ᠲᠡᠷᠢᠭᠦᠨ ᠨᠢᠭᠤᠷ  -  ᠬᠡᠷᠡᠭ ᠢᠶᠡᠷ ᠬᠠᠥᠯᠢ ᠲᠠᠶᠢᠯᠪᠤᠷᠢᠯᠠᠬᠤ

ᠲᠦᠩᠯᠢᠶᠣᠤ ᠬᠣᠲᠠ ᠶᠢᠨ ᠬᠣᠷᠴᠢᠨ ᠲᠣᠭᠣᠷᠢᠭ ᠤᠨ ᠠᠩᠬᠠᠳᠠᠭᠴᠢ ᠴᠠᠭᠳᠠᠭ᠎ᠠ ᠶᠢ ᠳᠠᠭᠠᠷᠢᠭᠰᠠᠨ ᠶᠠᠯ᠎ᠠ ᠵᠢᠨ ᠬᠡᠷᠡᠭᠲᠡᠨ ᠵᠢᠷᠭᠤᠭᠠᠨ ᠰᠠᠷ᠎ᠠ ᠬᠣᠷᠢᠵᠤ ᠬᠥᠳᠡᠯᠮᠦᠷᠢᠯᠡᠭᠦᠯᠬᠦ ᠰᠢᠳᠬᠡᠯ ᠤᠯᠵᠠᠢ

2021-07-15 16:15:08
ᠵᠣᠬᠢᠶᠠᠭᠴᠢ
  

ᠣᠶᠢᠷ᠎ᠠ ᠳᠤ ᠂ ᠬᠣᠷᠴᠢᠨ ᠲᠣᠭᠣᠷᠢᠭ ᠤᠨ ᠠᠷᠠᠳ ᠤᠨ ᠪᠠᠶᠢᠴᠠᠭᠠᠬᠤ ᠬᠣᠷᠢᠶ᠎ᠠ ᠠᠴᠠ ᠠᠯᠪᠠᠨ ᠵᠠᠭᠠᠯᠳᠤᠯᠭ᠎ᠠ ᠭᠠᠷᠭᠠᠭᠰᠠᠨ ᠴᠠᠩ ᠣᠪᠣᠭᠲᠤ ᠶᠢᠨ ᠴᠠᠭᠳᠠᠭ᠎ᠠ ᠶᠢ ᠳᠠᠭᠠᠷᠢᠭᠰᠠᠨ ᠬᠡᠷᠡᠭ ᠢ ᠬᠣᠷᠴᠢᠨ ᠲᠣᠭᠣᠷᠢᠭ ᠤᠨ ᠰᠢᠭᠦᠬᠦ ᠬᠣᠷᠢᠶ᠎ᠠ ᠢᠯᠡ ᠪᠡᠷ ᠲᠢᠩᠬᠢᠮ ᠨᠡᠭᠡᠭᠡᠨ  ᠰᠢᠭᠦᠨ ᠲᠠᠰᠤᠯᠵᠤ ᠂ ᠵᠠᠭᠠᠯᠳᠤᠭᠳᠠᠭᠴᠢ ᠴᠠᠩ ᠣᠪᠣᠭᠲᠤ ᠴᠠᠭᠳᠠᠭ᠎ᠠ ᠶᠢ ᠳᠠᠭᠠᠷᠢᠭᠰᠠᠨ ᠶᠠᠯ᠎ᠠ ᠪᠠᠷ ᠵᠢᠷᠭᠤᠭᠠᠨ ᠰᠠᠷ᠎ᠠ ᠬᠣᠷᠢᠵᠤ ᠬᠥᠳᠡᠯᠮᠦᠷᠢᠯᠡᠭᠦᠯᠬᠦ ᠪᠡᠷ ᠰᠢᠳᠬᠡᠭᠳᠡᠵᠡᠶ᠃

 

