ᠥᠪᠡᠷᠲᠡᠭᠡᠨ ᠵᠠᠰᠠᠬᠤ ᠣᠷᠣᠨ ᠤ ᠪᠠᠶᠢᠴᠠᠭᠠᠬᠤ ᠬᠣᠷᠢᠢ᠎ᠠ ︽ᠪᠠᠶᠢᠴᠠᠭᠠᠬᠤ ᠪᠠ ᠬᠠᠶᠢᠷ᠎ᠠ ᠨᠢᠭᠡᠲᠡᠨ ᠢᠷᠡᠭᠡᠳᠦᠢ ᠪᠡᠨ ᠬᠠᠮᠲᠤᠪᠠᠷ ᠬᠠᠮᠠᠭᠠᠯᠠᠶ᠎ᠠ︾ ᠭᠡᠬᠦ ᠭᠣᠣᠯ ᠰᠡᠳᠦᠪᠲᠦ ᠪᠠᠶᠢᠴᠠᠭᠠᠬᠤ ᠠᠵᠢᠯ ᠤᠨ ᠨᠡᠭᠡᠭᠡᠯᠲᠡ ᠶᠢᠨ ᠡᠳᠦᠷ ᠦᠨ ᠠᠵᠢᠯᠯᠠᠭ᠎ᠠ ᠶᠢ ᠦᠷᠨᠢᠭᠦᠯᠪᠡ
6 ᠰᠠᠷ᠎ᠠ ᠶᠢᠨ 1 ᠦ ᠡᠳᠦᠷ᠂ ᠰᠢᠨ᠎ᠡ ᠪᠡᠷ ᠵᠠᠰᠠᠪᠤᠷᠢ ᠣᠷᠣᠭᠤᠯᠤᠭᠰᠠᠨ ᠨᠠᠰᠤᠨ ᠳᠤ ᠥᠯᠥ ᠬᠦᠷᠦᠭᠰᠡᠳ ᠢ ᠬᠠᠮᠠᠭᠠᠯᠠᠬᠤ ᠬᠠᠤᠯᠢ ᠂ ᠨᠠᠰᠤᠨ ᠳᠤ ᠥᠯᠥ ᠬᠦᠷᠦᠭᠰᠡᠳ ᠦᠨ ᠶᠠᠯ᠎ᠠ ᠬᠢᠬᠦ ᠶᠢ ᠰᠡᠷᠭᠡᠶᠢᠯᠡᠬᠦ ᠬᠠᠤᠯᠢ ᠵᠢᠩᠬᠢᠨᠢ ᠪᠡᠷ ᠬᠡᠷᠡᠭᠵᠢᠭᠦᠯᠦᠭᠳᠡᠵᠦ ᠪᠠᠶᠢᠭ᠎ᠠ ᠲᠠᠰᠢᠷᠠᠮ ᠳᠤ ᠥᠪᠡᠷᠲᠡᠭᠡᠨ ᠵᠠᠰᠠᠬᠤ ᠣᠷᠣᠨ ᠤ ᠪᠠᠶᠢᠴᠠᠭᠠᠬᠤ ᠬᠣᠷᠢᠶ᠎ᠠ ︽ᠪᠠᠶᠢᠴᠠᠭᠠᠬᠤ ᠪᠠ ᠬᠠᠶᠢᠷ᠎ᠠ ᠨᠢᠭᠡᠲᠡᠨ ᠢᠷᠡᠭᠡᠳᠦᠢ ᠪᠡᠨ ᠬᠠᠮᠲᠤᠪᠠᠷ ᠬᠠᠮᠠᠭᠠᠯᠠᠶ᠎ᠠ︾ ᠭᠡᠬᠦ ᠭᠣᠣᠯ ᠰᠡᠳᠦᠪᠲᠦ ᠪᠠᠶᠢᠴᠠᠭᠠᠬᠤ ᠠᠵᠢᠯ ᠤᠨ ᠨᠡᠭᠡᠭᠡᠯᠲᠡ ᠶᠢᠨ ᠡᠳᠦᠷ ᠦᠨ ᠠᠵᠢᠯᠯᠠᠭ᠎ᠠ ᠶᠢ ᠡᠷᠭᠢᠯᠡᠵᠦ ᠂ ᠬᠥᠬᠡᠬᠣᠲᠠ ᠶᠢᠨ ᠭᠤᠷᠪᠠᠳᠤᠭᠠᠷ ᠳᠤᠮᠳᠠᠳᠤ ᠰᠤᠷᠭᠠᠭᠤᠯᠢ ᠶᠢᠨ ᠬᠡᠰᠡᠭ ᠪᠠᠭᠰᠢ ᠰᠣᠷᠣᠭᠴᠢ ᠂ ᠬᠡᠷ ᠦᠨ ᠠᠬᠠᠮᠠᠳ ᠵᠢᠴᠢ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠦᠨ ᠶᠡᠬᠡ ᠬᠤᠷᠠᠯ ᠤᠨ ᠲᠥᠯᠥᠭᠡᠯᠡᠭᠴᠢ ᠶᠢ ᠪᠠᠶᠢᠴᠠᠭᠠᠬᠤ ᠪᠠᠶᠢᠭᠤᠯᠭ᠎ᠠ ᠳᠤ ᠤᠷᠢᠨ ᠢᠷᠡᠭᠦᠯᠵᠦ ᠂ ᠪᠠᠶᠢᠴᠠᠭᠠᠬᠤ ᠲᠤᠰᠢᠶᠠᠯᠲᠠᠨ ᠲᠠᠶ ᠬᠠᠮᠲᠤ ᠪᠠᠷ ᠨᠠᠰᠤᠨ ᠳᠤ ᠥᠯᠥ ᠭᠦᠷᠦᠭᠰᠡᠳ ᠢ ᠬᠠᠮᠠᠭᠠᠯᠠᠬᠤ ᠲᠤᠬᠠᠶ ᠶᠠᠷᠢᠯᠴᠠᠪᠠ ᠃ ᠯᠢ ᠴᠢ ᠯᠢᠨ ᠪᠠᠶᠢᠴᠠᠭᠠᠬᠤ ᠳᠠᠷᠤᠭ᠎ᠠ ᠠᠵᠢᠯᠯᠠᠭ᠎ᠠ ᠳᠤ ᠣᠷᠣᠯᠴᠠᠭᠰᠠᠨ ᠪᠥᠭᠡᠳ ᠬᠠᠮᠲᠤ ᠰᠤᠷᠤᠭᠴᠢᠳ ᠲᠠᠶ ᠪᠠᠨ ᠳᠣᠲᠣᠨᠣ ᠪᠠᠷ ᠶᠠᠷᠢᠯᠴᠠᠪᠠ ᠃
ᠲᠤᠬᠠᠶ ᠶᠢᠨ ᠲᠠᠯᠠᠪᠠᠶ ᠶᠢᠨ ᠠᠵᠢᠯᠯᠠᠭ᠎ᠠ ᠶᠢ ︽ ᠲᠠᠨ ᠢ ᠤᠷᠢᠵᠤ ᠥᠪᠡᠷ ᠢ ᠪᠡᠨ ᠣᠶᠢᠯᠠᠭᠠᠭᠤᠯᠬᠤ ︾ ᠂ ︽ ᠲᠠᠨ ᠳᠤ ᠪᠠᠶᠢᠴᠠᠭᠠᠬᠤ ᠬᠠᠷᠢᠭᠤᠯᠲᠡ ᠦᠭᠬᠦ ︾ ᠂ ︽ᠲᠠ ᠬᠠᠮᠤᠭ ᠠᠴᠠ ᠰᠦᠷᠡᠬᠡᠢ ︾ ᠂ ︽ ᠲᠠᠨ ᠢ ᠤᠷᠢᠵᠤ ᠣᠷᠣᠯᠠᠨ ᠥᠭᠦᠯᠡᠭᠦᠯᠬᠦ ︾ ᠭᠡᠬᠦ ᠳᠥᠷᠪᠡᠨ ᠭᠣᠭᠴᠣᠭ᠎ᠠ ᠬᠤᠪᠢᠶᠠᠵᠠᠢ ᠃ ᠤᠷᠢᠭᠳᠠᠭᠰᠠᠨ ᠵᠣᠴᠢᠳ ᠥᠪᠥᠷ ᠮᠣᠩᠭᠣᠯ ᠤᠨ ᠪᠠᠶᠢᠴᠠᠭᠠᠬᠤ ᠠᠵᠢᠯ ᠤᠨ ᠲᠡᠦᠬᠡ ᠶᠢᠨ ᠳᠡᠯᠭᠡᠨ ᠦᠵᠡᠭᠦᠯᠬᠦ ᠣᠷᠳᠣᠨ ᠢ ᠲᠣᠭᠣᠷᠢᠨ ᠦᠵᠡᠬᠦ ᠪᠡᠷ ᠳᠠᠮᠵᠢᠨ᠂ ᠦᠶ᠎ᠡ ᠦᠶ᠎ᠡ ᠶᠢᠨ ᠪᠠᠶᠢᠴᠠᠭᠠᠬᠤ ᠠᠵᠢᠯᠲᠠᠳ ᠤᠨ ᠦᠶ᠎ᠡ ᠤᠯᠠᠮᠵᠢᠯᠠᠨ ᠵᠠᠯᠭᠠᠮᠵᠢᠯᠠᠭᠰᠠᠨ᠂ ᠦᠷᠭᠦᠯᠵᠢᠯᠡᠨ ᠲᠡᠮᠡᠴᠡᠭᠰᠡᠨ ᠡᠭᠦᠷᠭᠡ ᠬᠠᠷᠢᠭᠤᠴᠠᠯᠭ᠎ᠠ ᠵᠢᠴᠢ ᠪᠦᠬᠦ ᠰᠡᠳᠬᠢᠯ ᠪᠦᠬᠦ ᠵᠣᠷᠢᠭ ᠢᠶᠠᠷ ᠢᠶᠠᠨ ᠠᠷᠠᠳ ᠲᠦᠮᠡᠨ ᠳᠦ ᠦᠢᠯᠡᠴᠢᠯᠡᠵᠦ᠂ ᠠᠵᠤ ᠠᠬᠤᠢ ᠨᠡᠶᠢᠭᠡᠮ ᠦᠨ ᠬᠥᠭᠵᠢᠯᠲᠡ ᠶᠢᠨ ᠶᠡᠬᠡ ᠲᠠᠯ᠎ᠠ ᠶᠢᠨ ᠲᠥᠯᠥᠭᠡ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠭᠰᠡᠨ ᠪᠠᠶᠢᠴᠠᠭᠠᠬᠤ ᠠᠵᠢᠯ ᠤᠨ ᠤᠭ ᠰᠠᠨᠠᠭ᠎ᠠ ᠶᠢ ᠣᠶᠢᠯᠠᠭᠠᠪᠠ᠃ ᠬᠠᠷᠢᠯᠴᠠᠨ ᠰᠣᠯᠢᠯᠴᠠᠬᠤ ᠭᠣᠭᠴᠣᠭ᠎ᠠ ᠳᠤ ᠂ ᠯᠢ ᠴᠢ ᠯᠢᠨ ᠪᠠᠶᠢᠴᠠᠭᠠᠬᠤ ᠳᠠᠷᠤᠭ᠎ᠠ ᠲᠤᠰᠬᠠᠶᠢᠯᠠᠨ ᠰᠤᠷᠤᠭᠴᠢᠳ ᠤᠨ ᠲᠥᠯᠥᠭᠡᠯᠡᠭᠴᠢᠳ ᠢ ᠡᠷᠭᠢᠨ ᠦᠵᠡᠵᠦ ᠂ ᠡᠭᠦᠨ ᠦ ᠬᠠᠮᠲᠤ ᠤᠯᠠᠨ ᠲᠠᠶ ᠳᠣᠲᠣᠨᠣ ᠪᠠᠷ ᠶᠠᠷᠢᠯᠴᠠᠵᠤ᠂ ᠰᠤᠷᠭᠠᠭᠤᠯᠢ ᠶᠢᠨ ᠬᠦᠷᠢᠶᠡᠨ ᠦ ᠡᠵᠡᠷᠬᠡᠭᠯᠡᠯ᠂ ᠰᠦᠯᠵᠢᠶᠡᠨ ᠦ ᠠᠮᠤᠷ ᠲᠦᠪᠰᠢᠨ ᠵᠡᠷᠭᠡ ᠠᠰᠠᠭᠤᠳᠠᠯ ᠤᠨ ᠲᠤᠬᠠᠢ ᠮᠠᠳᠠᠭ ᠲᠠᠶ ᠠᠰᠠᠭᠤᠳᠠᠯ ᠢ ᠬᠠᠷᠢᠭᠤᠯᠵᠦ ᠰᠢᠢᠳᠪᠦᠷᠢᠯᠡᠬᠦ ᠦᠶ᠎ᠡ ᠳᠦ᠂ ᠲᠡᠷᠡ᠄ ︽ᠭᠡᠷ ᠦᠨ ᠠᠬᠠᠮᠠᠳ ᠬᠠᠷᠠᠭᠠᠯᠵᠠᠨ ᠬᠠᠮᠠᠭᠠᠯᠠᠬᠤ ᠰᠤᠷᠭᠠᠨ ᠬᠥᠮᠦᠵᠢᠯ ᠦᠨ ᠬᠠᠷᠢᠭᠤᠴᠠᠯᠭ᠎ᠠ ᠪᠠᠨ ᠦᠨᠡᠨᠬᠦ ᠡᠭᠦᠷᠭᠡᠯᠡᠵᠦ᠂ ᠰᠤᠷᠭᠠᠭᠤᠯᠢ ᠨᠤᠭᠤᠳ ᠰᠤᠷᠭᠠᠭᠤᠯᠢ ᠶᠢᠨ ᠬᠦᠷᠢᠶᠡᠨ ᠦ ᠠᠮᠤᠷ ᠲᠦᠪᠰᠢᠨ ᠦ ᠬᠠᠮᠢᠶᠠᠷᠤᠯᠲᠠ ᠪᠠᠨ ᠦᠨᠡᠨᠬᠦ ᠴᠢᠩᠭᠠᠳᠬᠠᠵᠤ᠂ ᠭᠡᠷ ᠪᠦᠯᠢ᠂ ᠰᠤᠷᠭᠠᠭᠤᠯᠢ᠂ ᠨᠡᠶᠢᠭᠡᠮ᠂ ᠰᠦᠯᠵᠢᠶ᠎ᠡ᠂ ᠵᠠᠰᠠᠭ ᠤᠨ ᠣᠷᠳᠣᠨ᠂ ᠬᠠᠤᠯᠢ ᠴᠠᠭᠠᠵᠠ ᠵᠡᠷᠭᠡ ᠵᠢᠷᠭᠤᠭᠠᠨ ᠶᠡᠬᠡ ᠬᠠᠮᠠᠭᠠᠯᠠᠯᠲᠠ ᠶᠢ ᠵᠡᠷᠭᠡᠪᠡᠷ ᠴᠢᠩᠭᠠᠳᠬᠠᠵᠤ᠂ ᠨᠠᠰᠤᠨ ᠳᠤ ᠦᠯᠦ ᠬᠦᠷᠦᠭᠰᠡᠳ ᠦᠨ ᠡᠷᠡᠭᠦᠯ ᠢᠶᠡᠷ ᠦᠰᠦᠨ ᠪᠣᠶᠢᠵᠢᠬᠤ ᠶᠢ ᠨᠡᠩ ᠰᠠᠶᠢᠲᠤᠷ ᠬᠠᠮᠠᠭᠠᠯᠠᠬᠤ ᠬᠡᠷᠡᠭᠲᠡᠢ︾ ᠭᠡᠵᠦ ᠢᠯᠡᠳᠬᠡᠪᠡ᠃
