ᠲᠡᠷᠢᠭᠦᠨ ᠨᠢᠭᠤᠷ  -  ᠪᠠᠶᠢᠴᠠᠭᠠᠬᠤ ᠬᠥᠳᠡᠯᠦᠯ ᠪᠠᠶᠢᠳᠠᠯ

ᠠᠷᠠᠳ ᠤᠨ ᠳᠡᠭᠡᠳᠦ ᠪᠠᠶᠢᠴᠠᠭᠠᠬᠤ ᠬᠣᠷᠢᠶᠠᠨ ᠤ ᠵᠥᠪᠯᠡᠯᠭᠡ ᠥᠭᠬᠦ ᠺᠣᠮᠢᠰ ᠤᠨ ᠪᠠᠶᠢᠴᠠᠭᠠᠨ ᠰᠤᠳᠤᠯᠬᠤ ᠳᠤᠭᠤᠶᠢᠯᠠᠩ ᠥᠪᠡᠷᠲᠡᠭᠡᠨ ᠵᠠᠰᠠᠬᠤ ᠣᠷᠣᠨ ᠤ ᠪᠠᠶᠢᠴᠠᠭᠠᠬᠤ ᠬᠣᠷᠢᠶᠠᠨ ᠳᠤ ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ ᠬᠢᠵᠦ ᠠᠵᠢᠯ ᠢ ᠵᠢᠭᠠᠨ ᠵᠢᠯᠣᠭᠣᠳᠪᠠ

2021-06-04 09:21:18
ᠵᠣᠬᠢᠶᠠᠭᠴᠢ
ᠭᠡᠭᠡᠷᠡᠯ

1622769644966235.jpg

5 ᠰᠠᠷ᠎ᠠ ᠶᠢᠨ 31 ᠦ ᠡᠳᠦᠷ ᠂ ᠠᠷᠠᠳ ᠤᠨ ᠳᠡᠭᠡᠳᠦ ᠪᠠᠶᠢᠴᠠᠭᠠᠬᠤ ᠬᠣᠷᠢᠶ᠎ᠠ ᠶᠢᠨ ᠵᠥᠪᠯᠡᠯᠭᠡ ᠥᠭᠬᠦ ᠺᠣᠮᠢᠰ ᠤᠨ ᠳᠡᠳ᠋ ᠡᠷᠬᠢᠯᠡᠭᠴᠢ ᠭᠡᠰᠢᠭᠦᠨ ᠂ ᠠᠷᠠᠳ ᠤᠨ ᠳᠡᠭᠡᠳᠦ ᠪᠠᠶᠢᠴᠠᠭᠠᠬᠤ ᠬᠣᠷᠢᠶ᠎ᠠ ᠶᠢᠨ ᠤᠸᠯ ᠤᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ ᠂ ᠳᠡᠳ᠋ ᠪᠠᠶᠢᠴᠠᠭᠠᠬᠤ ᠳᠠᠷᠤᠭ᠎ᠠ ᠯᠢ ᠷᠦ᠋ ᠯᠢᠨ ᠨᠡᠷ ᠥᠪᠡᠷᠲᠡᠭᠡᠨ ᠵᠠᠰᠠᠬᠤ ᠣᠷᠣᠨ ᠤ ᠪᠠᠶᠢᠴᠠᠭᠠᠬᠤ ᠬᠣᠷᠢᠶ᠎ᠠ ᠳᠤ ᠭᠦᠨᠵᠡᠭᠡᠶᠢᠷᠡᠨ  ︽ᠰᠢ ᠶᠢᠨ ᠫᠢᠩ ᠬᠠᠸᠯᠢ ᠪᠠᠷ ᠵᠠᠰᠠᠬᠤ ᠦᠵᠡᠯ ᠰᠠᠨᠠᠭ᠎ᠠ ᠪᠠᠷ ᠬᠠᠸᠯᠢ ᠪᠠᠷᠢᠬᠤ ᠪᠠᠶᠢᠴᠠᠭᠠᠬᠤ ᠣᠶᠢᠯᠠᠭᠠᠭᠳᠠᠬᠤᠨ ᠤ ᠭᠦᠨᠵᠡᠭᠡᠶᠢᠷᠡᠯ ᠂ ᠬᠤᠪᠢᠰᠤᠯᠲᠠ ᠶᠢ ᠬᠥᠲᠥᠯᠥᠨ ᠳᠠᠭᠠᠭᠤᠯᠬᠤ ︾ ᠲᠤᠰᠬᠠᠶ ᠰᠡᠳᠦᠪᠲᠦ ᠪᠠᠶᠢᠴᠠᠭᠠᠨ ᠰᠤᠳᠤᠯᠤᠯᠲᠠ ᠥᠷᠨᠢᠭᠦᠯᠵᠦ ᠂ 12309 ᠪᠠᠶᠢᠴᠠᠭᠠᠬᠤ ᠦᠶᠯᠡᠴᠢᠯᠡᠭᠡᠨ ᠦ ᠲᠥᠪ ᠂ ᠲᠣᠮᠣ ᠳ᠋ᠠᠶᠢᠲ᠋ᠠ ᠶᠢᠨ ᠲᠥᠪ ᠵᠡᠷᠭᠡ ᠴᠢᠳᠠᠮᠵᠢᠳᠤ ᠣᠷᠣᠨ ᠤ ᠪᠥᠲᠥᠭᠡᠨ ᠪᠠᠶᠢᠭᠤᠯᠤᠯᠲᠠ ᠶᠢ ᠲᠤᠬᠠᠶ ᠶᠢᠨ ᠭᠠᠵᠠᠷ ᠲᠤᠨᠢ ᠲᠣᠭᠣᠷᠢᠨ ᠦᠵᠡᠭᠰᠡᠨ ᠪᠥᠭᠡᠳ ᠰᠠᠭᠤᠲᠠᠯ  ᠤᠨ ᠬᠤᠷᠠᠯ ᠬᠤᠷᠠᠯᠳᠤᠭᠤᠯᠪᠠ ᠃ ᠪᠠᠶᠢᠴᠠᠭᠠᠬᠤ ᠳᠠᠷᠤᠭ᠎ᠠ ᠯᠢ ᠴᠢ ᠯᠢᠨ ᠬᠣᠯᠪᠣᠭᠳᠠᠯ ᠪᠦᠬᠦᠢ ᠠᠵᠢᠯᠯᠠᠭ᠎ᠠ ᠳᠤ ᠪᠠᠷ᠎ᠠ ᠪᠣᠯᠵᠤ ᠣᠷᠣᠯᠴᠠᠪᠠ ᠃

W020210603693913655515.jpg

ᠬᠤᠷᠠᠯ ᠳᠡᠭᠡᠷ᠎ᠡ ᠂ ᠯᠢ ᠴᠢ ᠯᠢᠨ ᠥᠪᠥᠷ ᠮᠣᠩᠭᠣᠯ ᠤᠨ ᠪᠠᠶᠢᠴᠠᠭᠠᠬᠤ ᠪᠠᠶᠢᠭᠤᠯᠭ᠎ᠠ ᠶᠢᠨ ᠰᠢ ᠶᠢᠨ ᠫᠢᠩ  ᠤᠨ ᠬᠠᠸᠯᠢ ᠪᠠᠷ ᠵᠠᠰᠠᠬᠤ ᠦᠵᠡᠯ ᠰᠠᠨᠠᠭ᠎ᠠ ᠪᠠᠷ ᠬᠠᠸᠯᠢ ᠪᠠᠷᠢᠬᠤ ᠪᠠᠶᠢᠴᠠᠭᠠᠬᠤ ᠣᠶᠢᠯᠠᠭᠠᠭᠳᠠᠬᠤᠨ ᠤ ᠭᠦᠨᠵᠡᠭᠡᠶᠢᠷᠡᠯ ᠂ ᠬᠤᠪᠢᠰᠤᠯᠲᠠ ᠶᠢᠨ ᠪᠠᠶᠢᠳᠠᠯ ᠤᠨ ᠲᠣᠭᠣᠷᠢᠨ ᠳᠤ ᠪᠠᠶᠢᠴᠠᠭᠠᠨ ᠰᠤᠳᠤᠯᠬᠤ ᠳᠤᠭᠤᠶᠢᠯᠠᠩ ᠳᠤ ᠨᠠᠷᠢᠨ ᠲᠣᠳᠣᠷᠬᠠᠶ ᠬᠠᠷᠢᠭᠤ ᠮᠡᠳᠡᠭᠦᠯᠦᠯᠲᠡ ᠬᠢᠪᠠ ᠃ ᠸᠠᠩ ᠰᠢᠨ ᠬᠤᠢ᠂ ᠱᠢ ᠢᠦᠢ ᠳ᠋ᠦᠩ᠂ ᠭᠦᠸᠧ ᠶᠠᠨ ᠯᠢᠩ ᠵᠡᠷᠭᠡ 