ᠲᠡᠷᠢᠭᠦᠨ ᠨᠢᠭᠤᠷ  -   ᠪᠠᠶᠢᠴᠠᠭᠠᠬᠤ ᠶᠠᠪᠤᠳᠠᠯ ᠢ ᠢᠯᠡ ᠪᠣᠯᠭᠠᠬᠤ

ᠬᠦᠳᠡᠭᠡ ᠨᠤᠲᠤᠭ ᠲᠤ ︽ ᠬᠠᠤᠯᠢ ᠶᠢᠨ ᠬᠤᠷ᠎ᠠ ︾ ᠱᠠᠭᠢᠵᠤ ᠢᠷᠭᠡᠳ ᠦᠨ ᠠᠯᠠᠭᠠᠨ ᠳᠤ ︽ ᠬᠠᠤᠯᠢ ᠶᠢᠨ ᠪᠢᠴᠢᠭ ︾ ᠳᠡᠯᠭᠡᠭᠳᠡᠯ᠎ᠡ

2021-06-21 16:39:09
ᠵᠣᠬᠢᠶᠠᠭᠴᠢ
ᠤᠶᠤᠨᠪᠤᠯᠠᠭ

—— ᠣᠷᠳᠣᠰ ᠬᠣᠲᠠ ᠶᠢᠨ ᠪᠠᠶᠢᠴᠠᠭᠠᠬᠤ ᠬᠣᠷᠢᠶ᠎ᠠ ᠪᠠ ᠦᠦᠰᠢᠨ ᠬᠤᠰᠢᠭᠤᠨ ᠤ ᠪᠠᠶᠢᠴᠠᠭᠠᠬᠤ ᠬᠣᠷᠢᠶ᠎ᠠ ᠶᠢᠨ ᠦᠷᠨᠢᠭᠦᠯᠦᠭᠰᠡᠨ ︽ ᠬᠦᠳᠡᠭᠡ ᠨᠤᠲᠤᠭ ᠲᠤ ᠬᠠᠤᠯᠢ ᠶᠢᠨ ᠬᠤᠷ᠎ᠠ ᠪᠠᠭᠤᠵᠤ < ᠢᠷᠭᠡᠨ ᠦ  ᠬᠠᠤᠯᠢ ᠶᠢᠨ ᠪᠢᠴᠢᠭ > ᠢᠷᠭᠡᠳ ᠦᠨ ᠠᠯᠠᠭᠠᠨ ᠳᠤ ᠳᠡᠯᠭᠡᠭᠳᠡᠨᠡᠮ ︾ ᠭᠡᠬᠦ ᠬᠣᠣᠰ ᠬᠡᠯᠡ ᠪᠡᠷ ᠦᠨᠳᠦᠰᠦᠨ ᠱᠠᠲᠤᠨ ᠳᠤ ᠦᠢᠯᠡᠴᠢᠯᠡᠬᠦ ᠠᠵᠢᠯᠯᠠᠭ᠎ᠠ ᠠᠮᠵᠢᠯᠲᠠᠲᠠᠢ  ᠶᠠᠪᠤᠭᠲᠠᠪᠠ

 0H1A0461-1.JPG                        

ᠢᠷᠭᠡᠨ ᠦ᠌ ᠬᠠᠤᠯᠢ ᠶ᠋ᠢᠨ ᠪᠢᠴᠢᠭ ᠢ᠋ ᠰᠤᠷᠤᠯᠴᠠᠨ ᠤᠬᠠᠭᠤᠯᠬᠤ ᠲᠤᠬᠠᠢ ᠶᠡᠷᠦᠩᠬᠡᠢ ᠱᠦᠵᠢ ᠰᠢ ᠵᠢᠨ ᠫᠢᠩ ᠦᠨ ᠴᠢᠬᠤᠯᠠ ᠵᠢᠭᠠᠪᠤᠷᠢ ᠶ᠋ᠢᠨ ᠵᠣᠷᠢᠭ ᠰᠠᠨᠠᠭ᠎ᠠ ᠶ᠋ᠢ ᠭᠦᠨᠵᠡᠭᠡᠢ ᠲᠤᠤᠱᠯᠠᠭᠤᠯᠤᠨ ᠨᠠᠢᠳᠠᠪᠤᠷᠢᠵᠢᠭᠤᠯᠵᠤ ᠂ ᠠᠷᠪᠠᠨ ᠨᠠᠢ᠍ᠮᠠᠳᠤᠭᠠᠷ ᠤᠳᠠᠭᠠᠨ ᠤ᠋ ᠪᠦᠬᠦ ᠣᠷᠣᠨ ᠤ᠋ ᠪᠠᠢᠴᠠᠭᠠᠬᠤ ᠠᠵᠢᠯ ᠤ᠋ᠨ ᠬᠤᠷᠠᠯ ᠪᠠ ᠳᠥᠷᠪᠡᠳᠦᠭᠡᠷ ᠤᠳᠠᠭᠠᠨ ᠤ᠋ ᠪᠥᠬᠥ ᠬᠣᠲᠠ ᠶ᠋ᠢᠨ ᠪᠠᠢᠴᠠᠭᠠᠬᠤ ᠠᠵᠢᠯ ᠤ᠋ᠨ ᠬᠤᠷᠠᠯᠳᠤᠭᠠᠨ ᠤ᠋ ᠵᠣᠷᠢᠭ ᠰᠠᠨᠠᠭ᠎ᠠ ᠶ᠋ᠢ ᠬᠢᠨᠠᠮᠠᠭᠠᠢ ᠲᠤᠤᠱᠯᠠᠭᠤᠯᠵᠤ᠂ ᠦᠨᠳᠦᠰᠦᠲᠡᠨ ᠦ᠌ ᠪᠦᠯᠬᠦᠮᠳᠡᠯ ᠦᠨ ᠠᠵᠢᠯ ᠤ᠋ᠨ ᠶᠡᠬᠡ ᠲᠠᠯ᠎ᠠ ᠳ᠋ᠤ᠌ ᠰᠠᠨᠠᠭᠠᠴᠢᠯᠠᠭ᠎ᠠ ᠠ᠋ᠴᠠ ᠪᠠᠨ ᠣᠷᠣᠯᠴᠠᠵᠤ ᠂ ᠢᠷᠭᠡᠨ ᠦ᠌ ᠬᠠᠤᠯᠢ ᠶ᠋ᠢᠨ ᠪᠢᠴᠢᠭ ᠲᠡᠬᠢ ᠨᠡᠢᠭᠡᠮ ᠵᠢᠷᠤᠮ ᠤ᠋ᠨ ᠬᠠᠤᠯᠢ ᠪᠠᠷ ᠵᠠᠰᠠᠬᠤ ᠵᠣᠷᠢᠭ ᠰᠠᠨᠠᠭ᠎ᠠ ᠶ᠋ᠢ ᠪᠠᠳᠠᠷᠠᠭᠤᠯᠬᠤ ᠶᠢᠨ ᠲᠤᠰᠠᠲᠠ᠂ 6 ᠰᠠᠷ᠎ᠠ ᠶ᠋ᠢᠨ 1 ᠦ᠌ ᠡᠳᠦᠷ ᠣᠷᠳᠣᠰ ᠬᠣᠲᠠ ᠶ᠋ᠢᠨ ᠠᠷᠠᠳ ᠤ᠋ᠨ ᠪᠠᠶᠢᠴᠠᠭᠠᠬᠤ ᠬᠣᠷᠢᠶ᠎ᠠ ᠬᠢᠭᠡᠳ ᠦᠦᠰᠢᠨ ᠬᠤᠰᠢᠭᠤᠨ ᠤ ᠠᠷᠠᠳ ᠤᠨ ᠪᠠᠶᠢᠴᠠᠭᠠᠬᠤ ᠬᠣᠷᠢᠶᠠᠨ ᠤ ᠬᠣᠣᠰ ᠬᠡᠯᠡᠨ ᠦ ᠠᠵᠢᠯᠲᠠᠳ ᠦᠦᠰᠢᠨ ᠬᠤᠰᠢᠭᠤᠨ ᠤ ᠭᠠᠯᠠᠭᠤᠲᠤ ᠪᠠᠯᠭᠠᠰᠤᠨ ᠤ ᠰᠠᠷᠠᠭᠤᠯᠨᠤᠲᠤᠭ ᠭᠠᠴᠠᠭᠠᠨ ᠳᠤ ᠬᠦᠷᠴᠦ ᠬᠣᠣᠰ ᠬᠡᠯᠡᠨ ᠦ ᠢᠷᠭᠡᠨ ᠦ ᠬᠠᠤᠯᠢ ᠶᠢᠨ ᠪᠢᠴᠢᠭ ᠢ ᠦᠨᠳᠦᠰᠦᠨ ᠱᠠᠲᠤᠨ ᠳᠤ ᠬᠦᠷᠭᠡᠬᠦ ᠠᠵᠢᠯᠯᠠᠭ᠎ᠠ ᠶᠢ ᠦᠷᠨᠢᠭᠦᠯᠦᠭᠰᠡᠨ ᠪᠠᠶᠢᠨ᠎ᠠ ᠃

(87).JPG

ᠪᠠᠢᠴᠠᠭᠠᠬᠤ ᠠᠵᠢᠯᠲᠠᠳ ᠤᠬᠠᠭᠤᠯᠭ᠎ᠠ ᠶ᠋ᠢᠨ ᠠᠵᠢᠯᠯᠠᠭ᠎ᠠ ᠶ᠋ᠢᠨ ᠠᠬᠤᠢ ᠲᠠᠯᠠᠪᠠᠢ ᠳ᠋ᠤ᠌ ᠮᠠᠯᠴᠢᠳ ᠲᠠᠷᠢᠶᠠᠴᠢᠳ ᠲᠤ ᠮᠣᠩᠭᠣᠯ ᠬᠢᠲᠠᠳ ᠬᠣᠣᠰ ᠬᠡᠯᠡᠨ ᠦ᠌ ︽ ᠢᠷᠭᠡᠨ ᠦ᠌ ᠬᠠᠤᠯᠢ ᠶ᠋ᠢᠨ ᠪᠢᠴᠢᠭ ︾᠂ ︽ᠢᠷᠭᠡᠨ ᠦ᠌ ᠬᠠᠤᠯᠢ ᠶ᠋ᠢᠨ ᠪᠢᠴᠢᠭ ᠦᠨ ᠤᠬᠠᠭᠤᠯᠭ᠎ᠠ ᠶ᠋ᠢᠨ ᠭᠠᠷ ᠳᠡᠪᠲᠡᠷ ︾᠂ ︽ ᠬᠠᠤᠯᠢ ᠲᠦᠭᠡᠮᠡᠯᠵᠢᠭᠦᠯᠬᠦ ᠤᠬᠠᠭᠤᠯᠭ᠎ᠠ ᠶ᠋ᠢᠨ ᠭᠠᠷ ᠳᠡᠪᠲᠡᠷ ︾ ᠵᠢᠴᠢ ︽ᠥᠪᠥᠷ ᠮᠣᠩᠭᠣᠯ ᠤ᠋ᠨ ᠥᠪᠡᠷᠲᠡᠭᠡᠨ ᠵᠠᠰᠠᠬᠤ ᠣᠷᠣᠨ ᠤ᠋ ᠦᠨᠳᠦᠰᠦᠲᠡᠨ ᠦ᠌ ᠪᠦᠯᠬᠦᠮᠳᠡᠯ ᠳᠠᠪᠰᠢᠯᠲᠠ ᠶᠢ ᠠᠬᠢᠭᠤᠯᠬᠤ ᠳᠦᠷᠢᠮ︾ ᠢ᠋ ᠨᠡᠢᠲᠡ 200 ᠭᠠᠷᠤᠢ ᠳᠡᠪᠲᠡᠷ ᠲᠠᠷᠬᠠᠭᠠᠭᠰᠠᠨ ᠪᠦᠭᠡᠳ ᠮᠣᠩᠭᠣᠯ ᠬᠢᠲᠠᠳ ᠬᠣᠣᠰ ᠬᠡᠯᠡ ᠪᠡᠷ ᠬᠠᠤᠯᠢ ᠲᠦᠭᠡᠮᠡᠯᠵᠢᠭᠦᠯᠬᠦ  ᠲᠠᠶᠢᠯᠤᠮᠵᠢ ᠬᠢᠵᠦ ᠵᠥᠪᠯᠡᠯᠭᠡ ᠥᠭᠴᠦ᠂ ᠮᠠᠯᠴᠢᠳ ᠲᠠᠷᠢᠶᠠᠴᠢᠳ ᠲᠤ ᠲᠤᠯᠭᠠᠷᠠᠭᠰᠠᠨ ᠬᠠᠤᠯᠢ ᠶᠢᠨ ᠠᠰᠠᠭᠤᠳᠠᠯ ᠢ ᠨᠢ ᠲᠣᠳᠤᠷᠬᠠᠢ ᠣᠶᠢᠯᠠᠭᠠᠤᠯᠵᠠᠢ᠃ ᠲᠤᠬᠠᠢ ᠶ᠋ᠢᠨ ᠲᠠᠯᠠᠪᠠᠢ ᠶ᠋ᠢᠨ ᠠᠵᠢᠯᠯᠠᠭ᠎ᠠ ᠳᠠᠭᠤᠰᠤᠭᠰᠠᠨ ᠤ᠋ ᠳᠠᠷᠠᠭ᠎ᠠ ᠪᠠᠢᠴᠠᠭᠠᠬᠤ ᠠᠵᠢᠯᠲᠠᠳ ᠭᠠᠴᠠᠭ᠎ᠠ ᠪᠠᠯᠭᠠᠰᠤᠨ ᠤ ᠺᠠᠳ᠋ᠷ ᠤᠨ ᠳᠠᠭᠠᠭᠤᠯᠭ᠎ᠠ ᠪᠠᠷ ᠣᠨᠴᠠ ᠵᠠᠷᠢᠮ ᠮᠠᠯᠴᠢᠳ ᠤ᠋ᠨ ᠭᠡᠷ ᠲᠦ᠍ ᠬᠦᠷᠴᠦ ᠡᠷᠦᠬᠡ ᠪᠡᠷ ᠭᠦᠨᠵᠡᠭᠡᠢᠷᠡᠨ ᠂ ᠬᠣᠣᠰ ᠬᠡᠯᠡᠨ ᠦ᠌ ᠨᠣᠮ ᠪᠢᠴᠢᠭ ᠦᠳ ᠢ ᠬᠦᠷᠭᠡᠨ ᠣᠴᠢᠭᠰᠠᠨ ᠪᠦᠭᠡᠳ ᠬᠠᠤᠯᠢ ᠴᠠᠭᠠᠵᠠ ᠪᠠᠷ ᠦᠪᠡᠷ ᠦᠨ ᠬᠠᠤᠯᠢ ᠶᠣᠰᠣᠨ ᠤ ᠡᠷᠬᠡ ᠠᠰᠢᠭ ᠢᠶᠠᠨ ᠬᠠᠮᠠᠭᠠᠯᠠᠬᠤ ᠲᠤᠬᠠᠢ ᠤᠬᠠᠭᠤᠯᠤᠨ ᠶᠠᠷᠢᠵᠠᠢ᠃