ᠬᠡᠷᠡᠭ ᠦᠨ ᠪᠣᠳᠠᠲᠤ ᠪᠠᠶᠢᠳᠠᠯ ᠄

2021 ᠣᠨ ᠤ 4 ᠰᠠᠷ᠎ᠠ ᠶᠢᠨ 9  ᠦ ᠡᠳᠦᠷ ᠦᠨ 21 ᠴᠠᠭ ᠤᠨ ᠤᠷᠴᠢᠮ ᠂ ᠲᠦᠩᠯᠢᠶᠣᠤ ᠬᠣᠲᠠ ᠶᠢᠨ ᠬᠣᠷᠴᠢᠨ ᠲᠣᠭᠣᠷᠢᠭ ᠤᠨ ᠨᠢᠭᠡᠨ ᠰᠠᠭᠣᠭᠠᠯᠢ ᠲᠣᠭᠣᠷᠢᠭ ᠤᠨ ᠵᠡᠭᠦᠨ ᠡᠭᠦᠳᠡᠨ ᠳᠡᠭᠡᠷ᠎ᠡ ᠂ ᠵᠠᠭᠠᠯᠳᠤᠭᠳᠠᠭᠴᠢ ᠴᠠᠩ ᠣᠪᠣᠭᠲᠤ  ᠠᠷᠢᠬᠢᠨ  ᠤ ᠳᠠᠷᠠᠭ᠎ᠠ ᠤᠴᠢᠷ ᠰᠢᠯᠲᠠᠭᠠᠨ ᠥᠬᠡᠶ ᠪᠡᠷ 《 ᠳ᠋ᠢ ᠳ᠋ᠢ ᠮᠠᠰᠢᠨ ᠲᠡᠷᠭᠡ 》 ᠶᠢᠨ ᠵᠢᠯᠣᠭᠣᠴᠢ ᠵᠣᠣ ᠣᠪᠣᠭᠲᠤ ᠶᠢ  ᠳᠤᠷᠤᠮᠵᠢᠯᠠᠨ ᠬᠠᠷᠢᠶᠠᠵᠤ ᠵᠣᠳᠣᠭᠰᠠᠨ  ᠠᠴᠠ ᠂ ᠵᠣᠣ ᠣᠪᠣᠭᠲᠤ ᠴᠠᠭᠳᠠᠭ᠎ᠠ ᠳᠤ ᠮᠡᠳᠡᠭᠦᠯᠵᠡᠶ᠃ ᠲᠡᠭᠡᠭᠡᠳ ᠬᠣᠷᠴᠢᠨ ᠲᠣᠭᠣᠷᠢᠭ ᠤᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠡᠮᠦᠨᠡᠲᠦ ᠲᠡᠭᠦᠷᠭᠡ ᠶᠢᠨ ᠲᠣᠮᠢᠯᠠᠭᠰᠠᠨ ᠰᠠᠯᠪᠤᠷᠢ ᠴᠠᠭᠳᠠᠭ᠎ᠠ  ᠲᠤᠬᠠᠶ ᠶᠢᠨ ᠲᠠᠯᠠᠪᠠᠢ ᠳᠤ  ᠬᠦᠷᠦᠭᠰᠡᠨ ᠪᠦᠭᠡᠳ ᠲᠠᠬᠢᠨ ᠲᠤᠰᠠᠯᠠᠮᠵᠢ ᠭᠣᠶᠣᠴᠢᠯᠠᠵᠦ᠂ ᠫᠧᠶ ᠣᠪᠣᠭᠲᠤ  ᠠᠷᠠᠳ ᠤᠨ ᠴᠠᠭᠳᠠᠭ᠎ᠠ ᠲᠤᠬᠠᠶ ᠶᠢᠨ ᠲᠠᠯᠠᠪᠠᠢ ᠳᠤ  ᠬᠦᠷᠴᠦ ᠲᠤᠰᠠᠯᠠᠪᠠ᠃ ᠵᠠᠭᠠᠯᠳᠤᠭᠳᠠᠭᠴᠢ ᠴᠠᠩ ᠣᠪᠣᠭᠲᠤ  ᠮᠦᠨ ᠢᠳᠬᠠᠯ  ᠦᠯᠦ ᠰᠣᠨᠣᠰᠬᠤ  ᠲᠤᠯᠠ᠂ ᠲᠣᠮᠢᠯᠠᠭᠰᠠᠨ ᠰᠠᠯᠪᠤᠷᠢ ᠶᠢᠨ ᠠᠷᠠᠳ ᠤᠨ ᠴᠠᠭᠳᠠᠭ᠎ᠠ ᠴᠠᠩ ᠣᠪᠣᠭᠲᠤ ᠶᠢ ᠬᠣᠷᠴᠢᠨ ᠲᠣᠭᠣᠷᠢᠭ ᠤᠨ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶᠠᠨ ᠤ ᠡᠮᠦᠨ᠎ᠡ ᠲᠡᠭᠦᠷᠭᠡ  ᠶᠢᠨ ᠲᠣᠮᠢᠯᠠᠭᠰᠠᠨ ᠰᠠᠯᠪᠤᠷᠢ ᠳᠤ  ᠳᠠᠭᠤᠳᠠᠨ ᠠᠪᠠᠴᠢᠭᠰᠠᠨ ᠪᠠᠶᠢᠨ᠎ᠠ᠂  ᠴᠠᠩ ᠣᠪᠣᠭᠲᠤ ᠲᠣᠮᠢᠯᠠᠭᠰᠠᠨ ᠰᠠᠯᠪᠤᠷᠢ  ᠳᠤ  ᠬᠦᠷᠦᠭᠰᠡᠨ ᠦ ᠳᠠᠷᠠᠭ᠎ᠠ ᠲᠣᠮᠢᠯᠠᠭᠰᠠᠨ ᠰᠠᠯᠪᠤᠷᠢ ᠶᠢᠨ ᠬᠣᠩᠭᠢᠯ ᠳ᠋ᠠᠬᠢ ᠬᠠᠲᠠᠭᠤ ᠰᠦᠯᠢᠶᠣᠣ ᠰᠠᠨᠳᠠᠯᠢ ᠶᠢ  ᠤᠴᠢᠷ ᠰᠢᠯᠲᠠᠭᠠᠨ ᠦᠭᠡᠢ ᠪᠡᠷ  ᠡᠪᠳᠡᠯᠡᠪᠡ᠂ ᠫᠧᠶ ᠣᠪᠣᠭᠲᠤ ᠴᠠᠭᠳᠠᠭ᠎ᠠ ᠬᠣᠷᠢᠭᠯᠠᠬᠤ  ᠳᠤ᠂ ᠴᠠᠩ ᠣᠪᠣᠭᠲᠤ ᠰᠠᠨᠳᠠᠯᠢ  ᠡᠷᠭᠦᠨ  ᠭᠡᠬᠦ ᠳᠦ ᠫᠸᠢ ᠣᠪᠣᠭᠲᠤ ᠵᠠᠶᠢᠯᠠᠵᠤ ᠵᠠᠪᠳᠤᠭᠰᠠᠨ ᠠᠴᠠ ᠴᠠᠩ ᠤᠪᠤᠭᠲᠤ ᠫᠸᠢ ᠣᠪᠣᠭᠲᠤ ᠶᠢᠨ ᠵᠡᠭᠦᠨ ᠮᠥᠷᠥ ᠶᠢ ᠨᠢ ᠨᠢᠳᠤᠷᠭᠠᠳᠠᠪᠠ᠂ ᠰᠡᠭᠦᠯᠡᠷ ᠨᠢ ᠣᠯᠠᠨ ᠴᠠᠭᠳᠠᠭ᠎ᠠ ᠲᠡᠭᠦᠨ ᠢ ᠬᠣᠷᠢᠭᠯᠠᠨ ᠵᠣᠭᠰᠣᠭᠠᠪᠠ᠃

 

ᠰᠢᠭᠦᠨ ᠲᠠᠰᠤᠯᠤᠯᠲᠠ  ᠶᠢᠨ ᠪᠠᠶᠢᠳᠠᠯ ᠄

ᠠᠷᠠᠳ ᠤᠨ ᠰᠢᠭᠦᠬᠦ ᠬᠣᠷᠢᠶ᠎ᠠ ᠰᠢᠭᠦᠨ ᠲᠠᠰᠤᠯᠤᠯᠲᠠ ᠳᠦ ᠪᠡᠨ ᠂ ᠠᠯᠪᠠᠨ ᠵᠠᠭᠠᠯᠳᠤᠯᠭ᠎ᠠ ᠶᠢᠨ ᠪᠠᠶᠢᠭᠤᠯᠭ᠎ᠠ ᠠᠴᠠ ᠵᠠᠭᠠᠯᠳᠤᠭᠳᠠᠭᠴᠢ ᠴᠠᠩ ᠣᠪᠣᠭᠲᠤ ᠶᠢ ᠴᠠᠭᠳᠠᠭ᠎ᠠ ᠶᠢ ᠳᠠᠭᠠᠷᠢᠭᠰᠠᠨ ᠶᠠᠯ᠎ᠠ ᠪᠠᠷ ᠠᠯᠪᠡᠨ ᠵᠠᠭᠠᠯᠳᠤᠯᠭ᠎ᠠ ᠭᠠᠷᠭᠠᠭᠰᠠᠨ   ᠪᠣᠳᠠᠲᠤ ᠶᠠᠪᠤᠳᠠᠯ ᠨᠢ ᠲᠣᠳᠣᠷᠬᠠᠶ ᠂ ᠭᠡᠷᠡᠴᠢ ᠪᠠᠷᠢᠮᠲᠠ ᠨᠢ ᠦᠨᠡᠨ ᠪᠣᠳᠠᠲᠠᠶ ᠂ ᠪᠦᠷᠢᠨ ᠭᠦᠶᠴᠡᠳ ᠪᠠᠶᠢᠵᠤ  ᠵᠠᠭᠠᠯᠳᠤᠭᠳᠠᠭᠴᠢ ᠴᠠᠩ ᠣᠪᠣᠭᠲᠤ ᠬᠠᠤᠯᠢ ᠶᠣᠰᠣᠭᠠᠷ ᠡᠭᠦᠷᠭᠡ ᠲᠤᠰᠢᠶᠠᠯ ᠢᠶᠠᠨ ᠭᠦᠢᠴᠡᠳᠬᠡᠵᠦ ᠪᠠᠶᠢᠭ᠎ᠠ ᠠᠷᠠᠳ ᠤᠨ ᠴᠠᠭᠳᠠᠭ᠎ᠠ ᠶᠢ ᠬᠦᠴᠦᠷᠬᠡᠭᠯᠡᠯ ᠢᠶᠡᠷ ᠳᠠᠭᠠᠷᠢᠭᠰᠠᠨ ᠪᠥᠭᠡᠳ ᠲᠡᠭᠦᠨ ᠦ ᠦᠢᠯᠡ ᠠᠵᠢᠯᠯᠠᠭ᠎ᠠ ᠨᠢ ᠨᠢᠭᠡᠨᠲᠡ ᠴᠠᠭᠳᠠᠭ᠎ᠠ ᠶᠢ ᠳᠠᠭᠠᠷᠢᠭᠰᠠᠨ ᠶᠠᠯ᠎ᠠ ᠪᠣᠯᠵᠤ ᠪᠦᠷᠢᠯᠳᠦᠨ ᠂ ᠵᠠᠭᠠᠯᠳᠤᠭᠳᠠᠭᠴᠢ ᠴᠠᠩ ᠣᠪᠣᠭᠲᠤ ᠶᠢ ᠴᠠᠭᠳᠠᠭ᠎ᠠ ᠶᠢ ᠳᠠᠭᠠᠷᠢᠭᠰᠠᠨ ᠶᠠᠯ᠎ᠠ ᠪᠠᠷ ᠵᠢᠷᠭᠤᠭᠠᠨ ᠰᠠᠷ᠎ᠠ ᠬᠣᠷᠢᠵᠤ ᠬᠥᠳᠡᠯᠮᠦᠷᠢᠯᠡᠭᠦᠯᠬᠦ ᠪᠡᠷ ᠰᠢᠳᠬᠡᠵᠡᠶ᠃

 