3 ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠦᠨ ᠶᠡᠬᠡ ᠬᠤᠷᠠᠯ ᠤᠨ ᠲᠥᠯᠥᠭᠡᠯᠡᠭᠴᠢ ᠭᠣᠣᠯ ᠰᠡᠳᠦᠪ ᠦᠨ ᠲᠣᠭᠣᠷᠢᠨ ᠳᠤ᠂ ᠪᠠᠶᠢᠴᠠᠭᠠᠬᠤ ᠠᠵᠢᠯ ᠤᠨ ᠨᠡᠶᠢᠲᠡ ᠶᠢᠨ ᠠᠰᠢᠭᠲᠤ  ᠵᠠᠷᠭᠤ᠂ ᠨᠠᠰᠤᠨ ᠳᠤ ᠦᠯᠦ ᠬᠦᠷᠦᠭᠰᠡᠳ ᠢ ᠪᠠᠶᠢᠴᠠᠭᠠᠬᠤ᠂ ᠪᠣᠬᠢᠷᠲᠤᠯ ᠦᠭᠡᠢ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠦᠢᠯᠡᠳᠪᠦᠷᠢᠯᠡᠵᠦ ᠡᠳ᠋ᠰᠢᠭᠦᠯᠬᠦ ᠶᠢ ᠪᠠᠲᠤᠯᠠᠬᠤ ᠰᠠᠭᠤᠷᠢᠨ ᠤ ᠪᠦᠳᠦᠭᠡᠨ ᠪᠠᠶᠢᠭᠤᠯᠤᠯᠲᠠ᠂ ᠤᠶᠤᠨᠲᠤ ᠪᠠᠶᠢᠴᠠᠭᠠᠬᠤ ᠠᠵᠢᠯ ᠵᠡᠷᠭᠡ ᠠᠵᠢᠯ ᠳᠤ ᠴᠢᠭᠯᠡᠭᠦᠯᠦᠨ ᠰᠠᠨᠠᠯ ᠰᠠᠨᠠᠭᠤᠯᠭ᠎ᠠ ᠳᠤᠷᠠᠳᠴᠠᠢ᠃ ᠥᠪᠡᠷᠲᠡᠭᠡᠨ ᠵᠠᠰᠠᠬᠤ ᠣᠷᠣᠨ ᠤ ᠪᠠᠶᠢᠴᠠᠭᠠᠬᠤ ᠬᠣᠷᠢᠶ᠎ᠠ ᠶᠢᠨ ᠤᠳᠤᠷᠢᠳᠬᠤ ᠪᠠᠭ ᠤᠨ ᠪᠦᠷᠢᠯᠳᠦᠬᠦᠨ ᠂ ᠳᠣᠲᠣᠭᠠᠳᠤ ᠶᠢᠨ ᠪᠠᠶᠢᠭᠤᠯᠤᠮᠵᠢ ᠶᠢᠨ ᠬᠠᠷᠢᠭᠤᠴᠠᠯᠭᠠᠲᠠᠨ ᠂ ᠬᠥᠬᠡᠬᠣᠲᠠ ᠶᠢᠨ ᠪᠠᠶᠢᠴᠠᠭᠠᠬᠤ ᠬᠣᠷᠢᠶ᠎ᠠ ᠵᠢᠴᠢ ᠬᠣᠲᠠ ᠶᠢᠨ ᠬᠠᠷᠢᠶ᠎ᠠ ᠲᠣᠭᠣᠷᠢᠭ ᠤᠨ ᠦᠨᠳᠦᠰᠦᠨ ᠱᠠᠲᠤᠨ ᠤ ᠬᠣᠷᠢᠶ᠎ᠠ ᠶᠢᠨ ᠪᠠᠶᠢᠴᠠᠭᠠᠬᠤ ᠳᠠᠷᠤᠭ᠎ᠠ ᠰᠠᠭᠤᠲᠠᠯ  ᠤᠨ  ᠬᠤᠷᠠᠯ ᠳᠤ ᠣᠷᠣᠯᠴᠠᠪᠠ ᠃

W020210603693913982742.jpg

