ᠲᠡᠷᠢᠭᠦᠨ ᠨᠢᠭᠤᠷ  -  ᠪᠠᠶᠢᠴᠠᠭᠠᠬᠤ ᠬᠤᠰᠢᠭᠤᠴᠢ

ᠸᠸᠩ ᠰᠢᠩ ᠶᠤᠸᠠᠨ ᠄ ᠲᠦᠪᠯᠡᠭᠦᠨ ᠴᠢᠩᠭ᠎ᠠ ᠵᠤᠷᠢᠭ ᠢᠶᠠ ᠢᠶᠠᠨ ᠪᠠᠶᠢᠴᠠᠭᠠᠬᠤ ᠦᠢᠯᠡᠰ ᠢᠶᠡᠨ ᠬᠦᠭᠵᠢᠭᠦᠯᠬᠦ ᠬᠦᠰᠡᠯ  ᠢᠶᠡᠨ ᠦᠯᠦ ᠭᠦᠰᠡᠷᠲᠡᠭᠦᠯᠦᠮᠦᠢ

2021-05-10 16:43:37
ᠵᠣᠬᠢᠶᠠᠭᠴᠢ
ᠭᠡᠭᠡᠷᠡᠯ

W020210420666937095123.jpg

ᠤᠯᠤᠰ ᠲᠥᠷᠥ ᠶᠢᠨ ᠵᠣᠭᠰᠣᠯᠲᠠ ᠥᠨᠳᠥᠷ   ᠲᠤᠰᠢᠶᠠᠯ ᠬᠠᠷᠢᠭᠤᠴᠠᠯᠭ᠎ᠠ ᠪᠠᠨ ᠭᠦᠶᠴᠡᠳᠬᠡᠬᠦ ᠴᠢᠳᠠᠪᠤᠷᠢ ᠴᠢᠩᠭ᠎ᠠ
      ᠪᠠᠶᠢᠴᠠᠭᠠᠬᠤ ᠠᠵᠢᠯ   ᠳᠦ ᠤᠷᠤᠯᠴᠠᠭᠰᠠᠨ  ᠠᠴᠠ ᠨᠠᠰᠢ ᠭᠤᠴᠢᠨ ᠵᠢᠯ ᠦᠨ ᠲᠤᠷᠰᠢ ᠂ ᠸᠸᠩ ᠰᠢᠩ ᠶᠤᠸᠠᠨ ᠲᠣᠰ ᠲᠣᠰ ᠤᠯᠠᠭᠠᠨᠬᠣᠲᠠ ᠶᠢᠨ ᠪᠠᠶᠢᠴᠠᠭᠠᠬᠤ ᠬᠣᠷᠢᠶᠠᠨ ᠤ ᠠᠯᠪᠠᠨ ᠬᠡᠷ ᠂ ᠲᠤᠷᠰᠢᠨ ᠪᠠᠶᠢᠴᠠᠭᠠᠯᠲᠠ ᠳᠤ ᠬᠢᠨᠠᠯᠲᠠ ᠲᠠᠯᠪᠢᠬᠤ ᠰᠠᠯᠠᠭ᠎ᠠ ᠂ ᠠᠯᠪᠠᠨ ᠵᠠᠭᠠᠯᠳᠤᠯᠭ᠎ᠠ ᠶᠢᠨ ᠰᠠᠯᠠᠭ᠎ᠠ ᠂ ᠢᠯᠡᠴᠢᠯᠡᠨ ᠵᠠᠭᠠᠯᠲᠤᠵᠦ ᠭᠣᠮᠣᠳᠠᠯ ᠲᠣᠭᠠᠴᠢᠬᠤ  ᠰᠠᠯᠠᠭ᠎ᠠ ᠂ ᠬᠡᠷᠡᠭ ᠢ ᠬᠠᠮᠢᠶᠠᠷᠬᠤ ᠠᠯᠪᠠᠨ ᠬᠡᠷ ᠂ ᠨᠢᠭᠡᠳᠦᠭᠡᠷ ᠪᠠᠶᠢᠴᠠᠭᠠᠬᠤ ᠬᠡᠯᠲᠡᠰ ᠲᠦ ᠠᠵᠢᠯᠯᠠᠵᠤ ᠪᠠᠶᠢᠪᠠ ᠃ ᠰᠢ ᠶᠢᠨ ᠫᠢᠩ   ᠶᠡᠷᠦᠩᠬᠡᠢ ᠱᠦᠵᠢ ᠶᠢᠨ ᠪᠦᠬᠦ ᠲᠠᠯ᠎ᠠ ᠪᠠᠷ ᠬᠠᠤᠯᠢ ᠪᠠᠷ ᠤᠯᠤᠰ ᠢᠶᠠᠨ ᠵᠠᠰᠠᠬᠤ ᠰᠢᠨ᠎ᠡ ᠤᠢᠢᠯᠠᠭᠠᠭᠳᠠᠬᠤᠨ ᠰᠢᠨ᠎ᠡ ᠦᠵᠡᠯ ᠰᠠᠨᠠᠭ᠎ᠠ ᠰᠢᠨ᠎ᠡ ᠪᠠᠶᠢᠯᠳᠤᠬᠤ ᠪᠤᠳᠤᠯᠭ᠎ᠠ ᠶᠢ ᠭᠦᠨᠵᠡᠭᠡᠢ ᠰᠤᠷᠤᠯᠴᠠᠵᠤ᠂ ᠡᠳᠦᠷ ᠳᠤᠳᠤᠮ ᠤᠨ ᠠᠵᠢᠯ ᠳᠤᠮᠳᠠ ᠪᠠᠨ ᠠᠷᠠᠳ ᠤᠨ ᠳᠡᠭᠡᠳᠦ ᠪᠠᠶᠢᠴᠠᠭᠠᠬᠤ ᠬᠣᠷᠢᠢ᠎ᠠ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠴᠠᠭᠠᠬᠤ ᠬᠣᠷᠢᠢ᠎ᠠ᠂ ᠬᠢᠩᠭᠠᠨ ᠠᠶᠢᠮᠠᠭ ᠤᠨ ᠪᠠᠶᠢᠴᠠᠭᠠᠬᠤ ᠬᠤᠪᠢᠶᠠᠷᠢ ᠬᠣᠷᠢᠢ᠎ᠠ ᠶᠢᠨ ᠬᠠᠮᠢᠶ᠎ᠠ ᠪᠦᠬᠦᠢ ᠠᠵᠢᠯ ᠤᠨ ᠪᠠᠶᠢᠷᠢᠯᠠᠭᠤᠯᠤᠯᠲᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠡᠳᠦᠷ ᠳᠤᠳᠤᠮ ᠤᠨ ᠠᠵᠢᠯ  ᠳᠦ  ᠪᠡᠨ ᠪᠠᠷᠢᠮᠵᠢᠶ᠎ᠠ ᠥᠨᠳᠥᠷ ᠂ ᠱᠠᠭᠠᠷᠳᠠᠯᠭ᠎ᠠ ᠴᠢᠩᠭ᠎ᠠ  ᠪᠠᠶᠢᠲᠠᠭ  ᠃ ᠲᠡᠷᠡ ᠬᠠᠤᠯᠢ ᠴᠠᠭᠠᠵᠠ ᠠᠴᠠ ᠣᠯᠭᠣᠭᠰᠠᠨ ᠲᠥᠪ ᠴᠢᠩᠭ᠎ᠠ ᠡᠭᠦᠷᠭᠡ ᠬᠠᠷᠢᠭᠤᠴᠠᠯᠭ᠎ᠠ ᠪᠠᠨ ᠦᠨᠡᠨᠴᠢ ᠰᠢᠳᠤᠷᠭᠤ ᠪᠠᠷ ᠭᠦᠢᠴᠡᠳᠬᠡᠵᠦ᠂ ᠡᠷᠬᠡ ᠲᠡᠭᠰᠢ᠂ ᠲᠥᠪ ᠭᠣᠣᠯᠴᠢ ᠪᠠᠶᠢᠬᠤ ᠵᠠᠷᠴᠢᠮ ᠢ ᠪᠠᠷᠢᠮᠲᠠᠯᠠᠵᠤ᠂ ᠴᠢᠩᠭ᠎ᠠ ᠬᠠᠷᠢᠭᠤᠴᠠᠯᠭᠠᠲᠤ ᠰᠡᠳᠬᠢᠯᠭᠡ ᠪᠡᠷ ᠡᠳᠦᠷ ᠲᠤᠳᠤᠮ ᠤᠨ ᠠᠵᠢᠯ ᠳᠠᠭᠠᠨ ᠠᠭᠤᠰᠤᠯᠴᠠᠭᠰᠠᠨ ᠪᠠᠶᠢᠨ᠎ᠠ᠃
     ᠨᠢᠭᠡᠳᠦᠭᠡᠷ ᠪᠠᠶᠢᠴᠠᠭᠠᠬᠤ ᠬᠡᠯᠲᠡᠰ ᠡᠷᠡᠭᠦᠦ ᠶᠢᠨ ᠬᠡᠷᠡᠭ ᠦᠨ ᠪᠠᠷᠢᠪᠴᠢᠯᠠᠬᠤ ᠶᠢ ᠵᠥᠪᠰᠢᠶᠡᠷᠡᠬᠦ᠂ ᠵᠠᠭᠠᠯᠳᠤᠬᠤ ᠠᠵᠢᠯ ᠢ ᠬᠠᠷᠢᠭᠤᠴᠠᠵᠤ᠂ ᠦᠨᠳᠦᠰᠦᠨ ᠱᠠᠲᠤᠨ ᠤ ᠪᠠᠶᠢᠴᠠᠭᠠᠬᠤ ᠬᠣᠷᠢᠢ᠎ᠠ ᠪᠣᠯᠤᠭᠰᠠᠨ ᠤ ᠬᠤᠪᠢ ᠳᠤ᠂ ᠡᠳᠦᠷ ᠲᠤᠳᠤᠮ ᠤᠨ ᠰᠢᠢᠳᠪᠦᠷᠢᠯᠡᠵᠦ ᠪᠠᠶᠢᠭ᠎ᠠ ᠬᠡᠷᠡᠭ ᠦᠨ ᠳᠣᠲᠣᠷ᠎ᠠ ︽ᠪᠠᠭ᠎ᠠ ᠬᠡᠷᠡᠭ ︾  ᠤᠨ ᠬᠠᠷᠢᠴᠠᠯ ᠨᠡᠯᠢᠶᠡᠳ ᠥᠨᠳᠥᠷ ᠪᠠᠶᠢᠵᠤ᠂ ᠸᠸᠩ ᠰᠢᠩ ᠶᠤᠸᠠᠨ ᠨᠢᠭᠡᠳᠦᠭᠡᠷ ᠪᠠᠶᠢᠴᠠᠭᠠᠬᠤ ᠬᠡᠯᠲᠡᠰ ᠦᠨ ᠪᠠᠶᠢᠴᠠᠭᠠᠬᠤ ᠲᠤᠰᠢᠶᠠᠯᠲᠠᠨ ᠢ ᠨᠢᠭᠡ ᠲᠠᠯ᠎ᠠ ᠪᠠᠷ ᠬᠡᠷᠡᠭ ᠦᠨ ᠶᠠᠰᠤ ᠴᠢᠨᠠᠷ ᠢ ᠪᠠᠲᠤᠯᠠᠵᠤ᠂ ᠬᠡᠷᠡᠭ ᠰᠢᠢᠳᠪᠦᠷᠢᠯᠡᠬᠦ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠬᠡᠷᠡᠭ ᠦᠨ ᠲᠠᠪᠲᠠᠯ ᠲᠤᠭᠠᠨ  ᠤ ᠬᠠᠷᠢᠴᠠᠯ ᠢ ᠳᠡᠭᠡᠭᠰᠢᠯᠡᠭᠦᠯᠬᠦ ᠬᠡᠷᠡᠭᠲᠡᠢ︔ᠨᠥᠭᠥᠭᠡ ᠲᠠᠯ᠎ᠠ ᠪᠠᠷ ᠬᠡᠷᠡᠭ ᠦᠨ ᠳᠤᠮᠳᠠ ᠪᠤᠰᠤᠳ ᠠᠰᠠᠭᠤᠳᠠᠯ  ᠢ ᠢᠯᠡᠷᠡᠭᠦᠯᠬᠦ  ᠶᠢ ᠴᠢᠬᠤᠯᠠᠴᠢᠯᠠᠵᠤ ᠂ ᠬᠡᠷᠡᠭ ᠠᠴᠠ ᠪᠤᠯᠵᠦ  ᠳᠠᠬᠢᠨ ᠶᠠᠳᠠᠭᠤᠷᠠᠭᠰᠠᠨ ᠬᠣᠣᠷᠯᠠᠭᠳᠠᠭᠴᠢ ᠪᠠᠶᠢᠬᠤ ᠡᠰᠡᠬᠦ ᠂ ᠢᠯᠡᠴᠢᠯᠡᠨ ᠵᠠᠭᠠᠯᠲᠤᠵᠦ ᠭᠣᠮᠣᠳᠠᠯ ᠲᠣᠭᠠᠴᠢᠬᠤ ᠰᠠᠯᠠᠭ᠎ᠠ ᠮᠥᠴᠢᠷ ᠲᠦ ᠤᠯᠤᠰ ᠤᠨ ᠬᠠᠤᠯᠢ ᠪᠠᠷᠢᠯᠲᠡ  ᠶᠢᠨ ᠠᠪᠤᠷᠠᠨ ᠲᠤᠰᠠᠯᠠᠯᠲᠠ  ᠶᠢᠨ ᠰᠦᠪᠡᠭᠴᠢ  ᠶᠢ ᠴᠠᠭ ᠲᠤᠬᠠᠶ ᠳᠤᠨᠢ ᠰᠢᠯᠵᠢᠭᠦᠯᠦᠨ ᠬᠦᠷᠭᠡᠵᠦ ᠴᠢᠳᠠᠬᠤ ᠡᠰᠡᠬᠦ  ᠶᠢ ᠠᠩᠬᠠᠷᠬᠤ ᠬᠡᠷᠡᠭᠲᠡᠶ ᠃ ᠨᠢᠭᠡ ᠨᠢᠭᠡ ︽ ᠪᠠᠭ᠎ᠠ ᠬᠡᠷᠡᠭ︾ ᠢ ᠰᠢᠢᠳᠪᠦᠷᠢᠯᠡᠬᠦ ᠪᠡᠷ ᠳᠠᠮᠵᠢᠭᠤᠯᠵᠤ᠂ ᠠᠷᠠᠳ ᠤᠯᠠᠨ ᠳᠤ ᠬᠠᠤᠯᠢ ᠴᠠᠭᠠᠵᠠ ᠶᠢᠨ ᠬᠡᠷᠡᠭ ᠨᠢᠭᠡᠪᠦᠷᠢ ᠶᠢᠨ ᠳᠤᠮᠳᠠ ᠠᠴᠠ ᠲᠥᠪ ᠭᠣᠣᠯᠴᠢ ᠰᠢᠳᠤᠷᠭᠤ ᠶᠣᠰᠣ ᠶᠢ ᠮᠡᠲᠡᠷᠡᠭᠦᠯᠬᠦ ᠬᠡᠷᠡᠭᠲᠡᠢ ᠭᠡᠵᠦ ᠱᠠᠭᠠᠷᠲᠠᠪᠠ ᠃

