ᠲᠡᠷᠢᠭᠦᠨ ᠨᠢᠭᠤᠷ  -  ᠪᠠᠶᠢᠴᠠᠭᠠᠬᠤ ᠬᠥᠳᠡᠯᠦᠯ ᠪᠠᠶᠢᠳᠠᠯ

ᠪᠠᠶᠢᠴᠠᠭᠠᠬᠤ ᠠᠵᠢᠯᠲᠠᠨ ᠴᠡᠴᠡᠷᠯᠢᠭ ᠲᠦ ᠭᠦᠷᠴᠦ ᠬᠠᠸᠯᠢ ᠪᠠᠷ ᠵᠠᠰᠠᠬᠤ ᠤᠬᠠᠭᠤᠯᠭ᠎ᠠ ᠬᠢᠪᠡ

2021-06-21 16:21:59
ᠵᠣᠬᠢᠶᠠᠭᠴᠢ
ᠭᠡᠭᠡᠷᠡᠯ

ᠠᠭᠠᠬᠢᠮ᠎ᠠ ᠬᠠᠯᠠᠭᠤᠨ ᠵᠤᠨ  ᠤ  ᠵᠢᠷᠭᠤᠭᠠᠨ ᠰᠠᠷ᠎ᠠ ᠳᠤ ᠂ ᠬᠥᠬᠡᠬᠣᠲᠠ ᠶᠢᠨ ᠴᠦᠨ ᠳ᠋ᠦ᠋ ᠠᠷᠢᠭᠤᠨ ᠴᠢᠬᠡᠴᠢ ᠪᠡᠷ ᠵᠠᠰᠠᠭ ᠪᠠᠷᠢᠬᠤ ᠰᠣᠶᠣᠯ ᠤᠨ ᠴᠡᠴᠡᠷᠯᠢᠭ ᠲᠦ ᠬᠦᠷ ᠨᠠᠷᠭᠢᠶᠠᠨ ᠢᠶᠠᠷ ᠪᠢᠯᠬᠠᠨ᠎ᠠ᠃

W020210621380915124645.jpg

6 ᠰᠠᠷ᠎ᠠ ᠶᠢᠨ 17 ᠤ ᠡᠳᠦᠷ ᠦᠨ ᠦᠳᠡ ᠶᠢᠨ ᠡᠮᠦᠨ᠎ᠡ ᠂ ᠥᠪᠡᠷᠲᠡᠭᠡᠨ ᠵᠠᠰᠠᠬᠤ ᠣᠷᠣᠨ ᠤ ᠪᠠᠶᠢᠴᠠᠭᠠᠬᠤ ᠬᠣᠷᠢᠶ᠎ᠠ ᠶᠢᠨ ᠪᠠᠶᠢᠴᠠᠭᠠᠬᠤ ᠺᠠᠳ᠋ᠷ ᠴᠠᠭᠳᠠᠭ᠎ᠠ ᠨᠠᠷ ᠴᠡᠴᠡᠷᠯᠢᠭ ᠲᠦ ᠬᠦᠷᠴᠦ ︽ ᠳᠡᠯᠭᠡᠭᠡ ᠮᠠᠶᠢᠮᠠᠶ ᠬᠢᠵᠦ ︾ ᠂ ᠣᠯᠠᠨ ᠲᠦᠮᠡᠨ ᠲᠡᠶ ᠳᠣᠲᠣᠨᠣ ᠪᠠᠷ ᠬᠠᠷᠢᠯᠴᠠᠵᠤ ᠂ ᠣᠯᠠᠨ ᠳᠤ ᠬᠠᠸᠯᠢ ᠴᠠᠭᠠᠵᠠ ᠶᠢᠨ ᠮᠡᠳᠡᠯᠭᠡ ᠶᠢ ᠤᠬᠠᠭᠤᠯᠵᠤ ᠂ ᠬᠠᠸᠯᠢ ᠴᠠᠭᠠᠵᠠ ᠶᠢᠨ ᠦᠶᠯᠡᠴᠢᠯᠡᠭᠡ ᠬᠠᠩᠭᠠᠪᠠ ᠃