ᠯᠢ ᠷᠦ᠋ ᠯᠢᠨ ᠥᠪᠥᠷ ᠮᠣᠩᠭᠣᠯ ᠤᠨ ᠪᠠᠶᠢᠴᠠᠭᠠᠬᠤ ᠪᠠᠶᠢᠭᠤᠯᠭ᠎ᠠ ᠶᠢᠨ ᠰᠢ ᠶᠢᠨ ᠫᠢᠩ  ᠤᠨ ᠬᠠᠤᠯᠢ  ᠪᠠᠷ ᠵᠠᠰᠠᠬᠤ ᠦᠵᠡᠯ ᠰᠠᠨᠠᠭ᠎ᠠ ᠪᠠᠷ ᠬᠠᠤᠯᠢ ᠪᠠᠷᠢᠬᠤ ᠪᠠᠶᠢᠴᠠᠭᠠᠬᠤ ᠤᠢᠢᠯᠠᠭᠠᠭᠳᠠᠬᠤᠨ ᠢ ᠭᠦᠨᠵᠡᠭᠡᠶᠢᠷᠡᠭᠦᠯᠬᠦ᠂ ᠦᠭᠡᠷᠡᠴᠢᠯᠡᠯᠲᠡ  ᠶᠢᠨ ᠠᠵᠢᠯ ᠢ ᠬᠦᠳᠦᠯᠦᠨ ᠳᠠᠭᠠᠭᠤᠯᠤᠭᠰᠠᠨ ᠢ ᠭᠦᠢᠴᠡᠳ ᠨᠤᠲᠠᠯᠠᠪᠠ᠃ ᠲᠡᠷᠡ᠂ ᠤᠢᠢᠷ᠎ᠠ ᠶᠢᠨ ᠵᠢᠯ ᠡᠴᠡ ᠥᠪᠥᠷ ᠮᠣᠩᠭᠣᠯ ᠤᠨ ᠪᠠᠶᠢᠴᠠᠭᠠᠬᠤ ᠪᠠᠶᠢᠭᠤᠯᠭ᠎ᠠ ᠶᠢᠨ ᠬᠢᠨ ᠤᠯᠤᠰ ᠲᠦᠷᠦ ᠶᠢ ᠡᠷᠬᠢᠮᠯᠡᠵᠦ᠂ ᠶᠡᠬᠡ ᠲᠠᠯ᠎ᠠ ᠶᠢ ᠬᠠᠷᠠᠭᠠᠯᠵᠠᠵᠤ᠂ ᠥᠪᠡᠷᠲᠡᠭᠡᠨ ᠵᠠᠰᠠᠬᠤ ᠣᠷᠣᠨ ᠤ ᠠᠵᠤ ᠠᠬᠤᠢ ᠨᠡᠶᠢᠭᠡᠮ ᠦᠨ ᠴᠢᠨᠠᠷ ᠰᠠᠶᠢᠲᠠᠢ ᠬᠥᠭᠵᠢᠯᠲᠡ ᠳᠦ ᠰᠠᠨᠠᠭᠠᠴᠢᠯᠠᠭ᠎ᠠ ᠠᠴᠠ ᠪᠠᠨ ᠦᠢᠯᠡᠴᠢᠯᠡᠵᠦ ᠪᠠᠲᠤᠯᠠᠵᠠᠢ᠃ ᠪᠠᠶᠢᠴᠠᠭᠠᠬᠤ ᠠᠵᠢᠯ ᠤᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠶᠢ ᠶᠡᠬᠡ ᠲᠠᠯ᠎ᠠ ᠳᠤ ᠦᠢᠯᠡᠴᠢᠯᠡᠬᠦ ᠲᠡᠶ ᠨᠢᠭᠲᠠ ᠤᠶᠠᠯᠳᠤᠭᠤᠯᠵᠤ᠂ ᠨᠡᠶᠢᠲᠡ ᠶᠢᠨ ᠠᠰᠢᠭᠲᠤ ᠵᠠᠷᠭᠣ ᠂ ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ ᠢ ᠰᠢᠯᠢᠳᠡᠭᠵᠢᠭᠦᠯᠬᠦ᠂ ᠵᠠᠬᠢᠳᠠᠯ ᠰᠤᠷᠪᠤᠯᠵᠢᠯᠠᠭ᠎ᠠ ᠶᠢᠨ ᠳᠠᠷᠤᠭᠳᠠᠮᠠᠯ ᠬᠡᠷᠡᠭ ᠢ ᠠᠷᠢᠯᠭᠠᠬᠤ ᠵᠡᠷᠭᠡ ᠠᠵᠢᠯ ᠤᠨ ᠳᠤᠮᠳᠠ ᠢᠳᠡᠪᠬᠢᠲᠡᠶ ᠪᠡᠷ ᠠᠵᠢᠯᠯᠠᠵᠤ᠂ ᠴᠢᠬᠤᠯᠠ ᠬᠤᠪᠢ ᠨᠡᠮᠡᠷᠢ ᠦᠵᠡᠭᠦᠯᠪᠡ᠃ ᠬᠠᠤᠯᠢ ᠴᠠᠭᠠᠵᠠ ᠶᠢᠨ ᠬᠢᠨᠠᠯᠲᠠ ᠲᠠᠯᠪᠢᠬᠤ ᠡᠭᠦᠷᠭᠡ ᠴᠢᠳᠠᠪᠤᠷᠢ ᠲᠤᠰᠢᠶᠠᠯ ᠬᠠᠷᠢᠭᠤᠴᠠᠯᠭ᠎ᠠ ᠪᠠᠨ ᠭᠦᠢᠴᠡᠳ ᠭᠦᠢᠴᠡᠳᠬᠡᠵᠦ᠂ ᠨᠡᠶᠢᠭᠡᠮ ᠦᠨ ᠲᠣᠭᠲᠠᠭᠤᠨ ᠪᠠᠶᠢᠳᠠᠯ ᠢ ᠬᠠᠮᠠᠭᠠᠯᠠᠬᠤ᠂ ᠬᠢᠯᠢ ᠬᠢᠵᠠᠭᠠᠷ ᠤᠨ ᠲᠣᠭᠲᠠᠭᠤᠨ ᠪᠠᠶᠢᠳᠠᠯ ᠢ ᠬᠠᠮᠠᠭᠠᠯᠠᠬᠤ᠂ ᠬᠠᠤᠯᠢ ᠴᠠᠭᠠᠵᠠ ᠶᠢᠨ ᠥᠭᠡᠷᠡᠴᠢᠯᠡᠯᠲᠡ ᠶᠢ ᠠᠬᠢᠭᠤᠯᠬᠤ ᠵᠡᠷᠭᠡ ᠲᠠᠯ᠎ᠠ ᠪᠠᠷ ᠢᠯᠡᠳᠲᠡ ᠦᠷ᠎ᠡ ᠪᠦᠲᠦᠮᠵᠢ ᠤᠯᠪᠠ᠃ ᠡᠩᠨᠡᠭᠡᠨ ᠦ ᠪᠠᠶᠢᠭᠤᠯᠤᠯᠲᠠ ᠶᠢ ᠳᠡᠭᠡᠳᠦ ᠬᠡᠮᠵᠢᠶ᠎ᠡ ᠪᠡᠷ ᠴᠢᠬᠤᠯᠠᠴᠢᠯᠠᠵᠤ᠂ ᠠᠷᠠᠳ ᠤᠨ ᠳᠡᠭᠡᠳᠦ ᠪᠠᠶᠢᠴᠠᠭᠠᠬᠤ ᠬᠣᠷᠢᠶᠠᠨ ᠤ ᠰᠢᠨ᠎ᠡ ᠱᠠᠭᠠᠷᠳᠠᠯᠭ᠎ᠠ ᠰᠢᠨ᠎ᠡ ᠠᠷᠭ᠎ᠠ ᠬᠡᠮᠵᠢᠶ᠎ᠡ ᠶᠢᠨ ᠲᠣᠭᠣᠷᠢᠨ ᠳᠤ᠂ 《ᠦᠨᠡᠨᠴᠢ ᠰᠢᠳᠤᠷᠭᠤ᠂ ᠬᠠᠤᠯᠢ ᠶᠢ ᠡᠷᠬᠢᠮᠯᠡᠬᠦ᠂ ᠠᠭᠤᠲᠠᠮ ᠪᠠᠭᠲᠠᠭᠠᠮᠵᠢᠲᠠᠶ᠂ ᠡᠷᠡᠰ ᠳᠠᠭᠠᠭᠠᠮᠠᠭᠠᠶ》 ᠪᠠᠶᠢᠬᠤ ᠥᠪᠥᠷ ᠮᠣᠩᠭᠣᠯ ᠤᠨ ᠪᠠᠶᠢᠴᠠᠭᠠᠬᠤ ᠠᠵᠢᠯ ᠤᠨ ᠵᠣᠷᠢᠭ ᠰᠠᠨᠠᠭ᠎ᠠ ᠪᠠᠷ ᠠᠵᠢᠯ ᠳᠠᠭᠠᠨ ᠴᠠᠭᠠᠷᠠᠭᠰᠠᠨ ᠪᠠᠶᠢᠴᠠᠭᠠᠬᠤ ᠡᠩᠨᠡᠭᠡᠨ ᠦ ᠪᠠᠶᠢᠭᠤᠯᠤᠯᠲᠠ ᠶᠢ ᠭᠦᠨᠵᠡᠭᠡᠶ ᠲᠦᠯᠬᠢᠨ ᠠᠬᠢᠭᠤᠯᠪᠠ᠃ ᠬᠠᠲᠠᠭᠤ ᠲᠤᠨᠤᠭ ᠲᠥᠬᠥᠭᠡᠷᠦᠮᠵᠢ ᠶᠢᠨ ᠪᠦᠳᠦᠭᠡᠨ ᠪᠠᠶᠢᠭᠤᠯᠤᠯᠲᠠ ᠶᠢ ᠴᠢᠬᠤᠯᠠᠴᠢᠯᠠᠵᠤ᠂ ᠠᠵᠢᠯᠯᠠᠬᠤ ᠲᠠᠯᠠᠪᠤᠷ  ᠤᠨ ᠪᠦᠳᠦᠭᠡᠨ ᠪᠠᠶᠢᠭᠤᠯᠤᠯᠲᠠ ᠶᠢ ᠲᠡᠷᠢᠭᠦᠨ ᠦ ᠬᠢ ᠪᠣᠯᠭᠠᠵᠤ᠂ ᠬᠥᠮᠦᠨ ᠢᠶᠡᠷ ᠦᠨᠳᠦᠰᠦ ᠪᠣᠯᠭᠠᠬᠤ ᠶᠢ ᠪᠠᠷᠢᠮᠲᠠᠯᠠᠵᠤ᠂ ᠪᠠᠶᠢᠴᠠᠭᠠᠬᠤ ᠺᠠᠳ᠋ᠷ ᠴᠠᠭᠳᠠᠭ᠎ᠠ ᠳᠤ ᠢᠳᠡᠪᠬᠢᠲᠡᠶ᠂ ᠥᠭᠡᠳᠡᠷᠬᠡᠭ ᠲᠠᠪᠰᠢᠯᠳᠠ ᠲᠠᠶ᠂ ᠡᠷᠡᠭᠦᠯ ᠴᠢᠭᠢᠷᠠᠭ᠂ ᠰᠠᠢᠢᠨ ᠰᠠᠶᠢᠬᠠᠨ ᠠᠵᠢᠯ ᠠᠮᠢᠳᠤᠷᠠᠯ ᠤᠨ ᠣᠷᠴᠢᠨ ᠨᠥᠬᠥᠴᠡᠯ ᠢ ᠪᠤᠢ ᠪᠣᠯᠭᠠᠵᠤ ᠥᠭᠭᠦᠭᠰᠡᠨ ᠨᠢ ᠬᠥᠮᠦᠰ ᠦᠨ ᠰᠡᠳᠬᠢᠯ ᠢ ᠨᠢᠭᠲᠠᠷᠠᠭᠤᠯᠵᠤ᠂ ᠠᠵᠢᠯᠲᠠᠨ  ᠦ ᠵᠣᠷᠢᠭ ᠢ ᠬᠥᠪᠴᠢᠯᠡᠬᠦ ᠳᠦ ᠠᠰᠢᠭᠲᠠᠶ ᠶᠤᠮ᠃ ᠤᠶᠤᠨᠲᠤ ᠪᠠᠶᠢᠴᠠᠭᠠᠬᠤ ᠠᠵᠢᠯ ᠢ ᠪᠦᠬᠦ ᠲᠠᠯ᠎ᠠ ᠪᠠᠷ ᠬᠡᠷᠡᠭᠯᠡᠵᠦ᠂ ᠮᠡᠳᠡᠭᠡ ᠵᠠᠩᠭᠢᠵᠢᠯᠲᠠ ᠶᠢᠨ ᠪᠠᠶᠢᠭᠤᠯᠤᠯᠲᠠ ᠪᠠᠷ ᠪᠠᠶᠢᠴᠠᠭᠠᠬᠤ ᠠᠵᠢᠯ ᠤᠨ ᠶᠠᠰᠤ ᠴᠢᠨᠠᠷ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠰᠢᠨᠵᠢᠯᠡᠬᠦ ᠤᠬᠠᠭᠠᠨ ᠮᠡᠷᠭᠡᠵᠢᠯ ᠢᠶᠡᠷ ᠪᠠᠶᠢᠴᠠᠭᠠᠬᠤ ᠠᠵᠢᠯ ᠢ ᠬᠦᠴᠦᠷᠬᠡᠭᠵᠢᠭᠦᠯᠬᠦ ᠶᠢ ᠪᠡᠶᠡᠯᠡᠭᠦᠯᠦᠨ᠎ᠡ᠃ ᠡᠭᠦᠨ ᠦ ᠵᠡᠷᠭᠡᠪᠡᠷ᠂ ᠯᠢ ᠷᠦ᠋ ᠯᠢᠨ ᠥᠪᠥᠷ ᠮᠣᠩᠭᠣᠯ ᠤᠨ ᠪᠠᠶᠢᠴᠠᠭᠠᠬᠤ ᠪᠠᠶᠢᠭᠤᠯᠭ᠎ᠠ ᠳᠤ ᠭᠤᠷᠪᠠᠨ ᠲᠠᠯ᠎ᠠ ᠶᠢᠨ ᠰᠠᠨᠠᠭᠤᠯᠭ᠎ᠠ ᠳᠤᠷᠠᠳᠴᠤ᠂ ᠰᠢ ᠶᠢᠨ ᠫᠢᠩ ᠋  ᠤᠨ ᠬᠠᠤᠯᠢ  ᠪᠠᠷ ᠵᠠᠰᠠᠬᠤ  ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠵᠤ᠂ ᠬᠠᠤᠯᠢ ᠴᠠᠭᠠᠵᠠ ᠶᠢᠨ ᠪᠠᠶᠢᠴᠠᠭᠠᠬᠤ ᠤᠢᠢᠯᠠᠭᠠᠭᠳᠠᠬᠤᠨ ᠤ ᠬᠤᠪᠢᠰᠤᠯᠲᠠ᠂ ᠰᠢᠨ᠎ᠡ ᠡᠭᠦᠳᠦᠯᠲᠡ᠂ ᠬᠥᠭᠵᠢᠯᠲᠡ ᠶᠢ ᠭᠦᠨᠵᠡᠭᠡᠶᠢᠷᠡᠭᠦᠯᠬᠦ ᠬᠡᠷᠡᠭᠲᠡᠢ︔ ᠠᠷᠠᠳ ᠤᠨ ᠳᠡᠭᠡᠳᠦ ᠪᠠᠶᠢᠴᠠᠭᠠᠬᠤ ᠬᠣᠷᠢᠶᠠᠨ ᠤ ᠰᠢᠨ᠎ᠡ ᠪᠠᠶᠢᠷᠢᠯᠠᠭᠤᠯᠤᠯᠲᠠ ᠪᠠ ᠵᠠᠩ ᠵᠢᠶᠦ᠋ᠨ ᠪᠠᠶᠢᠴᠠᠭᠠᠬᠤ ᠳᠠᠷᠤᠭ᠎ᠠ ᠶᠢᠨ ᠱᠠᠭᠠᠷᠳᠠᠯᠭ᠎ᠠ ᠶᠣᠰᠣᠭᠠᠷ᠂ ᠪᠠᠶᠢᠴᠠᠭᠠᠬᠤ ᠠᠵᠢᠯ ᠤᠨ ᠪᠠᠶᠢᠳᠠᠯ ᠢ ᠭᠦᠨᠵᠡᠭᠡᠶ ᠰᠤᠳᠤᠯᠤᠨ ᠵᠠᠳᠠᠯᠵᠤ᠂ ᠬᠠᠤᠯᠢ ᠪᠠᠷᠢᠬᠤ ᠣᠶᠢᠯᠠᠭᠠᠭᠳᠠᠬᠤᠨ ᠤ ᠬᠤᠪᠢᠰᠤᠯᠲᠠ ᠶᠢ ᠬᠡᠷᠬᠢᠨ ᠭᠦᠨᠵᠡᠭᠡᠶᠢᠷᠡᠭᠦᠯᠬᠦ ᠠᠰᠠᠭᠤᠳᠠᠯ ᠢ ᠤᠯᠠᠮ ᠨᠢᠭᠡ ᠠᠯᠬᠤᠮ ᠰᠢᠶᠳᠪᠦᠷᠢᠯᠡᠬᠦ ᠬᠡᠷᠡᠭᠲᠡᠶ︔ ᠥᠪᠥᠷ ᠮᠣᠩᠭᠣᠯ ᠣᠷᠣᠨ ᠤ ᠪᠣᠳᠠᠲᠤ ᠪᠠᠶᠢᠳᠠᠯ ᠲᠠᠶ ᠤᠶᠠᠯᠳᠤᠭᠤᠯᠤᠨ᠂ ᠬᠠᠤᠯᠢ ᠴᠠᠭᠠᠵᠠ ᠶᠢᠨ ᠣᠶᠢᠯᠠᠭᠠᠭᠳᠠᠬᠤᠨ ᠤ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠶᠢ ᠰᠠᠶᠢᠲᠤᠷ ᠲᠤᠤᠱᠯᠠᠭᠤᠯᠤᠨ ᠨᠠᠶᠢᠳᠠᠪᠤᠷᠢᠵᠢᠭᠤᠯᠬᠤ ᠲᠤᠬᠠᠢ ᠰᠠᠨᠠᠯ ᠰᠠᠨᠠᠭᠤᠯᠭ᠎ᠠ ᠳᠤᠷᠠᠳᠴᠤ᠂ ᠬᠠᠤᠯᠢ ᠴᠠᠭᠠᠵᠠ ᠶᠢᠨ ᠪᠠᠶᠢᠴᠠᠭᠠᠬᠤ ᠰᠢᠨ᠎ᠡ ᠣᠶᠢᠯᠠᠭᠠᠭᠳᠠᠬᠤᠨ ᠢᠶᠠᠷ ᠪᠠᠶᠢᠴᠠᠭᠠᠬᠤ ᠠᠵᠢᠯ ᠤᠨ ᠲᠠᠰᠤᠷᠠᠯᠲᠠ ᠦᠭᠡᠢ ᠰᠢᠨ᠎ᠡ ᠶᠢ ᠡᠭᠦᠳᠦᠨ ᠬᠥᠭᠵᠢᠬᠦ ᠶᠢ ᠠᠬᠢᠭᠤᠯᠬᠤ ᠬᠡᠷᠡᠭᠲᠡᠢ᠃

ᠠᠵᠢᠯ ᠤᠨ ᠲᠣᠬᠢᠷᠠᠭᠤᠯᠤᠯᠲᠠ ᠶᠢ ᠦᠨᠳᠦᠰᠦᠯᠡᠨ ᠂ ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠬᠥᠬᠡᠬᠣᠲᠠ ᠂ ᠬᠢᠩᠭᠠᠨ ᠠᠶᠢᠮᠠᠭ ᠂ ᠬᠥᠯᠥᠨ ᠪᠣᠶᠢᠷ ᠬᠣᠲᠠ ᠳᠤ ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ ᠬᠢᠬᠦ ᠪᠣᠯᠤᠨ᠎ᠠ ᠃


ᠢᠷᠡᠯᠲᠡ
ᠥᠪᠡᠷᠲᠡᠭᠡᠨ ᠵᠠᠰᠠᠬᠤ ᠣᠷᠤᠨ ᠤ ᠪᠠᠶᠢᠴᠠᠭᠠᠬᠤ ᠬᠣᠷᠢᠶ᠎ᠠ ᠶᠢᠨ ᠣᠷᠴᠢᠭᠤᠯᠭ᠎ᠠ ᠶᠢᠨ ᠭᠠᠵᠠᠷ
2014-2022 © ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠴᠠᠭᠠᠬᠤ ᠬᠣᠷᠢᠶ᠎ᠠ ᠥᠮᠴᠢᠯᠡᠯ ᠦᠨ ᠡᠷᠬᠡ ᠲᠠᠢ ᠵᠣᠬᠢᠶᠠᠯ ᠪᠦᠲᠦᠭᠡᠯ ᠦᠨ ᠡᠷᠬᠡ ᠶ᠋ᠢ ᠬᠠᠤᠯᠢ ᠪᠠᠷ ᠬᠠᠮᠠᠭᠠᠯᠠᠭᠰᠠᠨ ᠂ ᠵᠥᠪᠰᠢᠶᠡᠷᠡᠯ ᠦᠭᠡᠢ ᠪᠡᠷ ᠬᠠᠭᠤᠯᠪᠤᠷᠢᠯᠠᠬᠤ ᠶ᠋ᠢ ᠡᠷᠡᠰ ᠬᠣᠷᠢᠭᠯᠠᠨ᠎ᠠ ᠬᠠᠷᠢᠯᠴᠠᠬᠤ ᠤᠲᠠᠰᠤ ᠄ 0471-4628760 ᠢᠮᠧᠯ ᠄ eerhe@nm.pro