ᠰᠢᠨ᠎ᠡ ᠬᠠᠤᠯᠢ ᠶᠢ ᠲᠦᠭᠡᠮᠡᠯᠵᠢᠭᠦᠯᠬᠦ ᠨᠢ᠄

ᠠᠷᠠᠳ ᠤᠨ ᠴᠠᠭᠳᠠᠭ᠎ᠠ ᠶᠢᠨ ᠪᠡᠶ᠎ᠡ ᠶᠢᠨ ᠠᠮᠤᠷ ᠲᠦᠪᠰᠢᠨ ᠢ ᠦᠨᠡᠨᠬᠦ ᠪᠠᠲᠤᠯᠠᠵᠤ ᠂ ᠤᠯᠤᠰ ᠤᠨ ᠬᠠᠤᠯᠢ ᠴᠠᠭᠠᠵᠠ ᠶᠢᠨ ᠡᠷᠬᠡ ᠰᠦᠷ ᠪᠠ ᠤᠯᠤᠰ ᠤᠨ ᠬᠡᠪ ᠦᠨ ᠬᠠᠮᠢᠶᠠᠷᠤᠯᠲᠠ ᠶᠢᠨ ᠡᠮᠬᠢ ᠵᠢᠷᠤᠮ ᠢ ᠬᠠᠮᠠᠭᠠᠯᠠᠬᠤ ᠶᠢᠨ ᠲᠥᠯᠥᠭᠡ ᠂ ᠠᠷᠪᠠᠨ ᠭᠤᠷᠪᠠᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠦᠨ ᠶᠡᠬᠡ ᠬᠤᠷᠠᠯ ᠤᠨ ᠪᠠᠶᠢᠩᠭᠤ ᠶᠢᠨ ᠬᠣᠷᠢᠶᠠᠨ ᠤ ᠬᠣᠷᠢᠨ ᠳᠥᠷᠪᠡᠳᠦᠭᠡᠷ ᠬᠤᠷᠠᠯᠳᠤᠭᠠᠨ ᠠᠴᠠ 2020 ᠣᠨ ᠤ 12 ᠰᠠᠷ᠎ᠠ ᠶᠢᠨ 26  ᠤ ᠡᠳᠦᠷ 《 ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠡᠷᠡᠭᠦᠦ ᠶᠢᠨ ᠬᠠᠤᠯᠢ  ᠶᠢ ᠵᠠᠰᠠᠪᠤᠷᠢᠯᠠᠬᠤ ᠲᠥᠰᠦᠯ ( ᠠᠷᠪᠠᠨ ᠨᠢᠭᠡ ) 》  ᠢ ᠬᠢᠨᠠᠨ ᠶᠠᠷᠢᠯᠴᠠᠵᠤ ᠪᠠᠲᠤᠯᠠᠭᠠᠳ ᠂ 《 ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠡᠷᠡᠭᠦᠦ ᠶᠢᠨ ᠬᠠᠤᠯᠢ 》  ᠶᠢᠨ ᠬᠣᠶᠠᠷ ᠵᠠᠭᠤ ᠳᠠᠯᠠᠨ ᠳᠣᠯᠣᠳᠤᠭᠠᠷ ᠵᠦᠢᠯ ᠦᠨ ᠲᠠᠪᠤᠳᠤᠭᠠᠷ  ᠵᠤᠷᠪᠤᠰ  ᠢ 《 ᠬᠠᠤᠯᠢ ᠶᠣᠰᠣᠭᠠᠷ ᠡᠭᠦᠷᠭᠡ ᠲᠤᠰᠢᠶᠠᠯ ᠢᠶᠠᠨ ᠭᠦᠢᠴᠡᠳᠬᠡᠵᠦ ᠪᠠᠶᠢᠭ᠎ᠠ ᠠᠷᠠᠳ ᠤᠨ ᠴᠠᠭᠳᠠᠭ᠎ᠠ ᠶᠢ ᠬᠦᠴᠦᠷᠬᠡᠭᠯᠡᠯ ᠢᠶᠡᠷ ᠳᠠᠭᠠᠷᠢᠭᠰᠠᠨ ᠪᠠᠶᠢᠪᠠᠯ ᠂ ᠭᠤᠷᠪᠠᠨ ᠵᠢᠯ ᠡᠴᠡ ᠳᠣᠭᠣᠭᠰᠢ ᠬᠤᠭᠤᠴᠠᠭ᠎ᠠ ᠲᠠᠶ ᠬᠣᠷᠢᠬᠤ ᠂ ᠬᠣᠷᠢᠵᠤ ᠬᠥᠳᠡᠯᠮᠦᠷᠢᠯᠡᠭᠦᠯᠬᠦ ᠪᠤᠶᠤ ᠵᠠᠬᠢᠷᠤᠨ ᠬᠠᠮᠢᠶᠠᠷᠬᠤ ᠪᠠᠷ ᠰᠢᠳᠬᠡᠨ᠎ᠡ  ᠫᠤᠤ ᠵᠡᠪᠰᠡᠭ ᠂ ᠬᠣᠷᠢᠭᠠᠲᠠᠢ ᠬᠢᠳᠦᠭ᠎ᠠ ᠪᠠᠭᠠᠵᠢ ᠶᠢ ᠬᠡᠷᠡᠭᠯᠡᠭᠰᠡᠨ ᠪᠤᠶᠤ ᠮᠠᠰᠢᠨ ᠲᠡᠷᠭᠡ ᠵᠢᠯᠣᠭᠣᠳᠴᠤ ᠮᠥᠷᠭᠥᠯᠳᠦᠬᠦ ᠵᠡᠷᠭᠡ ᠠᠷᠭ᠎ᠠ ᠪᠠᠷᠢᠯ ᠢᠶᠠᠷ ᠬᠥᠮᠦᠨ ᠦ ᠪᠡᠶ᠎ᠡ ᠶᠢᠨ ᠠᠮᠤᠷ ᠲᠦᠪᠰᠢᠨ ᠳᠦ ᠬᠦᠨᠳᠦ ᠨᠣᠴᠢᠲᠠᠢ ᠠᠶᠤᠯ ᠤᠴᠠᠷᠠᠭᠤᠯᠤᠭᠰᠠᠨ ᠪᠠᠶᠢᠪᠠᠯ ᠂ ᠭᠤᠷᠪᠠᠨ ᠵᠢᠯ ᠡᠴᠡ ᠳᠡᠭᠡᠭᠰᠢ ᠲᠤᠯᠦᠭᠠᠠ ᠵᠢᠯ ᠡᠴᠡ ᠳᠣᠭᠣᠭᠰᠢ ᠬᠤᠭᠤᠴᠠᠭ᠎ᠠ ᠲᠠᠶ ᠬᠣᠷᠢᠬᠤ ᠪᠠᠷ ᠰᠢᠳᠬᠡᠨ᠎ᠡ᠃ 2021 ᠣᠨ ᠤ 3 ᠰᠠᠷ᠎ᠠ ᠶᠢᠨ 1  ᠦ ᠡᠳᠦᠷ ᠂ 《 ᠪᠥᠬᠥᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠡᠷᠡᠭᠦᠦ ᠶᠢᠨ ᠬᠠᠤᠯᠢ ᠶᠢ ᠵᠠᠰᠠᠪᠤᠷᠢᠯᠠᠬᠤ ᠲᠥᠰᠦᠯ ( ᠠᠷᠪᠠᠨ ᠨᠢᠭᠡ ) 》  ᠢ ᠬᠡᠷᠡᠭᠵᠢᠭᠦᠯᠵᠦ ᠂ ᠴᠠᠭᠳᠠᠭ᠎ᠠ ᠶᠢ ᠳᠠᠭᠠᠷᠢᠭᠰᠠᠨ ᠶᠠᠯ᠎ᠠ ᠶᠢ ᠵᠢᠩᠬᠢᠨᠢ ᠪᠡᠷ ᠡᠷᠡᠭᠦᠦ ᠳᠦ ᠣᠷᠣᠭᠤᠯᠪᠠ᠃