ᠬᠠᠤᠯᠢ ᠪᠠᠷ ᠵᠠᠰᠠᠬᠤ ᠤᠬᠠᠭᠤᠯᠭ᠎ᠠ

W020210621380916619698.jpg

ᠠᠵᠢᠯᠯᠠᠭ᠎ᠠ ᠶᠢᠨ ᠲᠤᠬᠠᠶ ᠶᠢᠨ ᠲᠠᠯᠠᠪᠤᠷ ᠲᠤ ᠂ ᠪᠠᠶᠢᠴᠠᠭᠠᠬᠤ ᠺᠠᠳ᠋ᠷ ᠴᠠᠭᠳᠠᠭ᠎ᠠ ᠨᠠᠷ ᠣᠯᠠᠨ ᠲᠦᠮᠡᠨ ᠦ ᠡᠳᠦᠷ ᠲᠤᠲᠤᠮ ᠤᠨ ᠠᠮᠢᠳᠤᠷᠠᠯ ᠤᠨ ᠳᠤᠮᠳᠠ ᠠᠩᠬᠠᠷᠴᠤ ᠪᠠᠶᠢᠭ᠎ᠠ ᠬᠡᠷᠡᠭ ᠲᠦ ᠬᠣᠯᠪᠣᠭᠳᠠᠭᠰᠠᠨ ᠵᠠᠷᠭᠤ ᠳᠤ ᠬᠣᠯᠪᠣᠭᠳᠠᠭᠰᠠᠨ ᠠᠰᠠᠭᠤᠳᠠᠯ ᠤᠨ ᠲᠤᠬᠠᠶ ᠨᠢᠭᠡᠳ ᠨᠢᠭᠡ ᠪᠡᠷ ᠮᠠᠳᠠᠭ ᠲᠠᠶ ᠠᠰᠠᠭᠤᠳᠠᠯ ᠢ ᠲᠠᠶᠢᠯᠪᠤᠷᠢᠯᠠᠨ ᠂ ᠵᠠᠷᠢᠮ ᠪᠣᠳᠠᠲᠠᠶ ᠪᠥᠭᠡᠳ ᠪᠤᠳᠤᠯᠢᠶᠠᠨᠲᠠᠶ ᠬᠠᠸᠯᠢ ᠴᠠᠭᠠᠵᠠ ᠶᠢᠨ ᠠᠰᠠᠭᠤᠳᠠᠯ ᠳᠤ ᠪᠠᠶᠢᠴᠠᠭᠠᠬᠤ ᠬᠣᠷᠢᠶᠠᠨ ᠤ ᠦᠶᠯᠡᠴᠢᠯᠡᠭᠡᠨ ᠦ ᠬᠠᠯᠠᠭᠤᠨ ᠤᠲᠠᠰᠤ ᠪᠠ ᠨᠢᠭᠡᠴᠡ ᠶᠢᠨ ᠬᠠᠶ᠋ᠢᠭ ᠢ ᠦᠯᠡᠳᠡᠭᠡᠵᠦ ᠂ ᠣᠯᠠᠨ ᠤ ᠠᠰᠠᠭᠤᠨ ᠯᠠᠪᠯᠠᠬᠤ ᠪᠠ ᠰᠤᠷᠪᠤᠯᠵᠢᠯᠠᠬᠤ ᠳᠤ ᠲᠥᠬᠥᠮ ᠦᠵᠡᠭᠦᠯᠪᠡ ᠃ ᠠᠵᠢᠯᠯᠠᠭ᠎ᠠ ᠶᠢᠨ ᠳᠤᠮᠳᠠ ᠂ ᠪᠠᠶᠢᠴᠠᠭᠠᠬᠤ ᠺᠠᠳ᠋ᠷ ᠴᠠᠭᠳᠠᠭ᠎ᠠ ᠨᠠᠷ ᠪᠠᠰᠠ ᠠᠵᠢᠯᠯᠠᠭ᠎ᠠ ᠳᠤ ᠣᠷᠣᠯᠴᠠᠭᠰᠠᠨ ᠣᠯᠠᠨ ᠲᠦᠮᠡᠨ ᠳᠦ ᠥᠪᠡᠷᠲᠡᠭᠡᠨ ᠵᠠᠰᠠᠬᠤ ᠣᠷᠣᠨ ᠤ ᠪᠠᠶᠢᠴᠠᠭᠠᠬᠤ ᠬᠣᠷᠢᠶ᠎ᠠ ᠶᠢᠨ ᠨᠠᠶᠢᠷᠠᠭᠤᠯᠤᠭᠰᠠᠨ ᠮᠣᠩᠭᠣᠯ ᠬᠢᠲᠠᠳ ᠬᠣᠸᠰ ᠬᠡᠯᠡᠨ ᠦ ᠢᠷᠭᠡᠨ ᠦ ᠬᠠᠸᠯᠢ ᠶᠢᠨ ᠪᠢᠴᠢᠭ ᠦᠨ ᠤᠬᠠᠭᠤᠯᠭ᠎ᠠ ᠶᠢᠨ ᠭᠠᠷ ᠠᠪᠤᠯᠭ᠎ᠠ   ᠶᠢ  ᠲᠠᠷᠬᠠᠭᠠᠬᠤ ᠶᠢᠨ ᠬᠠᠮᠲᠤ ᠂ ᠪᠠᠶᠢᠴᠠᠭᠠᠬᠤ ᠠᠵᠢᠯ ᠢ ᠨᠠᠩ ᠰᠠᠶᠢᠨ ᠣᠶᠢᠯᠠᠭᠠᠵᠤ ᠂ ᠪᠠᠶᠢᠴᠠᠭᠠᠬᠤ ᠡᠭᠦᠷᠭᠡ ᠴᠢᠳᠠᠪᠤᠷᠢ ᠶᠢ ᠨᠠᠩ ᠰᠠᠶᠢᠨ ᠣᠶᠢᠯᠠᠭᠠᠵᠤ ᠂ ᠬᠠᠸᠯᠢ ᠴᠠᠭᠠᠵᠠ ᠶᠢᠨ ᠮᠡᠳᠡᠯᠭᠡ ᠶᠢ ᠪᠠᠶᠠᠯᠢᠭᠵᠢᠭᠤᠯᠬᠤ ᠳᠤ ᠲᠥᠬᠥᠮ ᠦᠵᠡᠭᠦᠯᠬᠦ ᠶᠢᠨ ᠲᠥᠯᠥᠭᠡ ︽ ᠥᠪᠥᠷ ᠮᠣᠩᠭᠣᠯ ᠤᠨ ᠪᠠᠶᠢᠴᠠᠭᠠᠬᠤ ︾ ᠨᠡᠶᠢᠲᠡ ᠶᠢᠨ ᠳ᠋ᠤᠭᠠᠷ ᠢ ᠣᠯᠠᠨ ᠳᠤ ᠲᠠᠨᠢᠯᠴᠠᠭᠤᠯᠤᠭᠰᠠᠨ ᠪᠠᠶᠢᠨ᠎ᠠ ᠃