W020210420666937766240.jpg     ᠬᠠᠷ᠎ᠠ ᠪᠦᠯᠦᠭᠲᠡᠨ ᠬᠠᠷᠭᠢᠰ ᠬᠦᠴᠦᠨ  ᠦ ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ ᠨᠡᠶᠢᠭᠡᠮ ᠦᠨ ᠠᠮᠤᠷ ᠲᠦᠪᠰᠢᠨ ᠲᠣᠭᠲᠠᠭᠤᠨ ᠪᠠᠶᠢᠳᠠᠯ ᠢ ᠬᠠᠮᠠᠭᠠᠯᠠᠪᠠ
     ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠤᠰᠬᠠᠢ ᠲᠡᠮᠡᠴᠡᠯ ᠦᠨ ᠠᠵᠢᠯ ᠢ ᠥᠷᠨᠢᠭᠦᠯᠦᠭᠰᠡᠨ ᠡᠴᠡ ᠨᠠᠰᠢ᠂ ᠸᠧᠩ ᠰᠢᠩ ᠶᠤᠸᠠᠨ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠤᠰᠬᠠᠢ ᠲᠡᠮᠡᠴᠡᠯ ᠦᠨ ᠠᠵᠢᠯ ᠳᠤ ᠢᠳᠡᠪᠬᠢᠲᠡᠢ ᠣᠷᠣᠯᠴᠠᠪᠠ᠃ ᠡᠳᠦᠷ ᠲᠤᠲᠤᠮ ᠤᠨ ᠠᠵᠢᠯ ᠶᠠᠪᠤᠳᠠᠯ ᠤᠨ ᠴᠢᠨᠠᠷᠲᠠᠶ ᠠᠵᠢᠯ  ᠠᠴᠠ ᠭᠠᠳᠠᠨ᠎ᠠ ᠂ ᠣᠷᠣᠨ ᠲᠤᠭᠠᠲᠤ ᠪᠠᠶᠢᠴᠠᠭᠠᠬᠤ ᠲᠤᠰᠢᠶᠠᠯᠲᠠᠨ ᠪᠣᠯᠤᠭᠰᠠᠨ ᠤ ᠬᠤᠪᠢ ᠳᠤ ᠂ ᠼᠦᠢ ᠬᠠᠶ ᠲᠢᠶᠠᠨ ᠵᠡᠷᠭᠡ ᠬᠥᠮᠦᠰ ᠦᠨ ᠬᠠᠷ᠎ᠠ ᠪᠦᠯᠦᠭᠲᠡᠨ ᠤ  ᠰᠢᠨᠵᠢ ᠴᠢᠨᠠᠷᠲᠠᠶ ᠵᠣᠬᠢᠶᠠᠨ ᠪᠠᠶᠢᠭᠤᠯᠤᠯᠲᠠ  ᠶᠢᠨ ᠶᠠᠯ᠎ᠠ  ᠶᠢ ᠪᠡᠶ᠎ᠡ ᠪᠡᠷ  ᠢᠶᠡᠨ ᠰᠢᠶᠳᠪᠦᠷᠢᠯᠡᠵᠦ ᠪᠠᠶᠢᠭ᠎ᠠ ᠬᠡᠷᠡᠭ ᠪᠣᠯ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠤᠰᠬᠠᠶ ᠲᠡᠮᠡᠴᠡᠯ  ᠢ ᠥᠷᠨᠢᠭᠦᠯᠦᠭᠰᠡᠨ ᠡᠴᠡ ᠨᠠᠰᠢᠬᠢ ᠠᠩᠬᠠᠳᠠᠭᠴᠢ ᠠᠯᠪᠠᠨ ᠵᠠᠭᠠᠯᠳᠤᠯᠭ᠎ᠠ ᠭᠠᠷᠭᠠᠭᠰᠠᠨ ᠬᠠᠷ᠎ᠠ ᠪᠦᠯᠦᠭᠲᠡᠨ  ᠳᠦ ᠬᠣᠯᠪᠣᠭᠳᠠᠭᠰᠠᠨ ᠬᠡᠷᠡᠭ ᠪᠣᠯᠤᠨ᠎ᠠ ᠃
      2017 ᠣᠨ ᠤ 11 ᠰᠠᠷ᠎ᠠ ᠶᠢᠨ 22 ᠤᠨ ᠡᠳᠦᠷ ᠂ ᠬᠢᠩᠭᠠᠨ ᠠᠶᠢᠮᠠᠭ ᠤᠨ ᠪᠠᠶᠢᠴᠠᠭᠠᠬᠤ ᠬᠤᠪᠢᠶᠠᠷᠢ ᠬᠣᠷᠢᠶ᠎ᠠ ᠠᠴᠠ ᠤᠯᠠᠭᠠᠨᠬᠣᠲᠠ ᠶᠢᠨ ᠠᠷᠠᠳ ᠤᠨ ᠪᠠᠶᠢᠴᠠᠭᠠᠬᠤ ᠬᠣᠷᠢᠶ᠎ᠠ ᠶᠢ ᠵᠢᠭᠠᠨ ᠲᠣᠭᠲᠠᠭᠠᠵᠤ ᠼᠦᠢ ᠬᠠᠶ ᠲᠢᠶᠠᠨ ᠵᠡᠷᠭᠡ 21 ᠬᠥᠮᠦᠨ ᠦ ᠬᠠᠷ᠎ᠠ ᠪᠦᠯᠦᠭᠲᠡᠨ ᠤ ᠰᠢᠨᠵᠢ ᠴᠢᠨᠠᠷᠲᠠᠶ ᠵᠣᠬᠢᠶᠠᠨ ᠪᠠᠶᠢᠭᠤᠯᠤᠯᠲᠠ ᠶᠢ ᠵᠣᠬᠢᠶᠠᠨ ᠪᠠᠶᠢᠭᠤᠯᠤᠭᠰᠠᠨ ᠂ ᠤᠳᠤᠷᠢᠳᠤᠭᠰᠠᠨ ᠂ ᠲᠡᠭᠦᠨ ᠳᠦ ᠣᠷᠣᠯᠴᠠᠭᠰᠠᠨ ᠶᠠᠯ᠎ᠠ ᠂ ᠬᠡᠷᠡᠭ ᠥᠳᠥᠭᠡᠵᠦ ᠬᠡᠷᠡᠭ ᠡᠳᠦᠭᠰᠡᠨ ᠶᠠᠯ᠎ᠠ ᠳᠤ ᠬᠣᠯᠪᠣᠭᠳᠠᠭᠰᠠᠨ ᠬᠡᠷᠡᠭ ᠢ ᠰᠢᠶᠳᠪᠦᠷᠢᠯᠡᠭᠦᠯᠪᠡ ᠃ ᠲᠣᠰ ᠬᠡᠷᠡᠭ ᠦᠨ ᠲᠠᠩᠰᠠ ᠡᠪᠬᠡᠮᠡᠯ ᠨᠢ ᠨᠡᠶᠢᠲᠡ 126 ᠳᠡᠪᠲᠡᠷ ᠂ ᠭᠡᠷᠡᠯᠯᠢᠭ ᠳ᠋ᠢᠰᠺ ᠨᠢ 200 ᠭᠠᠷᠤᠶ ᠪᠠᠶᠢᠵᠤ ᠂ ᠬᠡᠷᠡᠭ ᠲᠦ ᠬᠣᠯᠪᠣᠭᠳᠠᠭᠰᠠᠨ ᠬᠥᠮᠦᠨ 21 ᠪᠠᠶᠢᠵᠤ ᠂ 14 ᠵᠦᠶᠯ ᠦᠨ ᠶᠠᠯ᠎ᠠ ᠳᠤ ᠬᠣᠯᠪᠣᠭᠳᠠᠵᠤ ᠂ ᠴᠠᠭ ᠪᠠᠴᠢᠮ ᠂ ᠡᠭᠦᠷᠭᠡ ᠬᠦᠨᠳᠦ ᠪᠥᠭᠡᠳ ᠠᠳᠠᠯᠢ ᠪᠤᠰᠤ ᠶᠠᠯ᠎ᠠ ᠬᠢᠭᠰᠡᠨ ᠰᠡᠵᠢᠭᠳᠡᠨ ᠢ ᠬᠢᠩᠭᠠᠨ ᠠᠶᠢᠮᠠᠭ ᠤᠨ ᠣᠯᠠᠨ ᠭᠠᠵᠠᠷ ᠲᠤ ᠬᠣᠷᠢᠵᠤ ᠪᠣᠶ ᠃ ᠸᠸᠩ ᠰᠢᠩ ᠶᠤᠸᠠᠨ ᠬᠡᠷᠡᠭ ᠰᠢᠶᠳᠪᠦᠷᠢᠯᠡᠬᠦ ᠪᠦᠯᠬᠦᠮ ᠢᠶᠡᠨ ᠳᠠᠭᠠᠭᠤᠯᠤᠨ ᠬᠦᠴᠢᠷ  ᠢ ᠰᠦᠷᠦᠨ ᠤᠷᠤᠭᠰᠢᠯᠠᠵᠤ ᠂ ᠴᠠᠭ ᠠᠭᠤᠷ ᠤᠨ ᠪᠠᠶᠢᠳᠠᠯ ᠮᠠᠭᠤ ᠵᠡᠷᠭᠡ ᠬᠦᠴᠢᠷᠳᠡᠯ  ᠢ ᠢᠯᠠᠨ ᠳᠠᠪᠠᠵᠤ ᠂ ᠮᠠᠰᠢᠨ ᠲᠡᠷᠭᠡ ᠪᠡᠷ ᠤᠲᠠᠴᠢ ᠂ ᠪᠤᠬ᠎ᠠ  ᠶᠢᠨ ᠵᠤ ᠭᠢᠨᠳᠠᠨ ᠂ ᠲᠡᠮᠡᠭᠡᠵᠢ ᠬᠣᠸᠷ ᠲᠠᠲᠠᠬᠤ  ᠶᠢ ᠵᠣᠭᠰᠣᠭᠠᠬᠤ ᠭᠠᠵᠠᠷ ᠂ ᠬᠣᠷᠴᠢᠨ ᠪᠠᠷᠠᠭᠤᠨ ᠭᠠᠷᠤᠨ ᠡᠮᠦᠨᠡᠲᠦ ᠬᠣᠰᠢᠭᠤ ᠂ ᠲᠦᠴᠢᠦᠸᠠᠨ ᠰᠢᠶᠠᠨ ᠂ ᠬᠣᠷᠴᠢᠨ ᠪᠠᠷᠠᠭᠤᠨ ᠭᠠᠷᠤᠨ ᠳᠤᠮᠳᠠᠳᠤ ᠬᠣᠰᠢᠭᠤᠨ ᠤ ᠬᠣᠷᠢᠭᠤᠯ ᠤᠨ ᠭᠠᠵᠠᠷ ᠲᠤ ᠬᠦᠷᠴᠦ ᠪᠠᠶᠢᠴᠠᠭᠠᠨ  ᠠᠰᠠᠭᠤᠵᠠᠶ ︔ᠭᠡᠷᠡᠴᠢ ᠪᠠᠷᠢᠮᠲᠠ ᠶᠢᠨ ᠮᠠᠲ᠋ᠧᠷᠢᠶᠠᠯ ᠢ ᠬᠢᠨᠠᠨ ᠬᠠᠷᠭᠠᠭᠤᠯᠤᠨ ᠪᠠᠶᠢᠴᠠᠭᠠᠪᠠ ︔ 44 ᠡᠳᠦᠷ ᠦᠨ ᠴᠥᠬᠥᠷᠡᠰᠢ ᠦᠭᠡᠢ ᠴᠢᠷᠮᠠᠶᠢᠯᠭ᠎ᠠ ᠪᠠᠷ ᠳᠠᠮᠵᠢᠨ᠂ ᠤᠯᠠᠭᠠᠨᠬᠣᠲᠠ ᠶᠢᠨ ᠠᠷᠠᠳ ᠤᠨ ᠰᠢᠭᠦᠬᠦ ᠬᠣᠷᠢᠶᠠᠨ ᠳᠤ ᠰᠢᠯᠵᠢᠭᠦᠯᠦᠨ ᠬᠦᠷᠭᠡᠵᠦ ᠠᠯᠪᠠᠨ ᠵᠠᠭᠠᠯᠳᠤᠯᠭ᠎ᠠ ᠭᠠᠷᠭᠠᠪᠠ ᠃ ᠲᠣᠰ ᠬᠡᠷᠡᠭ ᠢ 2018 ᠣᠨ ᠤ 5 ᠰᠠᠷ᠎ᠠ ᠶᠢᠨ 21 ᠦ ᠡᠳᠦᠷ ᠲᠢᠩᠬᠢᠮ ᠨᠡᠭᠡᠭᠡᠵᠦ ᠰᠢᠭᠦᠨ ᠂ 5 ᠡᠳᠦᠷ ᠦᠨ ᠬᠤᠭᠤᠴᠠᠭ᠎ᠠ ᠬᠡᠷᠡᠭᠰᠡᠪᠡ  ᠃ 21 ᠥᠮᠥᠭᠯᠡᠭᠴᠢ ᠶᠢᠨ ᠡᠮᠦᠨ᠎ᠡ᠂  ᠸᠧᠩ ᠰᠢᠩ ᠶᠤᠸᠠᠨ ᠪᠦᠯᠬᠦᠮ ᠢᠶᠡᠨ ᠳᠠᠭᠠᠭᠤᠯᠤᠨ ᠢᠳᠡᠪᠬᠢᠲᠡᠢ ᠪᠡᠯᠡᠳᠬᠡᠯ ᠬᠢᠵᠦ᠂ ᠲᠤᠰ ᠬᠡᠷᠡᠭ ᠦᠨ ᠬᠡᠷᠡᠴᠢ ᠪᠠᠷᠢᠮᠲᠠ ᠶᠢᠨ ᠮᠠᠲ᠋ᠧᠷᠢᠶᠠᠯ ᠨᠡᠯᠢᠶᠡᠳ ᠤᠯᠠᠨ᠂ ᠬᠡᠷᠡᠭ ᠦᠨ ᠪᠠᠶᠢᠳᠠᠯ ᠬᠦᠨᠳᠦ ᠶᠡᠬᠡ ᠨᠠᠷᠢᠨ ᠪᠤᠳᠤᠯᠢᠶᠠᠨᠲᠠᠢ᠂ ᠨᠡᠶᠢᠭᠡᠮ ᠦᠨ ᠨᠥᠯᠥᠭᠡ ᠬᠦᠨᠳᠦ ᠶᠡᠬᠡ᠂ ᠣᠨᠴᠠ ᠵᠠᠷᠢᠮ ᠵᠠᠭᠠᠯᠳᠤᠭᠳᠠᠭᠴᠢ᠂ ᠥᠮᠥᠭᠯᠡᠭᠴᠢ ᠬᠠᠤᠯᠢ ᠪᠤᠰᠤ ᠬᠡᠷᠡᠴᠢ ᠪᠠᠷᠢᠮᠲᠠ ᠶᠢ ᠠᠷᠢᠯᠭᠠᠭᠤᠯᠬᠤ ᠪᠠᠷ ᠭᠤᠶᠤᠴᠢᠯᠠᠭᠰᠠᠨ ᠵᠡᠷᠭᠡ ᠪᠠᠶᠢᠳᠠᠯ ᠳᠤ ᠴᠢᠭᠯᠡᠭᠦᠯᠦᠨ᠂ ᠰᠢᠭᠦᠯᠲᠡ ᠶᠢᠨ ᠡᠮᠦᠨᠡᠬᠢ ᠬᠤᠷᠠᠯ ᠢ ᠪᠦᠲᠦᠮᠵᠢᠲᠡᠢ ᠠᠰᠢᠭᠯᠠᠵᠤ᠂ ᠮᠥᠨ ᠴᠢᠨᠠᠷ ᠤᠨ ᠬᠦᠴᠢᠷᠳᠡᠯ ᠢ ᠰᠢᠢᠳᠪᠦᠷᠢᠯᠡᠪᠡ᠃ ᠲᠢᠩᠬᠢᠮ ᠦᠨ ᠰᠢᠭᠦᠯᠲᠡ ᠳᠦ᠂ ᠪᠠᠶᠢᠴᠠᠭᠠᠨ ᠠᠰᠠᠭᠤᠬᠤ ᠲᠣᠪᠴᠢ ᠶᠢ ᠨᠠᠷᠢᠨ ᠨᠢᠮᠪᠠᠢ ᠵᠣᠬᠢᠶᠠᠵᠤ᠂ ᠲᠤᠯᠭᠠᠨ ᠭᠡᠷᠡᠴᠢᠯᠡᠬᠦ ᠲᠣᠪᠴᠢ ᠶᠢ ᠳᠤᠷᠠᠳᠴᠤ᠂ ᠬᠠᠷᠢᠭᠤ ᠮᠠᠷᠭᠤᠬᠤ ᠰᠠᠨᠠᠯ ᠢ ᠳᠤᠷᠠᠳᠪᠠ᠃ ᠲᠢᠩᠬᠢᠮ ᠦᠨ ᠰᠢᠭᠦᠯᠲᠡ ᠳᠦ ᠢᠮᠠᠭᠲᠠ ᠡᠶᠡᠯᠳᠡᠭ ᠪᠥᠭᠡᠳ ᠣᠶᠤᠨᠴᠢ ᠪᠠᠶᠢᠵᠤ᠂ ᠵᠠᠭᠠᠯᠳᠤᠭᠳᠠᠭᠴᠢ ᠪᠠ ᠥᠮᠥᠭᠯᠡᠭᠴᠢ ᠶᠢᠨ ᠵᠤᠬᠢᠰ ᠦᠭᠡᠢ ᠦᠭᠡ ᠶᠠᠷᠢᠶ᠎ᠠ ᠦᠢᠯᠡ ᠠᠵᠢᠯᠯᠠᠭ᠎ᠠ ᠳᠤ ᠴᠢᠭᠯᠡᠭᠦᠯᠦᠨ ᠴᠠᠭ ᠲᠤᠬᠠᠶ ᠳᠤᠨᠢ ᠬᠣᠷᠢᠭᠯᠠᠨ ᠵᠣᠭᠰᠣᠭᠠᠵᠤ᠂ ᠥᠮᠥᠭᠯᠡᠬᠦ ᠡᠷᠬᠡ ᠶᠢ ᠭᠦᠢᠴᠡᠳ ᠪᠠᠲᠤᠯᠠᠭᠰᠠᠨ ᠠᠴᠠ ᠲᠢᠩᠬᠢᠮ ᠦᠨ ᠰᠢᠭᠦᠯᠲᠡ ᠶᠢᠨ ᠦᠷ᠎ᠡ ᠪᠦᠲᠦᠮᠵᠢ ᠢᠳᠡᠪᠬᠢᠲᠡᠶ ᠪᠣᠯᠪᠠ᠃ ᠡᠴᠦᠰ ᠲᠡᠬᠡᠨ ᠤᠯᠠᠭᠠᠨᠬᠣᠲᠠ ᠶᠢᠨ ᠠᠷᠠᠳ ᠤᠨ ᠰᠢᠭᠦᠬᠦ ᠬᠣᠷᠢᠶ᠎ᠠ ᠵᠠᠭᠠᠯᠳᠤᠭᠳᠠᠭᠴᠢ ᠨᠢᠭᠡᠪᠦᠷᠢ ᠶᠢᠨ ᠬᠢᠭᠰᠡᠨ ᠶᠠᠯᠠᠲᠤ ᠠᠵᠢᠯᠯᠠᠭ᠎ᠠ ᠪᠠ ᠦᠶᠯᠡ ᠪᠠᠶᠢᠳᠠᠯ ᠢ ᠦᠨᠳᠦᠰᠦᠯᠡᠨ ᠂ 19 ᠵᠢᠯ ᠡᠴᠡ 6 ᠰᠠᠷ᠎ᠠ ᠶᠢᠨ ᠬᠤᠭᠤᠴᠠᠭ᠎ᠠ ᠲᠠᠶ ᠬᠣᠷᠢᠬᠤ ᠡᠷᠡᠭᠦᠦ ᠂ ᠤᠯᠤᠰ ᠲᠥᠷᠥ ᠶᠢᠨ ᠡᠷᠬᠡ ᠶᠢ ᠨᠢ ᠬᠠᠰᠤᠬᠤ ᠂ ᠵᠣᠭᠣᠰ ᠢᠶᠠᠷ ᠲᠣᠷᠭᠠᠬᠤ ᠪᠤᠶᠤ ᠪᠥᠬᠥ ᠡᠳ᠋ ᠬᠥᠷᠥᠩᠭᠡ ᠶᠢ ᠨᠢ ᠬᠣᠷᠢᠶᠠᠨ ᠠᠪᠬᠤ ᠪᠠᠷ ᠨᠡᠶᠢᠯᠡᠭᠦᠯᠦᠨ ᠰᠢᠢᠳᠭᠡᠭᠰᠡᠨ ᠰᠢᠭᠦᠨ ᠲᠠᠰᠤᠯᠤᠯᠲᠠ ᠭᠠᠷᠭᠠᠪᠠ ᠃