 

ᠪᠠᠶᠢᠴᠠᠭᠠᠬᠤ ᠲᠤᠰᠢᠶᠠᠯᠲᠠᠨ ᠡᠴᠡ ᠰᠠᠨᠠᠭᠤᠯᠬᠤ  ᠨᠢ ᠄

ᠠᠷᠠᠳ ᠤᠨ ᠴᠠᠭᠳᠠᠭ᠎ᠠ ᠪᠣᠯ ᠤᠯᠤᠰ ᠤᠨ ᠬᠠᠤᠯᠢ ᠬᠡᠷᠡᠭᠵᠢᠭᠦᠯᠬᠦ ᠬᠠᠤᠯᠢ ᠪᠠᠷᠢᠬᠤ ᠴᠢᠬᠤᠯᠠ ᠬᠦᠴᠦᠨ ᠮᠥᠨ ᠂ ᠲᠡᠷᠡ ᠨᠢ ᠤᠯᠤᠰ ᠢ ᠲᠥᠯᠥᠭᠡᠯᠡᠨ ᠬᠠᠤᠯᠢ ᠬᠡᠷᠡᠭᠵᠢᠭᠦᠯᠬᠦ ᠡᠷᠬᠡ ᠪᠡᠨ ᠬᠡᠷᠡᠭᠵᠢᠭᠦᠯᠵᠦ ᠂ ᠤᠯᠤᠰ ᠤᠨ ᠤᠯᠤᠰ ᠲᠥᠷᠥ ᠶᠢᠨ ᠠᠮᠤᠷ ᠲᠦᠪᠰᠢᠨ ᠢ ᠬᠠᠮᠠᠭᠠᠯᠠᠬᠤ ᠂ ᠨᠡᠶᠢᠭᠡᠮ ᠦᠨ ᠠᠮᠤᠷ ᠲᠣᠭᠲᠠᠭᠤᠨ ᠢ ᠬᠠᠮᠠᠭᠠᠯᠠᠬᠤ ᠂ ᠠᠷᠠᠳ ᠲᠦᠮᠡᠨ ᠦ ᠠᠮᠤᠷ ᠲᠣᠭᠲᠠᠭᠤᠨ ᠢ ᠪᠠᠲᠤᠯᠠᠬᠤ ᠡᠭᠦᠷᠭᠡ ᠬᠠᠷᠢᠭᠤᠴᠠᠯᠭ᠎ᠠ ᠶᠢ ᠡᠭᠦᠷᠭᠡᠯᠡᠵᠦ ᠪᠠᠶᠢᠳᠠᠭ᠃ ᠣᠨᠴᠠᠭᠠᠶ ᠠᠵᠢᠯ ᠤᠨ ᠰᠢᠨᠵᠢ ᠴᠢᠨᠠᠷ ᠠᠴᠠ ᠪᠣᠯᠵᠣ ᠂ ᠠᠷᠠᠳ ᠤᠨ ᠴᠠᠭᠳᠠᠭ᠎ᠠ ᠬᠠᠤᠯᠢ ᠶᠣᠰᠣᠭᠠᠷ ᠲᠤᠰᠢᠶᠠᠯ ᠬᠠᠷᠢᠭᠤᠴᠠᠯᠭ᠎ᠠ ᠪᠠᠨ ᠭᠦᠶᠴᠡᠳᠬᠡᠬᠦ ᠶᠠᠪᠤᠴᠠ ᠳᠤ ᠦᠷᠭᠦᠯᠵᠢ ᠬᠠᠤᠯᠢ ᠠᠴᠠ ᠵᠥᠷᠢᠴᠡᠭᠰᠡᠨ ᠶᠠᠯᠠᠲᠤ ᠡᠲᠡᠭᠡᠳ ᠦᠨ ᠬᠦᠴᠦᠷᠬᠡᠭᠯᠡᠯ ᠦᠨ ᠬᠠᠯᠳᠠᠯᠭ᠎ᠠ ᠳᠤ ᠤᠴᠠᠷᠠᠵᠤ ᠂ ᠴᠢᠨᠠᠭᠰᠢᠯᠠᠪᠠᠯ ᠴᠣᠬᠢᠯᠲᠠ ᠥᠭᠴᠦ ᠥᠰᠢᠶ᠎ᠡ ᠠᠪᠲᠠᠭ᠃ ᠴᠠᠭᠳᠠᠭ᠎ᠠ ᠶᠢ ᠳᠠᠭᠠᠷᠢᠭᠰᠠᠨ ᠬᠠᠤᠯᠢ ᠶᠢ ᠵᠥᠷᠢᠴᠡᠭᠰᠡᠨ ᠶᠠᠯᠠᠲᠤ ᠠᠵᠢᠯᠯᠠᠭ᠎ᠠ ᠨᠢ ᠠᠷᠠᠳ ᠤᠨ ᠴᠠᠭᠳᠠᠭ᠎ᠠ ᠶᠢᠨ ᠬᠥᠮᠦᠨ ᠦ ᠪᠡᠶ᠎ᠡ ᠶᠢᠨ ᠡᠷᠬᠡ ᠠᠰᠢᠭ ᠢ ᠬᠣᠬᠢᠷᠠᠭᠤᠯᠤᠭᠰᠠᠨ ᠢᠶᠠᠷ ᠪᠠᠷᠠᠬᠤ ᠦᠭᠡᠢ ᠨᠡᠩ ᠴᠤ ᠨᠡᠶᠢᠭᠡᠮ ᠦᠨ ᠬᠡᠪ ᠦᠨ ᠬᠠᠮᠢᠶᠠᠷᠤᠯᠲᠠ ᠶᠢᠨ ᠡᠮᠬᠢ ᠵᠢᠷᠤᠮ ᠢ ᠡᠪᠳᠡᠵᠦ ᠂ ᠤᠯᠤᠰ ᠤᠨ ᠬᠠᠤᠯᠢ ᠴᠠᠭᠠᠵᠠ ᠶᠢᠨ ᠨᠡᠷ᠎ᠡ ᠬᠦᠨᠳᠦ ᠪᠠ ᠵᠠᠰᠠᠭ ᠤᠨ ᠡᠷᠬᠡ ᠶᠢᠨ ᠡᠷᠬᠡ ᠰᠦᠷ ᠢ ᠬᠣᠬᠢᠷᠠᠭᠤᠯᠵᠠᠢ ᠂ ᠠᠷᠠᠳ ᠤᠨ ᠪᠠᠶᠢᠴᠠᠭᠠᠬᠤ ᠬᠣᠷᠢᠢ᠎ᠠ ᠪᠣᠳᠠᠲᠤ ᠬᠡᠷᠡᠭ ᠢᠶᠡᠷ ᠦᠨᠳᠦᠰᠦᠯᠡᠯ ᠪᠣᠯᠭᠠᠵᠤ ᠂ ᠬᠠᠤᠯᠢ ᠴᠠᠭᠠᠵᠠ ᠪᠠᠷ ᠪᠠᠷᠢᠮᠵᠢᠶ᠎ᠠ ᠪᠣᠯᠭᠠᠵᠤ ᠂ ᠡᠷᠡᠭᠦᠦ ᠶᠢᠨ ᠬᠡᠷᠡᠭ ᠦᠨ ᠵᠠᠭᠠᠯᠳᠤᠬᠤ ᠡᠭᠦᠷᠭᠡ ᠴᠢᠳᠠᠪᠤᠷᠢ ᠪᠠᠨ ᠭᠦᠢᠴᠡᠳ ᠪᠠᠳᠠᠷᠠᠭᠤᠯᠵᠤ ᠂ ᠠᠷᠠᠳ ᠤᠨ ᠴᠠᠭᠳᠠᠭ᠎ᠠ ᠶᠢᠨ ᠬᠠᠤᠯᠢ ᠶᠣᠰᠣᠭᠠᠷ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠳᠦ ᠪᠠᠲᠤ ᠪᠡᠬᠢ ᠥᠮᠥᠭ ᠲᠦᠰᠢᠭ ᠪᠠ ᠪᠠᠲᠤᠯᠠᠭ᠎ᠠ ᠬᠠᠩᠭᠠᠵᠤ ᠂ ᠨᠡᠶᠢᠭᠡᠮ ᠦᠨ ᠲᠣᠭᠲᠠᠭᠤᠨ ᠪᠠᠶᠢᠳᠠᠯ ᠪᠠ ᠠᠷᠠᠳ ᠤᠯᠠᠨ ᠤ ᠠᠮᠢ ᠨᠠᠰᠤ ᠡᠳ᠋ ᠬᠦᠷᠦᠨᠭᠭᠡ ᠶᠢᠨ ᠠᠮᠤᠷ ᠲᠦᠪᠰᠢᠨ ᠢ ᠦᠨᠡᠨᠬᠦ ᠬᠠᠮᠠᠭᠠᠯᠠᠨ᠎ᠠ᠃