W020210621380915507287.jpg

ᠠᠵᠢᠯᠯᠠᠭ᠎ᠠ ᠨᠢ ᠲᠤᠬᠠᠶ ᠶᠢᠨ ᠲᠠᠯᠠᠪᠤᠷ ᠤᠨ ᠣᠯᠠᠨ ᠲᠦᠮᠡᠨ ᠦ ᠰᠠᠶᠢᠨ ᠦᠨᠡᠯᠡᠯᠲᠡ ᠶᠢ ᠣᠯᠵᠠᠶ ᠂ ᠵᠠᠷᠢᠮ ᠬᠥᠮᠦᠨ ᠦ ᠬᠡᠯᠡᠬᠦ ᠪᠡᠷ ᠂ ᠡᠶᠢᠮᠦᠷᠬᠦ ᠤᠬᠠᠭᠤᠯᠭ᠎ᠠ ᠶᠢ ᠢᠯᠡᠭᠦᠬᠡᠨ ᠥᠷᠨᠢᠭᠦᠯᠵᠦ ᠪᠣᠯᠤᠨ᠎ᠠ ᠂ ᠤᠴᠢᠷ ᠶᠠᠪᠤᠳᠠᠯ ᠲᠣᠬᠢᠶᠠᠯᠳᠤᠪᠠᠯ ᠬᠠᠸᠯᠢ ᠴᠠᠭᠠᠵᠠ ᠶᠢᠨ ᠵᠡᠪᠰᠡᠭ ᠢᠶᠡᠷ ᠥᠪᠡᠷ ᠦᠨ ᠬᠠᠸᠯᠢ ᠶᠣᠰᠣᠨ ᠤ ᠡᠷᠬᠡ ᠠᠰᠢᠭ ᠢᠶᠠᠨ ᠬᠠᠮᠠᠭᠠᠯᠠᠬᠤ ᠬᠡᠷᠡᠭᠲᠡᠶ ᠭᠡᠳᠡᠭ ᠢ ᠣᠯᠠᠨ ᠳᠤ ᠮᠡᠳᠡᠭᠦᠯᠬᠦ ᠬᠡᠷᠡᠭᠲᠡᠶ ᠃

