ᠲᠡᠷᠢᠭᠦᠨ ᠨᠢᠭᠤᠷ  -   ᠪᠠᠶᠢᠴᠠᠭᠠᠬᠤ ᠶᠠᠪᠤᠳᠠᠯ ᠢ ᠢᠯᠡ ᠪᠣᠯᠭᠠᠬᠤ

ᠬᠠᠥᠯᠢ ᠪᠠᠷ ᠵᠠᠰᠠᠬᠤ ᠥᠭᠭᠢᠶᠡᠮᠦᠷ ᠬᠤᠷ᠎ᠠ ᠬᠦᠳᠡᠭᠡ ᠨᠤᠲᠤᠭ ᠢ ᠤᠮᠳᠠᠯᠠᠵᠤ ᠬᠠᠥᠯᠢ ᠲᠦᠭᠡᠮᠡᠯᠵᠢᠭᠦᠯᠬᠦ ᠠᠵᠢᠯᠯᠠᠭᠠᠨ ᠠᠷᠠᠳ ᠤᠨ ᠰᠡᠳᠬᠢᠯ ᠢ ᠪᠠᠶᠠᠰᠬᠠᠨ᠎ᠠ

2021-07-27 16:35:53
ᠵᠣᠬᠢᠶᠠᠭᠴᠢ
ᠨᠠᠪᠴᠢ


分院1.jpg


ᠰᠢ ᠶᠢᠨ ᠫᠢᠩ  ᠤᠨ ᠬᠠᠸᠯᠢ ᠪᠠᠷ ᠵᠠᠰᠠᠬᠤ ᠦᠵᠡᠯ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠵᠤ ᠂ ᠨᠡᠶᠢᠭᠡᠮ ᠵᠢᠷᠤᠮᠲᠦ ᠬᠠᠥᠯᠢ ᠪᠠᠷ ᠵᠠᠰᠠᠬᠤ ᠵᠤᠷᠢᠭ ᠰᠠᠨᠠᠭ᠎ᠠ ᠶᠢ ᠪᠠᠳᠠᠷᠠᠭᠤᠯᠵᠤ᠂ ᠦᠷᠭᠡᠨ ᠤᠯᠠᠨ ᠠᠷᠠᠳ ᠲᠦᠮᠡᠨ ᠪᠠ ᠬᠠᠥᠯᠢ  ᠵᠢᠨ ᠠᠵᠢᠯᠳᠠᠨ ᠲᠠᠢ ᠬᠠᠮᠲᠤ ︽ ᠪᠦᠭᠦᠲᠡ ᠨᠠᠶᠢᠷᠠᠮᠳᠠᠬᠤ ᠲᠤᠮᠳᠠᠳᠦ ᠠᠷᠠᠳ ᠤᠯᠤᠰ ᠤᠨ ᠢᠷᠭᠡᠨ ᠦ ᠬᠠᠥᠯᠢ ᠵᠢᠨ ᠪᠢᠴᠢᠭ︾  ᠤᠨ ᠬᠠᠥᠯᠢ ᠪᠠᠷ ᠵᠠᠰᠠᠬᠤ ᠪᠠᠶᠢᠭᠤᠯᠤᠯᠲᠠ ᠶᠢ ᠬᠠᠮᠲᠦ ᠪᠠᠷ ᠡᠳ᠋ᠯᠡᠵᠦ᠂ ᠦᠨᠳᠦᠰᠦᠲᠡᠨ ᠦ ᠪᠦᠯᠬᠦᠮᠳᠡᠯ ᠦᠨ ᠶᠡᠬᠡ ᠲᠠᠯ᠎ᠠ ᠲᠠᠢ ᠢᠳᠡᠪᠬᠢᠲᠡᠢ ᠠᠭᠤᠰᠤᠯᠴᠠᠵᠦ᠂ ᠮᠠᠯᠴᠢᠨ ᠠᠷᠠᠳ ᠲᠦᠮᠡᠨ ᠦ ᠡᠳᠦᠷ ᠲᠤᠳᠤᠮ ᠤᠨ ᠠᠮᠢᠳᠤᠷᠠᠯ ᠳᠤ ᠪᠤᠳᠠᠳᠠᠢ ᠬᠠᠥᠯᠢ ᠴᠠᠭᠠᠵᠠ ᠵᠢᠨ ᠪᠠᠲᠤᠯᠠᠭ᠎ᠠ ᠬᠠᠩᠭᠠᠵᠤ᠂  ᠬᠠᠥᠯᠢ ᠶᠢ ᠦᠨᠡᠨᠬᠦ ᠦᠨᠳᠦᠰᠦᠨ ᠱᠠᠲᠤᠨ ᠳᠤ ᠬᠦᠷᠭᠡᠵᠦ᠂ ᠬᠦᠮᠦᠰ ᠦᠨ ᠰᠡᠳᠬᠢᠯ ᠳᠦ ᠤᠷᠤᠭᠤᠯᠬᠤ  ᠵᠢᠨ ᠲᠦᠯᠦᠭᠡ᠂7 ᠰᠠᠷ᠎ᠠ ᠵᠢᠨ22 ᠦ ᠡᠳᠦᠷ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠪᠠᠶᠢᠴᠠᠭᠠᠬᠤ ᠬᠤᠷᠢᠶ᠎ᠠ᠂ ᠰᠢᠯᠢ ᠵᠢᠨ ᠭᠤᠤᠯ ᠠᠶᠢᠮᠠᠭ ᠤᠨ ᠪᠠᠶᠢᠴᠠᠭᠠᠬᠤ ᠬᠤᠪᠢᠶᠠᠷᠢ ᠬᠤᠷᠢᠶ᠎ᠠ᠂ ᠰᠢᠯᠤᠭᠤᠨ ᠬᠥᠬᠡ ᠬᠤᠰᠢᠭᠤᠨ ᠤ ᠪᠠᠶᠢᠴᠠᠭᠠᠬᠤ ᠬᠤᠷᠢᠶ᠎ᠠ ᠵᠢᠨ ᠬᠠᠮᠲᠤᠷᠠᠨ ᠦᠷᠨᠢᠭᠦᠯᠦᠭᠰᠡᠨ ︽ ᠬᠠᠥᠯᠢ  ᠵᠢᠨ ᠬᠤᠷ᠎ᠠ ᠬᠥᠳᠡᠭᠡ ᠨᠤᠲᠤᠭ ᠢ ᠤᠮᠳᠠᠯᠠᠨᠠᠮ︾  ᠮᠤᠩᠭᠤᠯ ᠬᠢᠲᠠᠳ ᠬᠤᠤᠰ ᠬᠡᠯᠡᠨ ᠦ ᠢᠷᠭᠡᠨ ᠦ ᠬᠠᠥᠯᠢ ᠵᠢᠨ ᠪᠢᠴᠢᠭ  ᠢ ᠦᠨᠳᠦᠰᠦᠨ ᠱᠠᠲᠤᠨ ᠳᠤ ᠬᠦᠷᠭᠡᠬᠦ ᠠᠵᠢᠯᠯᠠᠭ᠎ᠠ  ᠰᠢᠯᠤᠭᠤᠨ ᠬᠥᠬᠡ ᠬᠤᠰᠢᠭᠤᠨ ᠤ ᠰᠠᠩ  ᠤᠨ ᠳᠠᠯᠠᠢ ᠪᠠᠯᠭᠠᠰᠤᠨ ᠳᠤ ᠶᠠᠪᠤᠭᠳᠠᠪᠠ᠃