0H1A0535-1.JPG

ᠲᠤᠰ ᠤᠳᠠᠭᠠᠨ ᠤ᠋ ᠠᠵᠢᠯᠯᠠᠭ᠎ᠠ ᠪᠣᠯ ᠪᠥᠬᠥ ᠬᠣᠲᠠ ᠶ᠋ᠢᠨ ᠪᠠᠢᠴᠠᠭᠠᠬᠤ ᠪᠠᠢᠭᠤᠯᠭ᠎ᠠ ᠶ᠋ᠢᠨ ᠬᠦᠮᠦᠵᠢᠯ ᠴᠡᠭᠴᠡᠯᠡᠯᠲᠡ ᠪᠠ ᠨᠠᠮ ᠤ᠋ᠨ ᠲᠡᠦᠬᠡ ᠶ᠋ᠢᠨ ᠰᠤᠷᠤᠯᠴᠠᠯᠭ᠎ᠠ ᠬᠦᠮᠦᠵᠢᠯ ᠦᠨ《ᠣᠯᠠᠨ ᠲᠦᠮᠡᠨ ᠳ᠋ᠦ᠍ ᠪᠣᠳᠠᠲᠤ ᠠᠵᠢᠯ ᠪᠡᠶᠡᠯᠡᠭᠦᠯᠵᠦ ᠥᠭᠬᠦ 》  ᠨᠢᠭᠡᠨ ᠦᠢᠯᠡᠳᠦᠯᠭᠡ ᠪᠠᠶᠢᠵᠤ᠂ ᠬᠠᠤᠯᠢ ᠵᠠᠰᠠᠯᠲᠠ ᠶ᠋ᠢᠨ ᠤᠬᠠᠭᠤᠯᠭ᠎ᠠ ᠪᠠ ᠪᠠᠢᠴᠠᠭᠠᠬᠤ ᠠᠵᠢᠯ ᠤᠨ ᠤᠬᠠᠭᠤᠯᠭ᠎ᠠ ᠶ᠋ᠢ ᠯᠠᠪᠳᠠᠭᠤᠨ ᠦᠷᠨᠢᠭᠦᠯᠬᠦ ᠶᠢᠨ ᠬᠦᠴᠦᠲᠡᠢ ᠠᠷᠭ᠎ᠠ ᠬᠡᠮᠵᠢᠶ᠎ᠡ ᠪᠣᠯᠵᠤ᠂ 《 ᠦᠨᠳᠦᠰᠦᠲᠡᠨ ᠨᠤᠭᠦᠳ ᠪᠦᠯᠬᠦᠮᠳᠡᠭᠡᠳ ᠨᠢᠭᠡ ᠭᠡᠷ ᠪᠦᠯᠢ ᠶᠢᠨ ᠬᠦᠮᠦᠰ ᠮᠡᠲᠦ ᠲᠤᠲᠤᠨᠤ ᠣᠷᠣᠰᠢᠬᠤ 》 ᠶᠢ ᠤᠯᠠᠮ ᠨᠢᠭᠡ ᠠᠯᠬᠤᠮ ᠠᠬᠢᠭᠤᠯᠤᠨ᠂ ᠮᠠᠯᠴᠢᠨ ᠲᠠᠷᠢᠶᠠᠴᠢᠨ ᠤ᠋ 《 ᠬᠠᠤᠯᠢ ᠶ᠋ᠢ ᠮᠡᠳᠡᠬᠦ ᠂ ᠬᠠᠤᠯᠢ ᠶ᠋ᠢ ᠰᠤᠷᠬᠤ᠂ ᠬᠠᠤᠯᠢ ᠶ᠋ᠢ ᠬᠡᠷᠡᠭᠯᠡᠬᠦ 》 ᠴᠢᠳᠠᠪᠤᠷᠢ ᠶ᠋ᠢ ᠨᠢ ᠳᠡᠭᠡᠭᠰᠢᠯᠡᠭᠦᠯᠵᠦ ᠴᠥᠭᠡᠨ ᠲᠣᠭᠠᠲᠤ ᠦᠨᠳᠦᠰᠦᠲᠡᠨ ᠦ᠌ ᠣᠯᠠᠨ ᠲᠦᠮᠡᠨ ᠦ᠌ ᠵᠠᠷᠭᠤᠯᠠᠬᠤ ᠡᠷᠬᠡ ᠶ᠋ᠢ ᠪᠠᠲᠤᠯᠠᠵᠤ᠂ ᠪᠦᠬᠦ ᠬᠣᠲᠠ ᠶᠢᠨ ᠪᠠᠶᠢᠴᠠᠭᠠᠬᠤ ᠡᠩᠨᠡᠭᠡᠨ ᠦ ᠬᠦᠮᠦᠵᠢᠯ ᠴᠡᠭᠴᠡᠯᠡᠯᠲᠡ ᠶᠢᠨ ᠠᠵᠢᠯᠯᠠᠭ᠎ᠠ ᠶᠢ ᠭᠦᠨᠵᠡᠭᠡᠶᠢᠷᠡᠬᠦ ᠲᠡᠶᠢᠰᠢ ᠨᠢ ᠤᠯᠠᠮ ᠠᠬᠢᠭᠤᠯᠤᠭᠰᠠᠨ ᠪᠠᠢᠨ᠎ᠠ ᠃ 2018 ᠣᠨ ᠠ᠋ᠴᠠ ᠨᠡᠰᠢ᠂ ᠪᠥᠬᠥ ᠬᠣᠲᠠ ᠶ᠋ᠢᠨ ᠬᠣᠶᠠᠷ ᠱᠠᠲᠤᠨ ᠤ᠋ ᠪᠠᠢᠴᠠᠭᠠᠬᠤ ᠬᠣᠷᠢᠶ᠎ᠠ《 ᠬᠡᠨ ᠬᠠᠤᠯᠢ ᠬᠡᠷᠡᠭᠵᠢᠭᠦᠯᠪᠡᠯ ᠲᠡᠷᠡ ᠬᠠᠤᠯᠢ ᠲᠦᠭᠡᠮᠡᠯᠵᠢᠭᠦᠯᠬᠦ 》ᠬᠠᠷᠢᠭᠤᠴᠠᠯᠭ᠎ᠠ ᠶ᠋ᠢᠨ ᠳᠦᠷᠢᠮ ᠢ᠋ ᠨᠠᠷᠢᠨ ᠬᠢᠨᠠᠮᠠᠭᠠᠢ ᠨᠠᠢᠳᠠᠪᠤᠷᠢᠵᠢᠭᠤᠯᠵᠤ ᠂ ᠦᠨᠳᠦᠰᠦᠨ ᠱᠠᠲᠤᠨ ᠤ᠋ ᠮᠠᠯᠵᠢᠬᠤ ᠲᠠᠷᠢᠶᠠᠯᠠᠬᠤ ᠣᠷᠣᠨ ᠂ ᠨᠡᠢᠭᠡᠮ ᠲᠣᠭᠣᠷᠢᠭ ᠂ ᠰᠤᠷᠭᠠᠭᠤᠯᠢ ᠨᠤᠭᠤᠳ ᠲᠤ ᠣᠯᠠᠨ ᠤᠳᠠᠭ᠎ᠠ ᠬᠠᠤᠯᠢ ᠲᠦᠭᠡᠮᠡᠯᠵᠢᠭᠦᠯᠬᠦ ᠤᠬᠠᠭᠤᠯᠭ᠎ᠠ ᠬᠦᠮᠦᠵᠢᠯ ᠦᠨ ᠠᠵᠢᠯᠯᠠᠭ᠎ᠠ ᠥᠷᠨᠢᠭᠦᠯᠦᠨ ᠂ ᠬᠠᠤᠯᠢ  ᠵᠠᠰᠠᠬᠤᠢ ᠶᠢᠨ ᠤᠬᠠᠭᠤᠯᠭ᠎ᠠ ᠶ᠋ᠢᠨ ᠦᠷ᠎ᠡ ᠪᠦᠲᠦᠮᠵᠢ ᠶ᠋ᠢ ᠳᠡᠭᠡᠭᠰᠢᠯᠡᠭᠦᠯᠦᠭᠰᠡᠭᠡᠷ ᠢᠷᠡᠪᠡ ᠃

(6).JPG


ᠢᠷᠡᠯᠲᠡ
ᠣᠷᠳᠣᠰ ᠬᠣᠲᠠ ᠶᠢᠨ ᠠᠷᠠᠳ ᠤᠨ ᠪᠠᠶᠢᠴᠠᠭᠠᠬᠤ ᠬᠣᠷᠢᠶ᠎ᠠ
2014-2022 © ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠴᠠᠭᠠᠬᠤ ᠬᠣᠷᠢᠶ᠎ᠠ ᠥᠮᠴᠢᠯᠡᠯ ᠦᠨ ᠡᠷᠬᠡ ᠲᠠᠢ ᠵᠣᠬᠢᠶᠠᠯ ᠪᠦᠲᠦᠭᠡᠯ ᠦᠨ ᠡᠷᠬᠡ ᠶ᠋ᠢ ᠬᠠᠤᠯᠢ ᠪᠠᠷ ᠬᠠᠮᠠᠭᠠᠯᠠᠭᠰᠠᠨ ᠂ ᠵᠥᠪᠰᠢᠶᠡᠷᠡᠯ ᠦᠭᠡᠢ ᠪᠡᠷ ᠬᠠᠭᠤᠯᠪᠤᠷᠢᠯᠠᠬᠤ ᠶ᠋ᠢ ᠡᠷᠡᠰ ᠬᠣᠷᠢᠭᠯᠠᠨ᠎ᠠ ᠬᠠᠷᠢᠯᠴᠠᠬᠤ ᠤᠲᠠᠰᠤ ᠄ 0471-4628760 ᠢᠮᠧᠯ ᠄ eerhe@nm.pro