W020210621380915920932.jpg

ᠲᠣᠰ ᠤᠳᠠᠭᠠᠨ ᠤ ᠠᠵᠢᠯᠯᠠᠭ᠎ᠠ ᠪᠣᠯ ᠥᠪᠡᠷᠲᠡᠭᠡᠨ ᠵᠠᠰᠠᠬᠤ ᠣᠷᠣᠨ ᠤ ᠪᠠᠶᠢᠴᠠᠭᠠᠬᠤ ᠬᠣᠷᠢᠶ᠎ᠠ ᠶᠢᠨ ᠲᠤᠬᠠᠶᠢᠯᠠᠭᠰᠠᠨ ᠠᠵᠢᠯ ᠳᠠᠭᠠᠨ ᠰᠠᠭᠤᠷᠢᠯᠠᠨ ᠂ ︽ ᠪᠢ ᠣᠯᠠᠨ ᠲᠦᠮᠡᠨ ᠳᠦ ᠪᠣᠳᠠᠲᠠᠶ ᠠᠵᠢᠯ ᠬᠢᠵᠦ ᠥᠭᠬᠦ ︾ ᠦᠶᠯᠡᠳᠦᠯᠭᠡ ᠶᠢᠨ ᠠᠵᠢᠯᠯᠠᠭ᠎ᠠ ᠶᠢ ᠯᠠᠪᠳᠠᠭᠤᠨ ᠪᠠᠲᠤᠲᠠᠶ ᠥᠷᠨᠢᠭᠦᠯᠬᠦ ᠪᠣᠳᠠᠲᠠᠶ ᠠᠷᠭ᠎ᠠ ᠬᠡᠮᠵᠢᠶ᠎ᠡ ᠶᠢᠨ ᠨᠢᠭᠡ ᠪᠣᠯᠤᠨ᠎ᠠ ᠃ ᠥᠪᠡᠷᠲᠡᠭᠡᠨ ᠵᠠᠰᠠᠬᠤ ᠣᠷᠣᠨ ᠤ ᠪᠠᠶᠢᠴᠠᠭᠠᠬᠤ ᠬᠣᠷᠢᠢ᠎ᠠ ᠶᠢᠨ ᠬᠢᠨ ᠦᠷᠭᠦᠯᠵᠢᠯᠡᠨ ᠤᠯᠠᠨ ᠲᠦᠮᠡᠨ ᠦ ︽ᠪᠠᠴᠢᠮ ᠬᠦᠴᠢᠷ ᠵᠤᠪᠠᠨᠢᠵᠤ ᠬᠦᠰᠡᠬᠦ︾ᠳ᠋ᠤ ᠠᠩᠬᠠᠷᠤᠯ ᠢᠶᠠᠨ ᠲᠥᠪᠯᠡᠷᠡᠭᠦᠯᠵᠦ᠂ ᠤᠯᠠᠨ ᠲᠦᠮᠡᠨ ᠦ ᠠᠩᠬᠠᠷᠴᠤ ᠪᠠᠶᠢᠭ᠎ᠠ ᠠᠰᠠᠭᠤᠳᠠᠯ ᠳᠤ ᠬᠠᠷᠢᠭᠤ ᠥᠭᠴᠦ᠂ ᠰᠠᠢᠢᠨ ᠶᠠᠪᠤᠳᠠᠯ ᠢ ᠪᠣᠳᠠᠲᠠᠢ ᠬᠢᠵᠦ᠂ ᠪᠣᠳᠠᠲᠠᠢ ᠶᠠᠪᠤᠳᠠᠯ ᠢ ᠰᠠᠶᠢᠲᠤᠷ ᠬᠢᠬᠦ ᠶᠢ ᠪᠠᠷᠢᠮᠲᠠᠯᠠᠵᠤ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠪᠣᠯᠤᠨ ᠤᠯᠤᠰ ᠲᠦᠷᠦ ᠬᠠᠤᠯᠢ ᠴᠠᠭᠠᠵᠠ ᠶᠢᠨ ᠡᠩᠨᠡᠭᠡ ᠶᠢᠨ ᠬᠥᠮᠦᠵᠢᠯ ᠴᠡᠭᠴᠡᠯᠡᠯᠲᠡ ᠶᠢᠨ ᠦᠷ᠎ᠡ ᠪᠦᠲᠦᠭᠡᠯ ᠢ ᠦᠨᠡᠨᠬᠦ ᠤᠯᠠᠨ ᠲᠦᠮᠡᠨ ᠳᠦ ᠦᠢᠯᠡᠴᠢᠯᠡᠬᠦ ᠬᠦᠴᠦᠷᠬᠡᠭ ᠶᠡᠬᠡ ᠬᠥᠳᠡᠯᠭᠡᠬᠦ ᠬᠦᠴᠦᠨ ᠪᠣᠯᠤᠨ ᠪᠣᠳᠠᠲᠠᠢ ᠦᠷ᠎ᠡ ᠪᠦᠲᠦᠮᠵᠢ ᠪᠣᠯᠭᠠᠨ ᠬᠤᠪᠢᠷᠠᠭᠤᠯᠵᠤ᠂ ᠪᠣᠳᠠᠲᠤ ᠠᠵᠢᠯᠯᠠᠭ᠎ᠠ ᠪᠠᠷ ᠢᠶᠠᠨ ᠨᠠᠮ ᠪᠠᠶᠢᠭᠤᠯᠤᠭᠳᠠᠭᠰᠠᠨ 100 ᠵᠢᠯ ᠦᠨ ᠤᠢ ᠳᠤ ᠪᠡᠯᠡᠭ ᠬᠦᠷᠭᠡᠨ᠎ᠡ᠃