分院2.jpg


ᠦᠪᠡᠷᠲᠡᠭᠡᠨ ᠵᠠᠰᠠᠬᠤ ᠤᠷᠤᠨ ᠤ ᠪᠠᠶᠢᠴᠠᠭᠠᠬᠤ ᠬᠤᠷᠢᠶ᠎ᠠ ᠵᠢᠨ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ᠂ ᠳᠡᠳ᠋ ᠪᠠᠶᠢᠴᠠᠭᠠᠬᠤ ᠳᠠᠷᠤᠭ᠎ᠠ ᠯᠢ ᠵᠢᠶᠠᠨ᠂ ᠰᠢᠯᠢ ᠵᠢᠨ ᠭᠤᠤᠯ ᠠᠶᠢᠮᠠᠭ ᠤᠨ ᠪᠠᠶᠢᠴᠠᠭᠠᠬᠤ ᠬᠤᠪᠢᠶᠠᠷᠢ ᠬᠤᠷᠢᠶ᠎ᠠ ᠵᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠪᠠᠶᠢᠴᠠᠭᠠᠬᠤ ᠳᠠᠷᠤᠭ᠎ᠠ  ᠼᠣᠣ ᠽᠢ ᠭᠠᠩ᠂ ᠦᠪᠡᠷᠲᠡᠭᠡᠨ ᠵᠠᠰᠠᠬᠤ ᠤᠷᠤᠨ ᠤ ᠪᠠᠶᠢᠴᠠᠭᠠᠬᠤ ᠬᠤᠷᠢᠶ᠎ᠠ ᠵᠢᠨ ᠤᠷᠴᠢᠭᠤᠯᠭ᠎ᠠ ᠵᠢᠨ ᠭᠠᠵᠠᠷ᠂ ᠠᠷᠪᠠᠳᠤᠭᠠᠷ ᠪᠠᠶᠢᠴᠠᠭᠠᠬᠤ ᠬᠡᠯᠲᠡᠰ᠂ ᠪᠠᠶᠢᠴᠠᠭᠠᠬᠤ ᠲᠤᠰᠢᠶᠠᠯᠲᠠ ᠶᠢᠨ ᠳᠡᠭᠡᠳᠦ ᠰᠤᠷᠭᠠᠭᠤᠯᠢ ᠵᠢᠨ ᠬᠠᠮᠢᠶ᠎ᠠ ᠪᠦᠬᠦᠢ ᠬᠠᠷᠢᠭᠤᠴᠠᠯᠭᠠᠳᠠᠨ᠂ ᠰᠢᠯᠤᠭᠤᠨ ᠬᠥᠬᠡ ᠬᠤᠰᠢᠭᠤᠨ ᠤ ᠬᠤᠰᠢᠭᠤ ᠨᠠᠮ ᠤᠨ ᠬᠤᠷᠢᠶ᠎ᠠ᠂ ᠠᠷᠠᠳ ᠤᠨ ᠲᠦᠯᠦᠭᠡᠯᠡᠭᠴᠢ ᠵᠢᠨ ᠶᠡᠬᠡ ᠬᠤᠷᠠᠯ᠂  ᠠᠷᠠᠳ ᠤᠨ ᠤᠯᠤᠰ ᠲᠦᠷᠦ ᠵᠢᠨ  ᠵᠦᠪᠯᠡᠯᠭᠡᠨ ᠦ ᠬᠠᠮᠢᠶ᠎ᠠ ᠪᠦᠬᠦᠢ ᠤᠳᠤᠷᠢᠳᠤᠯᠭ᠎ᠠ ᠵᠢᠴᠢ  ᠮᠠᠯᠴᠢᠳ ᠤᠨ ᠲᠦᠯᠦᠭᠡᠯᠡᠭᠴᠢ ᠵᠡᠷᠭᠡ100 ᠭᠠᠷᠤᠢ  ᠬᠦᠮᠦᠰ ᠲᠤᠰ ᠠᠵᠢᠯᠯᠠᠭᠠᠨ ᠳᠤ ᠤᠷᠤᠯᠴᠠᠪᠠ᠃ ᠦᠪᠡᠷᠲᠡᠭᠡᠨ ᠵᠠᠰᠠᠬᠤ ᠤᠷᠤᠨ ᠤ ᠪᠠᠶᠢᠴᠠᠭᠠᠬᠤ ᠬᠤᠷᠢᠶ᠎ᠠ ᠵᠢᠨ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ᠂ ᠳᠡᠳ᠋ ᠪᠠᠶᠢᠴᠠᠭᠠᠬᠤ ᠳᠠᠷᠤᠭ᠎ᠠ ᠯᠢ ᠵᠢᠶᠠᠨ᠂ ᠰᠢᠯᠤᠭᠤᠨ ᠬᠥᠬᠡ ᠬᠤᠰᠢᠭᠤᠨ ᠤ ᠬᠤᠰᠢᠭᠤ ᠨᠠᠮ ᠤᠨ ᠬᠤᠷᠢᠶ᠎ᠠ᠂  ᠤᠯᠤᠰ ᠲᠦᠷᠦ ᠬᠠᠥᠯᠢ ᠴᠠᠭᠠᠵᠠ ᠵᠢᠨ ᠬᠤᠷᠢᠶᠠᠨ ᠤ ᠱᠦᠵᠢ ᠦᠨᠡᠨᠰᠠᠶᠢᠨ ᠲᠤᠰ ᠲᠤᠰ ᠶᠠᠷᠢᠶ᠎ᠠ ᠲᠠᠯᠪᠢᠪᠠ᠃ ᠰᠢᠯᠤᠭᠤᠨ ᠬᠥᠬᠡ ᠬᠤᠰᠢᠭᠤᠨ ᠤ ᠪᠠᠶᠢᠴᠠᠭᠠᠬᠤ ᠬᠤᠷᠢᠶ᠎ᠠ ᠵᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠪᠠᠶᠢᠴᠠᠭᠠᠬᠤ ᠳᠠᠷᠤᠭ᠎ᠠ ᠸᠸᠢ ᠱᠦ ᠹᠸᠢ ᠠᠵᠢᠯᠯᠠᠭᠠᠨ ᠢ ᠡᠷᠬᠢᠯᠡᠪᠡ᠃


