ᠲᠡᠷᠢᠭᠦᠨ ᠨᠢᠭᠤᠷ  -  ᠪᠠᠶᠢᠴᠠᠭᠠᠬᠤ ᠬᠥᠳᠡᠯᠦᠯ ᠪᠠᠶᠢᠳᠠᠯ

ᠪᠥᠬᠥ ᠣᠷᠣᠨ ᠤ ᠪᠠᠶᠢᠴᠠᠭᠠᠬᠤ ᠪᠠᠶᠢᠭᠤᠯᠭ᠎ᠠ  ᠶᠢᠨ ᠬᠥᠮᠦᠵᠢᠯ ᠴᠡᠭᠴᠡᠯᠡᠯᠲᠡ ᠶᠢᠨ ᠮᠤᠵᠢᠭᠤᠳ ᠠᠷᠬᠠᠭ ᠬᠡᠮ ᠢ ᠲᠤᠰᠬᠠᠶ ᠴᠡᠭᠴᠡᠯᠡᠨ ᠵᠠᠰᠠᠬᠤ 《 ᠡᠭᠦᠳᠡ ᠪᠡᠨ ᠨᠡᠭᠡᠭᠡᠵᠦ ᠴᠡᠭᠴᠡᠯᠡᠯᠲᠡ ᠬᠢᠬᠦ》 ᠲᠤᠷᠰᠢᠯᠲᠠ ᠶᠢᠨ ᠠᠵᠢᠯ ᠢ ᠪᠠᠶᠢᠷᠢᠯᠠᠭᠤᠯᠤᠨ ᠠᠬᠢᠭᠤᠯᠬᠤ ᠬᠤᠷᠠᠯ ᠬᠤᠷᠠᠯᠳᠤᠪᠠ

2021-05-10 14:31:46
ᠵᠣᠬᠢᠶᠠᠭᠴᠢ
ᠭᠡᠭᠡᠷᠡᠯ

W020210427725773208782.jpg

4 ᠰᠠᠷ᠎ᠠ ᠶᠢᠨ 27  ᠤ ᠡᠳᠦᠷ ᠂ ᠥᠪᠡᠷᠲᠡᠭᠡᠨ ᠵᠠᠰᠠᠬᠤ ᠣᠷᠣᠨ ᠤ ᠪᠠᠶᠢᠴᠠᠭᠠᠬᠤ ᠬᠣᠷᠢᠶ᠎ᠠ ᠪᠥᠬᠥ ᠣᠷᠣᠨ ᠤ ᠪᠠᠶᠢᠴᠠᠭᠠᠬᠤ ᠪᠠᠶᠢᠭᠤᠯᠭ᠎ᠠ  ᠶᠢᠨ ᠬᠥᠮᠦᠵᠢᠯ ᠴᠡᠭᠴᠡᠯᠡᠯᠲᠡ ᠶᠢᠨ ᠮᠤᠵᠢᠭᠤᠳ ᠠᠷᠬᠠᠭ ᠬᠡᠮ ᠢ ᠲᠤᠰᠬᠠᠶ ᠴᠡᠭᠴᠡᠯᠡᠨ ᠵᠠᠰᠠᠬᠤ 《 ᠡᠭᠦᠳᠡ ᠪᠡᠨ ᠨᠡᠭᠡᠭᠡᠵᠦ ᠴᠡᠭᠴᠡᠯᠡᠯᠲᠡ ᠬᠢᠬᠦ》 ᠰᠢᠨ᠎ᠡ ᠬᠣᠲᠠ ᠲᠣᠭᠣᠷᠢᠭ ᠤᠨ ᠪᠠᠶᠢᠴᠠᠭᠠᠬᠤ ᠬᠣᠷᠢᠶᠠᠨ ᠤ ᠲᠤᠷᠰᠢᠯᠲᠠ ᠶᠢᠨ ᠠᠵᠢᠯ ᠢ ᠪᠠᠶᠢᠷᠢᠯᠠᠭᠤᠯᠤᠨ ᠠᠬᠢᠭᠤᠯᠬᠤ ᠬᠤᠷᠠᠯ ᠬᠤᠷᠠᠯᠳᠤᠭᠤᠯᠪᠠ᠃ ᠥᠪᠡᠷᠲᠡᠭᠡᠨ ᠵᠠᠰᠠᠬᠤ ᠣᠷᠣᠨ ᠤ ᠪᠠᠶᠢᠴᠠᠭᠠᠬᠤ ᠬᠣᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ ᠂ ᠤᠯᠤᠰ ᠲᠦᠷᠦ ᠶᠢᠨ ᠬᠡᠯᠲᠡᠰ ᠦᠨ ᠡᠷᠬᠢᠯᠡᠭᠴᠢ ᠵᠧᠩ ᠵᠢᠶᠠ ᠮᠧᠢ ᠂ ᠬᠥᠬᠡᠬᠣᠲᠠ ᠶᠢᠨ ᠰᠢᠨ᠎ᠡ ᠬᠤᠳᠠ ᠲᠣᠭᠣᠷᠢᠭ ᠤᠨ ᠨᠠᠮ ᠤᠨ ᠬᠣᠷᠢᠶᠠᠨ ᠤ ᠱᠦᠵᠢ ᠸᠧᠢ ᠬᠣᠩ ᠵᠢᠶᠦ᠋ᠨ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃ ᠬᠥᠬᠡᠬᠣᠲᠠ ᠶᠢᠨ ᠪᠠᠶᠢᠴᠠᠭᠠᠬᠤ ᠬᠣᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠳᠡᠳ᠋ ᠱᠦᠵᠢ ᠂ ᠳᠡᠳ᠋ ᠪᠠᠶᠢᠴᠠᠭᠠᠬᠤ ᠳᠠᠷᠤᠭ᠎ᠠ ᠸᠠᠩ ᠬᠣᠩ ᠬᠤᠷᠠᠯ ᠢ ᠡᠷᠭᠢᠯᠡᠪᠡ᠃ ᠬᠤᠷᠠᠯ ᠠᠴᠠ ᠂ ᠥᠪᠡᠷᠲᠡᠭᠡᠨ ᠵᠠᠰᠠᠬᠤ ᠣᠷᠣᠨ ᠤ ᠴᠡᠭᠴᠡᠯᠡᠯᠲᠡ ᠶᠢᠨ ᠠᠯᠪᠠᠨ ᠬᠡᠷ ᠡᠴᠡ ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠪᠠᠶᠢᠴᠠᠭᠠᠬᠤ ᠰᠢᠭᠦᠬᠦ ᠬᠠᠤᠯᠢ ᠴᠠᠭᠠᠵᠠ ᠶᠢᠨ ᠰᠢᠰᠲ᠋ᠧᠮ ᠳᠦ 《 ᠡᠭᠦᠳᠡ ᠪᠡᠨ ᠨᠡᠭᠡᠭᠡᠵᠦ ᠴᠡᠭᠴᠡᠯᠡᠯᠲᠡ ᠬᠢᠬᠦ 》 ᠲᠤᠷᠰᠢᠯᠲᠠ ᠶᠢᠨ ᠠᠵᠢᠯ ᠢ ᠪᠠᠶᠢᠷᠢᠯᠠᠭᠤᠯᠤᠨ ᠥᠷᠨᠢᠭᠦᠯᠵᠦ ᠂ ᠰᠢᠨ᠎ᠡ ᠬᠣᠲᠠ ᠲᠣᠭᠣᠷᠢᠭ ᠤᠨ ᠪᠠᠶᠢᠴᠠᠭᠠᠬᠤ ᠬᠣᠷᠢᠶ᠎ᠠ ᠶᠢ ᠰᠣᠩᠭᠣᠨ ᠲᠤᠷᠰᠢᠯᠲᠠ ᠶᠢᠨ ᠨᠢᠭᠡᠴᠡ ᠪᠣᠯᠭᠠᠬᠤ ᠪᠠᠷ ᠲᠣᠭᠲᠠᠪᠠ ᠂ ᠡᠨᠡ ᠪᠣᠯ ᠰᠢᠨ᠎ᠡ ᠬᠣᠲᠠ ᠲᠣᠭᠣᠷᠢᠭ ᠤᠨ ᠪᠠᠶᠢᠴᠠᠭᠠᠬᠤ ᠡᠩᠨᠡᠭᠡ ᠴᠢᠨᠠᠭᠰᠢᠯᠠᠪᠠᠯ ᠪᠥᠬᠥ ᠣᠷᠣᠨ ᠤ ᠪᠠᠶᠢᠴᠠᠭᠠᠬᠤ ᠡᠩᠨᠡᠭᠡ ᠳᠦ ᠬᠢᠭᠰᠡᠨ ᠨᠢᠭᠡ ᠤᠳᠠᠭᠠᠨ ᠤ ᠤᠯᠤᠰ ᠲᠥᠷᠥ ᠶᠢᠨ ᠪᠡᠶ᠎ᠡ ᠶᠢᠨ ᠪᠠᠶᠢᠴᠠᠭᠠᠯᠲᠠ ᠪᠣᠯᠤᠨ᠎ᠠ᠃ 《 ᠡᠭᠦᠳᠡ ᠪᠡᠨ ᠨᠡᠭᠡᠭᠡᠵᠦ ᠴᠡᠭᠴᠡᠯᠡᠯᠲᠡ ᠬᠢᠬᠦ 》 ᠲᠤᠷᠰᠢᠯᠲᠠ ᠶᠢᠨ ᠴᠡᠭ ᠦᠨ ᠠᠵᠢᠯ ᠢ ᠥᠷᠨᠢᠭᠦᠯᠬᠦ ᠨᠢ ᠳᠠᠷᠤᠶ ᠰᠢᠨ᠎ᠡ ᠠᠷᠭ᠎ᠠ ᠬᠡᠯᠪᠡᠷᠢ ᠶᠢ ᠰᠦᠪᠡᠭᠴᠢᠯᠡᠵᠦ ᠂ ᠰᠢᠨ᠎ᠡ ᠬᠡᠪ ᠳᠠᠭᠤᠷᠢᠶᠠᠯ ᠢ ᠪᠣᠶ ᠪᠣᠯᠭᠠᠵᠤ ᠂ ᠪᠥᠬᠥ ᠣᠷᠣᠨ ᠤ ᠠᠷᠬᠠᠭ ᠬᠡᠮ ᠢ ᠣᠨᠣᠰᠢᠯᠠᠨ ᠵᠠᠰᠠᠬᠤ ᠶᠢ ᠭᠦᠨᠵᠡᠭᠡᠶ ᠥᠷᠨᠢᠭᠦᠯᠬᠦ ᠳᠦ ᠰᠢᠨ᠎ᠡ ᠶᠢ ᠡᠭᠦᠳᠦᠭᠰᠡᠨ ᠲᠤᠷᠰᠢᠯᠭ᠎ᠠ ᠠᠷᠭ᠎ᠠ ᠪᠠᠷᠢᠯ ᠢ ᠬᠠᠩᠭᠠᠬᠤ ᠶᠢᠨ ᠲᠥᠯᠥᠭᠡ ᠶᠤᠮ᠃ ᠣᠳᠣᠬᠠᠨ ᠳᠤ ᠂ ᠬᠥᠮᠦᠵᠢᠯ ᠴᠡᠭᠴᠡᠯᠡᠯᠲᠡ ᠨᠢᠭᠡᠨᠲᠡ ᠪᠠᠶᠢᠴᠠᠭᠠᠨ ᠵᠠᠯᠠᠷᠠᠭᠤᠯᠵᠤ ᠴᠡᠭᠴᠡᠯᠡᠨ ᠰᠠᠶᠢᠵᠢᠷᠠᠭᠤᠯᠬᠤ ᠵᠠᠩᠭᠢᠯᠠᠭ᠎ᠠ ᠶᠢᠨ ᠭᠣᠭᠴᠣᠭ᠎ᠠ ᠳᠤ ᠣᠷᠣᠵᠤ ᠂ ᠥᠪᠡᠷ ᠦᠨ ᠪᠡᠶ᠎ᠡ ᠳᠡᠭᠡᠨ ᠬᠤᠪᠢᠰᠬᠠᠯ ᠬᠢᠬᠦ ᠴᠢᠩᠭ᠎ᠠ ᠵᠣᠷᠢᠭ ᠰᠠᠨᠠᠭ᠎ᠠ ᠪᠠᠷ ᠂ ᠨᠢᠭᠡ ᠤᠳᠠᠭ᠎ᠠ ᠶᠢᠨ ᠲᠤᠶᠢᠯᠪᠤᠷᠢᠲᠠᠢ ᠠᠰᠠᠭᠤᠳᠠᠯ ᠢ ᠦᠨᠡᠨ ᠪᠣᠳᠠᠲᠠᠢ ᠰᠢᠢᠳᠪᠦᠷᠢᠯᠡᠵᠦ ᠂ ᠰᠦᠪᠡᠭᠴᠢ ᠶᠢ ᠶᠡᠬᠡ ᠪᠡᠷ ᠵᠢᠭᠰᠠᠭᠠᠨ ᠪᠠᠶᠢᠴᠠᠭᠠᠵᠤ ᠂ ᠠᠷᠬᠠᠭ ᠭᠡᠮ ᠢ ᠶᠡᠬᠡ ᠪᠡᠷ ᠴᠡᠭᠴᠡᠯᠡᠨ ᠵᠠᠰᠠᠵᠤ ᠂ ᠤᠯᠠᠨ  ᠢ ᠲᠦᠢᠪᠡᠭᠴᠢ  ᠶᠢ ᠠᠷᠢᠯᠭᠠᠵᠤ ᠂ ᠬᠡᠷᠡᠭ ᠪᠠᠶᠢᠬᠤ ᠳᠤ ᠳᠠᠩᠰᠠᠯᠠᠬᠤ ᠦᠭᠡᠢ ᠂ ᠬᠡᠷᠡᠭ ᠢ ᠳᠠᠷᠤᠭᠠᠳ ᠪᠠᠶᠢᠴᠠᠭᠠᠬᠤ ᠦᠭᠡᠢ ᠂ ᠶᠠᠯ᠎ᠠ ᠲᠠᠶ ᠪᠠᠶᠢᠲᠠᠯ᠎ᠠ ᠨᠡᠬᠡᠮᠵᠢᠯᠡᠬᠦ ᠦᠭᠡᠢ ᠵᠢᠴᠢ ᠬᠠᠤᠯᠢ ᠠᠴᠠ ᠵᠥᠷᠢᠴᠡᠨ ᠡᠷᠡᠭᠦᠦ ᠬᠠᠰᠤᠬᠤ ᠲᠠᠩᠰᠠᠨ ᠰᠤᠯᠠᠯᠠᠬᠤ ᠬᠢᠨᠲᠠᠨ  ᠤ ᠭᠠᠲᠠᠨ᠎ᠠ ᠲᠦᠷ ᠭᠦᠢᠴᠡᠳᠭᠡᠬᠦ ᠵᠡᠷᠭᠡ ᠠᠷᠬᠠᠭ ᠭᠡᠮ ᠢ ᠭᠦᠨᠵᠡᠭᠡᠢ ᠠᠬᠢᠭᠤᠯᠬᠤ ᠴᠡᠭᠴᠡᠯᠡᠨ ᠵᠠᠰᠠᠯᠲᠡ ᠪᠤᠯᠤᠨ᠎ᠠ ᠃ 

W020210427725773805322.jpg

ᠬᠤᠷᠠᠯ ᠠᠴᠠ ᠂ ᠤᠯᠤᠰ ᠲᠦᠷᠦ ᠶᠢᠨ ᠵᠣᠭᠰᠣᠴᠠ ᠪᠠᠨ ᠤᠯᠠᠮ ᠴᠢᠨᠠᠭᠰᠢᠳᠠ ᠳᠡᠭᠡᠭᠰᠢᠯᠡᠭᠦᠯᠵᠦ ᠂ ᠤᠯᠤᠰ ᠲᠦᠷᠦ ᠶᠢᠨ ᠤᠬᠠᠮᠰᠠᠷ ᠢᠶᠠᠨ ᠴᠢᠩᠭᠠᠳᠬᠠᠨ ᠂ ᠠᠵᠢᠯ ᠢᠶᠠᠨ ᠠᠬᠢᠭᠤᠯᠬᠤ ᠳᠤᠮᠳᠠ ᠤᠯᠤᠰ ᠲᠦᠷᠦ ᠶᠢᠨ ᠮᠠᠭᠠᠳᠯᠠᠬᠤ ᠴᠢᠳᠠᠪᠤᠷᠢ ᠂ ᠤᠯᠤᠰ ᠲᠦᠷᠦ ᠶᠢᠨ ᠤᠬᠠᠬᠤ ᠴᠢᠳᠠᠪᠤᠷᠢ ᠂ ᠤᠯᠤᠰ ᠲᠦᠷᠦ ᠶᠢᠨ ᠭᠦᠢᠴᠡᠳᠭᠡᠬᠦ  ᠴᠢᠳᠠᠪᠤᠷᠢ ᠪᠠᠨ ᠢᠯᠡᠷᠡᠭᠦᠯᠵᠦ ᠂ ᠲᠡᠷᠡ ᠶᠣᠰᠣᠭᠠᠷ ᠨᠢ 《 ᠡᠭᠦᠳᠡ ᠪᠡᠨ ᠨᠡᠭᠡᠭᠡᠵᠦ ᠴᠡᠭᠴᠡᠯᠡᠯᠲᠡ ᠬᠢᠬᠦ 》 ᠲᠤᠷᠰᠢᠯᠲᠠ ᠶᠢᠨ ᠴᠡᠭ ᠦᠨ ᠠᠵᠢᠯ ᠢ ᠴᠢᠩᠭ᠎ᠠ ᠪᠣᠳᠠᠲᠠᠢ ᠠᠳᠬᠤᠬᠤ ᠬᠡᠷᠡᠭᠲᠡᠢ᠃ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ ᠂ ᠣᠪᠣᠷ ᠢᠶᠠᠨ ᠲᠥᠪ ᠪᠣᠯᠭᠠᠵᠤ ᠂ ᠥᠪᠡᠷ ᠢ ᠪᠡᠨ ᠪᠠᠶᠢᠴᠠᠭᠠᠵᠤ ᠥᠪᠡᠷ ᠢ ᠪᠡᠨ ᠵᠠᠯᠠᠷᠠᠭᠤᠯᠬᠤ ᠳᠣᠲᠣᠭᠠᠳᠤ ᠬᠥᠳᠡᠯᠭᠡᠬᠦ ᠬᠦᠴᠦᠨ ᠢ ᠬᠥᠭᠵᠢᠭᠡᠵᠦ ᠂ ᠵᠣᠬᠢᠶᠠᠨ ᠪᠠᠶᠢᠭᠤᠯᠵᠤ ᠪᠠᠶᠢᠴᠠᠭᠠᠨ ᠰᠢᠶᠳᠪᠦᠷᠢᠯᠡᠬᠦ ᠶᠢ ᠴᠢᠩᠭᠠᠳᠬᠠᠬᠤ ᠬᠡᠷᠡᠭᠲᠡᠶ᠃ ᠨᠠᠷᠢᠯᠢᠭ ᠣᠨᠣᠴᠠᠲᠠᠶ ᠪᠠᠷ ᠠᠷᠭ᠎ᠠ ᠪᠣᠳᠣᠯᠭ᠎ᠠ ᠬᠡᠷᠡᠭᠵᠢᠭᠦᠯᠦᠨ ᠂ ᠥᠩᠭᠡᠨ ᠲᠠᠯ᠎ᠠ ᠪᠠ ᠦᠨᠳᠦᠰᠦ ᠰᠤᠷᠪᠤᠯᠵᠢ ᠶᠢ ᠵᠡᠷᠭᠡ ᠪᠡᠷ ᠵᠠᠰᠠᠵᠤ ᠂ ᠠᠰᠠᠭᠤᠳᠠᠯ ᠢ ᠲᠣᠳᠣᠷᠬᠠᠶ ᠬᠠᠭᠤᠳᠠᠰᠤᠵᠢᠭᠤᠯᠤᠨ ᠪᠠᠶᠢᠴᠠᠭᠠᠵᠤ ᠂ ᠢᠯᠵᠠᠷᠠᠯ ᠢ ᠡᠬᠢ ᠡᠭᠦᠰᠦᠯ ᠡᠴᠡ ᠨᠢ ᠠᠷᠢᠯᠭᠠᠨ᠎ᠠ᠃ ᠭᠤᠷᠪᠠᠨ ᠱᠠᠲᠤᠨ ᠤ ᠪᠠᠶᠢᠴᠠᠭᠠᠬᠤ ᠬᠣᠷᠢᠶᠠᠨ ᠤ ᠠᠵᠢᠯ ᠤᠨ ᠬᠣᠯᠪᠣᠭᠠᠯᠠᠨ ᠬᠥᠳᠡᠯᠦᠯᠴᠡᠬᠦ ᠶᠢ ᠴᠢᠩᠭᠠᠳᠬᠠᠵᠤ ᠂ ᠬᠠᠷᠢᠭᠤᠴᠠᠯᠭ᠎ᠠ ᠶᠢ ᠪᠣᠳᠠᠲᠠᠶᠢᠵᠢᠭᠤᠯᠤᠨ ᠂ ᠬᠦᠴᠦᠨ ᠴᠢᠳᠠᠯ ᠢ ᠨᠡᠶᠢᠳᠬᠡᠵᠦ ᠂ ᠬᠥᠮᠦᠵᠢᠯ ᠴᠡᠭᠴᠡᠯᠡᠯᠲᠡ ᠶᠢ ᠯᠠᠪᠳᠠᠭᠤᠨ ᠪᠠᠲᠤᠲᠠᠢ ᠠᠬᠢᠭᠤᠯᠵᠤ ᠪᠣᠳᠠᠲᠤ ᠦᠷ᠎ᠡ ᠪᠦᠲᠦᠮᠵᠢ ᠭᠠᠷᠭᠠᠬᠤ ᠬᠡᠷᠡᠭᠲᠡᠢ᠃ ᠰᠠᠨᠠᠭᠠᠴᠢᠯᠠᠭ᠎ᠠ ᠠᠴᠠ ᠪᠠᠨ ᠥᠷᠭᠡᠨ ᠢᠶᠡᠷ ᠰᠠᠨᠠᠯ ᠬᠤᠷᠢᠶᠠᠵᠤ ᠂ ᠠᠷᠠᠳ ᠤᠨ ᠲᠥᠯᠥᠭᠡᠯᠡᠭᠴᠢᠳ ᠦᠨ ᠶᠡᠬᠡ ᠬᠤᠷᠠᠯ ᠂ ᠤᠯᠤᠰ ᠲᠦᠷᠦ ᠶᠢᠨ ᠵᠥᠪᠯᠡᠯᠭᠡᠨ ᠂ ᠠᠷᠠᠳ ᠤᠯᠠᠨ ᠂ ᠨᠡᠶᠢᠭᠡᠮ ᠦᠨ ᠶᠠᠷᠢᠶ᠎ᠠ ᠬᠡᠯᠡᠯᠴᠡᠭᠡᠨ ᠦ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠵᠦ ᠂ ᠠᠷᠠᠳ ᠤᠨ ᠰᠠᠨᠠᠭ᠎ᠠ ᠶᠢ ᠦᠨᠡᠨ ᠬᠦ ᠬᠥᠮᠦᠵᠢᠯ ᠴᠡᠭᠴᠡᠯᠡᠯᠲᠡ ᠶᠢᠨ ᠦᠨᠡᠨ ᠪᠣᠳᠠᠲᠠᠢ ᠦᠷ᠎ᠡ ᠪᠦᠲᠦᠭᠡᠯ ᠪᠣᠯᠭᠠᠨ ᠬᠤᠪᠢᠷᠠᠭᠤᠯᠵᠤ ᠂ ᠴᠡᠭᠴᠡᠯᠡᠨ ᠵᠠᠰᠠᠭᠰᠠᠨ ᠦᠷ᠎ᠡ ᠪᠦᠲᠦᠮᠵᠢ ᠪᠡᠷ ᠤᠯᠤᠰ ᠲᠦᠷᠦ ᠶᠢᠨ ᠰᠡᠷᠭᠡᠭ ᠂ ᠡᠩᠨᠡᠭᠡᠨ ᠦ ᠠᠷᠢᠭᠤᠨ ᠴᠢᠬᠡᠴᠢ ᠂ ᠬᠠᠤᠯᠢ ᠴᠠᠭᠠᠵᠠ ᠶᠢᠨ ᠲᠥᠪ ᠭᠣᠣᠯᠴᠢ ᠂ ᠠᠮᠢ ᠠᠬᠤᠢ ᠶᠢᠨ ᠢᠯᠡ ᠲᠣᠳᠣ ᠪᠠᠶᠢᠬᠤ ᠶᠢ ᠠᠬᠢᠭᠤᠯᠬᠤ ᠬᠡᠷᠡᠭᠲᠡᠢ᠃ ᠬᠤᠷᠠᠯ ᠳᠡᠭᠡᠷ᠎ᠡ 《 ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠪᠠᠶᠢᠴᠠᠭᠠᠬᠤ ᠰᠢᠰᠲ᠋ᠧᠮ ᠦᠨ ᠬᠥᠮᠦᠵᠢᠯ ᠴᠡᠭᠴᠡᠯᠡᠯᠲᠡ ᠶᠢᠨ ᠠᠷᠬᠠᠭ ᠬᠡᠮ ᠢ ᠲᠤᠰᠬᠠᠶ ᠴᠡᠭᠴᠡᠯᠡᠨ ᠵᠠᠰᠠᠬᠤ 〈 ᠡᠭᠦᠳᠡ ᠪᠡᠨ ᠨᠡᠭᠡᠭᠡᠵᠦ ᠴᠡᠭᠴᠡᠯᠡᠯᠲᠡ ᠬᠢᠬᠦ 〉 ᠲᠤᠷᠰᠢᠯᠲᠠ ᠶᠢᠨ ᠴᠡᠭ ᠦᠨ ᠠᠵᠢᠯ ᠤᠨ ᠲᠥᠰᠦᠯ 》  ᠢ ᠤᠩᠰᠢᠨ ᠨᠡᠶᠢᠲᠡᠯᠡᠵᠦ ᠂ ᠰᠢᠨ᠎ᠡ ᠬᠣᠲᠠ ᠲᠣᠭᠣᠷᠢᠭ ᠤᠨ ᠪᠠᠶᠢᠴᠠᠭᠠᠬᠤ ᠬᠣᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠂ ᠪᠠᠶᠢᠴᠠᠭᠠᠬᠤ ᠳᠠᠷᠤᠭ᠎ᠠ ᠰᠢᠸ ᠱᠢ ᠵᠢᠶᠦ᠋ᠨ ᠣᠪᠣᠷ ᠢᠶᠠᠨ ᠢᠯᠡᠳᠬᠡᠬᠦ ᠦᠭᠡ ᠬᠡᠯᠡᠪᠡ᠃ ᠥᠪᠡᠷᠲᠡᠭᠡᠨ ᠵᠠᠰᠠᠬᠤ ᠣᠷᠣᠨ ᠤ ᠰᠠᠬᠢᠯᠭ᠎ᠠ ᠪᠠᠲᠤ ᠪᠠᠶᠢᠴᠠᠭᠠᠬᠤ ᠬᠣᠷᠢᠢ᠎ᠠ ᠬᠢᠨᠠᠨ ᠪᠠᠶᠢᠴᠠᠭᠠᠬᠤ ᠵᠥᠪᠯᠡᠯ ᠦᠨ ᠥᠪᠡᠷᠲᠡᠭᠡᠨ ᠵᠠᠰᠠᠬᠤ ᠣᠷᠣᠨ ᠤ ᠪᠠᠶᠢᠴᠠᠭᠠᠬᠤ ᠬᠣᠷᠢᠢ᠎ᠠ ᠳᠤ ᠰᠠᠭᠤᠭ᠎ᠠ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠳᠤᠭᠤᠶᠢᠯᠠᠩ ᠂ ᠰᠢᠨ᠎ᠡ ᠬᠤᠳᠠ ᠲᠣᠭᠣᠷᠢᠭ ᠤᠨ ᠨᠠᠮ ᠤᠨ ᠬᠣᠷᠢᠶᠠᠨ ᠤ ᠤᠯᠤᠰ ᠲᠦᠷᠦ ᠬᠠᠤᠯᠢ ᠴᠠᠭᠠᠵᠠ ᠶᠢᠨ ᠬᠣᠷᠢᠶᠠᠨ ᠤ ᠬᠣᠯᠪᠣᠭᠳᠠᠯ ᠪᠦᠬᠦᠢ ᠠᠵᠢᠯᠳᠠᠨ ᠂ ᠰᠢᠨ᠎ᠡ ᠬᠤᠳᠠ ᠲᠣᠭᠣᠷᠢᠭ ᠤᠨ ᠪᠠᠶᠢᠴᠠᠭᠠᠬᠤ ᠬᠣᠷᠢᠶᠠᠨ ᠤ ᠪᠦᠬᠦ ᠺᠠᠳ᠋ᠷ ᠴᠠᠭᠳᠠᠭ᠎ᠠ ᠬᠤᠷᠠᠯ ᠳᠤ ᠣᠷᠣᠯᠴᠠᠵᠠᠢ᠃ ᠬᠡᠰᠡᠭ ᠠᠷᠠᠳ ᠤᠨ ᠲᠥᠯᠥᠭᠡᠯᠡᠭᠴᠢ ᠂ ᠤᠯᠤᠰ ᠲᠦᠷᠦ ᠶᠢᠨ ᠵᠥᠪᠯᠡᠯᠭᠡᠨ ᠦ ᠭᠡᠰᠢᠭᠦᠨ ᠂ ᠠᠷᠠᠳ ᠤᠨ ᠬᠢᠨᠠᠯᠲᠠ ᠲᠠᠯᠪᠢᠭᠴᠢ ᠵᠢᠴᠢ ᠵᠠᠭᠤᠴᠢᠯᠠᠭᠤᠷ ᠤᠨ ᠲᠥᠯᠥᠭᠡᠯᠡᠭᠴᠢ ᠤᠷᠢᠯᠭ᠎ᠠ ᠪᠠᠷ ᠬᠤᠷᠠᠯ ᠳᠤ ᠣᠷᠣᠯᠴᠠᠪᠠ᠃


ᠢᠷᠡᠯᠲᠡ
ᠥᠪᠡᠷᠲᠡᠭᠡᠨ ᠵᠠᠰᠠᠬᠤ ᠣᠷᠤᠨ ᠤ ᠪᠠᠶᠢᠴᠠᠭᠠᠬᠤ ᠬᠣᠷᠢᠶ᠎ᠠ ᠶᠢᠨ ᠣᠷᠴᠢᠭᠤᠯᠭ᠎ᠠ ᠶᠢᠨ ᠭᠠᠵᠠᠷ
2014-2022 © ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠴᠠᠭᠠᠬᠤ ᠬᠣᠷᠢᠶ᠎ᠠ ᠥᠮᠴᠢᠯᠡᠯ ᠦᠨ ᠡᠷᠬᠡ ᠲᠠᠢ ᠵᠣᠬᠢᠶᠠᠯ ᠪᠦᠲᠦᠭᠡᠯ ᠦᠨ ᠡᠷᠬᠡ ᠶ᠋ᠢ ᠬᠠᠤᠯᠢ ᠪᠠᠷ ᠬᠠᠮᠠᠭᠠᠯᠠᠭᠰᠠᠨ ᠂ ᠵᠥᠪᠰᠢᠶᠡᠷᠡᠯ ᠦᠭᠡᠢ ᠪᠡᠷ ᠬᠠᠭᠤᠯᠪᠤᠷᠢᠯᠠᠬᠤ ᠶ᠋ᠢ ᠡᠷᠡᠰ ᠬᠣᠷᠢᠭᠯᠠᠨ᠎ᠠ ᠬᠠᠷᠢᠯᠴᠠᠬᠤ ᠤᠲᠠᠰᠤ ᠄ 0471-4628760 ᠢᠮᠧᠯ ᠄ eerhe@nm.pro