ᠥᠪᠡᠷᠲᠡᠭᠡᠨ ᠵᠠᠰᠠᠬᠤ ᠣᠷᠣᠨ ᠤ ᠪᠠᠶᠢᠴᠠᠭᠠᠬᠤ ᠬᠣᠷᠢᠢ᠎ᠠ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 100 ᠵᠢᠯ ᠦᠨ ᠤᠢ ᠶᠢ ᠪᠡᠯᠭᠡᠯᠡᠬᠦ ᠰᠢᠷᠢᠰ ᠠᠵᠢᠯᠯᠠᠭ᠎ᠠ ᠡᠷᠬᠢᠯᠡᠪᠡ
ᠨᠠᠮ ᠢᠶᠠᠨ ᠡᠭᠦᠷᠢᠳᠡ ᠳᠠᠭᠠᠵᠤ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 100 ᠵᠢᠯ ᠦᠨ ᠣᠶ ᠶᠢ ᠪᠡᠯᠭᠡᠯᠡᠬᠦ ᠰᠢᠷᠢᠰ ᠠᠵᠢᠯᠯᠠᠭ᠎ᠠ
6 ᠰᠠᠷ᠎ᠠ ᠶᠢᠨ 30 ᠤ ᠡᠳᠦᠷ ᠂ ᠥᠪᠡᠷᠲᠡᠭᠡᠨ ᠵᠠᠰᠠᠬᠤ ᠣᠷᠣᠨ ᠤ ᠪᠠᠶᠢᠴᠠᠭᠠᠬᠤ ᠬᠣᠷᠢᠶ᠎ᠠ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 100 ᠵᠢᠯ ᠦᠨ ᠣᠶ ᠶᠢ ᠪᠡᠯᠭᠡᠯᠡᠬᠦ ᠰᠢᠷᠢᠰ ᠠᠵᠢᠯᠯᠠᠭ᠎ᠠ ᠡᠷᠭᠢᠯᠡᠪᠡ ᠃ ᠠᠵᠢᠯᠯᠠᠭ᠎ᠠ ᠨᠢ 《 ᠨᠠᠮ ᠢᠶᠠᠨ ᠡᠭᠦᠷᠢᠳᠡ ᠳᠠᠭᠠᠬᠤ 》 ᠪᠠᠷ ᠭᠣᠣᠯ ᠰᠡᠳᠦᠪ ᠪᠣᠯᠭᠠᠵᠤ ᠂ 《 ᠨᠠᠮ ᠤᠨ ᠭᠡᠰᠢᠭᠦᠨ ᠪᠤᠯᠤᠭᠰᠠᠨ 50 ᠵᠢᠯ ᠦᠨ ᠳᠤᠷᠠᠰᠬᠠᠯ ᠤᠨ ᠲᠡᠮᠳᠡᠭ 》 ᠢ ᠣᠯᠭᠣᠬᠤ ᠶᠣᠰᠣᠯᠠᠯ ᠢᠶᠠᠷ ᠳᠠᠮᠵᠢᠭᠤᠯᠤᠨ ᠂ ᠨᠠᠮ ᠳᠤ ᠣᠷᠣᠬᠤ ᠲᠠᠩᠭᠠᠷᠢᠭ ᠤᠨ ᠦᠭᠡᠰ ᠢ ᠳᠠᠬᠢᠨ ᠰᠠᠨᠠᠭᠠᠯᠵᠠᠬᠤ ᠵᠢᠴᠢ 《 ᠨᠠᠮ ᠤᠨ ᠠᠴᠢ ᠶᠢ ᠮᠠᠭᠲᠠᠨ ᠳᠠᠭᠤᠯᠠᠵᠤ ᠂ ᠨᠠᠮ ᠢᠶᠠᠨ ᠳᠠᠭᠠᠵᠤ ᠂ ᠢᠷᠠᠭᠤ ᠬᠠᠭᠤᠳᠠᠰᠤ ᠪᠠᠨ ᠦᠷᠭᠦᠯᠵᠢᠯᠡᠭᠦᠯᠦᠶ᠎ᠡ 》 ᠭᠡᠬᠦ ᠨᠠᠶᠢᠷᠠᠯ ᠳᠠᠭᠤᠤ ᠶᠢᠨ ᠦᠵᠡᠭᠦᠯᠦᠯᠭᠡ ᠶᠢᠨ ᠲᠣᠭᠯᠠᠯᠲᠠ ᠵᠡᠷᠭᠡ ᠭᠤᠷᠪᠠᠨ ᠭᠣᠭᠴᠣᠭ᠎ᠠ ᠪᠠᠷ ᠲᠠᠮᠵᠢᠭᠤᠯᠵᠦ ᠂ ᠨᠠᠮ ᠤᠨ ᠭᠡᠷᠡᠯ ᠰᠠᠴᠤᠷᠠᠩᠭᠤᠢ ᠲᠡᠦᠬᠡᠨ ᠶᠠᠪᠤᠴᠠ ᠶᠢ ᠮᠠᠭᠲᠠᠨ ᠰᠠᠶᠢᠰᠢᠶᠠᠵᠤ᠂ ᠨᠠᠮ ᠤᠨ ᠠᠭᠤᠤ ᠭᠠᠪᠢᠶ᠎ᠠ ᠠᠤᠭ᠎ᠠ ᠵᠢᠳᠬᠦᠯ ᠢ ᠮᠠᠭᠲᠠᠨ ᠳᠠᠭᠤᠯᠠᠵᠤ᠂ ᠰᠢᠨ᠎ᠡ ᠴᠠᠭ ᠦᠶ᠎ᠡ ᠶᠢᠨ ᠥᠪᠥᠷ ᠮᠣᠩᠭᠣᠯ ᠤᠨ ᠪᠠᠶᠢᠴᠠᠭᠠᠭᠴᠢ ᠶᠢᠨ ᠰᠢᠨ᠎ᠡ ᠳᠦᠷᠰᠦ ᠪᠠᠶᠢᠳᠠᠯ ᠢ ᠭᠦᠢᠴᠡᠳ ᠢᠯᠡᠷᠡᠭᠦᠯᠵᠦ᠂ ᠪᠦᠬᠦ ᠨᠠᠮ ᠤᠨ ᠭᠡᠰᠢᠭᠦᠨ ᠺᠠᠳ᠋ᠷ ᠴᠠᠭᠳᠠᠭ᠎ᠠ ᠶᠢ ᠵᠣᠷᠢᠭᠵᠢᠭᠤᠯᠤᠨ ᠳᠠᠭᠠᠭᠤᠯᠵᠤ ᠪᠠᠶᠢᠭᠠᠳ ᠨᠠᠮ ᠢᠶᠠᠨ ᠬᠠᠶᠢᠷᠠᠯᠠᠬᠤ ᠤᠯᠤᠰ ᠢᠶᠠᠨ ᠬᠠᠶᠢᠷᠠᠯᠠᠬᠤ ᠨᠡᠶᠢᠭᠡᠮ ᠵᠢᠷᠤᠮ ᠢ ᠬᠠᠶᠢᠷᠠᠯᠠᠬᠤ ᠯᠤᠲᠤ ᠶᠡᠬᠡ ᠬᠠᠯᠠᠭᠤᠨ ᠰᠡᠳᠬᠢᠯᠭᠡ ᠶᠢ ᠤᠯᠠᠮ ᠴᠢᠨᠠᠭᠰᠢᠳᠠ ᠨᠢᠭᠲᠠᠷᠠᠭᠤᠯᠵᠤ᠂ ᠴᠤᠭ ᠪᠠᠳᠠᠷᠠᠩᠭᠤᠢ ᠡᠷᠡᠯᠬᠡᠭᠯᠡᠨ ᠤᠷᠤᠭᠰᠢᠯᠠᠬᠤ ᠵᠣᠷᠢᠭ ᠰᠠᠨᠠᠭᠠᠨ ᠤ ᠳᠦᠷᠰᠦ ᠪᠠᠶᠢᠳᠠᠯ ᠢᠶᠠᠷ ᠰᠢᠨ᠎ᠡ ᠴᠠᠭ ᠦᠶ᠎ᠡ ᠶᠢᠨ ᠥᠪᠥᠷ ᠮᠣᠩᠭᠣᠯ ᠤᠨ ᠪᠠᠶᠢᠴᠠᠭᠠᠬᠤ ᠦᠢᠯᠡᠰ ᠦᠨ ᠬᠥᠭᠵᠢᠯᠲᠡ ᠶᠢᠨ ᠰᠢᠨ᠎ᠡ ᠪᠠᠶᠢᠳᠠᠯ ᠢ ᠴᠢᠷᠮᠠᠶᠢᠨ ᠡᠭᠦᠳᠴᠡᠢ᠃
ᠥᠪᠡᠷᠲᠡᠭᠡᠨ ᠵᠠᠰᠠᠬᠤ ᠣᠷᠣᠨ ᠤ ᠪᠠᠶᠢᠴᠠᠭᠠᠬᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠂ ᠪᠠᠶᠢᠴᠠᠭᠠᠬᠤ ᠳᠠᠷᠤᠭ᠎ᠠ ᠯᠢ ᠴᠢ ᠯᠢᠨ ᠠᠵᠢᠯᠯᠠᠭ᠎ᠠ ᠳᠤ ᠣᠷᠣᠯᠴᠠᠵᠤ ᠂ ᠬᠣᠷᠢᠶᠠᠨ ᠤ ᠤᠳᠤᠷᠢᠳᠬᠤ ᠪᠠᠭ ᠤᠨ ᠪᠦᠷᠢᠯᠳᠦᠬᠦᠨ ᠂ ᠲᠢᠩᠬᠢᠮ ᠦᠨ ᠲᠠᠰ ᠤᠨ ᠺᠠᠳ᠋ᠷ ᠂ ᠪᠠᠶᠢᠭᠤᠯᠭ᠎ᠠ ᠪᠠ ᠰᠢᠭᠤᠳ ᠬᠠᠷᠢᠶ᠎ᠠ ᠠᠵᠢᠯ ᠦᠶᠯᠡᠰ ᠦᠨ ᠨᠢᠭᠡᠴᠡ ᠶᠢᠨ ᠪᠥᠬᠥ ᠪᠠᠶᠢᠴᠠᠭᠠᠬᠤ ᠠᠵᠢᠯᠲᠠᠨ ᠂ ᠪᠠᠭ᠎ᠠ ᠲᠦᠷᠭᠡᠨ ᠭᠤᠤᠯ ᠤᠷᠤᠨ ᠤ ᠪᠠᠶᠢᠴᠠᠭᠠᠬᠤ ᠬᠣᠷᠢᠶᠠᠨ ᠤ ᠤᠳᠤᠷᠢᠳᠤᠯᠭ᠎ᠠ ᠂ ᠬᠡᠰᠡᠭ ᠪᠠᠶᠢᠴᠠᠭᠠᠬᠤ ᠠᠵᠢᠯᠲᠠᠨ ᠂ ᠨᠠᠮ ᠳᠤ ᠤᠷᠤᠭᠰᠠᠨ 50 ᠵᠢᠯ ᠦᠨ ᠣᠶ ᠶᠢᠨ ᠠᠬᠠᠮᠠᠳ ᠨᠠᠮ ᠤᠨ ᠭᠡᠰᠢᠭᠦᠨ ᠦ ᠲᠥᠯᠥᠭᠡᠯᠡᠭᠴᠢ ᠠᠵᠢᠯᠯᠠᠭ᠎ᠠ ᠳᠤ ᠣᠷᠣᠯᠴᠠᠵᠠᠶ ᠃
ᠦᠪᠡᠳᠡᠭᠰᠢ ᠶᠡᠬᠡ ᠰᠦᠷ ᠵᠢᠪᠬᠤᠯᠠᠩᠲᠤ ᠬᠥᠭᠵᠢᠮ ᠦᠨ ᠠᠶ᠎ᠠ ᠪᠣᠯᠤᠨ ᠪᠦᠬᠦ ᠲᠠᠯᠠᠪᠠᠢ ᠶᠢᠨ ᠬᠠᠯᠠᠭᠤᠨ ᠠᠯᠠᠭ᠎ᠠ ᠲᠠᠰᠢᠯᠳᠠ ᠶᠢᠨ ᠳᠤᠮᠳᠠ᠂ 11 ᠠᠬᠠᠮᠠᠳ ᠨᠠᠮ ᠤᠨ ᠭᠡᠰᠢᠭᠦᠨ ᠦ ᠲᠥᠯᠥᠭᠡᠯᠡᠭᠴᠢ ᠲᠠᠶᠢᠰᠠᠨ ᠳᠤ ᠯᠠᠪᠳᠠᠭᠤᠨ ᠢᠶᠠᠷ ᠭᠠᠷᠴᠤ᠂ ᠯᠢ ᠴᠢ ᠯᠢᠨ ᠠᠬᠠᠮᠠᠳ ᠨᠠᠮ ᠤᠨ ᠭᠡᠰᠢᠭᠦᠳ ᠲᠦ︽ ᠨᠠᠮ ᠤᠨ ᠭᠡᠰᠢᠭᠦᠨ ᠪᠤᠯᠤᠭᠰᠠᠨ ᠢᠷᠠᠭᠤ ᠠᠯᠳᠠᠷ ᠲᠠᠢ 50 ᠵᠢᠯ︾ ᠤᠨ ᠳᠤᠷᠠᠰᠬᠠᠯ ᠤᠨ ᠲᠡᠮᠳᠡᠭ ᠢ ᠭᠠᠷᠳᠠᠭᠤᠯᠤᠭᠰᠠᠨ ᠤ ᠬᠠᠮᠲᠤ ᠪᠦᠬᠦ ᠨᠠᠮ ᠤᠨ ᠭᠡᠰᠢᠭᠦᠳ ᠢ ᠳᠠᠭᠠᠭᠤᠯᠤᠨ ᠨᠠᠮ ᠳᠤ ᠣᠷᠣᠬᠤ ᠲᠠᠩᠭᠠᠷᠢᠭ ᠤᠨ ᠦᠭᠡᠰ ᠢ ᠤᠩᠰᠢᠪᠠ᠃ ᠨᠠᠮ ᠳᠤ ᠣᠷᠣᠬᠤ ᠦᠶ᠎ᠡ ᠶᠢᠨ ᠲᠥᠪ ᠴᠢᠩᠭ᠎ᠠ ᠠᠮᠠᠯᠠᠯᠲᠠ ᠪᠠ ᠡᠷᠡᠰ ᠪᠠᠲᠤ ᠵᠣᠷᠢᠭ ᠢᠶᠠᠨ ᠲᠠᠬᠢᠨ ᠰᠠᠨᠠᠭᠠᠯᠵᠠᠵᠤ᠂ ᠤᠯᠠᠨ ᠢ ᠵᠣᠷᠢᠭᠵᠢᠭᠤᠯᠤᠨ ᠨᠠᠮᠴᠢ ᠴᠢᠨᠠᠷ ᠤᠨ ᠣᠶᠢᠯᠠᠭᠠᠭᠳᠠᠬᠤᠨ ᠢᠶᠠᠨ ᠴᠢᠩᠭᠠᠳᠬᠠᠵᠤ᠂ ᠨᠠᠮ ᠤᠨ ᠭᠡᠰᠢᠭᠦᠨ ᠦ ᠤᠬᠠᠮᠰᠠᠷ ᠢᠶᠠᠨ ᠴᠢᠩᠭᠠᠳᠬᠠᠵᠤ᠂ ᠨᠠᠮ ᠤᠨ ᠦᠭᠡ ᠶᠢ ᠡᠷᠡᠰ ᠰᠣᠨᠣᠰᠴᠤ᠂ ᠨᠠᠮ ᠢᠶᠠᠨ ᠲᠠᠭᠠᠵᠤ᠂ ᠨᠡᠩ ᠡᠷᠡᠰ ᠪᠠᠲᠤ ᠬᠦᠰᠡᠯᠡᠩ ᠢᠲᠡᠭᠡᠯ ᠵᠣᠷᠢᠭ ᠪᠠ ᠨᠡᠩ ᠣᠷᠭᠢᠯᠤᠮ᠎ᠠ ᠬᠠᠯᠠᠭᠤᠨ ᠤᠯᠤᠰ ᠲᠦᠷᠦ ᠶᠢᠨ ᠬᠠᠯᠠᠭᠤᠨ ᠰᠡᠳᠬᠢᠯᠭᠡ ᠪᠡᠷ ᠲᠤᠬᠠᠶᠢᠯᠠᠭᠰᠠᠨ ᠠᠵᠢᠯ ᠤᠨ ᠪᠠᠶᠢᠷᠢ ᠳᠠᠭᠠᠨ ᠰᠠᠭᠤᠷᠢᠯᠠᠵᠤ᠂ ᠬᠣᠰᠢᠭᠤᠴᠢ ᠵᠢᠱᠢᠶᠡᠴᠢ ᠦᠢᠯᠡᠳᠦᠯ ᠢᠶᠡᠨ ᠭᠦᠢᠴᠡᠳ ᠪᠠᠳᠠᠷᠠᠭᠤᠯᠵᠤ᠂ ᠪᠠᠶᠢᠴᠠᠭᠠᠬᠤ ᠦᠢᠯᠡᠰ ᠦᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ᠃
︽ᠨᠠᠮ ᠤᠨ ᠠᠴᠢ ᠶᠢ ᠮᠠᠭᠲᠠᠵᠤ᠂ ᠨᠠᠮ ᠢᠶᠠᠨ ᠲᠠᠭᠠᠵᠦ᠂ ᠢᠷᠠᠭᠤ ᠬᠠᠭᠤᠳᠠᠰᠤ ᠶᠢ ᠦᠷᠭᠦᠯᠵᠢᠯᠡᠭᠦᠯᠦᠶ᠎ᠡ︾ᠭᠡᠬᠦ ᠨᠠᠶᠢᠷᠠᠯ ᠳᠠᠭᠤᠤ ᠶᠢᠨ ᠲᠣᠭᠯᠠᠯᠲᠠ ᠰᠦᠷ ᠵᠢᠪᠬᠤᠯᠠᠩᠲᠠᠢ︽ᠮᠢᠨᠦ ᠲᠠᠩᠭᠠᠷᠢᠭᠯᠠᠯ︾ᠳᠤᠮᠳᠠ ᠬᠥᠰᠢᠭᠡ ᠪᠡᠨ ᠰᠡᠬᠦᠵᠦ᠂ ᠬᠤᠷᠢᠶᠠᠨ ᠤ ᠪᠠᠶᠢᠭᠤᠯᠭ᠎ᠠ ᠪᠣᠯᠤᠨ ᠰᠢᠭᠤᠳ ᠬᠠᠷᠢᠶ᠎ᠠ ᠪᠠᠶᠢᠭᠤᠯᠭ᠎ᠠ ᠶᠢᠨ ᠪᠠᠶᠢᠴᠠᠭᠠᠬᠤ ᠺᠠᠳ᠋ᠷ ᠴᠠᠭᠳᠠᠭ᠎ᠠ ᠨᠠᠷ ᠡᠪ ᠬᠠᠮᠲᠤ ᠶᠣᠰᠣᠨ ᠤ ᠲᠤᠬᠠᠢ ᠡᠷᠡᠰ ᠪᠠᠲᠤ ᠢᠲᠡᠭᠡᠯ ᠪᠢᠰᠢᠷᠡᠯ ᠢᠶᠡᠨ ᠭᠦᠨ ᠰᠡᠳᠬᠢᠯᠭᠡ ᠲᠡᠶ ᠪᠡᠷ ᠴᠤᠤᠷᠢᠶᠠᠲᠤᠭᠤᠯᠵᠤ᠂ ᠥᠨᠢ ᠡᠭᠦᠷᠢᠳᠡ ᠨᠠᠮ ᠳᠠᠭᠠᠨ ᠦᠨᠡᠨᠴᠢ ᠰᠢᠳᠤᠷᠭᠤ ᠪᠠᠶᠢᠬᠤ ᠡᠷᠡᠰ ᠪᠠᠲᠤ ᠢᠲᠡᠭᠡᠯ ᠪᠢᠰᠢᠷᠡᠯ ᠢᠶᠡᠨ ᠬᠠᠯᠠᠭᠤᠨ ᠢᠶᠠᠷ ᠢᠯᠡᠳᠬᠡᠵᠡᠢ᠃ ᠳᠠᠷᠠᠭ᠎ᠠ ᠳᠤᠨᠢ᠂︽ᠤᠯᠤᠰ ᠤᠷᠤᠨ ︾︽ᠰᠡᠷᠭᠦᠨ ᠮᠠᠨᠳᠤᠯᠲᠠ ᠲᠡᠰᠢ ᠤᠷᠤᠭᠰᠢᠯᠠᠨ᠎ᠠ︾᠂︽ᠡᠬᠡ ᠤᠯᠤᠰ ᠮᠠᠷᠲᠠᠬᠤ ᠦᠭᠡᠢ︾᠂︽ᠡᠬᠡ ᠤᠯᠤᠰ ᠪᠢᠳᠡ ᠬᠣᠶᠠᠭᠤᠯᠠ︾᠂︽ᠤᠯᠠᠭᠠᠨ ᠲᠤᠭ ᠨᠠᠮᠢᠷᠠᠨ᠎ᠠ︾᠂︽ᠪᠢᠳᠡ ᠳᠠᠷᠳᠠᠩ ᠵᠠᠮ ᠢᠶᠠᠷ ᠵᠠᠮᠨᠠᠨ᠎ᠠ︾᠂︽ᠫᠠᠷᠲ᠋ᠢᠽᠠᠨ ᠠᠩᠬᠢ ᠶᠢᠨ ᠳᠠᠭᠤᠤ︾᠂︽ᠡᠪ ᠬᠠᠮᠲᠤ ᠨᠠᠮ ᠦᠭᠡᠢ ᠪᠣᠯ ᠰᠢᠨ᠎ᠡ ᠳᠤᠮᠳᠠᠳᠤ ᠤᠯᠤᠰ ᠦᠭᠡᠢ︾᠂︽ᠬᠠᠳᠤᠨ ᠭᠣᠣᠯ ᠢ ᠬᠠᠮᠠᠭᠠᠯᠠᠶ᠎ᠠ︾ᠵᠡᠷᠭᠡ 10 ᠲᠣᠭᠯᠠᠯᠲᠠ ᠭᠣᠶᠢᠳᠠ ᠰᠠᠶᠢᠬᠠᠨ ᠪᠣᠯᠪᠠ᠃ ᠨᠠᠮ ᠤᠨ ᠭᠠᠰᠠᠯᠠᠩ ᠵᠣᠪᠠᠯᠠᠩᠲᠤ ᠭᠡᠷᠡᠯ ᠰᠠᠴᠤᠷᠠᠩᠭᠤᠶ ᠦᠢᠯᠡᠰ ᠢ ᠬᠠᠯᠠᠭᠤᠨ ᠢᠶᠠᠷ ᠮᠠᠭᠲᠠᠨ ᠳᠠᠭᠤᠯᠠᠵᠤ ᠂ ᠬᠤᠪᠢᠰᠬᠠᠯ ᠤᠨ ᠦᠷᠡᠭᠳᠡᠭᠰᠡᠨ ᠪᠠᠭᠠᠲᠤᠷᠴᠤᠳ ᠤᠨ ᠲᠤᠭ ᠢᠶᠠᠨ ᠥᠨᠳᠥᠷ ᠮᠠᠨᠳᠤᠭᠤᠯᠵᠤ ᠂ ᠠᠮᠢ ᠪᠡᠶ᠎ᠡ ᠪᠡᠨ ᠦᠷᠡᠭᠳᠡᠭᠦᠯᠬᠦ ᠡᠴᠡ ᠠᠶᠤᠬᠤ ᠦᠭᠡᠶ ᠬᠤᠪᠢᠰᠬᠠᠯᠲᠤ ᠵᠣᠷᠢᠭ ᠰᠠᠨᠠᠭ᠎ᠠ ᠳᠤ ᠴᠢᠩ ᠰᠡᠳᠬᠢᠯ ᠡᠴᠡ ᠪᠡᠨ ᠬᠦᠨᠳᠦᠳᠬᠡᠯ ᠳᠡᠪᠰᠢᠭᠦᠯᠵᠦ ᠂ ᠳᠤᠮᠳᠠᠳᠤ ᠶᠢᠨ ᠦᠨᠳᠦᠰᠦᠲᠡᠨ ᠦ ᠪᠣᠰᠴᠤ ᠵᠣᠭᠰᠣᠭᠰᠠᠨ᠂ ᠪᠠᠶᠠᠵᠢᠨ ᠴᠢᠨᠡᠭᠡᠯᠢᠭᠵᠢᠭᠰᠡᠨ ᠡᠴᠡ ᠬᠦᠴᠦᠷᠬᠡᠭᠵᠢᠭᠰᠡᠨ ᠠᠭᠤᠤ ᠶᠡᠬᠡ ᠦᠰᠦᠷᠦᠯᠲᠡ ᠶᠢ ᠬᠠᠷᠠᠭᠤᠯᠵᠤ᠂ ᠭᠠᠭᠴᠠ ᠬᠦ ᠳᠤᠮᠳᠠᠳᠤ ᠤᠯᠤᠰ ᠤᠨ ᠡᠪ ᠬᠠᠮᠲᠤ ᠨᠠᠮ ᠰᠠᠶ᠋ᠢ ᠳᠤᠮᠳᠠᠳᠤ ᠤᠯᠤᠰ ᠢ ᠠᠪᠤᠷᠠᠵᠤ ᠴᠢᠳᠠᠨ᠎ᠠ᠂ ᠭᠠᠭᠴᠠ ᠬᠦ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠰᠠᠶ᠋ᠢ ᠳᠤᠮᠳᠠᠳᠤ ᠤᠯᠤᠰ ᠢ ᠬᠥᠭᠵᠢᠭᠦᠯᠵᠦ ᠴᠢᠳᠠᠨ᠎ᠠ᠂ ᠭᠠᠭᠴᠠ ᠬᠦ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠢ ᠪᠠᠷᠢᠮᠲᠠᠯᠠᠨ ᠬᠥᠭᠵᠢᠭᠦᠯᠪᠡᠯ ᠰᠠᠶ᠋ᠢ ᠳᠤᠮᠳᠠᠳᠤ ᠶᠢᠨ ᠦᠨᠳᠦᠰᠦᠲᠡᠨ ᠦ ᠠᠭᠤᠤ ᠶᠡᠬᠡ ᠰᠡᠷᠭᠦᠨ ᠮᠠᠨᠳᠤᠯᠲᠠ ᠶᠢ ᠪᠡᠶᠡᠯᠡᠭᠦᠯᠵᠦ ᠴᠢᠳᠠᠨ᠎ᠠ ᠭᠡᠳᠡᠭ ᠲᠡᠦᠬᠡ ᠶᠢᠨ ᠦᠨᠡᠨ ᠶᠣᠰᠣ ᠶᠢ ᠢᠯᠡᠷᠡᠭᠦᠯᠪᠡ᠃ ᠲᠣᠭᠯᠠᠯᠲᠠ ᠶᠢᠨ ᠡᠴᠦᠰ ᠲᠦ᠂ ᠬᠤᠷᠢᠶᠠᠨ ᠤ ᠤᠳᠤᠷᠢᠳᠬᠤ ᠪᠠᠭ ᠤᠨ ᠪᠦᠷᠢᠯᠳᠦᠬᠦᠨ ᠪᠣᠯᠤᠨ ᠪᠦᠬᠦ ᠬᠥᠮᠦᠰ︽ᠡᠪ ᠬᠠᠮᠲᠤ ᠨᠠᠮ ᠦᠭᠡᠢ ᠪᠣᠯ ᠰᠢᠨ᠎ᠡ ᠳᠤᠮᠳᠠᠳᠤ ᠤᠯᠤᠰ ᠦᠭᠡᠢ︾ᠭᠡᠬᠦ ᠨᠠᠶᠢᠷᠠᠯ ᠳᠠᠭᠤᠤ ᠪᠠᠷ ᠨᠠᠮ᠂ ᠤᠯᠤᠰ ᠣᠷᠣᠨ ᠳᠠᠭᠠᠨ ᠲᠤᠶᠢᠯ ᠤᠨ ᠦᠨᠡᠨᠴᠢ ᠰᠢᠳᠤᠷᠭᠤ᠂ ᠬᠢᠵᠠᠭᠠᠯᠠᠰᠢ ᠦᠭᠡᠢ ᠬᠠᠶᠢᠷ᠎ᠠ ᠬᠠᠯᠠᠮᠵᠢ ᠪᠠ ᠭᠦᠨ ᠰᠡᠳᠬᠢᠯᠭᠡ ᠶᠢᠨ ᠢᠷᠥᠭᠡᠯ ᠢᠶᠡᠨ ᠤᠶᠠᠩᠭᠠᠯᠠᠵᠠᠢ᠃
ᠲᠤᠰ ᠤᠳᠠᠭ᠎ᠠ ᠶᠢᠨ ᠠᠵᠢᠯᠯᠠᠭ᠎ᠠ ᠨᠢ ᠥᠪᠡᠷᠲᠡᠭᠡᠨ ᠵᠠᠰᠠᠬᠤ ᠣᠷᠣᠨ ᠤ ᠪᠠᠶᠢᠴᠠᠭᠠᠬᠤ ᠬᠣᠷᠢᠢ᠎ᠠ ᠶᠢᠨ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 100 ᠵᠢᠯ ᠦᠨ ᠤᠢ ᠶᠢ ᠪᠡᠯᠭᠡᠯᠡᠬᠦ ᠠᠵᠢᠯᠯᠠᠭ᠎ᠠ ᠪᠣᠯᠬᠤ ᠪᠠᠷ ᠪᠠᠷᠠᠬᠤ ᠦᠭᠡᠢ ᠪᠠᠰᠠ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠯᠠᠪᠳᠠᠭᠤᠨ ᠪᠠᠲᠤᠲᠠᠢ ᠥᠷᠨᠢᠭᠦᠯᠬᠦ ᠶᠢᠨ ᠴᠢᠬᠤᠯᠠ ᠠᠭᠤᠯᠭ᠎ᠠ ᠪᠣᠯᠤᠨ᠎ᠠ᠃ ᠥᠪᠡᠷᠲᠡᠭᠡᠨ ᠵᠠᠰᠠᠬᠤ ᠣᠷᠣᠨ ᠤ ᠪᠠᠶᠢᠴᠠᠭᠠᠬᠤ ᠬᠣᠷᠢᠢ᠎ᠠ ᠤᠯᠠᠨ ᠶᠠᠩᠵᠤ ᠶᠢᠨ ᠬᠡᠯᠪᠡᠷᠢ ᠲᠡᠶ᠂ ᠪᠠᠶᠠᠯᠢᠭ ᠠᠭᠤᠯᠭ᠎ᠠ ᠲᠠᠶ ᠠᠵᠢᠯᠯᠠᠭ᠎ᠠ ᠶᠢ ᠥᠷᠨᠢᠭᠦᠯᠬᠦ ᠪᠡᠷ ᠳᠠᠮᠵᠢᠭᠤᠯᠵᠤ᠂ ᠨᠠᠮ ᠪᠠᠶᠢᠭᠤᠯᠤᠭᠳᠠᠭᠰᠠᠨ 100 ᠵᠢᠯ ᠦᠨ ᠤᠢ ᠶᠢ ᠪᠡᠯᠭᠡᠯᠡᠬᠦ ᠭᠦᠨ ᠵᠤᠵᠠᠭᠠᠨ ᠠᠭᠤᠷ ᠠᠮᠢᠰᠬᠤᠯ ᠢ ᠪᠤᠢ ᠪᠣᠯᠭᠠᠵᠤ᠂ ᠥᠷᠭᠡᠨ ᠤᠯᠠᠨ ᠪᠠᠶᠢᠴᠠᠭᠠᠬᠤ ᠺᠠᠳ᠋ᠷ ᠴᠠᠭᠳᠠᠭ᠎ᠠ ᠶᠢᠨ ᠤᠬ ᠰᠠᠨᠠᠭ᠎ᠠ ᠪᠠᠨ ᠦᠯᠦ ᠮᠠᠷᠲᠠᠬᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ᠂ ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠬᠦ᠂ ᠦᠨᠡᠨᠴᠢ ᠰᠢᠳᠤᠷᠭᠤ ᠪᠠᠷ ᠬᠤᠪᠢ ᠨᠡᠮᠡᠷᠢ ᠦᠵᠡᠭᠦᠯᠬᠦ ᠶᠢ ᠬᠥᠮᠦᠵᠢᠭᠦᠯᠦᠨ ᠬᠦᠳᠦᠯᠦᠨ ᠵᠢᠯᠣᠭᠣᠳᠴᠤ᠂ ᠳᠡᠭᠡᠳᠦ ᠬᠡᠮᠵᠢᠶᠡᠨ ᠦ ᠤᠯᠤᠰ ᠲᠦᠷᠦ ᠶᠢᠨ ᠤᠬᠠᠮᠰᠠᠷ᠂ ᠬᠠᠤᠯᠢ ᠪᠠᠷ ᠵᠠᠰᠠᠬᠤ ᠤᠬᠠᠮᠰᠠᠷ᠂ ᠪᠠᠶᠢᠴᠠᠭᠠᠬᠤ ᠤᠬᠠᠮᠰᠠᠷ ᠢᠶᠠᠷ ᠢᠶᠠᠨ ᠰᠢᠨ᠎ᠡ ᠴᠠᠭ ᠦᠶ᠎ᠡ ᠳᠦ ᠨᠠᠮ ᠪᠣᠯᠤᠨ ᠠᠷᠠᠳ ᠲᠦᠮᠡᠨ ᠳᠦ ᠰᠢᠯᠢᠳᠡᠭ ︽ᠪᠠᠶᠢᠴᠠᠭᠠᠬᠤ ᠠᠵᠢᠯ ᠤᠨ ᠬᠠᠷᠢᠭᠤᠯᠲᠠ ᠶᠢᠨ ᠬᠠᠭᠤᠳᠠᠰᠤ︾ᠲᠤᠰᠢᠶᠠᠪᠠ᠃