分院3.jpg


ᠯᠢ ᠵᠢᠶᠠᠨ ᠶᠠᠷᠢᠶᠠᠨ ᠳᠤ ᠪᠠᠨ ︽ᠮᠠᠨ ᠤ ᠤᠷᠤᠨ ᠪᠤᠯ ᠬᠠᠮᠤᠭ ᠡᠷᠲᠡ ᠪᠠᠶᠢᠭᠤᠯᠤᠭᠳᠠᠭᠰᠠᠨ ᠴᠦᠭᠡᠨ ᠲᠤᠭᠠᠲᠦ ᠦᠨᠳᠦᠰᠦᠲᠡᠨ ᠦ ᠦᠪᠡᠷᠲᠡᠭᠡᠨ ᠵᠠᠰᠠᠬᠤ ᠤᠷᠤᠨ  ᠪᠤᠯᠤᠨ᠎ᠠ᠂ ᠦᠨᠳᠦᠰᠦᠲᠡᠨ ᠦ ᠪᠦᠯᠬᠦᠮᠳᠡᠯ ᠪᠤᠯ ᠡᠯ᠎ᠠ ᠦᠨᠳᠦᠰᠦᠲᠡᠨ ᠦ ᠠᠷᠠᠳ ᠲᠦᠮᠡᠨ ᠦ ᠠᠮᠢᠨ ᠰᠤᠳᠠᠰᠦ ᠪᠤᠯᠤᠨ᠎ᠠ᠃  ᠨᠠᠮ ᠤᠨ ᠠᠷᠪᠠᠨ ᠨᠠᠢᠮᠠᠳᠤᠭᠠᠷ ᠶᠠᠬᠡ ᠬᠤᠷᠠᠯ ᠠᠴᠠ ᠨᠠᠰᠢ᠂ ᠰᠢ ᠵᠢᠨ ᠫᠢᠩ ᠶᠡᠷᠦᠩᠭᠡᠢ ᠱᠦᠵᠢ ᠪᠡᠷ ᠭᠤᠤᠯᠯᠠᠭᠴᠢ ᠪᠤᠯᠭᠠᠭᠰᠠᠨ ᠨᠠᠮ ᠤᠨ ᠲᠦᠪ ᠬᠤᠷᠢᠶ᠎ᠠ ᠦᠨᠳᠦᠰᠦᠲᠠᠨ ᠤ ᠠᠵᠢᠯ ᠢ ᠳᠡᠭᠡᠲᠦ ᠬᠡᠮᠵᠢᠶ᠎ᠡ ᠪᠡᠷ  ᠬᠠᠯᠠᠮᠵᠢᠯᠠᠨ᠂ ᠴᠢᠬᠤᠯᠠᠴᠢᠯᠠᠨ ᠦᠵᠡᠵᠦ᠂  ᠬᠢᠯᠢ ᠬᠢᠵᠠᠭᠠᠷ ᠤᠷᠤᠨ ᠤ ᠦᠨᠳᠦᠰᠦᠲᠠᠨ ᠤ ᠪᠦᠯᠬᠦᠮᠳᠡᠯ ᠳᠠᠪᠰᠢᠯᠲᠠ ᠳᠤ ᠭᠦᠨ  ᠵᠤᠵᠠᠭᠠᠨ ᠬᠦᠰᠡᠯ ᠡᠷᠡᠮᠡᠯᠵᠡᠯ  ᠢᠶᠠᠨ ᠲᠠᠯᠪᠢᠵᠠᠢ᠃ ᠮᠠᠯᠴᠢᠨ ᠠᠷᠠᠳ ᠲᠦᠮᠡᠨ  ᠳᠤ ᠢᠷᠭᠡᠨ ᠦ ᠬᠠᠥᠯᠢ ᠵᠢᠨ ᠪᠢᠴᠢᠭ ᠵᠢᠨ ᠮᠡᠳᠡᠯᠭᠡ ᠶᠢ  ᠤᠬᠠᠭᠤᠯᠬᠤ ᠪᠠ ᠲᠦᠭᠡᠮᠡᠯᠵᠢᠭᠦᠯᠬᠦ ᠨᠢ ᠦᠨᠳᠦᠰᠦᠲᠡᠨ ᠦ ᠲᠦᠷᠦ ᠵᠢᠨ ᠪᠤᠳᠤᠯᠭ᠎ᠠ ᠶᠢ ᠨᠡᠩ ᠰᠠᠶᠢᠨ ᠨᠠᠶᠢᠳᠠᠪᠤᠷᠢᠵᠢᠭᠤᠯᠬᠤ ᠂ ᠮᠠᠯᠵᠢᠬᠤ ᠤᠷᠤᠨ ᠤ ᠵᠠᠰᠠᠯᠲᠠ ᠵᠢᠨ ᠰᠢᠰᠲᠸᠮ ᠪᠠ ᠵᠠᠰᠠᠯᠲᠠ ᠵᠢᠨ ᠴᠢᠳᠠᠪᠤᠷᠢ ᠵᠢᠨ ᠤᠳᠤᠬᠢᠴᠢᠯᠠᠯᠲᠠ ᠳᠤ ᠠᠰᠢᠭᠲᠠᠢ︔  ᠦᠨᠳᠦᠰᠦᠲᠡᠨ ᠦ ᠪᠦᠯᠬᠦᠮᠳᠡᠯ᠂  ᠬᠢᠯᠢ ᠬᠢᠵᠠᠭᠠᠷ ᠵᠢᠨ ᠲᠤᠭᠲᠠᠭᠤᠨ᠂ ᠡᠯ᠎ᠡ ᠦᠨᠳᠦᠰᠦᠲᠡᠨ ᠦ ᠬᠠᠮᠲᠤᠪᠡᠷ ᠴᠡᠴᠡᠭᠯᠡᠨ  ᠬᠦᠭᠵᠢᠯᠲᠡ ᠶᠢ ᠨᠢᠭᠲᠠᠷᠠᠭᠤᠯᠬᠤ ᠳᠤ ᠠᠰᠢᠭᠲᠠᠢ︾᠃ ᠭᠡᠵᠦ ᠵᠢᠭᠠᠨ ᠭᠠᠷᠭᠠᠪᠠ᠃

ᠯᠢ ᠵᠢᠶᠠᠨ ︽ᠲᠤᠰ ᠨᠤᠮ ᠢ ᠮᠠᠯᠵᠢᠬᠤ ᠲᠠᠷᠢᠶᠠᠯᠠᠬᠤ ᠤᠷᠤᠨ ᠳᠤ ᠬᠦᠷᠭᠡᠬᠦ ᠮᠠᠨ ᠤ  ᠤᠭ ᠰᠠᠨᠠᠭ᠎ᠠ ᠪᠤᠯ ᠳᠠᠷᠤᠢ ᠬᠠᠥᠯᠢ ᠴᠠᠭᠠᠵᠠ ᠵᠢᠨ ᠤᠬᠠᠭᠤᠯᠭ᠎ᠠ ᠶᠢ ᠮᠠᠯᠴᠢᠨ ᠲᠠᠷᠢᠶᠠᠴᠢᠨ ᠤ  ᠡᠳᠦᠷ ᠲᠤᠳᠤᠮ ᠤᠨ ᠠᠮᠢᠳᠤᠷᠠᠯ ᠳᠤ ᠦᠨᠳᠦᠰᠦ ᠬᠠᠳᠬᠤᠭᠤᠯᠵᠤ᠂  ᠲᠠ ᠤᠯᠠᠨ ᠤ ᠬᠦᠰᠡᠯ ᠰᠠᠨᠠᠯ ᠢᠶᠠᠨ ᠵᠦᠪ ᠠᠷᠭ᠎ᠠ ᠬᠡᠯᠪᠡᠷᠢ ᠪᠡᠷ  ᠢᠯᠡᠳᠬᠡᠬᠦ ᠶᠢ ᠬᠦᠳᠦᠯᠦᠨ ᠳᠠᠭᠠᠭᠤᠯᠵᠤ᠂ ᠬᠠᠥᠯᠢ ᠶᠤᠰᠤᠨ ᠤ ᠡᠷᠬᠡ ᠠᠰᠢᠭ ᠢᠶᠠᠨ ᠬᠠᠮᠠᠭᠠᠯᠠᠨ᠂ ᠬᠠᠥᠯᠢ  ᠶᠢ ᠰᠤᠷᠴᠦ ᠬᠠᠥᠯᠢ ᠶᠢ ᠰᠠᠬᠢᠵᠤ ᠬᠠᠥᠯᠢ ᠶᠢ ᠬᠡᠷᠡᠭᠯᠡᠬᠦ ᠤᠬᠠᠮᠰᠠᠷ ᠢᠶᠠᠨ ᠳᠡᠭᠡᠭᠰᠢᠯᠡᠭᠦᠯᠵᠦ᠂ ᠤᠴᠢᠷ ᠶᠠᠪᠤᠳᠠᠯ ᠢ ᠬᠠᠥᠯᠢ ᠶᠤᠰᠤᠭᠠᠷ ᠰᠢᠢᠳᠪᠦᠷᠢᠯᠡᠵᠦ᠂ ᠤᠴᠢᠷ ᠶᠠᠪᠤᠳᠠᠯ ᠲᠠᠭᠠᠷᠠᠪᠠᠯ ᠬᠠᠥᠯᠢ ᠢ ᠡᠷᠢᠬᠦ᠂ ᠠᠰᠠᠭᠤᠳᠠᠯ ᠰᠢᠢᠳᠪᠦᠷᠢᠯᠡᠬᠦ ᠳᠦ ᠬᠠᠥᠯᠢ ᠶᠢ ᠬᠡᠷᠡᠭᠯᠡᠵᠦ᠂ ᠵᠦᠷᠢᠴᠡᠯ ᠢ ᠰᠢᠢᠳᠪᠦᠷᠢᠯᠡᠬᠦ ᠳᠦ ᠬᠠᠥᠯᠢ ᠶᠢ ᠲᠦᠰᠢᠭᠯᠡᠬᠦ ᠳᠦ ᠰᠠᠶᠢᠨ ᠰᠠᠶᠢᠬᠠᠨ ᠬᠠᠥᠯᠢ ᠪᠠᠷ ᠵᠠᠰᠠᠬᠤ ᠤᠷᠴᠢᠨ ᠲᠤᠭᠤᠷᠢᠨ ᠶᠢ ᠪᠤᠢ ᠪᠤᠯᠭᠠᠬᠤ  ᠶᠢ ᠲᠦᠯᠬᠢᠨ ᠠᠭᠢᠭᠤᠯᠬᠤ ᠳᠤ ᠪᠠᠶᠢᠨ᠎ᠠ︾ ᠭᠡᠵᠦ ᠴᠢᠩᠭᠠᠳᠬᠠᠨ ᠶᠠᠷᠢᠯ᠎ᠠ᠃


分院4.jpg分院5.jpginitpintu_副本1111.jpg


ᠠᠵᠢᠯᠯᠠᠭᠠᠨ ᠳᠤᠮᠳᠠ᠂ ᠯᠢ ᠵᠢᠶᠠᠨ ᠵᠡᠷᠭᠡ ᠬᠦᠮᠦᠰ ᠮᠤᠩᠭᠤᠯ ᠬᠢᠲᠠᠳ ᠬᠤᠤᠰ ᠬᠡᠯᠡᠨ ᠦ ︽ ᠪᠦᠭᠦᠲᠡ ᠨᠠᠶᠢᠷᠠᠮᠳᠠᠬᠤ ᠲᠤᠮᠳᠠᠳᠦ ᠠᠷᠠᠳ ᠤᠯᠤᠰ ᠤᠨ ᠢᠷᠭᠡᠨ ᠦ ᠬᠠᠥᠯᠢ ᠵᠢᠨ ᠪᠢᠴᠢᠭ︾ ᠪᠠ ᠤᠬᠠᠭᠤᠯᠭ᠎ᠠ ᠵᠢᠨ ᠭᠠᠷ  ᠳᠡᠪᠲᠡᠷ ᠢ ᠮᠠᠯᠴᠠᠳ ᠤᠨ ᠭᠠᠷ ᠲᠤ ᠠᠳᠬᠤᠭᠤᠯᠵᠤ᠂ ᠤᠷᠴᠢᠮ ᠤᠨ ᠭᠠᠴᠠᠭ᠎ᠠ ᠲᠤᠰᠬᠤᠨ ᠤ ᠮᠠᠯᠴᠢᠳ ᠤᠨ ᠭᠡᠷ ᠲᠦ ᠬᠦᠷᠴᠦ᠂ ᠮᠠᠯᠴᠢᠳ ᠲᠤ ᠬᠤᠤᠰ ᠬᠡᠯᠡᠨ ᠦ ᠬᠠᠥᠯᠢ ᠵᠢᠨ ᠪᠢᠴᠢᠭ ᠦᠨ ᠤᠬᠠᠭᠤᠯᠭ᠎ᠠ ᠵᠢᠨ ᠮᠠᠲᠸᠡᠷᠢᠶᠠᠯ ᠬᠦᠷᠭᠡᠵᠦ᠂ ᠮᠠᠯᠴᠢᠳ ᠤᠨ ᠲᠦᠯᠦᠭᠡᠯᠡᠭᠴᠢ ᠲᠠᠢ ᠰᠠᠭᠤᠳᠠᠯ ᠤᠨ ᠬᠤᠷᠠᠯ ᠬᠢᠵᠦ᠂  ᠮᠠᠯᠴᠢᠨ ᠲᠦᠮᠡᠨ ᠦ ᠬᠦᠰᠡᠯ ᠱᠠᠭᠠᠷᠳᠠᠯᠭ᠎ᠠ ᠪᠠ ᠰᠠᠨᠠᠯ ᠰᠠᠨᠠᠭᠤᠯᠭ᠎ᠠ ᠶᠢ ᠰᠤᠨᠤᠰᠴᠦ᠂ ᠮᠠᠯᠴᠢᠳ ᠤᠨ ᠲᠦᠯᠦᠭᠡᠯᠡᠭᠴᠢ ᠵᠢᠨ ᠳᠤᠷᠠᠳᠣᠭᠰᠠᠨ ᠨᠤᠳᠤᠭ ᠪᠠᠯᠴᠢᠭᠡᠷ ᠤᠨ ᠵᠢᠭᠤᠷᠠᠭᠠᠨ᠂ ᠬᠤᠤᠰ ᠬᠡᠯᠡᠨ ᠦ ᠬᠠᠥᠯᠢ ᠴᠠᠭᠠᠵᠠ ᠵᠢᠨ ᠤᠬᠠᠭᠤᠯᠭ᠎ᠠ ᠵᠢᠨ  ᠲᠦᠭᠦᠮ ᠲᠥᠳᠡ ᠠᠴᠢᠶᠠᠯᠠᠭᠴᠢ ᠳᠤᠳᠠᠵᠤ ᠪᠠᠶᠢᠭ᠎ᠠ ᠵᠡᠷᠭᠡ ᠠᠰᠠᠭᠤᠯᠲᠠ ᠳᠤ ᠨᠢᠭᠡᠳ ᠨᠢᠭᠡ ᠪᠡᠷ ᠬᠠᠷᠢᠭᠤᠯᠲᠠ ᠦᠭᠪᠡ᠃  ᠮᠠᠯᠴᠢᠳ ᠤᠨ ᠲᠦᠯᠦᠭᠡᠯᠡᠭᠴᠢ ᠡᠴᠡ ᠮᠤᠩᠭᠤᠯ  ᠬᠢᠲᠠᠳ  ᠬᠤᠤᠰ ᠬᠡᠯᠡᠨ ᠦ ︽ ᠢᠷᠭᠡᠨ ᠦ ᠬᠠᠥᠯᠢ ᠵᠢᠨ ᠪᠢᠴᠢᠭ︾ ᠪᠠ ᠤᠬᠠᠭᠤᠯᠭ᠎ᠠ ᠵᠢᠨ ᠭᠠᠷ ᠳᠡᠪᠲᠡᠷ ᠨᠢ ᠮᠠᠯᠴᠢᠨ ᠠᠷᠠᠳ ᠲᠦᠮᠡᠨ ᠳᠦ ᠬᠤᠶᠢᠮᠤᠷ ᠲᠤ ᠪᠠᠨ ᠰᠠᠭᠤᠵᠤ ᠪᠠᠶᠢᠭᠠᠳ ᠬᠠᠥᠯᠢ ᠴᠠᠭᠠᠵᠠ ᠵᠢᠨ ᠮᠡᠳᠡᠯᠭᠡ ᠶᠢ ᠤᠶᠢᠯᠠᠭᠠᠬᠤ ᠵᠠᠪᠰᠢᠶᠠᠨ ᠤᠯᠭᠤᠵᠤ᠂ ᠦᠨᠳᠦᠰᠦᠨ ᠱᠠᠲᠤᠨ ᠤ ᠠᠷᠠᠳ ᠲᠦᠮᠡᠨ ᠳᠦ ᠦᠨᠡᠨᠬᠦ  ᠪᠤᠲᠠᠲᠠᠢ ᠠᠵᠢᠯ  ᠬᠢᠵᠦ᠂ ᠬᠦᠴᠢᠷ ᠠᠰᠠᠭᠤᠳᠠᠯ ᠰᠢᠢᠳᠪᠦᠷᠢᠯᠡᠵᠦ ᠦᠭᠴᠦ ᠪᠠᠶᠢᠭ᠎ᠠ ᠠᠵᠤ ᠪᠠᠶᠢᠨ᠎ᠠ ᠭᠡᠵᠦ  ᠱᠠᠭᠰᠢᠨ ᠪᠠᠶᠢᠯ᠎ᠠ᠃


initpintu_副本.jpg

initpintu_副本起.jpg


ᠮᠡᠳᠡᠭᠡᠵᠢ ᠪᠡᠷ᠂ ᠲᠤᠰ ᠡᠳᠦᠷ ᠰᠢᠯᠢ ᠵᠢᠨ ᠭᠤᠤᠯ ᠠᠶᠢᠮᠠᠭ ᠤᠨ13  ᠦᠨᠳᠦᠰᠦᠨ ᠱᠠᠲᠤᠨ ᠤ ᠬᠤᠷᠢᠶ᠎ᠠ ︽ ᠬᠠᠥᠯᠢ  ᠵᠢᠨ ᠬᠤᠷ᠎ᠠ ᠬᠥᠳᠡᠭᠡ ᠨᠤᠲᠤᠭ ᠢ ᠤᠮᠳᠠᠯᠠᠨᠠᠮ︾  ᠮᠤᠩᠭᠤᠯ ᠬᠢᠲᠠᠳ ᠬᠤᠤᠰ ᠬᠡᠯᠡᠨ ᠦ ᠢᠷᠭᠡᠨ ᠦ ᠬᠠᠥᠯᠢ ᠵᠢᠨ ᠪᠢᠴᠢᠭ  ᠢ ᠦᠨᠳᠦᠰᠦᠨ ᠱᠠᠲᠤᠨ ᠳᠤ ᠬᠦᠷᠭᠡᠬᠦ ᠠᠵᠢᠯᠯᠠᠭ᠎ᠠ  ᠶᠢ ᠢᠵᠢᠯ ᠠᠯᠬᠤᠮ ᠢᠶᠠᠷ ᠦᠷᠨᠢᠭᠦᠯᠵᠦ᠂ ᠬᠠᠥᠯᠢ ᠪᠡᠷ ᠵᠠᠰᠠᠬᠤ ᠥᠭᠭᠢᠶᠡᠮᠦᠷ ᠬᠤᠷ᠎ᠠ ᠰᠢᠯᠢ ᠶᠢᠨ ᠭᠤᠤᠯ ᠤᠨ ᠲᠠᠯ᠎ᠠ ᠨᠤᠳᠤᠭ  ᠢ ᠨᠡᠶᠢᠳᠠᠮ ᠤᠮᠳᠠᠯᠠᠯ᠎ᠠ᠃


