ᠲᠡᠷᠢᠭᠦᠨ ᠨᠢᠭᠤᠷ  -  ᠪᠠᠶᠢᠴᠠᠭᠠᠬᠤ ᠬᠤᠰᠢᠭᠤᠴᠢ

ᠪᠦᠦ ᠶᠦᠩ ᠵᠢᠶᠦ᠋ᠨ ᠄ ᠡᠭᠡᠯ ᠵᠢᠷ ᠦᠨ ᠠᠮᠢᠳᠤᠷᠠᠯ ᠴᠡᠷᠢᠭ  ᠬᠥᠮᠦᠨ ᠦ ᠮᠥᠨ ᠴᠢᠨᠠᠷ  ᠢ ᠬᠠᠷᠠᠭᠤᠯᠤᠨ᠎ᠠ

2021-05-10 16:24:10
ᠵᠣᠬᠢᠶᠠᠭᠴᠢ
ᠭᠡᠭᠡᠷᠡᠯ

W020210420628441214423.jpg

ᠪᠦᠦ ᠶᠦᠩ ᠵᠢᠶᠦ᠋ᠨ ︽ ᠴᠠᠭᠳᠠᠭᠠᠨ ᠤ ᠬᠠᠤᠯᠢ︾ ︽ ᠪᠠᠶᠢᠴᠠᠭᠠᠬᠤ ᠪᠠᠶᠢᠭᠤᠯᠭ᠎ᠠ  ᠶᠢᠨ ᠬᠠᠤᠯᠢ ᠴᠠᠭᠠᠵᠠ  ᠶᠢᠨ ᠴᠠᠭᠳᠠᠭ᠎ᠠ  ᠶᠢᠨ ᠠᠵᠢᠯ  ᠢ ᠤᠯᠠᠮ ᠨᠢᠭᠡ ᠠᠯᠬᠤᠮ ᠴᠢᠩᠭᠠᠳᠬᠠᠨ ᠰᠠᠶᠢᠵᠢᠷᠠᠭᠤᠯᠬᠤ ᠲᠤᠬᠠᠶ ᠠᠷᠠᠳ ᠤᠨ ᠳᠡᠭᠡᠳᠦ ᠪᠠᠶᠢᠴᠠᠭᠠᠬᠤ ᠬᠣᠷᠢᠶᠠᠨ ᠤ ᠰᠠᠨᠠᠯ ︾ ︽ᠡᠷᠡᠭᠦᠦ  ᠶᠢᠨ ᠬᠠᠤᠯᠢ ︾ ︽ ᠡᠷᠡᠭᠦᠦ  ᠶᠢᠨ ᠵᠠᠷᠭᠤ  ᠶᠢᠨ ᠬᠠᠤᠯᠢ ︾ ︽ ᠠᠷᠠᠳ ᠤᠨ ᠪᠠᠶᠢᠴᠠᠭᠠᠬᠤ ᠬᠣᠷᠢᠶᠠᠨ ᠤ ᠬᠠᠤᠯᠢ ᠴᠠᠭᠠᠵᠠ  ᠶᠢᠨ ᠴᠠᠭᠳᠠᠭ᠎ᠠ  ᠶᠢᠨ ᠳᠦᠷᠢᠮ ︾ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠪᠣᠯᠤᠨ ᠤᠲᠤᠷᠢᠲᠤᠯᠭ᠎ᠠ ᠨᠥᠬᠥᠳ ᠦᠨ ᠶᠠᠷᠢᠶᠠᠨ ᠤ ᠵᠣᠷᠢᠭ ᠰᠠᠨᠠᠭ᠎ᠠ  ᠶᠢ ᠰᠢᠰᠲ᠋ᠧᠮ ᠲᠡᠶ ᠰᠤᠷᠤᠯᠴᠠᠨ ᠂ ︽ᠰᠢᠨ᠎ᠡ ᠪᠠᠶᠢᠳᠠᠯ ᠤᠨ ᠳᠣᠣᠷ᠎ᠠ ᠬᠠᠤᠯᠢ ᠴᠠᠭᠠᠵᠠ ᠶᠢᠨ ᠴᠠᠭᠳᠠᠭ᠎ᠠ ᠶᠢᠨ ᠠᠵᠢᠯ ᠢ ᠬᠡᠷᠬᠢᠨ ᠴᠢᠩᠭᠠᠳᠬᠠᠨ ᠰᠠᠶᠢᠵᠢᠷᠠᠭᠤᠯᠬᠤ ᠲᠤᠬᠠᠶ ᠲᠣᠶᠢᠮᠣ︾ ︽ᠣᠷᠣ ᠳᠡᠪᠢᠰᠬᠡᠷ ᠢᠶᠡᠨ ᠲᠠᠬᠢᠨ ᠴᠡᠭᠴᠡᠯᠡᠵᠦ ᠲᠠᠬᠢᠨ ᠮᠣᠷᠳᠠᠬᠤ︾ ᠵᠡᠷᠭᠡ ᠪᠠᠶᠢᠴᠠᠭᠠᠨ ᠰᠤᠳᠤᠯᠤᠯᠲᠠ ᠶᠢᠨ ᠵᠣᠬᠢᠶᠠᠯ ᠵᠢᠴᠢ ᠬᠤᠪᠢ ᠬᠥᠮᠦᠨ ᠦ ᠤᠯᠠᠨ ᠣᠶᠢᠯᠠᠭᠠᠯᠲᠠ ᠶᠢ ᠲᠤᠭᠤᠷᠪᠢᠨ ᠪᠢᠴᠢᠪᠡ᠃ ᠠᠵᠢᠯ ᠤᠨ ᠳᠤᠮᠳᠠ ᠪᠠᠨ ᠲᠡᠷᠡ ᠤᠬᠠᠮᠰᠠᠷ ᠠᠴᠠ ᠪᠠᠨ ᠰᠠᠬᠢᠯᠭ᠎ᠠ ᠪᠠᠲᠤ ᠶᠢᠨ ᠤᠬᠠᠮᠰᠠᠷ ᠢᠶᠠᠨ ᠴᠢᠩᠭᠠᠳᠬᠠᠵᠤ᠂ ᠬᠠᠤᠯᠢ ᠴᠠᠭᠠᠵᠠ ᠶᠢᠨ ᠴᠠᠭᠳᠠᠭ᠎ᠠ ᠶᠢᠨ ᠶᠢᠰᠦᠨ ᠵᠦᠢᠯ ᠦᠨ ᠡᠭᠦᠷᠭᠡ ᠬᠠᠷᠢᠭᠤᠴᠠᠯᠭ᠎ᠠ ᠶᠢ ᠪᠠᠲᠤ ᠴᠡᠭᠡᠵᠢᠯᠡᠵᠦ᠂ ᠲᠡᠷᠢᠭᠦᠨ ᠦ ᠬᠢ ᠲᠡᠶ ᠠᠳᠠᠯᠢᠳᠬᠠᠵᠤ᠂ ᠬᠠᠤᠯᠢ ᠶᠢ ᠵᠥᠷᠢᠴᠡᠵᠦ ᠰᠠᠬᠢᠯᠭ᠎ᠠ ᠪᠠᠲᠤ ᠶᠢ ᠵᠥᠷᠢᠴᠡᠭᠰᠡᠨ ᠦᠵᠡᠭᠳᠡᠯ ᠶᠡᠷᠦ ᠡᠴᠡ ᠭᠠᠷᠤᠭᠰᠠᠨ ᠦᠭᠡᠢ᠃ ᠲᠡᠷᠡ ᠠᠷᠢᠭᠤᠨ ᠴᠢᠬᠡᠴᠢ ᠪᠡᠷ ᠪᠡᠶ᠎ᠡ ᠪᠡᠨ ᠪᠠᠷᠢᠵᠤ᠂ ᠲᠤᠬᠠᠶᠢᠯᠠᠭᠰᠠᠨ ᠠᠵᠢᠯ ᠤᠨ ᠬᠡᠪ ᠰᠤᠷᠲᠠᠯ ᠢᠶᠠᠨ ᠪᠠᠷᠢᠮᠲᠠᠯᠠᠳᠠᠭ᠃ ᠪᠡᠯᠡᠭ ᠦᠨ ᠡᠳ᠋ ᠵᠣᠭᠣᠰ ᠢ ᠬᠦᠯᠢᠶᠡᠨ ᠠᠪᠬᠤ ᠦᠭᠡᠢ᠂ ᠲᠤᠬᠠᠶ ᠶᠢᠨ ᠬᠥᠮᠦᠨ ᠦ ᠢᠳᠡᠵᠦ ᠤᠤᠭᠤᠬᠤ ᠶᠢ ᠬᠦᠯᠢᠶᠡᠨ ᠠᠪᠬᠤ ᠦᠭᠡᠢ᠂ ᠡᠷᠬᠡ ᠪᠡᠨ ᠠᠰᠢᠭᠯᠠᠨ ᠠᠮᠢ ᠪᠠᠨ ᠪᠣᠷᠳᠣᠬᠤ ᠦᠭᠡᠢ᠂ ᠵᠢᠷᠭᠤᠭᠠᠨ ᠵᠢᠯ ᠦᠨ ᠲᠤᠷᠰᠢᠬᠢ ᠠᠵᠢᠯ ᠰᠤᠷᠤᠯᠴᠠᠯᠭ᠎ᠠ ᠨᠢ ᠲᠡᠭᠦᠨ ᠢ ᠨᠢᠭᠡᠨ ᠴᠡᠷᠢᠭ ᠡᠴᠡ ᠬᠠᠯᠠᠭᠳᠠᠭᠰᠠᠳ ᠠᠴᠠ ᠪᠠᠶᠢᠴᠠᠭᠠᠬᠤ ᠪᠠᠶᠢᠭᠤᠯᠭ᠎ᠠ ᠶᠢᠨ ᠬᠠᠤᠯᠢ ᠴᠠᠭᠠᠵᠠ ᠶᠢᠨ ᠴᠠᠭᠳᠠᠭ᠎ᠠ ᠪᠤᠯᠵᠤ ᠬᠤᠪᠢᠷᠠᠬᠤ ᠶᠠᠪᠤᠳᠠᠯ ᠢ ᠠᠮᠵᠢᠯᠲᠠ ᠲᠠᠶ ᠪᠠᠷ ᠪᠡᠶᠡᠯᠡᠭᠦᠯᠦᠭᠰᠡᠨ ᠪᠠᠶᠢᠨ᠎ᠠ᠃

W020210420628441878072.jpg      ᠰᠢᠷᠭᠠᠭᠤ ᠬᠠᠲᠠᠭᠤᠵᠢᠯᠲᠠᠶ ᠳᠠᠷᠤᠤ ᠬᠢᠴᠢᠶᠡᠩᠭᠦᠶ ᠰᠤᠷᠤᠯᠴᠠᠬᠤ ᠳᠤᠷᠠᠲᠠᠶ
      ᠪᠦᠦ ᠶᠦᠩ ᠵᠢᠶᠦ᠋ᠨ ᠰᠤᠷᠤᠯᠴᠠᠯᠭ᠎ᠠ ᠪᠠᠷ ᠬᠡᠪ ᠴᠢᠨᠠᠷ ᠢ ᠴᠢᠩᠭᠠᠳᠬᠠᠬᠤ᠂ ᠠᠵᠢᠯ ᠶᠠᠪᠤᠳᠠᠯ ᠪᠦᠲᠦᠭᠡᠬᠦ ᠶᠢᠨ ᠦᠨᠳᠦᠰᠦ ᠰᠠᠭᠤᠷᠢ ᠪᠣᠯᠭᠠᠪᠠ᠃ ᠠᠵᠢᠯ ᠳᠤ ᠣᠷᠣᠬᠤ ᠪᠣᠯᠪᠠᠰᠤᠷᠠᠯ ᠂ ᠨᠢᠭᠡᠴᠡ ᠡᠴᠡ ᠲᠥᠪᠯᠡᠷᠡᠭᠦᠯᠦᠨ ᠰᠤᠷᠤᠯᠴᠠᠬᠤ ᠵᠢᠴᠢ ᠥᠪᠡᠷ ᠢᠶᠡᠨ ᠰᠤᠷᠤᠯᠴᠠᠬᠤ ᠵᠡᠷᠭᠡ ᠣᠯᠠᠨ ᠵᠦᠢᠯ ᠦᠨ ᠬᠡᠯᠪᠡᠷᠢ ᠶᠢ ᠥᠨᠳᠥᠷ ᠪᠦᠲᠦᠮᠵᠢᠲᠡᠶ ᠪᠡᠷ ᠠᠰᠢᠭᠯᠠᠨ ᠰᠤᠷᠤᠯᠴᠠᠬᠤ ᠬᠠᠷᠠᠯᠲᠠ ᠪᠠᠨ ᠲᠣᠳᠣᠷᠬᠠᠶᠢᠯᠠᠵᠤ ᠂ ᠰᠤᠷᠤᠯᠴᠠᠬᠤ ᠠᠷᠭ᠎ᠠ ᠬᠡᠮᠵᠢᠶ᠎ᠡ ᠪᠡᠨ ᠨᠠᠷᠢᠯᠢᠬᠵᠢᠭᠤᠯᠤᠨ᠂ ᠠᠵᠢᠯ ᠳᠤ ᠬᠣᠯᠪᠣᠭᠳᠠᠭᠰᠠᠨ ᠡᠷᠡᠭᠦᠦ ᠶᠢᠨ ᠬᠡᠷᠡᠭ ᠦᠨ ᠪᠠᠶᠢᠴᠠᠭᠠᠬᠤ ᠂ ᠢᠯᠡᠴᠢᠯᠡᠨ ᠵᠠᠭᠠᠯᠲᠤᠵᠤ ᠭᠣᠮᠣᠳᠠᠯ ᠲᠤᠭᠠᠴᠢᠬᠤ ᠂ ᠭᠢᠨᠳᠠᠨ ᠬᠤᠷᠢᠭᠤᠯ ᠂ ᠨᠡᠶᠢᠲᠡ ᠶᠢᠨ ᠠᠰᠢᠭᠲᠤ  ᠵᠠᠷᠭᠤ ᠵᠡᠷᠭᠡ ᠠᠯᠢ ᠤᠯᠠᠨ ᠲᠤᠰᠬᠠᠢ ᠮᠡᠷᠭᠡᠵᠢᠯ ᠦᠨ ᠮᠡᠳᠡᠯᠭᠡ ᠶᠢ ᠭᠣᠣᠯᠳᠠᠯᠭ᠎ᠠ ᠲᠠᠶ ᠰᠤᠷᠤᠯᠴᠠᠨ ᠰᠤᠳᠤᠯᠵᠤ᠂ ᠲᠤᠬᠠᠶᠢᠯᠠᠭᠰᠠᠨ ᠠᠵᠢᠯ ᠤᠨ ᠴᠢᠳᠠᠪᠤᠷᠢ ᠪᠠᠨ ᠳᠡᠭᠡᠭᠰᠢᠯᠡᠭᠦᠯᠦᠭᠰᠡᠨ ᠦ ᠬᠠᠮᠲᠤ ᠪᠡᠶ᠎ᠡ ᠮᠠᠬᠠᠪᠤᠳ ᠤᠨ ᠴᠢᠳᠠᠪᠤᠷᠢ ᠶᠢᠨ ᠪᠣᠯᠪᠠᠰᠤᠷᠠᠯ ᠢ ᠰᠤᠯᠠᠷᠠᠭᠤᠯᠤᠯ ᠦᠭᠡᠢ ᠪᠠᠷᠢᠮᠲᠠᠯᠠᠵᠤ᠂ ᠠᠵᠢᠯ ᠤᠨ ᠪᠠᠶᠢᠷᠢ ᠶᠢᠨ ᠤᠷ᠎ᠠ ᠴᠢᠳᠠᠪᠤᠷᠢ ᠶᠢ ᠪᠣᠯᠪᠠᠰᠤᠷᠠᠭᠤᠯᠵᠤ᠂ ᠮᠠᠰᠢ ᠲᠦᠷᠭᠡᠨ ᠢᠶᠡᠷ ᠠᠵᠢᠯ ᠤᠨ ᠪᠠᠶᠢᠷᠢ ᠶᠢᠨ ᠴᠢᠳᠠᠪᠤᠷᠢᠲᠠᠨ ᠪᠣᠯᠤᠭᠰᠠᠨ ᠪᠠᠶᠢᠨ᠎ᠠ᠃

W020210420628442201564.jpg       ᠴᠠᠭᠠᠷᠠᠭᠰᠠᠨ ᠴᠢᠳᠠᠪᠤᠷᠢ ᠲᠠᠢ   ᠠᠮᠵᠢᠯᠲᠠ ᠪᠦᠲᠦᠮᠵᠢ ᠲᠤᠪᠦ᠋ᠢᠮ᠎ᠠ
    ᠪᠦᠦ ᠶᠦᠩ ᠵᠢᠶᠦ᠋ᠨ ᠡᠯ᠎ᠡ ᠲᠦᠷᠦᠯ ᠦᠨ ᠲᠤᠬᠠᠶᠢᠯᠠᠭᠰᠠᠨ ᠠᠵᠢᠯ ᠤᠨ ᠮᠡᠳᠡᠯᠭᠡ ᠶᠢ ᠲᠣᠪᠴᠢᠯᠠᠨ ᠬᠠᠭᠤᠯᠵᠤ᠂ ᠠᠯᠳᠠᠭ᠎ᠠ ᠶᠢ ᠵᠠᠯᠠᠷᠠᠭᠤᠯᠬᠤ ᠳᠡᠪᠲᠡᠷ ᠲᠡᠬᠡᠨ ᠴᠥᠮ ᠥᠪᠡᠷ ᠦᠨ ᠠᠵᠢᠯ ᠤᠨ ᠠᠯᠳᠠᠰᠢ᠂ ᠤᠳᠤᠷᠢᠳᠤᠯᠭ᠎ᠠ ᠶᠢᠨ ᠰᠠᠨᠠᠭᠤᠯᠭ᠎ᠠ ᠪᠠ ᠬᠠᠯᠠᠨ ᠰᠠᠶᠢᠵᠢᠷᠠᠭᠤᠯᠬᠤ ᠠᠷᠭ᠎ᠠ ᠬᠡᠮᠵᠢᠶ᠎ᠡ ᠶᠢ ᠲᠡᠮᠲᠡᠭᠯᠡᠪᠡ ᠃ ᠪᠦᠦ ᠶᠦᠩ ᠵᠢᠶᠦ᠋ᠨ ᠨᠢᠭᠡᠨ ᠬᠠᠤᠯᠢ ᠴᠠᠭᠠᠵᠠ ᠶᠢᠨ ᠴᠠᠭᠳᠠᠭ᠎ᠠ ᠳᠤ ᠪᠢᠴᠢᠭ ᠦᠨ ᠴᠢᠳᠠᠪᠤᠷᠢ ᠲᠠᠶ ᠪᠠᠶᠢᠬᠤ ᠪᠠᠷ ᠪᠠᠷᠠᠬᠤ ᠦᠭᠡᠢ ᠪᠠᠰᠠ ᠴᠡᠷᠢᠭ ᠦᠨ ᠡᠷᠳᠡᠮ ᠲᠡᠶ ᠪᠠᠶᠢᠬᠤ ᠬᠡᠷᠡᠭᠲᠡᠢ ᠭᠡᠳᠡᠭ ᠢ ᠭᠦᠨᠵᠡᠭᠡᠢ ᠣᠶᠢᠯᠠᠭᠠᠵᠠᠢ᠃ ᠥᠷᠯᠥᠭᠡ ᠪᠦᠷᠢ ᠲᠠᠪᠤᠨ ᠺᠢᠯᠣᠮᠧᠲ᠋ᠷ ᠦᠨ ᠬᠣᠯᠠ ᠭᠦᠶᠦᠯᠲᠡ  ᠶᠢ ᠪᠠᠷᠢᠮᠲᠠᠯᠠᠵᠤ ᠂ ᠬᠡᠳᠦᠬᠡᠨ ᠡᠳᠦᠷ ᠦᠨ ᠳᠣᠲᠣᠷ᠎ᠠ ᠴᠠᠭᠳᠠᠭᠠᠨ ᠤ ᠪᠠᠮᠪᠠᠶ ᠶᠢᠨ ᠲᠠᠮᠢᠷ ᠂ ᠳᠠᠶᠢᠰᠤᠨ ᠢ ᠪᠠᠷᠢᠬᠤ ᠨᠢᠳᠤᠷᠭ᠎ᠠ ᠂ ᠨᠣᠴᠣᠯᠳᠤᠭᠠᠨ ᠤ ᠮᠡᠷᠭᠡᠵᠢᠯ ᠢ ᠰᠤᠷᠴᠠᠶ ᠃ 2017 ᠣᠨ ᠳᠤ ᠪᠥᠬᠥ ᠣᠷᠣᠨ ᠤ ᠪᠠᠶᠢᠴᠠᠭᠠᠬᠤ ᠪᠠᠶᠢᠭᠤᠯᠭ᠎ᠠ  ᠶᠢᠨ ᠬᠠᠸᠯᠢ ᠴᠠᠭᠠᠵᠠ  ᠶᠢᠨ  ᠴᠠᠭᠳᠠᠭ᠎ᠠ ᠶᠢᠨ ᠴᠠᠭᠳᠠᠭᠠᠨ ᠤ ᠶᠠᠪᠤᠳᠠᠯ ᠤᠨ ᠮᠡᠷᠭᠡᠵᠢᠯ ᠴᠢᠳᠠᠪᠤᠷᠢ ᠶᠢᠨ ᠤᠷᠤᠯᠳᠤᠭᠠᠨ ᠤ ᠬᠦᠴᠦᠨ ᠦ ᠦᠰᠦᠷᠦᠯᠲᠡ ᠶᠢᠨ ᠲᠥᠷᠥᠯ ᠵᠦᠶᠯ ᠳᠦ ᠨᠢᠭᠡᠳᠦᠭᠡᠷ ᠲᠦ ᠣᠷᠣᠵᠤ ᠂ ᠬᠤᠷᠳᠤᠴᠠ ᠶᠢᠨ ᠲᠡᠰᠪᠦᠷᠢᠲᠦ ᠲᠥᠷᠥᠯ ᠨᠢ ᠬᠤᠶᠠᠲᠤᠭᠠᠷ  ᠲᠤ ᠤᠷᠤᠵᠠᠢ ︔ 2018 ᠣᠨ ᠳᠤ ᠪᠥᠬᠥ ᠤᠯᠤᠰ ᠤᠨ ᠪᠠᠶᠢᠴᠠᠭᠠᠬᠤ ᠪᠠᠶᠢᠭᠤᠯᠭ᠎ᠠ  ᠶᠢᠨ ᠬᠠᠸᠯᠢ ᠴᠠᠭᠠᠵᠠ  ᠶᠢᠨ ᠴᠠᠭᠳᠠᠭ᠎ᠠ ᠶᠢᠨ ᠪᠣᠯᠪᠠᠰᠤᠷᠠᠯ  ᠤᠨ ᠬᠢᠨᠠᠨ ᠰᠢᠯᠭᠠᠯᠲᠠ ᠳᠤ ᠦᠨᠳᠦᠰᠦᠨ ᠲᠠᠮᠢᠷ  ᠤᠨ ᠨᠢᠭᠡ ᠺᠢᠯᠣᠮᠧᠲ᠋ᠷ ᠂ ᠵᠠᠭᠤᠨ ᠮᠧᠲ᠋ᠷ ᠦᠨ ᠬᠣᠶᠠᠷ ᠵᠦᠶᠯ ᠨᠢ ᠨᠢᠭᠡᠳᠦᠭᠡᠷ ᠲᠦ ᠣᠷᠣᠵᠤ ᠂ ᠡᠯᠢᠭᠡᠳᠡᠭᠡ ᠲᠤᠯᠤᠯᠲᠠ ᠶᠢᠨ ᠬᠣᠶᠠᠳᠤᠭᠠᠷ ᠲᠤ ᠣᠷᠣᠪᠠ ︔ 2019 ᠣᠨ ᠳᠤ ᠢᠯᠡᠷᠡᠯ ᠳᠤᠪᠤᠢᠢᠮ᠎ᠠ ᠪᠠᠶᠢᠭᠰᠠᠨ ᠠᠴᠠ ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠪᠠᠶᠢᠴᠠᠭᠠᠬᠤ ᠬᠣᠷᠢᠢ᠎ᠠ ᠶᠢᠨ ᠬᠥᠬᠢᠭᠦᠯᠦᠯ ᠢ ᠨᠢᠭᠡ ᠤᠳᠠᠭ᠎ᠠ ᠤᠯᠪᠠ ︔ 2019 ᠣᠨ ᠳᠤ ᠪᠦᠬᠦ ᠤᠯᠤᠰ ᠤᠨ ᠪᠠᠶᠢᠴᠠᠭᠠᠬᠤ ᠪᠠᠶᠢᠭᠤᠯᠭ᠎ᠠ  ᠶᠢᠨ ᠬᠠᠤᠯᠢ ᠴᠠᠭᠠᠵᠠ ᠶᠢᠨ ᠴᠠᠭᠳᠠᠭ᠎ᠠ ᠶᠢᠨ ᠪᠣᠯᠪᠠᠰᠤᠷᠠᠯ ᠤᠨ ᠬᠢᠨᠠᠨ ᠰᠢᠯᠭᠠᠯᠲᠠ ᠳᠤ ᠦᠨᠳᠦᠰᠦᠨ ᠲᠠᠮᠢᠷ ᠤᠨ ᠴᠢᠳᠠᠪᠤᠷᠢ ᠶᠢᠨ ᠨᠢᠭᠡ ᠺᠢᠯᠣᠮᠧᠲ᠋ᠷ᠂ ᠵᠠᠭᠤᠨ ᠮᠧᠲ᠋ᠷ ᠦᠨ ᠬᠣᠶᠠᠷ ᠵᠦᠢᠯ ᠦᠨ ᠨᠢᠭᠡᠳᠦᠭᠡᠷ᠂ ᠭᠠᠭᠴᠠ ᠴᠠᠭᠳᠠᠭ᠎ᠠ ᠶᠢᠨ ᠡᠩᠨᠡᠭᠡ ᠶᠢᠨ ᠬᠥᠳᠡᠯᠭᠡᠭᠡᠨ᠂ ᠡᠯᠢᠭᠡᠳᠡᠭᠡ ᠲᠤᠯᠤᠯᠲᠠ ᠬᠣᠶᠠᠷ ᠵᠦᠢᠯ ᠦᠨ ᠬᠣᠶᠠᠳᠤᠭᠠᠷ ᠤᠨ ᠰᠠᠢᠢᠨ ᠬᠢᠷᠢ ᠪᠦᠲᠦᠮᠵᠢ ᠶᠢ ᠤᠯᠪᠠ︔ 2019 ᠣᠨ ᠤ 7 ᠰᠠᠷ᠎ᠠ ᠳᠤ ᠬᠢᠩᠭᠠᠨ ᠠᠶᠢᠮᠠᠭ ᠤᠨ ᠬᠣᠶᠠᠳᠤᠭᠠᠷ ᠬᠤᠭᠤᠴᠠᠭᠠᠨ ᠤ ᠤᠯᠠᠨ ᠲᠦᠮᠡᠨᠴᠢ ᠴᠢᠨᠠᠷᠲᠠᠢ ᠴᠡᠷᠢᠭ ᠦᠨ ᠪᠣᠯᠪᠠᠰᠤᠷᠠᠯ ᠴᠡᠷᠢᠭ ᠦᠨ ᠮᠥᠷᠥᠶᠢᠴᠡᠭᠡᠨ ᠦ ᠬᠢᠨᠠᠨ ᠰᠢᠯᠭᠠᠬᠤ ᠠᠵᠢᠯᠯᠠᠭ᠎ᠠ ᠳᠤ ᠣᠷᠣᠯᠴᠠᠭᠰᠠᠨ 56 ᠬᠡᠯᠪᠡᠷᠢ ᠶᠢᠨ ᠬᠠᠭᠠᠰ ᠠᠦᠲ᠋ᠤ᠋ ᠶᠠᠪᠠᠭᠠᠨ ᠫᠤᠤ ᠶᠢᠨ ᠵᠢᠷᠤᠭ ᠲᠥᠯᠥᠪᠯᠡᠭᠡ ᠶᠢᠨ ᠲᠦᠷᠦᠯ ᠵᠦᠢᠯ ᠦᠨ 5 ᠰᠤᠮᠤ 50 ᠴᠠᠭᠠᠷᠢᠭ ᠤᠨ ᠰᠠᠢᠢᠨ ᠬᠢᠷᠢ ᠪᠦᠲᠦᠮᠵᠢ ᠪᠡᠷ ᠨᠢᠭᠡᠳᠦᠭᠡᠷ ᠲᠦ ᠤᠷᠤᠭᠰᠠᠨ ᠪᠥᠭᠡᠳ ᠬᠢᠩᠭᠠᠨ ᠠᠶᠢᠮᠠᠭ ᠤᠨ ᠬᠠᠭᠠᠰ ᠠᠦᠲ᠋ᠤ᠋ ᠶᠠᠪᠠᠭᠠᠨ ᠫᠤᠤ ᠶᠢᠨ ᠫᠤᠤᠳᠠᠯᠭ᠎ᠠ ᠶᠢᠨ ᠲᠦᠷᠦᠯ ᠵᠦᠢᠯ ᠦᠨ ᠲᠡᠮᠳᠡᠭᠯᠡᠯ ᠢ ᠡᠪᠳᠡᠪᠡ︔ 2020 ᠣᠨ ᠳᠤ ᠪᠥᠬᠥ ᠤᠯᠤᠰ ᠤᠨ ᠪᠠᠶᠢᠴᠠᠭᠠᠬᠤ ᠪᠠᠶᠢᠭᠤᠯᠭ᠎ᠠ  ᠶᠢᠨ ᠬᠣᠷᠢᠨ ᠭᠤᠷᠪᠠᠳᠤᠭᠠᠷ ᠬᠤᠭᠤᠴᠠᠭᠠᠨ ᠤ ᠬᠠᠸᠯᠢ ᠴᠠᠭᠠᠵᠠ  ᠶᠢᠨ ᠴᠠᠭᠳᠠᠭ᠎ᠠ ᠶᠢᠨ ᠭᠣᠸᠯᠯᠠᠭᠴᠢ ᠪᠣᠯᠪᠠᠰᠤᠷᠠᠯ ᠤᠨ ᠠᠩᠭᠢ ᠶᠢᠨ ︽ ᠴᠠᠭᠳᠠᠭᠠᠨ ᠤ ᠶᠠᠪᠤᠳᠠᠯ ᠤᠨ ᠦᠨᠳᠦᠰᠦᠨ ᠲᠠᠮᠢᠷ  ᠤᠨ ︵ᠡᠷᠡᠭᠲᠡᠶ ᠴᠠᠭᠳᠠᠭ᠎ᠠ ᠶᠢᠨ 100 ᠮᠧᠲ᠋ᠷ ᠦᠨ ᠭᠦᠶᠦᠯᠲᠡ︶ ᠲᠥᠷᠥᠯ︾  ᠤᠨ ᠤᠷᠤᠯᠳᠤᠭᠠᠨ ᠳᠤ ᠲᠡᠷᠢᠭᠦᠯᠡᠵᠦ ᠂ ︽ ᠴᠠᠭᠳᠠᠭᠠᠨ ᠤ ᠶᠠᠪᠤᠳᠠᠯ ᠤᠨ ᠦᠨᠳᠦᠰᠦᠨ ᠲᠠᠮᠢᠷ ︵ ᠡᠷᠡᠭᠲᠡᠶ ᠴᠠᠭᠳᠠᠭ᠎ᠠ ᠶᠢᠨ ᠡᠯᠢᠭᠡᠳᠡᠭᠡ ᠲᠤᠯᠤᠯᠲᠠ ︶  ᠤᠨ ᠲᠥᠷᠥᠯ︾ ᠤᠨ ᠤᠷᠤᠯᠳᠤᠭᠠᠨ ᠳᠤ ᠬᠣᠶᠠᠳᠤᠭᠠᠷ ᠲᠤ ᠣᠷᠣᠪᠠ ᠃ ᠪᠦᠬᠦ ᠤᠯᠤᠰ ᠤᠨ ᠪᠠᠶᠢᠴᠠᠭᠠᠬᠤ ᠪᠠᠶᠢᠭᠤᠯᠤᠯᠭ᠎ᠠ ᠶᠢᠨ ᠬᠠᠤᠯᠢ ᠴᠠᠭᠠᠵᠠ ᠶᠢᠨ ᠴᠠᠭᠳᠠᠭ᠎ᠠ ᠶᠢᠨ ᠭᠣᠣᠯᠯᠠᠭᠴᠢ ᠪᠣᠯᠪᠠᠰᠤᠷᠠᠯ ᠤᠨ ᠠᠩᠬᠢ ᠶᠢᠨ ᠲᠤᠬᠠᠶᠢᠯᠠᠭᠰᠠᠨ ᠠᠵᠢᠯ ᠤᠨ ᠤᠷ᠎ᠠ ᠴᠢᠳᠠᠪᠤᠷᠢ ᠶᠢᠨ ᠤᠷᠤᠯᠳᠤᠭᠠᠨ ᠳᠤ ᠳᠤᠪᠤᠢᠢᠮ᠎ᠠ ᠢᠯᠡᠷᠡᠯ ᠲᠡᠶ ᠪᠠᠶᠢᠵᠤ᠂ ᠬᠢᠩᠭᠠᠨ ᠠᠶᠢᠮᠠᠭ ᠤᠨ ᠪᠠᠶᠢᠴᠠᠭᠠᠬᠤ ᠬᠤᠪᠢᠶᠠᠷᠢ ᠬᠤᠷᠢᠶᠠᠨ  ᠤ  ᠭᠤᠷᠪᠠᠳᠤᠭᠠᠷ ᠳᠡᠰ ᠤᠨ ᠭᠠᠪᠢᠶ᠎ᠠ ᠶᠢ ᠨᠢᠭᠡ ᠤᠳᠠᠭ᠎ᠠ ᠲᠡᠮᠳᠡᠭᠯᠡᠪᠡ᠃

W020210420628442548648.jpg     ᠡᠭᠦᠷᠭᠡ ᠲᠤᠰᠢᠶᠠᠯ ᠳᠠᠭᠠᠨ ᠦᠨᠡᠨᠴᠢ ᠰᠢᠳᠤᠷᠭᠤ    ᠬᠠᠷᠠᠮ ᠦᠭᠡᠢ  ᠪᠠᠷ ᠬᠠᠮᠳᠢᠪᠯᠠᠬᠤ
     ᠠᠯᠪᠠᠨ ᠶᠠᠪᠤᠳᠠᠯ ᠭᠦᠢᠴᠡᠳᠬᠡᠬᠦ ᠦᠶ᠎ᠡ ᠳᠦ᠂ ᠪᠦᠦ ᠶᠦᠩ ᠵᠢᠶᠦ᠋ᠨ ᠦ ᠲᠠᠷᠢᠬᠢᠨ  ᠳᠤ ᠶᠡᠷᠦᠨᠢ ᠠᠮᠤᠷ ᠲᠦᠪᠰᠢᠨ ᠦ ᠡᠨᠡᠬᠦ ᠬᠥᠪᠴᠢ ᠶᠢ ᠴᠢᠩᠭᠠᠯᠠᠵᠤ᠂ ᠢᠮᠠᠭᠲᠠ ᠳᠡᠭᠡᠳᠦ ᠬᠡᠮᠵᠢᠶᠡᠨ ᠦ ᠰᠣᠨᠣᠷ ᠰᠡᠷᠡᠮᠵᠢ ᠲᠡᠶ ᠪᠠᠶᠢᠵᠤ᠂ ᠤᠳᠠᠭ᠎ᠠ ᠪᠦᠷᠢ ᠶᠢᠨ ᠳᠠᠷᠤᠵᠤ ᠬᠦᠷᠭᠡᠬᠦ ᠡᠭᠦᠷᠭᠡ ᠶᠢ ᠤᠷᠤᠭᠰᠢᠲᠠᠢ ᠪᠡᠶᠡᠯᠡᠭᠦᠯᠬᠦ ᠶᠢ ᠪᠠᠲᠤᠯᠠᠪᠠ︔ᠲᠢᠩᠬᠢᠮ ᠦᠨ ᠰᠢᠭᠦᠯᠲᠡ ᠳᠦ ᠠᠯᠪᠠᠨ ᠵᠠᠭᠠᠯᠳᠤᠭᠴᠢ ᠶᠢᠨ ᠪᠡᠶ᠎ᠡ ᠶᠢᠨ ᠠᠮᠤᠷ ᠲᠦᠪᠰᠢᠨ ᠢ ᠰᠠᠶᠢᠲᠤᠷ ᠬᠠᠮᠠᠭᠠᠯᠠᠬᠤ ᠪᠠᠷ ᠡᠭᠦᠷᠭᠡ ᠪᠡᠨ ᠪᠣᠯᠭᠠᠬᠤ ᠶᠢᠨ ᠬᠠᠮᠲᠤ ᠰᠠᠢᠢᠨ ᠰᠠᠶᠢᠬᠠᠨ ᠴᠠᠭᠳᠠᠭᠠᠨ ᠤ ᠲᠦᠷᠢ ᠲᠥᠷᠬᠦ ᠶᠢ ᠪᠠᠲᠤᠯᠠᠵᠤ᠂ ᠡᠷᠡᠭᠦᠦ ᠶᠢᠨ ᠬᠡᠷᠡᠭ ᠦᠨ ᠰᠢᠭᠦᠨ ᠲᠠᠰᠤᠯᠤᠯᠲᠠ ᠶᠢᠨ ᠰᠢᠭᠦᠬᠦ ᠲᠢᠩᠬᠢᠮ ᠦᠨ ᠲᠥᠪ ᠴᠢᠩᠭ᠎ᠠ ᠴᠢᠨᠠᠷ ᠢ ᠦᠨᠡᠨ ᠬᠦ ᠪᠠᠲᠤᠯᠠᠵᠤ᠂ ᠠᠰᠠᠭᠤᠵᠤ ᠪᠣᠯᠬᠤ ᠦᠭᠡᠢ ᠶᠢ ᠨᠢ ᠠᠰᠠᠭᠤᠬᠤ ᠦᠭᠡᠢ᠂ ᠰᠣᠨᠣᠰᠴᠤ ᠪᠣᠯᠬᠤ ᠦᠭᠡᠢ ᠶᠢ ᠨᠢ ᠰᠣᠨᠣᠰᠬᠤ ᠦᠭᠡᠢ᠂ ᠬᠡᠷᠡᠭ ᠦᠨ ᠪᠠᠶᠢᠳᠠᠯ ᠢ ᠶᠡᠷᠦ ᠡᠴᠡ ᠰᠤᠷᠠᠭᠯᠠᠭᠰᠠᠨ ᠦᠭᠡᠢ ᠪᠤᠶᠤ ᠵᠠᠳᠠᠷᠠᠭᠤᠯᠤᠭᠰᠠᠨ ᠦᠭᠡᠢ᠃ ᠵᠢᠷᠭᠤᠭᠠᠨ ᠵᠢᠯ ᠦᠨ ᠲᠤᠷᠰᠢ ᠲᠡᠷᠡ ᠨᠡᠶᠢᠲᠡ ᠬᠣᠶᠠᠷ ᠮᠢᠩᠭ᠎ᠠ ᠭᠠᠷᠤᠶ ᠤᠳᠠᠭ᠎ᠠ ᠴᠠᠭᠳᠠᠭ᠎ᠠ ᠭᠠᠷᠴᠤ  ᠂ ᠬᠡᠷᠡᠭ ᠰᠢᠶᠳᠪᠦᠷᠢᠯᠡᠬᠦ ᠰᠠᠯᠠᠭ᠎ᠠ ᠮᠥᠴᠢᠷ ᠦᠨ ᠭᠠᠷᠭᠠᠨ ᠬᠣᠷᠢᠬᠤ ᠂ ᠬᠠᠷᠠᠵᠤ ᠬᠠᠮᠢᠶᠠᠷᠬᠤ ᠂ ᠰᠢᠯᠵᠢᠭᠦᠯᠦᠨ ᠬᠣᠷᠢᠬᠤ ᠪᠠ ᠠᠯᠪᠠᠳᠠᠨ ᠳᠠᠭᠤᠳᠠᠬᠤ ᠶᠢ ᠭᠦᠢᠴᠡᠳᠬᠡᠬᠦ ᠵᠡᠷᠭᠡ ᠠᠯᠪᠠᠳᠠᠯᠭ᠎ᠠ ᠶᠢᠨ ᠠᠷᠭ᠎ᠠ ᠬᠡᠮᠵᠢᠶ᠎ᠡ ᠵᠢᠴᠢ ᠴᠢᠬᠤᠯᠠ ᠶᠡᠬᠡ ᠠᠵᠢᠯᠯᠠᠭ᠎ᠠ ᠵᠡᠷᠭᠡ ᠣᠯᠠᠨ ᠵᠦᠢᠯ ᠦᠨ ᠠᠮᠤᠷ ᠲᠦᠪᠰᠢᠨ ᠦ ᠬᠠᠮᠠᠭᠠᠯᠠᠯᠲᠠ ᠶᠢᠨ ᠠᠵᠢᠯ ᠳᠤ ᠣᠷᠣᠯᠴᠠᠵᠤ ᠂ ᠶᠠᠮᠠᠷ ᠴᠤ ᠠᠯᠳᠠᠰᠢ ᠪᠠ ᠠᠮᠤᠷ ᠲᠦᠪᠰᠢᠨ ᠦ ᠠᠰᠠᠭᠤᠳᠠᠯ ᠭᠠᠷᠴᠤ ᠥᠩᠭᠡᠷᠡᠭᠰᠡᠨ ᠦᠭᠡᠢ᠂ ᠲᠣᠭᠲᠠᠭᠠᠯ ᠢ ᠵᠥᠷᠢᠴᠡᠵᠦ ᠰᠠᠬᠢᠯᠭ᠎ᠠ ᠪᠠᠲᠤ ᠶᠢ ᠵᠥᠷᠢᠴᠡᠭᠰᠡᠨ ᠶᠠᠮᠠᠷ ᠴᠤ ᠠᠰᠠᠭᠤᠳᠠᠯ ᠭᠠᠷᠴᠤ ᠥᠩᠭᠡᠷᠡᠭᠰᠡᠨ ᠦᠭᠡᠢ᠂ ᠬᠡᠷᠡᠭ ᠰᠢᠶᠳᠪᠦᠷᠢᠯᠡᠬᠦ ᠠᠵᠢᠯᠳᠠᠨ ᠪᠠ ᠲᠤᠬᠠᠶ ᠶᠢᠨ ᠬᠥᠮᠦᠨ ᠦ ᠬᠠᠤᠯᠢ ᠶᠣᠰᠣᠨ ᠤ ᠡᠷᠬᠡ ᠠᠰᠢᠭ ᠢ ᠨᠡᠯᠢᠶᠡᠳ ᠰᠠᠢᠢᠨ ᠬᠠᠮᠠᠭᠠᠯᠠᠵᠤ᠂ ᠠᠯᠪᠠᠨ ᠵᠠᠭᠠᠯᠳᠤᠯᠭ᠎ᠠ ᠬᠢᠬᠦ᠂ ᠱᠠᠮᠰᠢᠬᠤ ᠶᠢ ᠡᠰᠡᠷᠭᠦᠴᠡᠬᠦ᠂ ᠲᠤᠰᠢᠶᠠᠯ  ᠢᠶᠠᠨ ᠭᠤᠲᠤᠭᠠᠬᠤ  ᠶᠢ ᠡᠰᠡᠷᠭᠦᠴᠡᠬᠦ ᠵᠡᠷᠭᠡ ᠰᠠᠯᠠᠭ᠎ᠠ ᠮᠥᠴᠢᠷ ᠦᠨ ᠲᠤᠬᠠᠶᠢᠯᠠᠭᠰᠠᠨ ᠠᠵᠢᠯ ᠤᠨ ᠤᠷᠤᠭᠰᠢᠲᠠᠶ ᠶᠠᠪᠤᠭᠳᠠᠬᠤ ᠳᠤ ᠴᠠᠭᠳᠠᠭᠠᠨ ᠤ ᠶᠠᠪᠤᠳᠠᠯ ᠤᠨ ᠪᠠᠲᠤᠯᠠᠭ᠎ᠠ ᠬᠠᠩᠭᠠᠭᠰᠠᠨ ᠪᠠᠶᠢᠨ᠎ᠠ᠃

W020210420628442884477.jpg       ᠤᠭ ᠰᠠᠨᠠᠭ᠎ᠠ ᠪᠠᠨ ᠦᠯᠦ ᠮᠠᠷᠲᠠᠵᠤ ᠪᠣᠳᠠᠲᠠᠢ ᠶᠢ ᠡᠷᠬᠢᠮᠯᠡᠨ ᠬᠠᠷᠢᠭᠤᠴᠠᠯᠭ᠎ᠠ ᠡᠭᠦᠷᠭᠡᠯᠡᠬᠦ
     2014 ᠣᠨ ᠳᠤ ᠲᠣᠪᠣᠶᠢᠮ᠎ᠠ ᠠᠮᠵᠢᠯᠲᠠ ᠣᠯᠤᠭᠰᠠᠨ  ᠠᠴᠠ ᠪᠣᠯᠵᠣ ᠪᠦᠦ ᠶᠦᠩ ᠵᠢᠶᠦ᠋ᠨ ᠰᠢᠯᠢᠳᠡᠭ ᠨᠠᠮ ᠤᠨ ᠭᠡᠰᠢᠭᠦᠨ ᠂ ᠲᠡᠷᠢᠭᠦᠨ ᠦ ᠬᠤᠪᠢ ᠬᠥᠮᠦᠨ  ᠢᠶᠡᠷ ᠰᠣᠩᠭᠣᠭᠳᠠᠪᠠ ︔ 2016 ᠣᠨ ᠳᠤ ᠨᠠᠮ ᠤᠨ ᠵᠣᠬᠢᠶᠠᠨ ᠪᠠᠶᠢᠭᠤᠯᠤᠯᠲᠠ ᠶᠢᠨ ᠢᠲᠡᠭᠡᠯ ᠢ ᠣᠯᠵᠤ ᠂ ᠨᠠᠮ ᠤᠨ ᠡᠭᠦᠷ ᠦᠨ ᠵᠣᠬᠢᠶᠠᠨ ᠪᠠᠶᠢᠭᠤᠯᠬᠤ ᠭᠡᠰᠢᠭᠦᠨ ᠢᠶᠡᠷ ᠲᠣᠮᠢᠯᠠᠭᠳᠠᠭᠰᠠᠨ ᠠᠴᠠ ᠨᠠᠰᠢ᠂ ᠨᠠᠮ ᠤᠨ ᠡᠭᠦᠷ ᠦᠨ ᠱᠦᠵᠢ ᠶᠢ ᠬᠠᠪᠰᠤᠷᠤᠨ ᠨᠠᠮ ᠤᠨ ᠪᠠᠶᠢᠭᠤᠯᠤᠯᠲᠠ ᠶᠢᠨ  ᠢ ᠡᠮᠬᠢᠯᠡᠵᠦ᠂ ᠤᠯᠠᠨ ᠬᠡᠯᠪᠡᠷᠢ ᠶᠢᠨ ᠨᠠᠮ ᠤᠨ ᠡᠭᠦᠷ ᠦᠨ ᠠᠵᠢᠯᠯᠠᠭ᠎ᠠ ᠪᠣᠯᠤᠨ ᠤᠯᠤᠰ ᠲᠦᠷᠦ ᠶᠢᠨ ᠰᠤᠷᠤᠯᠴᠠᠯᠭ᠎ᠠ ᠶᠢ ᠬᠠᠪᠰᠤᠷᠤᠨ ᠥᠷᠨᠢᠭᠦᠯᠵᠦ᠂ ᠤᠯᠠᠨ ᠲᠦᠮᠡᠨ ᠲᠡᠶ ᠨᠢᠭᠲᠠ ᠬᠠᠷᠢᠯᠴᠠᠬᠤ ᠪᠠ ᠨᠠᠮ ᠤᠨ ᠭᠡᠰᠢᠭᠦᠨ ᠦ ᠨᠢᠭᠲᠠᠷᠠᠯ ᠤᠨ ᠬᠦᠴᠦᠨ ᠢ ᠴᠢᠩᠭᠠᠳᠬᠠᠬᠤ ᠦᠷ᠎ᠡ ᠳ᠋ᠦᠩ ᠳᠦ ᠬᠦᠷᠴᠦ᠂ ᠨᠠᠮ ᠤᠨ ᠡᠭᠦᠷ ᠦᠨ ᠨᠠᠮ ᠤᠨ ᠪᠠᠶᠢᠭᠤᠯᠤᠯᠲᠠ ᠶᠢᠨ ᠲᠦᠪᠰᠢᠨ ᠢ ᠪᠦᠲᠦᠮᠵᠢᠲᠡᠢ ᠳᠡᠭᠡᠭᠰᠢᠯᠡᠭᠦᠯᠵᠦ᠂ ᠨᠠᠮ ᠤᠨ ᠡᠭᠦᠷ ᠤᠯᠠᠨ ᠤᠳᠠᠭ᠎ᠠ ᠰᠢᠯᠢᠳᠡᠭ ᠨᠠᠮ ᠤᠨ ᠡᠭᠦᠷ ᠢᠶᠡᠷ ᠦᠨᠡᠯᠡᠭᠳᠡᠵᠦ᠂ ᠨᠠᠮ ᠤᠨ ᠡᠭᠦᠷ ᠦᠨ ᠨᠠᠮ ᠤᠨ ᠭᠡᠰᠢᠭᠦᠨ ᠤᠯᠠᠨ ᠤᠳᠠᠭ᠎ᠠ ᠰᠢᠯᠢᠳᠡᠭ ᠨᠠᠮ ᠤᠨ ᠭᠡᠰᠢᠭᠦᠨ ᠢᠶᠡᠷ ᠦᠨᠡᠯᠡᠭᠳᠡᠪᠡ᠃ ᠬᠣᠷᠴᠢᠨ ᠪᠠᠷᠠᠭᠤᠨ ᠭᠠᠷᠤᠨ ᠳᠤᠮᠳᠠᠳᠤ ᠬᠣᠰᠢᠭᠤᠨ ᠤ ᠠᠷᠠᠳ ᠤᠨ ᠪᠠᠶᠢᠴᠠᠭᠠᠬᠤ ᠬᠣᠷᠢᠶ᠎ᠠ  ᠬᠠᠪᠰᠤᠷᠤᠯᠴᠠᠵᠦ ᠲᠡᠳᠬᠦᠬᠦ ᠠᠵᠢᠯ ᠢ ᠥᠷᠨᠢᠭᠦᠯᠦᠭᠰᠡᠨ ᠡᠴᠡ ᠨᠠᠰᠢ ᠂ ᠶᠠᠳᠠᠭᠤ ᠠᠴᠠ ᠠᠩᠭᠢᠵᠢᠷᠠᠭᠤᠯᠬᠤ ᠪᠣᠭᠣᠮᠲᠠ ᠰᠢᠪᠲᠤᠯᠬᠤ ᠳᠠᠶᠢᠯᠠᠯᠳᠤᠭᠠᠨ ᠳᠤ ᠢᠳᠡᠪᠬᠢᠲᠡᠢ ᠣᠷᠣᠯᠴᠠᠵᠤ᠂ ᠡᠬᠢᠨ ᠳᠡᠭᠡᠨ ᠡᠷᠤᠭᠡ ᠳᠦ ᠣᠷᠣᠵᠤ ᠲᠤᠬᠠᠢ ᠶᠢᠨ ᠭᠠᠵᠠᠷ ᠤᠨ ᠲᠠᠷᠢᠶᠠᠴᠢᠨ ᠤ ᠪᠠᠶᠢᠳᠠᠯ ᠢ ᠣᠶᠢᠯᠠᠭᠠᠵᠤ᠂  ᠬᠠᠪᠰᠤᠷᠤᠯᠴᠠᠵᠦ ᠲᠡᠳᠬᠦᠬᠦ ᠡᠷᠤᠬᠡ ᠪᠣᠯᠬᠤ ᠸᠠᠩ ᠡᠵᠢ ᠶᠢᠨ ᠠᠮᠢᠳᠤᠷᠠᠯ ᠦᠨᠡᠬᠡᠷ ᠬᠦᠴᠢᠷᠲᠡᠢ᠂ ᠣᠷᠣᠨ ᠰᠠᠭᠤᠴᠠ ᠦᠭᠡᠢ ᠪᠠᠶᠢᠬᠤ ᠪᠠᠶᠢᠳᠠᠯ ᠢ ᠣᠶᠢᠯᠠᠭᠠᠭᠰᠠᠨ ᠤ ᠲᠠᠷᠠᠭ᠎ᠠ᠂ ᠲᠤᠰ ᠬᠤᠷᠢᠶᠠᠨ  ᠦ ᠲᠣᠰᠬᠣᠨ ᠳᠤ ᠰᠠᠭᠤᠭ᠎ᠠ ᠱᠦᠵᠢ ᠵᠢᠴᠢ ᠬᠠᠮᠢᠶ᠎ᠠ ᠪᠦᠬᠦᠢ ᠰᠠᠯᠠᠭ᠎ᠠ ᠮᠥᠴᠢᠷ ᠲᠡᠶ ᠢᠳᠡᠪᠬᠢᠲᠡᠢ ᠪᠡᠷ ᠬᠠᠷᠢᠯᠴᠠᠵᠤ᠂ ᠸᠠᠩ ᠡᠵᠢ ᠶᠢ ᠲᠣᠭᠣᠰᠬᠠᠨ ᠭᠡᠷ ᠲᠦ ᠰᠠᠭᠤᠯᠭᠠᠬᠤ ᠳᠤ ᠬᠦᠴᠢᠷ ᠠᠰᠠᠭᠤᠳᠠᠯ ᠢ ᠨᠢ ᠰᠢᠢᠳᠪᠦᠷᠢᠯᠡᠵᠦ ᠥᠭᠴᠡᠢ᠃
     ᠨᠢᠭᠡᠳᠦᠯᠲᠡᠶ ᠲᠥᠯᠥᠪᠯᠡᠵᠦ ᠨᠡᠢᠢᠲᠡ ᠳᠦᠨᠢ ᠬᠠᠷᠠᠭᠠᠯᠵᠠᠵᠤ ᠪᠦᠬᠦ ᠲᠠᠯ᠎ᠠ ᠪᠠᠷ ᠬᠥᠭᠵᠢᠭᠦᠯᠬᠦ
     ᠪᠦᠦ ᠶᠦᠩ ᠵᠢᠶᠦ᠋ᠨ 2015 ᠣᠨ ᠳᠤ ᠨᠢᠭᠡᠴᠡ ᠶᠢᠨ ᠢᠶᠡᠨ ᠰᠠᠭᠤᠷᠢ ᠪᠦᠲᠦᠭᠡᠨ ᠪᠠᠶᠢᠭᠤᠯᠤᠯᠲᠠ ᠶᠢᠨ ᠠᠵᠢᠯ ᠳᠤ ᠣᠷᠣᠯᠴᠠᠭᠰᠠᠨ ᠠᠴᠠ ᠨᠠᠰᠢ᠂ ᠳᠠᠷᠤᠤ ᠬᠢᠴᠢᠶᠡᠩᠭᠦᠢ ᠪᠡᠷ ᠰᠤᠷᠤᠯᠴᠠᠵᠤ᠂ ᠲᠠᠰᠤᠷᠠᠯᠲᠠ ᠦᠭᠡᠢ ᠳᠠᠪᠰᠢᠵᠤ᠂ ᠡᠯ᠎ᠡ ᠨᠢᠭᠡᠴᠡ ᠶᠢᠨ ᠬᠢᠨᠠᠨ ᠵᠥᠪᠰᠢᠶᠡᠷᠡᠬᠦ ᠭᠠᠷ ᠭᠦᠢᠴᠡᠳᠬᠡᠯ ᠵᠢᠴᠢ ᠢᠨᠵᠧᠨᠧᠷᠢᠩ ᠦᠨ ᠵᠢᠷᠤᠭ ᠤᠨ ᠵᠥᠭᠡᠯᠡᠨ ᠳᠤᠨᠤᠭ ᠵᠡᠷᠭᠡ ᠶᠢ ᠰᠢᠢᠳᠪᠦᠷᠢᠯᠡᠬᠦ ᠳᠦ ᠬᠦᠴᠢᠷᠳᠡᠵᠦ ᠪᠠᠶᠢᠭᠰᠠᠨ ᠠᠴᠠ ᠪᠠᠨ ᠪᠣᠯᠪᠠᠰᠤᠷᠠᠩᠭᠤᠢ ᠪᠤᠯᠵᠦ ᠂ ᠬᠣᠶᠠᠷᠬᠠᠨ ᠠᠵᠢᠯᠲᠠᠨ ᠲᠠᠶ ᠪᠣᠯᠤᠭᠰᠠᠨ ᠪᠠᠶᠢᠳᠠᠯ ᠳᠣᠣᠷ᠎ᠠ᠂ ᠠᠵᠢᠯ ᠤᠨ ᠡᠭᠦᠷᠭᠡ ᠪᠡᠨ ᠲᠡᠭᠦᠰ ᠠᠮᠵᠢᠯᠲᠠ ᠲᠠᠶ ᠪᠡᠶᠡᠯᠡᠭᠦᠯᠵᠡᠢ᠃ ᠠᠵᠢᠯ ᠤᠨ ᠴᠢᠯᠥᠭᠡ ᠪᠡᠷ ᠢᠶᠡᠨ ᠡᠯ᠎ᠡ ᠵᠦᠢᠯ ᠦᠨ ᠰᠣᠶᠣᠯ ᠲᠠᠮᠢᠷ ᠤᠨ ᠬᠥᠳᠡᠯᠭᠡᠭᠡᠨ ᠳᠦ ᠢᠳᠡᠪᠬᠢᠲᠡᠢ ᠣᠷᠣᠯᠴᠠᠵᠤ᠂ ᠤᠳᠤᠷᠢᠳᠤᠯᠭ᠎ᠠ ᠶᠢᠨ ᠬᠠᠪᠰᠤᠷᠤᠯᠭ᠎ᠠ ᠳᠡᠮᠵᠢᠯᠭᠡ ᠶᠢᠨ ᠳᠣᠣᠷ᠎ᠠ᠂ ᠲᠤᠰ ᠬᠦᠷᠢᠶᠡᠯᠡᠩ ᠦᠨ ᠠᠯᠠᠭᠠᠳᠠᠬᠤ ᠪᠥᠮᠪᠥᠭᠡ ᠶᠢᠨ ᠠᠩᠬᠢ ᠶᠢ ᠵᠣᠬᠢᠶᠠᠨ ᠪᠠᠶᠢᠭᠤᠯᠬᠤ ᠳᠤ ᠣᠷᠣᠯᠴᠠᠵᠤ᠂ ᠬᠢᠩᠭᠠᠨ ᠠᠶᠢᠮᠠᠭ ᠤᠨ ᠪᠠᠶᠢᠴᠠᠭᠠᠬᠤ ᠪᠠᠶᠢᠭᠤᠯᠭ᠎ᠠ  ᠶᠢᠨ ︽ᠰᠢᠳᠤᠷᠭᠤ ᠶᠣᠰᠣᠨ ᠤ ᠬᠤᠨᠳᠠᠭᠠᠲᠤ︾ ᠠᠯᠠᠭᠠᠳᠠᠬᠤ ᠪᠥᠮᠪᠥᠭᠡ ᠶᠢᠨ ᠤᠷᠤᠯᠳᠤᠭᠠᠨ ᠳᠤ ᠤᠯᠠᠨ ᠤᠳᠠᠭ᠎ᠠ ᠮᠠᠩᠯᠠᠶᠢᠯᠠᠪᠠ᠃ ᠬᠣᠰᠢᠭᠤᠨ  ᠠᠴᠠ ᠵᠣᠬᠢᠶᠠᠨ ᠪᠠᠶᠢᠭᠤᠯᠤᠭᠰᠠᠨ ︽ ᠵᠠᠮ ᠬᠠᠷᠢᠯᠴᠠᠭᠠᠨ ᠤ ᠬᠤᠨᠳᠠᠭᠠᠲᠤ ︾ ᠵᠠᠰᠠᠮᠠᠯ ᠵᠠᠮ ᠤᠨ ᠬᠡᠭᠡᠷ᠎ᠡ ᠶᠢᠨ ᠤᠷᠤᠯᠳᠤᠭᠠᠨ ᠳᠤ ᠣᠷᠣᠯᠴᠠᠵᠤ ᠂ ᠣᠯᠠᠨ ᠤᠳᠠᠭ᠎ᠠ ᠲᠡᠷᠢᠭᠦᠨ ᠲᠠᠰ ᠤᠨ ᠰᠠᠶᠢᠨ ᠬᠢᠷᠢ ᠪᠦᠲᠦᠮᠵᠢ ᠤᠯᠪᠠ ︔ᠪᠠᠶᠢᠭᠤᠯᠭ᠎ᠠ  ᠠᠴᠠ ᠪᠠᠨ ᠵᠣᠬᠢᠶᠠᠨ ᠪᠠᠶᠢᠭᠤᠯᠤᠭᠰᠠᠨ ᠴᠠᠶᠢᠯᠠᠯᠭ᠎ᠠ ᠵᠡᠷᠭᠡ ᠣᠯᠠᠨ ᠵᠦᠢᠯ ᠦᠨ ᠠᠵᠢᠯᠯᠠᠭ᠎ᠠ  ᠶᠢᠨ ᠨᠣᠴᠣᠯᠳᠤᠭᠠᠨ  ᠤ  ᠲᠤᠭᠯᠠᠯᠲᠠ ᠂ ᠤᠯᠤᠰ ᠢᠶᠠᠨ ᠬᠠᠶᠢᠷᠠᠯᠠᠬᠤ ᠨᠠᠶᠢᠷᠠᠯ ᠳᠠᠭᠤᠤ ᠵᠡᠷᠭᠡ ᠨᠢ ᠣᠯᠠᠨ ᠤ ᠰᠠᠶᠢᠨ ᠦᠨᠡᠯᠡᠯᠲᠡ  ᠶᠢ ᠣᠯᠤᠭᠰᠠᠨ ᠪᠠᠶᠢᠨ᠎ᠠ ᠃
   ᠪᠦᠦ ᠶᠦᠩ ᠵᠢᠶᠦ᠋ᠨ ᠄ ᠡᠭᠡᠯ ᠵᠢᠷ ᠦᠨ ᠠᠮᠢᠳᠤᠷᠠᠯ ᠴᠡᠷᠢᠭ  ᠬᠥᠮᠦᠨ ᠦ ᠮᠥᠨ ᠴᠢᠨᠠᠷ  ᠢ ᠬᠠᠷᠠᠭᠤᠯᠤᠨ᠎ᠠ

ᠨᠢᠭᠡᠳᠦᠭᠡᠷ ᠹᠷᠣᠨᠲ᠋ ᠲᠤ ᠡᠷᠡᠯᠬᠡᠭᠯᠡᠨ ᠮᠡᠷᠡᠶᠢᠵᠦ  ᠬᠢᠵᠢᠭ ᠦᠨ ᠪᠠᠶᠢᠳᠠᠯ ᠢᠰᠡᠷᠭᠡᠢᠯᠡᠨ ᠡᠵᠡᠮᠲᠡᠬᠦ

ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠦᠨ ᠬᠢᠵᠢᠭ ᠦᠨ ᠪᠠᠶᠢᠳᠠᠯ ᠬᠦᠨᠳᠦ ᠬᠡᠴᠡᠭᠦᠦ᠂ ᠬᠠᠯᠳᠠᠪᠤᠷᠢᠯᠠᠯ ᠲᠦᠷᠭᠡᠨ ᠪᠠᠶᠢᠬᠤ ᠪᠠᠶᠢᠳᠠᠯ ᠳᠣᠣᠷ᠎ᠠ᠂ ᠪᠦᠦ ᠶᠦᠩ ᠵᠢᠶᠦ᠋ᠨ ᠲᠡᠷᠡ ᠳᠠᠷᠤᠢ ᠳᠤᠨᠢ ᠵᠣᠬᠢᠶᠠᠨ ᠪᠠᠶᠢᠭᠤᠯᠬᠤ ᠬᠡᠯᠲᠡᠰ  ᠲᠦ ᠰᠠᠨᠠᠭᠠᠴᠢᠯᠠᠵᠦ  ᠂ ᠬᠢᠵᠢᠭ ᠦᠨ ᠪᠠᠶᠢᠳᠠᠯ ᠢ ᠰᠡᠷᠭᠡᠶᠢᠯᠡᠨ ᠡᠵᠡᠮᠳᠡᠬᠦ ᠨᠠᠮ ᠤᠨ ᠭᠡᠰᠢᠭᠦᠨ ᠦ ᠣᠨᠴᠠ ᠲᠣᠮᠢᠯᠠᠭᠰᠠᠨ ᠠᠩᠬᠢ ᠳᠤ ᠰᠠᠢᠢᠨ ᠳᠤᠷ᠎ᠠ ᠠᠴᠠ ᠪᠠᠨ ᠣᠷᠣᠯᠴᠠᠵᠠᠢ᠃ ᠣᠨᠴᠠ ᠲᠣᠮᠢᠯᠠᠭᠰᠠᠨ ᠠᠩᠭᠢ ᠶᠢᠨ ᠳᠤᠭᠤᠶᠢᠯᠠᠩ ᠤᠨ ᠳᠠᠷᠤᠭ᠎ᠠ ᠶᠢᠨ ᠲᠤᠰᠢᠶᠠᠯ ᠢ ᠡᠭᠦᠷᠭᠡᠯᠡᠵᠦ ᠂ ᠬᠣᠷᠴᠢᠨ ᠪᠠᠷᠠᠭᠤᠨ ᠭᠠᠷᠤᠨ ᠳᠤᠮᠳᠠᠳᠤ ᠬᠣᠰᠢᠭᠤᠨ ᠤ ᠬᠣᠣᠯᠢᠨ ᠭᠣᠸᠯ ᠤᠨ ᠨᠡᠶᠢᠭᠡᠮ ᠲᠣᠭᠣᠷᠢᠭ ᠲᠤ ᠣᠷᠣᠵᠤ ᠭᠠᠷᠬᠤ ᠬᠥᠮᠦᠰ ᠵᠢᠴᠢ ᠮᠠᠰᠢᠨ ᠲᠡᠷᠭᠡ  ᠶᠢ ᠬᠣᠷᠢᠭ᠎ᠠ ᠭᠠᠷᠭᠠᠨ ᠳᠡᠩᠰᠡᠯᠡᠵᠦ ᠂ ᠨᠡᠶᠢᠭᠡᠮ ᠲᠣᠭᠣᠷᠢᠭ ᠤᠨ ᠬᠥᠮᠦᠰ ᠲᠦ ᠬᠢᠵᠢᠭ ᠦᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠮᠡᠳᠡᠯᠭᠡ ᠶᠢ ᠤᠬᠠᠭᠤᠯᠵᠤ ᠂ ᠣᠯᠠᠨ ᠲᠦᠮᠡᠨ ᠢ ᠠᠶᠤᠵᠤ ᠰᠠᠨᠳᠤᠷᠬᠤ ᠥᠬᠡᠶ ᠪᠠᠶᠢᠬᠤ ᠶᠢ ᠵᠣᠷᠢᠭᠵᠢᠭᠤᠯᠵᠤ ᠂ 1 ᠰᠠᠷ᠎ᠠ ᠶᠢᠨ 30 ᠤ ᠡᠳᠦᠷ ᠡᠴᠡ ᠣᠲᠣ ᠪᠣᠯᠲᠠᠯ᠎ᠠ ᠡᠳᠦᠷ ᠰᠥᠨᠢ ᠶᠢ ᠢᠯᠭᠠᠯ ᠥᠬᠡᠶ ᠂ ᠲᠡᠭ ᠡᠴᠡ ᠳᠣᠷᠣᠭᠰᠢ 20 ᠭᠷᠠᠳᠦ᠋ᠰ ᠦᠨ ᠬᠠᠬᠢᠷ ᠬᠦᠶᠲᠡᠨ ᠢ ᠲᠡᠰᠪᠦᠷᠢᠯᠡᠵᠦ ᠂ ᠬᠢᠵᠢᠭ ᠦᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠨᠢᠭᠡᠳᠦᠭᠡᠷ ᠹᠷᠣᠨᠲ᠋  ᠢ ᠰᠠᠬᠢᠨ ᠪᠠᠷᠢᠮᠲᠠᠯᠠᠵᠠᠢ  ᠃ ᠲᠣᠰ ᠤᠳᠠᠭᠠᠨ ᠤ ᠬᠢᠵᠢᠭ ᠦᠨ ᠪᠠᠶᠢᠳᠠᠯ ᠢ ᠰᠡᠷᠭᠡᠶᠢᠯᠡᠨ ᠡᠵᠡᠮᠳᠡᠬᠦ  ᠳᠤᠮᠳᠠᠬᠢ ᠰᠢᠯᠢᠳᠡᠭ ᠢᠯᠡᠷᠡᠯ ᠢ ᠦᠨᠳᠦᠰᠦᠯᠡᠨ ᠂ ᠬᠢᠩᠭᠠᠨ ᠠᠶᠢᠮᠠᠭ ᠲᠤ ᠰᠢᠯᠢᠳᠡᠭ ᠲᠡᠷᠢᠭᠦᠨ ᠦ ᠬᠤᠪᠢ ᠬᠥᠮᠦᠨ ᠂ ᠰᠢᠯᠢᠳᠡᠭ ᠨᠠᠮ ᠤᠨ ᠭᠡᠰᠢᠭᠦᠨ ᠢᠶᠡᠷ ᠦᠨᠡᠯᠡᠭᠳᠡᠪᠡ ᠃
ᠠᠵᠢᠯ ᠳᠠᠭᠠᠨ ᠬᠢᠵᠠᠭᠠᠯᠠᠰᠢ ᠦᠭᠡᠢ ᠦᠨᠡᠨᠴᠢ ᠰᠢᠳᠤᠷᠭᠤ ᠪᠠ ᠬᠠᠶᠢᠷ᠎ᠠ ᠰᠡᠳᠬᠢᠯᠭᠡ ᠪᠡᠷ ᠢᠶᠡᠨ ᠪᠦᠦ ᠶᠦᠩ ᠵᠢᠶᠦ᠋ᠨ ᠨᠥᠬᠥᠷ ᠳᠡᠭᠡᠳᠦ ᠬᠡᠮᠵᠢᠶᠡᠨ ᠦ ᠬᠠᠷᠢᠭᠤᠴᠠᠯᠭᠠᠲᠤ ᠰᠡᠳᠬᠢᠯᠭᠡ ᠪᠠ ᠡᠭᠦᠷᠭᠡᠲᠦ ᠰᠡᠳᠬᠢᠯᠭᠡ ᠪᠡᠷ ᠴᠡᠷᠢᠭ ᠡᠴᠡ ᠬᠠᠯᠠᠭᠳᠠᠭᠰᠠᠨ ᠨᠢᠭᠡᠨ ᠴᠡᠷᠢᠭ ᠡᠴᠡ ᠬᠠᠤᠯᠢ ᠴᠠᠭᠠᠵᠠ ᠶᠢᠨ ᠴᠠᠭᠳᠠᠭ᠎ᠠ ᠳᠤ ᠬᠦᠷᠬᠦ ᠬᠡᠭᠡᠨᠴᠢᠷ ᠰᠠᠶᠢᠬᠠᠨ ᠡᠷᠭᠢᠯᠲᠡ ᠶᠢ ᠪᠡᠶᠡᠯᠡᠭᠦᠯᠪᠡ᠃ ᠪᠡᠶ᠎ᠡ ᠪᠡᠨ ᠴᠢᠩᠭ᠎ᠠ ᠱᠠᠭᠠᠷᠳᠠᠬᠤ᠂ ᠲᠤᠶᠢᠯ ᠤᠨ ᠴᠢᠩᠭ᠎ᠠ ᠪᠡᠶ᠎ᠡ ᠲᠠᠮᠢᠷ  ᠵᠢᠴᠢ ᠵᠣᠪᠠᠭᠤᠷᠢ ᠵᠦᠳᠡᠭᠦᠷᠢ ᠶᠢ ᠲᠡᠰᠪᠦᠷᠢᠯᠡᠬᠦ ᠵᠣᠷᠢᠭ ᠰᠠᠨᠠᠭ᠎ᠠ ᠣᠯᠠᠨ ᠤ ᠠᠩᠬᠠᠷᠤᠯ ᠢ ᠲᠠᠲᠠᠵᠦ ᠂ ᠬᠠᠤᠯᠢ ᠴᠠᠭᠠᠵᠠ ᠶᠢᠨ ᠴᠠᠭᠳᠠᠭ᠎ᠠ ᠶᠢᠨ ᠠᠵᠢᠯ ᠦᠢᠯᠡᠰ  ᠦᠨ ᠬᠠᠯᠠᠭᠤᠨ ᠬᠠᠶᠢᠷ᠎ᠠ  ᠪᠠᠨ ᠪᠠᠷᠢᠮᠲᠠᠯᠠᠵᠤ ᠂ ᠦᠪᠡᠷ  ᠦᠨ ᠪᠡᠶ᠎ᠡ  ᠶᠢᠨ ᠠᠵᠢᠯᠯᠠᠭ᠎ᠠ  ᠪᠠᠷ  ᠢᠶᠠᠨ ᠲᠡᠷᠡ ᠬᠦ᠋ ᠬᠤᠪᠢᠷᠠᠰᠢ ᠦᠭᠡᠢ ᠪᠠᠶᠢᠴᠠᠭᠠᠬᠤ ᠡᠭᠦᠷᠭᠡᠯᠡᠯ ᠪᠠ ᠠᠷᠠᠳ  ᠤᠨ ᠲᠦᠯᠦᠭᠡ ᠭᠡᠬᠦ ᠰᠡᠳᠭᠢᠯ  ᠢᠶᠡᠨ ᠪᠦᠷᠢᠮᠦᠰᠦᠨ ᠲᠠᠶᠢᠯᠪᠦᠷᠢᠯᠠᠭᠰᠠᠨ ᠪᠠᠶᠢᠨ᠎ᠠ ᠃


ᠢᠷᠡᠯᠲᠡ
ᠥᠪᠡᠷᠲᠡᠭᠡᠨ ᠵᠠᠰᠠᠬᠤ ᠣᠷᠤᠨ ᠤ ᠪᠠᠶᠢᠴᠠᠭᠠᠬᠤ ᠬᠣᠷᠢᠶ᠎ᠠ ᠶᠢᠨ ᠣᠷᠴᠢᠭᠤᠯᠭ᠎ᠠ ᠶᠢᠨ ᠭᠠᠵᠠᠷ
2014-2022 © ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠴᠠᠭᠠᠬᠤ ᠬᠣᠷᠢᠶ᠎ᠠ ᠥᠮᠴᠢᠯᠡᠯ ᠦᠨ ᠡᠷᠬᠡ ᠲᠠᠢ ᠵᠣᠬᠢᠶᠠᠯ ᠪᠦᠲᠦᠭᠡᠯ ᠦᠨ ᠡᠷᠬᠡ ᠶ᠋ᠢ ᠬᠠᠤᠯᠢ ᠪᠠᠷ ᠬᠠᠮᠠᠭᠠᠯᠠᠭᠰᠠᠨ ᠂ ᠵᠥᠪᠰᠢᠶᠡᠷᠡᠯ ᠦᠭᠡᠢ ᠪᠡᠷ ᠬᠠᠭᠤᠯᠪᠤᠷᠢᠯᠠᠬᠤ ᠶ᠋ᠢ ᠡᠷᠡᠰ ᠬᠣᠷᠢᠭᠯᠠᠨ᠎ᠠ ᠬᠠᠷᠢᠯᠴᠠᠬᠤ ᠤᠲᠠᠰᠤ ᠄ 0471-4628760 ᠢᠮᠧᠯ ᠄ eerhe@nm.pro