 


ᠢᠷᠡᠯᠲᠡ
       
2014-2022 © ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠴᠠᠭᠠᠬᠤ ᠬᠣᠷᠢᠶ᠎ᠠ ᠥᠮᠴᠢᠯᠡᠯ ᠦᠨ ᠡᠷᠬᠡ ᠲᠠᠢ ᠵᠣᠬᠢᠶᠠᠯ ᠪᠦᠲᠦᠭᠡᠯ ᠦᠨ ᠡᠷᠬᠡ ᠶ᠋ᠢ ᠬᠠᠤᠯᠢ ᠪᠠᠷ ᠬᠠᠮᠠᠭᠠᠯᠠᠭᠰᠠᠨ ᠂ ᠵᠥᠪᠰᠢᠶᠡᠷᠡᠯ ᠦᠭᠡᠢ ᠪᠡᠷ ᠬᠠᠭᠤᠯᠪᠤᠷᠢᠯᠠᠬᠤ ᠶ᠋ᠢ ᠡᠷᠡᠰ ᠬᠣᠷᠢᠭᠯᠠᠨ᠎ᠠ ᠬᠠᠷᠢᠯᠴᠠᠬᠤ ᠤᠲᠠᠰᠤ ᠄ 0471-4628760 ᠢᠮᠧᠯ ᠄ eerhe@nm.pro