ᠵᠧᠩ ᠵᠢᠶᠠ ᠮᠧᠶ ᠡᠷᠬᠢᠯᠡᠭᠴᠢ ᠂ ᠮᠠ ᠶᠢᠩ ᠴᠦᠨ ᠲᠤᠰᠬᠠᠶ ᠺᠤᠮᠢᠰ ᠂ ᠪᠠᠶᠢᠭᠤᠯᠭ᠎ᠠ ᠶᠢᠨ ᠨᠠᠮ ᠤᠨ ᠬᠣᠷᠢᠶᠠᠨ ᠤ ᠲᠤᠰᠬᠠᠶ ᠲᠤᠰᠢᠶᠠᠯᠲᠤ ᠳᠡᠳ᠋ ᠱᠦᠵᠢ ᠨᠠᠰᠤᠨ ᠳᠤ ᠥᠯᠥ ᠭᠦᠷᠦᠭᠰᠡᠳ ᠦᠨ ᠨᠠᠮ ᠤᠨ ᠲᠡᠸᠬᠡ ᠶᠢᠨ ᠰᠤᠷᠤᠯᠴᠠᠯᠭ᠎ᠠ ᠬᠥᠮᠦᠵᠢᠯ ᠂ ᠤᠯᠤᠰ ᠢᠶᠠᠨ ᠬᠠᠶᠢᠷᠠᠯᠠᠬᠤ ᠦᠵᠡᠯ ᠦᠨ ᠬᠥᠮᠦᠵᠢᠯ ᠥᠷᠨᠢᠭᠦᠯᠬᠦ ᠶᠢᠨ ᠴᠢᠬᠤᠯᠠ ᠴᠢᠨᠠᠷ ᠵᠡᠷᠭᠡ ᠠᠰᠠᠭᠤᠳᠠᠯ ᠤᠨ ᠲᠤᠬᠠᠶ ᠬᠠᠮᠲᠤ ᠰᠤᠷᠤᠯᠭᠠᠲᠠᠳ ᠲᠠᠶ ᠪᠠᠨ ᠰᠠᠨᠠᠯ ᠢᠶᠠᠨ ᠰᠣᠯᠢᠯᠴᠠᠪᠠ ᠃ ᠰᠤᠷᠤᠭᠴᠢᠳ ᠬᠠᠷᠠᠭᠠᠨ ᠲᠠᠪᠲᠠᠮᠵᠢ ᠶᠢᠨ ᠬᠡᠯᠪᠡᠷᠢ ᠪᠡᠷ ᠰᠦᠯᠵᠢᠶᠡᠨ ᠳᠡᠭᠡᠷ᠎ᠡ ᠡᠯ᠎ᠡ ᠠᠶᠢᠮᠠᠭ ᠬᠤᠳᠠ ᠶᠢᠨ ︽ᠬᠣᠶᠠᠷ ᠬᠠᠤᠯᠢ︾ ᠋ ᠢᠢᠨ ᠮᠡᠳᠡᠯᠭᠡ ᠶᠢᠨ ᠤᠷᠤᠯᠳᠤᠭᠠᠨ ᠤ ᠭᠣᠶᠢᠳᠠ ᠰᠠᠶᠢᠬᠠᠨ ᠬᠡᠮᠡᠷᠯᠢᠭ ᠴᠢᠭᠤᠯᠭᠠᠨ ᠢ ᠡᠷᠭᠢᠴᠡᠭᠦᠯᠵᠦ᠂ ᠥᠷᠢᠰᠥᠯᠳᠦᠭᠡᠨ ᠦ ᠳᠤᠮᠳᠠ ᠢᠯᠠᠭᠰᠠᠨ 26 ᠪᠢᠴᠢᠬᠠᠨ ᠤᠷᠤᠯᠴᠠᠭᠴᠢ ᠲᠤᠬᠠᠢ ᠶᠢᠨ ᠲᠠᠯᠠᠪᠠᠢ ᠳᠤ ᠪᠤᠶᠤ ᠬᠠᠷᠠᠭᠠᠨ ᠲᠠᠪᠲᠠᠮᠵᠢ ᠪᠠᠷ ᠤᠲᠠᠰᠤ ᠵᠠᠯᠭᠠᠬᠤ ᠬᠡᠯᠪᠡᠷᠢ ᠪᠡᠷ ᠬᠥᠬᠢᠭᠦᠯᠦᠭᠳᠡᠪᠡ᠃
