠭᠣᠯ ᠤᠨ ᠪᠠᠶᠢᠴᠠᠭᠠᠬᠤ ᠠᠵᠢᠯ ᠤᠨ ᠵᠣᠷᠢᠭ ᠰᠠᠨᠠᠭ᠎ᠠ ᠶᠢ ᠲᠠᠶᠢᠯᠪᠤᠷᠢᠯᠠᠵᠤ ᠂ ᠪᠣᠳᠠᠲᠤ ᠠᠵᠢᠯᠯᠠᠭ᠎ᠠ ᠪᠠᠷ ᠢᠶᠠᠨ ᠨᠠᠮ ᠪᠠᠶᠢᠭᠤᠯᠤᠭᠳᠠᠭᠰᠠᠨ 100 ᠵᠢᠯ ᠦᠨ ᠤᠢ ᠳᠤ ᠪᠡᠯᠡᠭ ᠃