ᠴᠧᠨ ᠴᠤᠢ ᠯᠢᠨ ᠵᠡᠷᠭᠡ ᠬᠥᠮᠦᠰ ᠦᠨ ᠵᠣᠭᠣᠰ ᠨᠠᠭᠠᠳᠬᠤ ᠭᠠᠵᠠᠷ ᠭᠠᠷᠭᠠᠭᠰᠠᠨ ᠰᠡᠵᠢᠭᠯᠡᠯᠲᠡᠶ ᠬᠡᠷᠡᠭ ᠦᠨ ᠳᠣᠲᠣᠷ᠎ᠠ ᠂ ᠬᠡᠷᠡᠭ ᠲᠦ ᠬᠣᠯᠪᠣᠭᠳᠠᠭᠰᠠᠨ ᠬᠥᠮᠦᠨ ᠦ ᠲᠣᠭ᠎ᠠ ᠨᠢ 44 ᠬᠥᠮᠦᠨ ᠂ ᠨᠡᠶᠢᠲᠡ 15 ᠳᠡᠪᠲᠡᠷ ᠦᠨ ᠲᠠᠩᠰᠠ ᠡᠪᠬᠡᠮᠡᠯ ᠦᠨ ᠡᠮᠦᠨ᠎ᠡ ᠂ ᠸᠸᠩ ᠰᠢᠩ ᠶᠤᠸᠠᠨ ᠡᠳᠦᠷ ᠰᠥᠨᠢ ᠥᠬᠡᠶ ᠴᠠᠭ ᠨᠡᠮᠡᠵᠦ ᠠᠵᠢᠯᠯᠠᠨ ᠬᠡᠷᠡᠭ ᠢ ᠬᠢᠨᠠᠨ ᠪᠠᠶᠢᠴᠠᠭᠠᠵᠤ ᠂ ᠣᠬᠣᠷᠬᠠᠨ ᠬᠤᠭᠤᠴᠠᠭᠠᠨ ᠤ ᠳᠣᠲᠣᠷ᠎ᠠ ᠡᠨᠡ ᠬᠦ ︽ᠪᠡᠷᠬᠡᠲᠡᠶ ᠬᠡᠷᠡᠭ ︾  ᠢ ᠰᠢᠢᠳᠪᠦᠷᠢᠯᠡᠭᠡᠳ ᠰᠢᠭᠦᠬᠦ ᠬᠣᠷᠢᠶᠠᠨ ᠳᠤ ᠵᠠᠭᠠᠯᠳᠤᠭᠤᠯᠬᠤ ᠪᠠᠷ ᠤᠷᠤᠭᠰᠢᠲᠠᠶ ᠪᠠᠷ ᠰᠢᠯᠵᠢᠭᠦᠯᠦᠨ ᠬᠦᠷᠭᠡᠪᠡ ᠃

 2020 ᠣᠨ ᠪᠣᠯ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠤᠰᠬᠠᠢ ᠲᠡᠮᠡᠴᠡᠯ ᠦᠨ ᠲᠡᠭᠦᠰᠬᠡᠯ ᠦᠨ ᠵᠢᠯ ᠪᠣᠯᠤᠨ᠎ᠠ᠂ ᠤᠳᠤ ᠪᠣᠯᠲᠠᠯ᠎ᠠ᠂ ᠤᠯᠠᠭᠠᠨᠬᠣᠲᠠ ᠶᠢᠨ ᠠᠷᠠᠳ ᠤᠨ ᠪᠠᠶᠢᠴᠠᠭᠠᠬᠤ ᠬᠣᠷᠢᠢ᠎ᠠ ᠶᠢᠨ ᠬᠦᠯᠢᠶᠠᠨ ᠠᠪᠤᠭᠰᠠᠨ ᠬᠠᠷ᠎ᠠ ᠪᠦᠯᠦᠭᠲᠡᠨ ᠬᠠᠷᠭᠢᠰ ᠬᠦᠴᠦᠨ ᠳᠦ ᠬᠣᠯᠪᠣᠭᠳᠠᠭᠰᠠᠨ ᠪᠦᠬᠦ ᠬᠡᠷᠡᠭ ᠲᠦ ᠠᠯᠪᠠᠨ ᠵᠠᠭᠠᠯᠳᠤᠯᠭ᠎ᠠ ᠭᠠᠷᠭᠠᠭᠰᠠᠨ ᠪᠥᠭᠡᠳ ᠰᠢᠭᠦᠨ ᠲᠠᠰᠤᠯᠤᠯᠳᠠ ᠣᠯᠤᠭᠰᠠᠨ ᠪᠠᠶᠢᠨ᠎ᠠ᠃
      2019 ᠣᠨ ᠤ 3 ᠰᠠᠷ᠎ᠠ ᠶᠢᠨ 5 ᠤ ᠡᠳᠦᠷ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠯᠠᠭᠠᠨᠬᠣᠲᠠ ᠶᠢᠨ ᠨᠠᠮ ᠤᠨ ᠬᠣᠷᠢᠢ᠎ᠠ᠂ ᠤᠯᠠᠭᠠᠨᠬᠣᠲᠠ ᠶᠢᠨ ᠵᠠᠰᠠᠭ ᠤᠨ ᠣᠷᠳᠣᠨ ᠠᠴᠠ ᠸᠸᠩ ᠰᠢᠩ ᠶᠤᠸᠠᠨ ᠳᠤ 2018 ᠣᠨ ᠤ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠤᠰᠬᠠᠢ ᠲᠡᠮᠡᠴᠡᠯ ᠦᠨ ᠲᠡᠷᠢᠭᠦᠨ ᠦ ᠬᠤᠪᠢ ᠬᠥᠮᠦᠨ ᠦ  ᠴᠤᠯᠠ ᠣᠯᠭᠣᠪᠠ︔ 2020 ᠣᠨ ᠤ 4 ᠰᠠᠷ᠎ᠠ ᠳᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠯᠠᠭᠠᠨᠬᠣᠲᠠ ᠶᠢᠨ ᠨᠠᠮ ᠤᠨ ᠬᠣᠷᠢᠢ᠎ᠠ ᠶᠢᠨ ᠤᠯᠤᠰ ᠲᠦᠷᠦ ᠬᠠᠤᠯᠢ ᠴᠠᠭᠠᠵᠠ ᠶᠢᠨ ᠵᠥᠪᠯᠡᠯ ᠡᠴᠡ ᠸᠸᠩ ᠰᠢᠩ ᠶᠤᠸᠠᠨ ᠳᠤ 2019 ᠣᠨ ᠤ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠭᠰᠠᠨ ᠲᠡᠷᠢᠭᠦᠨ ᠦ ᠬᠤᠪᠢ ᠬᠥᠮᠦᠨ ᠦ  ᠴᠤᠯᠠ ᠣᠯᠭᠣᠵᠠᠢ᠃

W020210420666938165974.jpg      ᠨᠡᠶᠢᠲᠡᠯᠢᠭ ᠬᠡᠷᠡᠭ ᠦᠨ ᠵᠢᠱᠢᠶ᠎ᠡ ᠶᠢ ᠲᠤᠭᠤᠷᠪᠢᠨ ᠪᠢᠴᠢᠵᠦ ᠢᠳᠡᠪᠬᠢᠲᠡᠶ ᠪᠡᠷ ᠬᠡᠷᠡᠭ ᠢᠶᠡᠷ ᠬᠠᠤᠯᠢ ᠶᠢ ᠲᠡᠶᠢᠯᠪᠤᠷᠢᠯᠡᠪᠡ
        ᠸᠸᠩ ᠰᠢᠩ ᠶᠤᠸᠠᠨ ᠤ ᠳᠠᠭᠠᠭᠠᠨ ᠰᠢᠢᠳᠭᠡᠭᠰᠡᠨ ᠼᠦᠢ ᠬᠠᠶ ᠲᠢᠶᠠᠨ ᠵᠡᠷᠭᠡ ᠬᠠᠷ᠎ᠠ ᠪᠦᠯᠦᠭᠲᠡᠨ  ᠦ ᠰᠢᠨᠵᠢ ᠴᠢᠨᠠᠷᠲᠠᠶ ᠵᠣᠬᠢᠶᠠᠨ ᠪᠠᠶᠢᠭᠤᠯᠤᠯᠲᠠ ᠶᠢᠨ ᠶᠠᠯ᠎ᠠ ᠶᠢᠨ ᠬᠡᠷᠡᠭ ᠪᠣᠯ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠤᠰᠬᠠᠶ ᠲᠡᠮᠡᠴᠡᠯ ᠢ ᠥᠷᠨᠢᠭᠦᠯᠦᠭᠰᠡᠨ ᠡᠴᠡ ᠨᠠᠰᠢᠬᠢ ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠠᠩᠬᠠᠳᠠᠭᠴᠢ ᠠᠯᠪᠠᠨ ᠵᠠᠭᠠᠯᠳᠤᠯᠭ᠎ᠠ ᠭᠠᠷᠭᠠᠭᠰᠠᠨ ᠬᠠᠷ᠎ᠠ ᠪᠦᠯᠦᠭᠲᠡᠨ ᠬᠠᠷᠭᠢᠰ ᠬᠦᠴᠦᠨ ᠳᠦ ᠬᠣᠯᠪᠣᠭᠳᠠᠭᠰᠠᠨ ᠬᠡᠷᠡᠭ ᠪᠣᠯᠤᠨ᠎ᠠ ᠃ 2011 ᠣᠨ  ᠠᠴᠠ ᠨᠠᠰᠢ ᠂ ᠼᠦᠢ ᠬᠠᠶ ᠲᠢᠶᠠᠨ ᠢᠶᠠᠷ ᠲᠣᠯᠣᠭᠠᠶᠢᠯᠠᠭᠤᠯᠤᠭᠰᠠᠨ ᠬᠠᠷ᠎ᠠ ᠪᠦᠯᠦᠭᠲᠡᠨ  ᠦ ᠰᠢᠨᠵᠢ ᠴᠢᠨᠠᠷᠲᠠᠶ ᠵᠣᠬᠢᠶᠠᠨ ᠪᠠᠶᠢᠭᠤᠯᠤᠯᠲᠠ 7 ᠵᠢᠯ ᠦᠨ ᠬᠤᠭᠤᠴᠠᠭᠠᠨ ᠳᠤ ᠂ ᠬᠠᠤᠯᠢ  ᠠᠴᠠ ᠵᠥᠷᠢᠴᠡᠭᠰᠡᠨ ᠶᠠᠯᠠᠲᠤ ᠠᠵᠢᠯᠯᠠᠭ᠎ᠠ  ᠬᠡᠳᠦᠨ ᠠᠷᠪᠠᠨ ᠤᠳᠠᠭ᠎ᠠ ᠬᠢᠭᠰᠡᠨ ᠪᠠᠶᠢᠨ᠎ᠠ ᠂ ᠡᠭᠦᠨ ᠦ ᠳᠣᠲᠣᠷ᠎ᠠ ᠡᠷᠡᠭᠦᠦ  ᠶᠢᠨ ᠬᠡᠷᠡᠭ ᠲᠠᠪᠢ ᠭᠠᠷᠤᠶ ᠂ ᠠᠮᠤᠷ  ᠢ ᠬᠠᠮᠠᠭᠠᠯᠠᠬᠤ ᠵᠠᠰᠠᠭ ᠵᠠᠬᠢᠷᠭᠠᠨ ᠤ ᠬᠡᠷᠡᠭ ᠬᠣᠷᠢ ᠭᠠᠷᠤᠶ ᠪᠠᠶᠢᠨ᠎ᠠ ᠃ ᠲᠤᠰ ᠵᠣᠬᠢᠶᠠᠨ ᠪᠠᠶᠢᠭᠤᠯᠤᠯᠲᠠ ᠨᠢ ᠠᠵᠤ ᠠᠬᠤᠶ ᠶᠢᠨ ᠠᠰᠢᠭ ᠲᠤᠰᠠ ᠤᠯᠬᠤ ᠶᠢᠨ ᠲᠥᠯᠥᠭᠡ ᠬᠢᠬᠠᠨ ᠮᠥᠯᠵᠢᠬᠦ᠂ ᠥᠨᠳᠥᠷ ᠬᠦᠦ ᠲᠡᠶ ᠵᠢᠭᠡᠯᠡᠯᠭᠡ ᠲᠠᠯᠪᠢᠬᠤ᠂ ᠵᠣᠭᠣᠰ ᠨᠠᠭᠠᠳᠬᠤ ᠭᠠᠵᠠᠷ ᠢ ᠬᠢᠵᠠᠭᠠᠷᠯᠠᠬᠤ᠂ ᠠᠯᠪᠠᠳᠠᠯᠭ᠎ᠠ ᠪᠠᠷ ᠠᠷᠠᠯᠵᠢᠶᠠᠯᠠᠬᠤ᠂ ᠬᠠᠮᠠᠭᠠᠯᠠᠯᠲᠠ ᠶᠢᠨ ᠰᠦᠢᠳᠬᠡᠯ ᠬᠤᠷᠢᠶᠠᠬᠤ ᠵᠡᠷᠭᠡ ᠠᠷᠭ᠎ᠠ ᠮᠠᠶ᠋ᠢᠭ ᠢᠶᠠᠷ ᠬᠡᠳᠦᠨ ᠵᠠᠭᠤᠨ ᠲᠦᠮᠡᠨ ᠲᠥᠭᠥᠷᠢᠭ ᠲᠦ ᠬᠦᠷᠴᠡᠶ᠃