W020210621380916279195.jpg

   


ᠢᠷᠡᠯᠲᠡ
ᠥᠪᠡᠷᠲᠡᠭᠡᠨ ᠵᠠᠰᠠᠬᠤ ᠣᠷᠤᠨ ᠤ ᠪᠠᠶᠢᠴᠠᠭᠠᠬᠤ ᠬᠣᠷᠢᠶ᠎ᠠ ᠶᠢᠨ ᠣᠷᠴᠢᠭᠤᠯᠭ᠎ᠠ ᠶᠢᠨ ᠭᠠᠵᠠᠷ
2014-2022 © ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠴᠠᠭᠠᠬᠤ ᠬᠣᠷᠢᠶ᠎ᠠ ᠥᠮᠴᠢᠯᠡᠯ ᠦᠨ ᠡᠷᠬᠡ ᠲᠠᠢ ᠵᠣᠬᠢᠶᠠᠯ ᠪᠦᠲᠦᠭᠡᠯ ᠦᠨ ᠡᠷᠬᠡ ᠶ᠋ᠢ ᠬᠠᠤᠯᠢ ᠪᠠᠷ ᠬᠠᠮᠠᠭᠠᠯᠠᠭᠰᠠᠨ ᠂ ᠵᠥᠪᠰᠢᠶᠡᠷᠡᠯ ᠦᠭᠡᠢ ᠪᠡᠷ ᠬᠠᠭᠤᠯᠪᠤᠷᠢᠯᠠᠬᠤ ᠶ᠋ᠢ ᠡᠷᠡᠰ ᠬᠣᠷᠢᠭᠯᠠᠨ᠎ᠠ ᠬᠠᠷᠢᠯᠴᠠᠬᠤ ᠤᠲᠠᠰᠤ ᠄ 0471-4628760 ᠢᠮᠧᠯ ᠄ eerhe@nm.pro