ᠥᠪᠡᠷᠲᠡᠭᠡᠨ ᠵᠠᠰᠠᠬᠤ ᠣᠷᠣᠨ ᠤ ᠪᠠᠶᠢᠴᠠᠭᠠᠬᠤ ᠬᠣᠷᠢᠶ᠎ᠠ ᠪᠠᠰᠠ ᠬᠡᠸᠬᠡᠳ ᠦᠳ ᠲᠦ ︽ ᠬᠠᠸᠯᠢ ᠪᠠᠷ ᠵᠠᠰᠠᠬᠤ ᠲᠣᠮᠣ ᠪᠡᠯᠡᠭ ︾ ︱ ︽ᠮᠣᠩᠭᠣᠯ ᠬᠢᠲᠠᠳ ᠬᠣᠸᠰ ᠬᠡᠯᠡᠨ ᠦ ᠢᠷᠭᠡᠨ ᠦ ᠬᠠᠸᠯᠢ ᠶᠢᠨ ᠪᠢᠴᠢᠭ ᠦᠨ ᠬᠠᠸᠯᠢ ᠲᠦᠭᠡᠮᠡᠯᠵᠢᠭᠦᠯᠬᠦ ᠭᠠᠷ ᠠᠪᠤᠯᠭ᠎ᠠ ︾ ᠪᠠ ︽ᠪᠥᠬᠥᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠨᠠᠰᠤᠨ ᠳᠤ ᠥᠯᠥ ᠭᠦᠷᠦᠭᠰᠡᠳ ᠢ ᠬᠠᠮᠠᠭᠠᠯᠠᠬᠤ ᠬᠠᠸᠯᠢ ︾ ᠶᠢ ᠬᠦᠷᠭᠡᠵᠦ ᠂ ᠬᠡᠸᠬᠡᠳ ᠦᠳ ᠢ ᠬᠠᠪᠰᠤᠷᠤᠨ ᠬᠠᠸᠯᠢ ᠪᠠᠷ ᠵᠠᠰᠠᠬᠤ ᠤᠬᠠᠮᠰᠠᠷ ᠢ ᠨᠢ ᠳᠡᠭᠡᠭᠰᠢᠯᠡᠭᠦᠯᠵᠦ ᠂ ᠨᠠᠩ ᠣᠯᠠᠨ ᠬᠠᠸᠯᠢ ᠴᠠᠭᠠᠵᠠ ᠶᠢᠨ ᠢᠳᠡᠪᠬᠢ ᠬᠦᠴᠦᠨ ᠢ ᠲᠠᠮᠵᠢᠭᠤᠯᠪᠠ ᠃ ᠡᠭᠦᠨ ᠦ ᠵᠡᠷᠭᠡ ᠳᠦ ᠰᠤᠷᠤᠭᠴᠢᠳ ᠤᠨ ᠲᠥᠯᠥᠭᠡᠯᠡᠭᠴᠢ ᠶᠢ ᠤᠷᠢᠵᠤ ᠨᠡᠭᠡᠭᠡᠯᠲᠡ ᠶᠢᠨ ᠡᠳᠦᠷ ᠳᠦ ᠤᠷᠤᠯᠴᠠᠬᠤ ᠂ ᠬᠠᠤᠯᠢ ᠶᠢ ᠰᠤᠷᠬᠤ ᠲᠦᠷᠦᠭᠲᠡᠯ ᠵᠡᠷᠭᠡ ᠵᠢᠵᠢᠭ ᠳᠦᠷᠰᠦ ᠰᠢᠩᠭᠡᠭᠡᠯᠲᠡ ᠶᠢᠨ ᠠᠵᠢᠯᠯᠠᠭ᠎ᠠ ᠳᠤ ᠤᠷᠤᠯᠴᠠᠭᠤᠯᠪᠠ ᠃