       ᠶᠠᠯᠠᠲᠤ ᠠᠵᠢᠯᠯᠠᠭ᠎ᠠ ᠶᠢ ᠪᠦᠲᠦᠮᠵᠢᠲᠡᠢ ᠵᠠᠯᠬᠠᠭᠠᠨ ᠰᠢᠢᠳᠭᠡᠵᠤ᠂ ᠬᠡᠷᠡᠭ ᠢᠶᠡᠷ ᠬᠠᠤᠯᠢ ᠴᠠᠭᠠᠵᠠ ᠶᠢ ᠲᠠᠶᠢᠯᠪᠤᠷᠢᠯᠠᠬᠤ ᠶᠢ ᠪᠡᠶᠡᠯᠡᠭᠦᠯᠬᠦ ᠶᠢᠨ ᠲᠥᠯᠥᠭᠡ᠂  ᠸᠧᠩ ᠰᠢᠩ ᠶᠤᠸᠠᠨ ︽ᠼᠦᠢ ᠬᠠᠢ ᠲᠢᠶᠠᠨ ᠵᠡᠷᠭᠡ ᠬᠥᠮᠦᠰ ᠦᠨ ᠬᠠᠷ᠎ᠠ ᠪᠦᠯᠦᠭᠲᠡᠨ  ᠦ ᠰᠢᠨᠵᠢ ᠴᠢᠨᠠᠷᠲᠠᠢ ᠵᠣᠬᠢᠶᠠᠨ ᠪᠠᠶᠢᠭᠤᠯᠤᠯᠲᠠ ᠶᠢ ᠵᠣᠬᠢᠶᠠᠨ ᠪᠠᠶᠢᠭᠤᠯᠤᠭᠰᠠᠨ᠂ ᠤᠳᠤᠷᠢᠳᠤᠭᠰᠠᠨ᠂ ᠲᠡᠭᠦᠨ ᠳᠦ ᠣᠷᠣᠯᠴᠠᠭᠰᠠᠨ ᠬᠡᠷᠡᠭ ᠬᠠᠷ᠎ᠠ ᠪᠦᠯᠦᠭᠲᠡᠨ  ᠦ ᠰᠢᠨᠵᠢ ᠴᠢᠨᠠᠷᠲᠠᠢ ᠵᠣᠬᠢᠶᠠᠨ ᠪᠠᠶᠢᠭᠤᠯᠤᠯᠲᠠ ᠶᠢ ᠵᠣᠬᠢᠶᠠᠨ ᠪᠠᠶᠢᠭᠤᠯᠤᠭᠰᠠᠨ᠂ ᠤᠳᠤᠷᠢᠳᠤᠭᠰᠠᠨ᠂ ᠲᠡᠭᠦᠨ ᠳᠦ ᠣᠷᠣᠯᠴᠠᠭᠰᠠᠨ ᠶᠠᠯ᠎ᠠ ᠶᠢᠨ ᠲᠦᠷᠪᠡᠨ ᠣᠨᠴᠠᠯᠢᠭ ᠢ ᠡᠵᠡᠮᠳᠡᠶ᠎ᠡ︾  ᠭᠡᠬᠦ ᠵᠣᠬᠢᠶᠠᠯ ᠢ ᠪᠢᠴᠢᠭᠰᠡᠨ ᠪᠥᠭᠡᠳ ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠪᠠᠶᠢᠴᠠᠭᠠᠬᠤ ᠪᠠᠶᠢᠭᠤᠯᠭ᠎ᠠ  ᠶᠢᠨ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠤᠰᠬᠠᠢ ᠲᠡᠮᠡᠴᠡᠯ ᠥᠷᠨᠢᠭᠦᠯᠦᠭᠰᠡᠨ ᠬᠡᠷᠡᠭ ᠦᠨ ᠵᠢᠱᠢᠢ᠎ᠡ ᠶᠢᠨ ᠰᠣᠩᠭᠣᠮᠠᠯ ᠳᠤ ᠰᠤᠩᠭᠤᠭᠲᠠᠨ ᠤᠷᠤᠪᠠ ᠃


ᠢᠷᠡᠯᠲᠡ
ᠥᠪᠡᠷᠲᠡᠭᠡᠨ ᠵᠠᠰᠠᠬᠤ ᠣᠷᠤᠨ ᠤ ᠪᠠᠶᠢᠴᠠᠭᠠᠬᠤ ᠬᠣᠷᠢᠶ᠎ᠠ ᠶᠢᠨ ᠣᠷᠴᠢᠭᠤᠯᠭ᠎ᠠ ᠶᠢᠨ ᠭᠠᠵᠠᠷ
2014-2022 © ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠴᠠᠭᠠᠬᠤ ᠬᠣᠷᠢᠶ᠎ᠠ ᠥᠮᠴᠢᠯᠡᠯ ᠦᠨ ᠡᠷᠬᠡ ᠲᠠᠢ ᠵᠣᠬᠢᠶᠠᠯ ᠪᠦᠲᠦᠭᠡᠯ ᠦᠨ ᠡᠷᠬᠡ ᠶ᠋ᠢ ᠬᠠᠤᠯᠢ ᠪᠠᠷ ᠬᠠᠮᠠᠭᠠᠯᠠᠭᠰᠠᠨ ᠂ ᠵᠥᠪᠰᠢᠶᠡᠷᠡᠯ ᠦᠭᠡᠢ ᠪᠡᠷ ᠬᠠᠭᠤᠯᠪᠤᠷᠢᠯᠠᠬᠤ ᠶ᠋ᠢ ᠡᠷᠡᠰ ᠬᠣᠷᠢᠭᠯᠠᠨ᠎ᠠ ᠬᠠᠷᠢᠯᠴᠠᠬᠤ ᠤᠲᠠᠰᠤ ᠄ 0471-4628760 ᠢᠮᠧᠯ ᠄ eerhe@nm.pro