initpintu_副本。。.jpg


ᠪᠠᠶᠢᠴᠠᠭᠠᠬᠤ ᠪᠠᠶᠢᠭᠤᠯᠭ᠎ᠠ ᠨᠢ ᠤᠯᠤᠰ ᠤᠨ ᠬᠠᠥᠯᠢ ᠴᠠᠭᠠᠵᠠ  ᠵᠢᠨ ᠬᠢᠨᠠᠯᠲᠠ ᠲᠠᠯᠪᠢᠬᠤ ᠪᠠᠶᠢᠭᠤᠯᠭ᠎ᠠ ᠪᠤᠯᠤᠭᠰᠠᠨ ᠤ ᠬᠤᠪᠢ ᠳᠦ᠂  ᠨᠡᠶᠢᠭᠡᠮ ᠵᠢᠷᠤᠮᠲᠦ ᠬᠠᠥᠯᠢ ᠪᠠᠷ ᠵᠠᠰᠠᠬᠤ ᠤᠯᠤᠰ ᠤᠨ ᠪᠦᠲᠦᠭᠡᠨ ᠪᠠᠶᠢᠭᠤᠯᠤᠭᠴᠢ ᠪᠠ ᠲᠦᠯᠬᠢᠨ ᠠᠭᠢᠭᠤᠯᠤᠭᠴᠢ ᠵᠢᠨ ᠲᠡᠦᠬᠡ ᠵᠢᠨ ᠬᠦᠨᠳᠦ ᠡᠭᠦᠷᠭᠡ ᠶᠢ ᠡᠭᠦᠷᠭᠡᠯᠡᠵᠦ᠂ ︽ ᠬᠠᠥᠯᠢ ᠵᠢᠨ ᠬᠠᠮᠠᠭᠠᠯᠠᠭᠴᠢ︾  ᠮᠦᠷᠲᠡᠭᠡᠨ ︽ᠬᠠᠥᠯᠢ ᠲᠦᠭᠡᠮᠡᠯᠵᠢᠭᠦᠯᠬᠦ  ᠬᠤᠰᠢᠭᠤᠴᠢ︾  ᠪᠤᠯᠤᠨ᠎ᠠ᠃   ᠡᠨᠡ ᠤᠳᠠᠭᠠᠨ ᠤ ᠬᠤᠤᠰ ᠬᠡᠯᠡᠨ ᠦ ᠢᠷᠭᠡᠨ ᠦ ᠬᠠᠥᠯᠢ  ᠵᠢᠨ ᠪᠢᠴᠢᠭ  ᠢ ᠦᠨᠳᠦᠰᠦᠨ ᠱᠠᠲᠤᠨ ᠳᠤ ᠬᠦᠷᠭᠡᠬᠦ ᠠᠵᠢᠯᠯᠠᠭ᠎ᠠ ᠨᠢ ᠬᠠᠥᠯᠢ ᠲᠦᠭᠡᠮᠡᠯᠵᠢᠭᠦᠯᠬᠦ ᠠᠵᠢᠯ ᠢ ᠪᠤᠳᠠᠳᠠᠢ ᠬᠡᠯᠪᠡᠷᠢᠵᠢᠭᠦᠯᠬᠦ ᠪᠠ ᠠᠴᠢᠶᠠᠯᠠᠬᠤ ᠴᠢᠬᠤᠯᠠ ᠠᠷᠭ᠎ᠠ ᠬᠡᠯᠪᠡᠷᠢ ᠪᠠᠶᠢᠵᠤ᠂ ᠮᠦᠨ ᠬᠠᠥᠯᠢ ᠲᠦᠭᠡᠮᠡᠯᠵᠢᠭᠦᠯᠬᠦ ᠠᠵᠢᠯᠯᠠᠭ᠎ᠠ ᠶᠢ ᠨᠡᠶᠢᠳᠡᠮ ᠪᠦᠷᠬᠦᠭᠦᠯᠬᠦ᠂ ᠬᠠᠥᠯᠢ ᠪᠠᠷ ᠵᠠᠰᠠᠬᠤ ᠶᠢ ᠠᠷᠠᠳ  ᠤᠨ ᠠᠮᠢᠳᠤᠷᠠᠯ ᠳᠤ ᠲᠦᠭᠦᠮ  ᠪᠤᠯᠭᠠᠬᠤ ᠵᠢᠨ ᠴᠢᠬᠤᠯᠠ ᠠᠷᠭ᠎ᠠ  ᠬᠡᠮᠵᠢᠶ᠎ᠡ ᠪᠤᠯᠤᠨ᠎ᠠ᠃

ᠲᠤᠰ ᠤᠳᠠᠭᠠᠨ ᠤ ᠠᠵᠢᠯᠯᠠᠭᠠᠨ ᠤ ᠬᠤᠭᠤᠴᠠᠭᠠᠨ ᠳᠤ᠂ ᠯᠢ ᠵᠢᠶᠠᠨ ᠵᠡᠷᠭᠡ ᠬᠦᠮᠦᠰ ᠰᠢᠯᠢ ᠵᠢᠨ ᠭᠤᠤᠯ ᠠᠶᠢᠮᠠᠭ ᠤᠨ ᠪᠠᠶᠢᠴᠠᠭᠠᠬᠤ ᠬᠤᠪᠢᠶᠠᠷᠢ ᠬᠤᠷᠢᠶ᠎ᠠ ᠵᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠪᠠᠶᠢᠴᠠᠭᠠᠬᠤ ᠳᠠᠷᠤᠭ᠎ᠠ  ᠼᠣᠣ ᠽᠢ ᠭᠠᠩ᠂ ᠨᠠᠮ ᠤᠨ ᠤᠳᠤᠷᠢᠳᠬᠤ ᠳᠤᠭᠤᠶᠢᠯᠠᠩ ᠤᠨ ᠳᠡᠳ᠋ ᠱᠦᠵᠢ᠂  ᠳᠡᠳ᠋ ᠪᠠᠶᠢᠴᠠᠭᠠᠬᠤ ᠳᠠᠷᠤᠭ᠎ᠠ ᠸᠠᠩ ᠺᠧ ᠸᠸᠢ᠂ ᠨᠠᠮ ᠤᠨ ᠤᠳᠤᠷᠢᠳᠬᠤ ᠳᠤᠭᠤᠶᠢᠯᠠᠩ ᠤᠨ  ᠭᠡᠰᠢᠭᠦᠨ ᠂ ᠳᠡᠳ᠋ ᠪᠠᠶᠢᠴᠠᠭᠠᠬᠤ ᠳᠠᠷᠤᠭ᠎ᠠ ᠢᠯᠡᠯᠳᠠ ᠨᠠᠷ ᠤᠨ ᠪᠠᠷ᠎ᠠ ᠪᠤᠯᠤᠯᠲᠠ ᠪᠠᠷ ᠰᠢᠯᠢ ᠵᠢᠨ ᠭᠤᠤᠯ ᠠᠶᠢᠮᠠᠭ ᠤᠨ ᠪᠠᠶᠢᠴᠠᠭᠠᠬᠤ ᠬᠤᠪᠢᠶᠠᠷᠢ ᠬᠤᠷᠢᠶ᠎ᠠ᠂ ᠰᠢᠯᠤᠭᠤᠨ ᠬᠥᠬᠡ ᠬᠤᠰᠢᠭᠤᠨ ᠤ ᠪᠠᠶᠢᠴᠠᠭᠠᠬᠤ ᠬᠤᠷᠢᠶ᠎ᠠ᠂ ᠲᠠᠶᠢᠹᠦᠰᠸ ᠬᠤᠰᠢᠭᠤᠨ ᠤ ᠪᠠᠶᠢᠴᠠᠭᠠᠬᠤ ᠬᠤᠷᠢᠶᠠᠨ ᠳᠤ ᠬᠦᠷᠴᠦ ᠭᠤᠮᠤᠳᠠᠯ ᠵᠠᠭᠠᠯᠳᠤᠯᠭ᠎ᠠ᠂ ᠬᠠᠥᠯᠢ ᠵᠢᠨ ᠴᠠᠭᠳᠠᠭᠠᠨ ᠤ ᠠᠵᠢᠯ᠂ ᠤᠯᠤᠰ ᠲᠦᠷᠦ ᠬᠠᠥᠯᠢ ᠴᠠᠭᠠᠵᠠ  ᠵᠢᠨ ᠡᠩᠨᠡᠭᠡᠨ ᠦ ᠬᠦᠮᠦᠵᠢᠯ ᠴᠡᠭᠴᠡᠯᠡᠯᠲᠡ  ᠵᠡᠷᠭᠡ ᠠᠵᠢᠯ ᠤᠨ ᠪᠠᠶᠢᠳᠠᠯ ᠳᠤ ᠲᠤᠬᠠᠢ ᠵᠢᠨ ᠲᠠᠯᠠᠪᠤᠷ ᠤᠨ ᠪᠠᠶᠢᠴᠠᠭᠠᠨ ᠰᠤᠳᠤᠯᠤᠯᠲᠠ ᠬᠢᠪᠡ᠃

 

 



ᠢᠷᠡᠯᠲᠡ
ᠥᠪᠡᠷᠲᠡᠭᠡᠨ ᠵᠠᠰᠠᠬᠤ ᠣᠷᠤᠨ ᠤ ᠪᠠᠶᠢᠴᠠᠭᠠᠬᠤ ᠬᠣᠷᠢᠶ᠎ᠠ ᠶᠢᠨ ᠣᠷᠴᠢᠭᠤᠯᠭ᠎ᠠ ᠶᠢᠨ ᠭᠠᠵᠠᠷ
2014-2022 © ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠴᠠᠭᠠᠬᠤ ᠬᠣᠷᠢᠶ᠎ᠠ ᠥᠮᠴᠢᠯᠡᠯ ᠦᠨ ᠡᠷᠬᠡ ᠲᠠᠢ ᠵᠣᠬᠢᠶᠠᠯ ᠪᠦᠲᠦᠭᠡᠯ ᠦᠨ ᠡᠷᠬᠡ ᠶ᠋ᠢ ᠬᠠᠤᠯᠢ ᠪᠠᠷ ᠬᠠᠮᠠᠭᠠᠯᠠᠭᠰᠠᠨ ᠂ ᠵᠥᠪᠰᠢᠶᠡᠷᠡᠯ ᠦᠭᠡᠢ ᠪᠡᠷ ᠬᠠᠭᠤᠯᠪᠤᠷᠢᠯᠠᠬᠤ ᠶ᠋ᠢ ᠡᠷᠡᠰ ᠬᠣᠷᠢᠭᠯᠠᠨ᠎ᠠ ᠬᠠᠷᠢᠯᠴᠠᠬᠤ ᠤᠲᠠᠰᠤ ᠄ 0471-4628760 ᠢᠮᠧᠯ ᠄ eerhe@nm.pro